| | | | | ᠯᠢ ᠭᠦᠸᠧ ᠶᠢᠩ ᠤᠯᠤᠰ ᠤᠨ ᠤᠰᠤᠨ ᠤ ᠢᠨᠵᠧᠨᠧᠷᠢᠩ ᠤᠨ ᠲᠤᠬᠢᠷᠠᠭᠤᠯᠤᠨ ᠵᠢᠯᠣᠭᠤᠳᠬᠤ ᠲᠥᠪ ᠤᠨ | ᠸᠢᠳᠢᠣ᠋ ᠪᠠᠷ ᠨᠢᠷᠭᠢ ᠤᠰᠤᠨ ᠠᠰᠢᠭᠯᠠᠯᠲᠠ ᠶᠢᠨ ᠬᠦᠢᠰᠦ ᠳᠤ ᠬᠦᠷᠴᠦ ᠵᠢᠵᠢᠭᠦᠷᠯᠡᠭᠴᠢ ᠶᠢ ᠲᠣᠬᠤᠨᠢᠭᠤᠯᠪᠠ | 2025 ᠣᠨ ᠤ 1 ᠳ᠋ᠦ᠋ᠭᠡᠷ ᠰᠠᠷ᠎ᠠ ᠶᠢᠨ 29 ᠤ ᠡᠳᠦᠷ ᠂ ᠬᠥᠬᠡᠭᠴᠢᠨ ᠮᠣᠭᠠᠢ ᠶᠢᠨ ᠵᠢᠯ ᠤᠨ ᠴᠠᠭᠠᠨ | ᠰᠠᠷ᠎ᠠ ᠶᠢᠨ ᠰᠢᠨ᠎ᠡ ᠶᠢᠨ ᠨᠢᠭᠡᠨ ᠂ ᠠᠵᠢᠯ ᠤᠨ ᠪᠠᠶᠢᠷᠢ ᠳᠠᠭᠠᠨ ᠡᠭᠡᠯᠵᠢ ᠳᠠᠭᠠᠭᠤᠯᠤᠨ ᠤᠰᠤᠨ ᠠᠰᠢᠭᠯᠠᠯᠲᠠ ᠶᠢᠨ | ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠶᠠᠮᠤᠨ ᠤ ᠳᠠᠷᠤᠭ᠎ᠠ ᠯᠢ ᠭᠦᠸᠧ ᠶᠢᠩ ᠦᠨᠳᠦᠰᠦᠨ | ᠱᠠᠲᠤᠨ ᠤ ᠨᠢᠭᠡᠳᠦᠭᠡᠷ ᠹᠷᠣᠨᠲ ᠪᠠ ᠶᠠᠮᠤᠨ ᠤ ᠪᠠᠶᠢᠭᠤᠯᠭ᠎ᠠ ᠶᠢᠨ ᠵᠢᠵᠢᠭᠦᠷᠯᠡᠨ ᠰᠠᠬᠢᠵᠤ ᠪᠠᠶᠢᠭ᠎ᠠ ᠤᠰᠤᠨ | ᠠᠰᠢᠭᠯᠠᠯᠲᠠ ᠶᠢᠨ ᠺᠠᠳ᠋ᠷ ᠠᠵᠢᠯᠲᠠᠨ ᠢ ᠪᠣᠯᠭᠤᠭᠠᠨ ᠲᠣᠬᠤᠨᠢᠭᠤᠯᠵᠤ ᠂ ᠰᠦᠩ ᠤᠨ ᠪᠠᠶᠢᠳᠠᠯ ᠂ ᠱᠣᠷᠪᠣᠭ ᠤᠨ | ᠪᠠᠶᠢᠳᠠᠯ ᠂ ᠤᠰᠤ ᠬᠠᠩᠭᠠᠬᠤ ᠪᠠᠲᠤᠯᠠᠭ᠎ᠠ ᠂ ᠤᠰᠤᠨ ᠴᠥᠭᠦᠷᠥᠮ ᠤᠨ ᠠᠵᠢᠯᠯᠠᠭᠠᠨ ᠵᠡᠷᠭᠡ ᠤᠰᠤᠨ ᠠᠰᠢᠭᠯᠠᠯᠲᠠ ᠶᠢᠨ | ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠪᠠ ᠃ ᠲᠡᠷᠡ ᠂ ᠶᠡᠷᠦᠩᠬᠡᠶ ᠱᠦᠵᠢ | ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠂ | ᠠᠷᠠᠳ ᠲᠦᠮᠡᠨ ᠢᠶᠠᠷ ᠭᠤᠤᠯ ᠪᠣᠯᠭᠠᠬᠤ ᠶᠢ ᠢᠮᠠᠭᠲᠠ ᠪᠠᠷᠢᠮᠲᠠᠯᠠᠵᠤ ᠂ ᠠᠶᠤᠯ ᠲᠦᠭᠰᠢᠭᠦᠷᠢ ᠶᠢᠨ ᠤᠬᠠᠮᠰᠠᠷ ᠂ | ᠬᠤᠷᠢᠭ᠎ᠠ ᠱᠤᠭᠤᠮ ᠤᠨ ᠰᠡᠳᠬᠢᠬᠦᠶ ᠪᠠᠨ ᠴᠢᠩᠭᠠᠳᠬᠠᠵᠤ ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ | ᠬᠠᠷᠢᠭᠤᠴᠠᠯᠭᠠᠲᠤ ᠰᠡᠳᠬᠢᠯᠭᠡ ᠶᠢ ︽ᠶᠠᠪᠤᠳᠠᠯ ᠪᠣᠯᠭᠠᠨ ᠳᠤ ᠳᠤᠲᠤᠷ᠎ᠠ ᠪᠠᠨ ᠲᠤᠭ᠎ᠠ ᠲᠠᠢ ᠪᠠᠶᠢᠬᠤ︾ ᠠᠵᠢᠯᠯᠠᠭᠠᠨ ᠤ | ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ ᠂ ᠤᠰᠤᠨ ᠠᠰᠢᠭᠯᠠᠯᠲᠠ ᠶᠢᠨ ᠠᠮᠤᠷ ᠲᠦᠪᠰᠢᠨ ᠤ ᠬᠤᠷᠢᠭ᠎ᠠ | ᠱᠤᠭᠤᠮ ᠢ ᠡᠷᠡᠰ ᠪᠠᠲᠤ ᠰᠠᠬᠢᠵᠤ ᠂ ᠦᠨᠡᠨᠴᠢ ᠰᠢᠳᠤᠷᠭᠤ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠪᠠᠷ | ᠲᠦᠭ ᠲᠦᠮᠡᠨ ᠠᠶᠢᠯ ᠡᠷᠦᠬᠡ ᠪᠠᠨ ᠴᠣᠭᠴᠠᠯᠠᠨ ᠂ ᠲᠦᠭ ᠲᠦᠮᠡᠨ ᠠᠶᠢᠯ ᠡᠷᠦᠬᠡ ᠪᠠᠨ ᠠᠮᠤᠷ ᠲᠦᠪᠰᠢᠨ | ᠪᠠᠶᠢᠯᠭᠠᠬᠤ ᠳᠤ ᠬᠦᠴᠦᠲᠡᠶ ᠤᠰᠤᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ ᠃ | ᠲᠡᠷᠡ ᠬᠡᠯᠲᠡᠰ ᠤᠨ ᠨᠠᠮ ᠤᠨ ᠤᠳᠤᠷᠢᠳᠬᠤ ᠳᠤᠭᠤᠶᠢᠯᠠᠩ ᠢ ᠲᠥᠯᠥᠭᠡᠯᠡᠨ ᠴᠠᠭᠠᠨ ᠰᠠᠷ᠎ᠠ ᠶᠢᠨ ᠠᠮᠠᠷᠠᠯᠲᠠ ᠶᠢᠨ | ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠥᠷᠭᠡᠨ ᠤᠯᠠᠨ ᠤᠰᠤᠨ ᠠᠰᠢᠭᠯᠠᠯᠲᠠ ᠶᠢᠨ | ᠺᠠᠳ᠋ᠷ ᠠᠵᠢᠯᠳᠠᠨ ᠠᠵᠢᠯᠴᠢᠨ ᠢ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ ᠢᠯᠡᠳᠬᠡᠭᠰᠡᠨ ᠪᠥᠭᠡᠳ ᠴᠠᠭᠠᠨ | ᠰᠠᠷ᠎ᠠ ᠶᠢᠨ ᠵᠥᠩᠨᠡᠯ ᠳᠡᠪᠰᠢᠭᠦᠯᠵᠦ ᠂ ᠲᠠ ᠪᠦᠬᠦᠨ ᠤ ᠮᠤᠭᠠᠢ ᠵᠢᠯ ᠳᠤ ᠪᠠᠨ ᠪᠡᠶ᠎ᠡ ᠮᠠᠬᠠᠪᠣᠳ ᠡᠷᠡᠭᠦᠯ ᠴᠢᠭᠢᠷᠠᠭ ᠂ | ᠠᠵᠢᠯ ᠦᠢᠯᠡᠰ ᠤᠷᠤᠭᠰᠢᠲᠠᠢ ᠂ ᠭᠡᠷ ᠬᠤᠲᠠᠯᠠᠭᠠᠷ ᠢᠶᠠᠨ ᠵᠣᠯ ᠵᠢᠷᠭᠠᠯ ᠲᠠᠢ ᠂ ᠠᠯᠢᠪᠠ ᠪᠦᠬᠦᠨ ᠤᠷᠤᠭᠰᠢᠲᠠᠢ | ᠪᠠᠶᠢᠬᠤ ᠶᠢ ᠵᠥᠩᠨᠡᠪᠡ ᠃ | | | | | | ᠯᠢ ᠭᠦᠸᠧ ᠶᠢᠩ ᠬᠠᠳᠤᠨ ᠭᠤᠣᠯ ᠤᠨ ᠰᠦᠩ ᠤᠨ ᠪᠠᠶᠢᠳᠠᠯ ᠂ ᠬᠥᠬᠡᠮᠥ᠋ᠷᠡᠨ ᠤ ᠠᠮᠠᠰᠠᠷ ᠪᠠ ᠵᠦᠵᠢᠶᠠᠩ | ᠮᠥᠷᠡᠨ ᠤ ᠠᠭᠤᠯᠵᠠᠷ ᠤᠨ ᠱᠣᠷᠪᠣᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠭᠰᠡᠨ ᠪᠠᠶᠢᠳᠠᠯ ᠢ | ᠣᠶᠢᠯᠠᠭᠠᠪᠠ | | | | | | ᠯᠢ ᠭᠦᠸᠧ ᠶᠢᠩ ᠤᠯᠤᠰ ᠤᠨ ᠤᠰᠤᠨ ᠤ ᠢᠨᠵᠧᠨᠧᠷᠢᠩ ᠤᠨ ᠲᠤᠬᠢᠷᠠᠭᠤᠯᠤᠨ ᠵᠢᠯᠣᠭᠤᠳᠬᠤ ᠲᠥᠪ ᠤᠨ | ᠸᠢᠳᠢᠣ᠋ ᠪᠠᠷ ᠸᠠᠨ ᠵᠢᠶᠠ ᠵᠠᠢ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠳᠤ ᠬᠦᠷᠴᠦ ᠵᠢᠵᠢᠭᠦᠷᠯᠡᠭᠴᠢ ᠶᠢ | ᠲᠣᠬᠤᠨᠢᠭᠤᠯᠪᠠ | ᠤᠰᠤᠨ ᠠᠰᠢᠭᠯᠠᠯᠲᠠ ᠶᠢᠨ ᠶᠠᠮᠤᠨ ᠤ ᠤᠰᠤᠨ ᠰᠢᠨᠵᠢᠯᠡᠭᠡᠨ ᠤ ᠤᠷᠢᠳᠴᠢᠯᠠᠭᠰᠠᠨ ᠮᠡᠳᠡᠭᠡᠨ ᠤ ᠲᠥᠪ ᠲᠤ ᠂ | ᠯᠢ ᠭᠦᠸᠧ ᠶᠢᠩ ᠣᠳᠣᠬᠠᠨ ᠤ ᠬᠠᠲᠤᠨ ᠭᠤᠣᠯ ᠤᠨ ᠰᠦᠩ ᠤᠨ ᠪᠠᠶᠢᠳᠠᠯ ᠂ ᠬᠥᠬᠡᠮᠥ᠋ᠷᠡᠨ ᠤ ᠠᠮᠠ ᠪᠣᠯᠤᠨ | ᠵᠦᠵᠢᠶᠠᠩ ᠮᠥᠷᠡᠨ ᠤ ᠠᠭᠤᠯᠵᠠᠷ ᠤᠨ ᠱᠣᠷᠪᠣᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠭᠰᠡᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃ ᠤᠯᠤᠰ ᠤᠨ ᠤᠰᠤᠨ ᠤ ᠢᠨᠵᠧᠨᠧᠷᠢᠩ ᠤᠨ ᠲᠤᠬᠢᠷᠠᠭᠤᠯᠤᠨ | ᠵᠢᠯᠣᠭᠤᠳᠬᠤ ᠲᠥᠪ ᠲᠤ ᠂ ᠯᠢ ᠭᠦᠸᠧ ᠶᠢᠩ ᠤᠷᠢᠳ ᠬᠤᠵᠢᠳ ᠸᠢᠳᠢᠣ᠋ ᠪᠠᠷ ᠨᠤᠨ ᠮᠥᠷᠡᠨ ᠤ ᠨᠢᠷᠭᠢ ᠂ ᠬᠠᠳᠤᠨ | ᠭᠤᠣᠯ ᠤᠨ ᠸᠠᠨ ᠵᠢᠶᠠ ᠵᠠᠢ ᠶᠢᠨ ᠤᠰᠤᠨ ᠠᠰᠢᠭᠯᠠᠯᠲᠠ ᠶᠢᠨ ᠬᠦᠢᠰᠦ ᠲᠠᠢ ᠬᠤᠯᠪᠣᠵᠤ ᠂ ᠬᠦᠢᠰᠦ ᠶᠢᠨ ᠠᠮᠤᠷ | ᠲᠦᠪᠰᠢᠨ ᠢᠶᠠᠷ ᠠᠵᠢᠯᠯᠠᠬᠤ ᠪᠠ ᠰᠦᠩ ᠢ ᠰᠡᠷᠭᠡᠶᠢᠯᠡᠬᠦ ᠂ ᠤᠰᠤ ᠬᠠᠩᠭᠠᠬᠤ ᠪᠠᠲᠤᠯᠠᠭ᠎ᠠ ᠵᠡᠷᠭᠡ ᠠᠵᠢᠯ ᠤᠨ ᠪᠠᠶᠢᠳᠠᠯ ᠢ | ᠨᠠᠷᠢᠨ ᠣᠶᠢᠯᠠᠭᠠᠪᠠ ᠃ ᠯᠢ ᠭᠦᠸᠧ ᠶᠢᠩ ᠂ ᠤᠰᠤᠨ ᠠᠰᠢᠭᠯᠠᠯᠲᠠ ᠶᠢᠨ ᠠᠮᠤᠷ ᠲᠦᠪᠰᠢᠨ ᠨᠢ ᠲᠦᠭ ᠲᠦᠮᠡᠨ ᠠᠶᠢᠯ | ᠡᠷᠦᠬᠡ ᠲᠠᠢ ᠬᠤᠯᠪᠣᠭᠳᠠᠵᠤ ᠪᠠᠶᠢᠳᠠᠭ ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠬᠠᠷᠢᠭᠤᠴᠠᠯᠭ᠎ᠠ | ᠬᠦᠨᠳᠦ ᠶᠡᠭᠡ ᠪᠠᠶᠢᠳᠠᠭ ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠴᠤ ᠠᠮᠤᠷ ᠲᠦᠪᠰᠢᠨ ᠤ ᠡᠷᠴᠢᠮ ᠢᠶᠠᠨ ᠤᠯᠠᠮ | ᠴᠢᠩᠭᠠᠷᠠᠭᠤᠯᠬᠤ ᠬᠡᠷᠡᠭᠲᠡᠢ ᠃ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ ᠂ ᠴᠠᠭ ᠠᠭᠤᠷ ᠤᠨ | ᠪᠠᠶᠢᠳᠠᠯ ᠪᠣᠯᠤᠨ ᠰᠦᠩ ᠤᠨ ᠪᠠᠶᠢᠳᠠᠯ ᠂ ᠱᠣᠷᠪᠣᠭ ᠤᠨ ᠪᠠᠶᠢᠳᠠᠯ ᠤᠨ ᠬᠥᠭᠵᠢᠯᠲᠡ ᠬᠤᠪᠢᠷᠠᠯᠲᠠ ᠶᠢ ᠨᠢᠭᠲᠠ ᠬᠢᠨᠠᠨ | ᠬᠡᠮᠵᠢᠵᠦ ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠤᠷᠢᠳᠴᠢᠯᠠᠭᠰᠠᠨ ᠲᠥᠰᠦᠯ ᠤᠨ ᠠᠷᠭ᠎ᠠ | ᠬᠡᠮᠵᠢᠶ᠎ᠡ ᠶᠢ ᠴᠢᠩᠭᠠᠳᠬᠠᠵᠤ ᠂ ᠤᠰᠤᠨ ᠤ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠲᠤᠬᠢᠷᠠᠭᠤᠯᠵᠤ ᠂ | ᠰᠠᠪᠠ ᠭᠠᠵᠠᠷ ᠤᠨ ᠨᠢᠭᠡᠳᠦᠯᠲᠡᠢ ᠲᠤᠬᠢᠷᠠᠭᠤᠯᠤᠯᠳᠠ ᠶᠢ ᠴᠢᠩᠭᠠᠳᠬᠠᠵᠤ ᠂ ᠰᠦᠩ ᠬᠠᠯᠢᠶ᠎ᠠ ᠶᠢ ᠰᠡᠷᠭᠡᠶᠢᠯᠡᠬᠦ ᠠᠮᠤᠷ | ᠲᠦᠪᠰᠢᠨ ᠂ ᠤᠰᠤ ᠬᠠᠩᠭᠠᠬᠤ ᠠᠮᠤᠷ ᠲᠦᠪᠰᠢᠨ ᠢ ᠪᠠᠲᠤᠯᠠᠬᠤ ᠬᠡᠷᠡᠭᠲᠡᠢ ᠃ ᠭᠤᠣᠯᠳᠠᠯᠭ᠎ᠠ ᠲᠠᠢ ᠬᠦᠷᠢᠶ᠎ᠡ ᠪᠣᠯᠤᠨ | ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ ᠂ ᠤᠰᠤᠨ ᠠᠰᠢᠭᠯᠠᠯᠲᠠ ᠶᠢᠨ ᠠᠶᠤᠯ ᠦᠭᠡᠢ | ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ︽ᠵᠢᠷᠭᠤᠭᠠᠨ ᠵᠦᠢᠯ ᠤᠨ ᠲᠣᠭᠲᠠᠴᠠ︾ ᠶᠢ | ᠨᠠᠶᠢᠳᠠᠪᠤᠷᠢᠵᠢᠭᠤᠯᠵᠤ ᠂ ᠬᠦᠢᠰᠦ ᠶᠢᠨ ᠠᠵᠢᠯᠯᠠᠭᠠᠨ ᠤ ᠬᠢᠨᠠᠨ ᠬᠡᠮᠵᠢᠯᠲᠡ ᠶᠢᠨ ᠮᠡᠳᠡᠷᠡᠬᠦ ᠰᠢᠰᠲ᠋ᠧᠮ ᠤᠨ ᠠᠮᠤᠷ | ᠲᠦᠪᠰᠢᠨ ᠢ ᠪᠠᠲᠤᠯᠠᠵᠤ ᠂ ᠴᠥᠭᠦᠷᠥᠮ ᠤᠨ ᠣᠷᠣᠨ ᠵᠢᠴᠢ ᠳᠤᠤᠷᠠᠳᠤ ᠤᠷᠤᠰᠬᠠᠯ ᠤᠨ ᠭᠤᠣᠯ ᠤᠨ ᠵᠠᠮ ᠤᠨ ᠠᠮᠤᠷ | ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ ᠂ ᠠᠶᠤᠯ ᠲᠦᠭᠰᠢᠭᠦᠷᠢ ᠶᠢᠨ ᠣᠷᠣᠨ ᠪᠦᠰᠡ ᠶᠢ ᠣᠨᠣᠪᠴᠢᠲᠠᠢ | ᠲᠣᠭᠲᠠᠭᠠᠵᠤ ᠂ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ ᠂ ᠠᠶᠤᠯ ᠲᠦᠭᠰᠢᠭᠦᠷᠢ ᠶᠢᠨ | ᠳᠠᠯᠳᠠ ᠭᠡᠮ ᠢ ᠴᠤᠬᠤᠶᠢᠵᠤ ᠪᠠᠶᠢᠬᠤ ᠳᠤ ᠨᠢ ᠠᠷᠢᠯᠭᠠᠬᠤ ᠬᠡᠷᠡᠭᠲᠡᠢ ᠃ ᠲᠣᠭᠠᠴᠢᠯᠠᠭᠰᠠᠨ ᠢᠬᠡᠷ᠎ᠡ ᠤᠰᠤᠨ | ᠠᠰᠢᠭᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠠᠬᠢᠭᠤᠯᠵᠤ ᠂ ᠦᠢᠯᠡᠳᠦᠯᠭᠡ ᠶᠢᠨ | ᠬᠡᠷᠡᠭᠴᠡᠭᠡ ᠳᠤ ᠬᠠᠨᠳᠤᠭᠤᠯᠤᠨ ᠂ ᠬᠢᠨᠠᠨ ᠬᠡᠮᠵᠢᠯᠲᠡ ᠶᠢᠨ ᠮᠡᠳᠡᠷᠡᠮᠵᠢ ᠶᠢᠨ ᠰᠢᠰᠲ᠋ᠧᠮ ᠤᠨ ᠪᠠᠶᠢᠭᠤᠯᠤᠯᠲᠠ ᠂ | ᠦᠨᠳᠦᠰᠦᠨ ᠵᠢᠮ᠎ᠡ ᠶᠣᠰᠣᠨ ᠤ ᠰᠤᠳᠤᠯᠭᠠᠨ ᠂ ᠲᠣᠭᠠᠨ ᠤ ᠤᠬᠠᠭᠠᠨ ᠤ ᠵᠠᠭᠪᠤᠷ ᠢ ᠪᠠᠶᠢᠭᠤᠯᠬᠤ ᠵᠡᠷᠭᠡ ᠠᠵᠢᠯ ᠢ | ᠪᠦᠬᠦ ᠬᠡᠯᠬᠢᠶ᠎ᠡ ᠪᠠᠷ ᠰᠠᠶᠢᠲᠤᠷ ᠬᠢᠵᠦ ᠂ ᠰᠢᠢᠳᠪᠦᠷᠢᠲᠦ ᠪᠤᠳᠤᠯᠭ᠎ᠠ ᠶᠢᠨ ᠵᠢᠯᠤᠭᠤᠳᠤᠯᠭ᠎ᠠ ᠳᠤ ᠪᠠᠷᠠᠯᠠᠯᠲᠦ ᠴᠢᠨᠠᠷᠲᠠᠢ ᠂ | ᠰᠢᠨᠵᠢᠯᠡᠬᠦ ᠤᠬᠠᠭᠠᠨᠴᠢ ᠴᠢᠨᠠᠷᠲᠠᠢ ᠂ ᠣᠨᠣᠪᠴᠢᠲᠤ ᠴᠢᠨᠠᠷᠲᠠᠢ ᠂ ᠠᠮᠤᠷ ᠲᠦᠪᠰᠢᠨ ᠤ ᠳᠡᠮᠵᠢᠯᠭᠡ ᠬᠠᠩᠭᠠᠬᠤ ᠬᠡᠷᠡᠭᠲᠡᠢ | ᠭᠡᠵᠦ ᠴᠢᠬᠤᠯᠠᠴᠢᠯᠠᠪᠠ ᠃ ᠲᠡᠷᠡ ᠂ ᠤᠯᠠᠨ ᠢᠶᠠᠷ ᠢᠶᠠᠨ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ | ᠠᠵᠢᠯ ᠤᠨ ᠪᠠᠶᠢᠷᠢ ᠪᠠᠨ ᠪᠠᠲᠤ ᠰᠠᠬᠢᠵᠤ ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠂ ᠦᠭᠡ ᠳᠠᠭᠤᠨ | ᠦᠭᠡᠢ ᠪᠠᠷ ᠬᠤᠪᠢ ᠨᠡᠮᠡᠷᠢ ᠦᠵᠡᠭᠦᠯᠵᠦ ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠮᠤᠷ ᠲᠦᠪᠰᠢᠨ ᠢᠶᠠᠷ | ᠠᠵᠢᠯᠯᠠᠬᠤ ᠶᠢ ᠪᠠᠲᠤᠯᠠᠬᠤ ᠶᠢᠨ ᠲᠥᠯᠥᠭᠡ ᠲᠤᠪᠤᠶᠢᠮ᠎ᠠ ᠬᠤᠪᠢ ᠨᠡᠮᠡᠷᠢ ᠦᠵᠡᠭᠦᠯᠵᠦ ᠂ ᠡᠮᠦᠨ᠎ᠡ ᠹᠷᠣᠨᠲ ᠲᠤ | ᠡᠷᠡᠯᠬᠡᠭᠯᠡᠨ ᠲᠡᠮᠡᠴᠡᠵᠦ ᠪᠠᠶᠢᠭ᠎ᠠ ᠺᠠᠳ᠋ᠷ ᠠᠵᠢᠯᠲᠠᠳ ᠲᠤ ᠡᠷᠬᠢᠮ ᠳᠡᠭᠡᠳᠦ ᠬᠦᠨᠳᠦᠳᠭᠡᠯ ᠢᠶᠠᠨ ᠳᠡᠪᠰᠢᠭᠦᠯᠪᠡ ᠃ | | | | | | ᠯᠢ ᠭᠦᠸᠧ ᠶᠢᠩ 12314 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠲᠠᠪᠴᠠᠩ ᠤᠨ ᠵᠢᠵᠢᠭᠦᠷ ᠢ | ᠪᠣᠯᠭᠤᠭᠠᠨ ᠲᠣᠬᠤᠨᠢᠭᠤᠯᠪᠠ | ᠯᠢ ᠭᠦᠸᠧ ᠶᠢᠩ 12314 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠦᠢᠯᠡᠴᠢᠯᠡᠭᠡᠨ ᠤ ᠲᠥᠪ ᠲᠤ | ᠲᠠᠪᠴᠠᠩ ᠤᠨ ᠵᠢᠵᠢᠭᠦᠷᠯᠡᠭᠴᠢ ᠶᠢ ᠪᠣᠯᠭᠤᠭᠠᠨ ᠲᠣᠬᠤᠨᠢᠭᠤᠯᠵᠤ ᠂ ᠣᠶᠢᠷ᠎ᠠ ᠶᠢᠨ ᠬᠤᠭᠤᠴᠠᠭᠠᠨ ᠤ ᠤᠰᠤᠨ | ᠠᠰᠢᠭᠯᠠᠯᠲᠠ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠦᠭᠰᠡᠨ ᠪᠠᠶᠢᠳᠠᠯ ᠢ ᠣᠶᠢᠯᠠᠭᠠᠵᠤ ᠂ 12314 ᠬᠢᠨᠠᠯᠲᠠ | ᠲᠠᠯᠪᠢᠵᠤ ᠢᠯᠡᠴᠢᠯᠡᠨ ᠮᠡᠳᠡᠭᠦᠯᠬᠦ ᠲᠠᠪᠴᠠᠩ ᠪᠣᠯ ᠠᠷᠠᠳ ᠣᠯᠠᠨ ᠤ ᠤᠰᠤᠨ ᠳᠤ ᠬᠤᠯᠪᠣᠭᠳᠠᠭᠰᠠᠨ ᠠᠰᠠᠭᠤᠳᠠᠯ ᠢ | ᠲᠤᠰᠬᠠᠬᠤ ᠴᠢᠬᠤᠯᠠ ᠠᠷᠭ᠎ᠠ ᠵᠠᠮ ᠮᠥᠨ ᠂ ᠠᠰᠠᠭᠤᠳᠠᠯ ᠢ ᠰᠢᠢᠳᠪᠦᠷᠢᠯᠡᠵᠦ ᠬᠠᠷᠢᠭᠤ ᠲᠤᠰᠬᠠᠬᠤ ᠲᠣᠭᠲᠠᠴᠠ ᠶᠢ | ᠪᠦᠷᠢᠨᠰᠢᠬᠦᠯᠵᠦ ᠂ ᠣᠯᠠᠨ ᠲᠦᠮᠡᠨ ᠤ ᠤᠰᠤᠨ ᠳᠤ ᠬᠤᠯᠪᠣᠭᠳᠠᠭᠰᠠᠨ ᠬᠡᠷᠡᠭᠴᠡᠭᠡ ᠱᠠᠭᠠᠷᠳᠠᠯᠭ᠎ᠠ ᠪᠠ ᠠᠩᠬᠠᠷᠤᠯ ᠳᠤ | ᠴᠠᠭ ᠲᠤᠬᠠᠶ ᠳᠤᠨᠢ ᠪᠦᠲᠦᠮᠵᠢᠲᠡᠶ ᠬᠠᠷᠢᠭᠤᠯᠲᠠ ᠥᠭᠴᠦ ᠂ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠂ | ᠬᠠᠮᠤᠭ ᠤᠨ ᠰᠢᠭᠤᠳ ᠂ ᠬᠠᠮᠤᠭ ᠤᠨ ᠪᠣᠳᠠᠲᠠᠶ ᠤᠰᠤᠨ ᠳᠤ ᠬᠤᠯᠪᠣᠭᠳᠠᠭᠰᠠᠨ ᠠᠰᠠᠭᠤᠳᠠᠯ ᠢ ᠰᠡᠳᠬᠢᠯ ᠳᠡᠯᠪᠢᠨ | ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠰᠢᠢᠳᠪᠦᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ ᠃ | ᠯᠢ ᠭᠦᠸᠧ ᠶᠢᠩ ᠤᠰᠤᠨ ᠠᠰᠢᠭᠯᠠᠯᠲᠠ ᠶᠢᠨ ᠶᠠᠮᠤᠨ ᠤ ᠶᠡᠷᠦᠩᠬᠡᠶ ᠵᠢᠵᠢᠭᠦᠷ ᠤᠨ ᠲᠠᠰᠤᠭ ᠂ ᠰᠦᠯᠵᠢᠶᠡᠨ ᠤ | ᠲᠥᠪ ᠲᠤ ᠬᠦᠷᠴᠦ ᠂ ᠵᠢᠵᠢᠭᠦᠷᠯᠡᠨ ᠰᠠᠬᠢᠵᠤ ᠪᠠᠶᠢᠭ᠎ᠠ ᠬᠥᠮᠦᠰ ᠢ ᠪᠣᠯᠭᠤᠭᠠᠨ ᠲᠣᠬᠤᠨᠢᠭᠤᠯᠵᠤ ᠂ ᠲᠥᠪ ᠤᠨ ᠠᠯᠪᠠᠨ | ᠲᠢᠩᠬᠢᠮ ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠪᠠᠶᠠᠷ ᠳᠤᠷᠠᠰᠬᠠᠯ ᠠᠮᠠᠷᠠᠯᠲᠠ ᠶᠢᠨ | ᠡᠳᠦᠷ ᠤᠨ ᠵᠢᠵᠢᠭᠦᠷᠯᠡᠨ ᠰᠠᠬᠢᠬᠤ ᠲᠤᠬᠠᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠂ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ ᠂ ᠰᠠᠬᠢᠯᠭ᠎ᠠ ᠪᠠᠲᠤ ᠶᠢ ᠴᠢᠩᠭ᠎ᠠ ᠰᠠᠬᠢᠵᠤ ᠂ ᠳᠡᠭᠡᠭᠰᠢ ᠳᠠᠮᠵᠢᠭᠤᠯᠵᠤ ᠳᠣᠷᠣᠭᠰᠢ ᠪᠠᠭᠤᠯᠭᠠᠬᠤ ᠂ | ᠨᠡᠪᠲᠡᠷᠡᠯᠴᠡᠨ ᠬᠠᠷᠢᠯᠴᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠡᠯ᠎ᠡ ᠵᠦᠢᠯ ᠤᠨ ᠠᠵᠢᠯ ᠢ | ᠨᠠᠷᠢᠨ ᠬᠢᠨᠠᠮᠠᠭᠠᠶ ᠰᠠᠶᠢᠲᠤᠷ ᠬᠢᠵᠦ ᠂ ᠵᠢᠵᠢᠭᠦᠷᠯᠡᠨ ᠰᠠᠬᠢᠬᠤ ᠠᠵᠢᠯ ᠤᠨ ᠲᠤᠰᠬᠠᠯ ᠲᠦᠷᠭᠡᠨ ᠂ ᠠᠵᠢᠯᠯᠠᠭᠠᠨ ᠥᠨᠳᠥᠷ | ᠪᠦᠲᠦᠮᠵᠢᠲᠡᠶ ᠂ ᠪᠠᠲᠤᠯᠠᠭ᠎ᠠ ᠬᠦᠴᠦᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠠᠬᠢᠪᠠ ᠃ | ᠯᠢ ᠭᠦᠸᠧ ᠶᠢᠩ ᠪᠠᠰᠠ ᠶᠠᠮᠤᠨ ᠤ ᠪᠠᠶᠢᠭᠤᠯᠭ᠎ᠠ ᠶᠢᠨ ᠦᠢᠯᠡᠴᠢᠯᠡᠭᠡᠨ ᠤ ᠲᠥᠪ ᠲᠤ ᠭᠦᠨᠵᠡᠭᠡᠶᠢᠷᠡᠵᠦ ᠂ | ᠲᠥᠪ ᠤᠨ ᠡᠵᠡᠮᠳᠡᠯ ᠂ ᠬᠤᠭᠤᠯᠠᠨ ᠬᠡᠷ ᠂ ᠵᠠᠮ ᠬᠠᠷᠢᠯᠴᠠᠭ᠎ᠠ ᠂ ᠬᠡᠪᠯᠡᠯ ᠂ ᠠᠮᠤᠷ ᠢ ᠬᠠᠮᠠᠭᠠᠯᠠᠬᠤ ᠵᠡᠷᠭᠡ ᠠᠵᠢᠯ ᠤᠨ | ᠪᠠᠶᠢᠷᠢ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯᠲᠠᠳ ᠢ ᠳᠣᠲᠣᠨᠣ ᠪᠠᠷ ᠪᠣᠯᠭᠤᠭᠠᠨ | ᠲᠣᠬᠤᠨᠢᠭᠤᠯᠵᠤ ᠂ ᠣᠯᠠᠨ ᠤ ᠥᠩᠭᠡᠷᠡᠭᠰᠡᠨ ᠨᠢᠭᠡ ᠵᠢᠯ ᠤᠨ ᠲᠤᠷᠰᠢᠬᠢ ᠰᠢᠷᠭᠠᠭᠤ ᠴᠢᠷᠮᠠᠶᠢᠯᠭ᠎ᠠ ᠢᠯᠠᠩᠭᠤᠶ᠎ᠠ ᠤᠰᠤᠨ | ᠠᠰᠢᠭᠯᠠᠯᠲᠠ ᠶᠢᠨ ᠴᠢᠬᠤᠯᠠ ᠶᠡᠭᠡ ᠡᠭᠦᠷᠭᠡ ᠶᠢᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠭᠦᠢᠴᠡᠳ ᠨᠤᠲᠠᠯᠠᠵᠤ ᠂ | ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ︕ | | | | | | ᠯᠢ ᠭᠦᠸᠧ ᠶᠢᠩ ᠤᠰᠤᠨ ᠠᠰᠢᠭᠯᠠᠯᠲᠠ ᠶᠢᠨ ᠶᠠᠮᠤᠨ ᠤ ᠶᠡᠷᠦᠩᠬᠡᠶ ᠵᠢᠵᠢᠭᠦᠷ ᠤᠨ ᠲᠠᠰᠤᠭ ᠲᠤ ᠵᠢᠵᠢᠭᠦᠷᠯᠡᠨ | ᠰᠠᠬᠢᠬᠤ ᠠᠵᠢᠯ ᠢ ᠪᠠᠶᠢᠴᠠᠭᠠᠭᠰᠠᠨ ᠪᠥᠭᠡᠳ ᠵᠢᠵᠢᠭᠦᠷᠯᠡᠭᠴᠢ ᠶᠢ ᠪᠣᠯᠭᠤᠭᠠᠨ ᠲᠣᠬᠤᠨᠢᠭᠤᠯᠪᠠ | | | | | | ᠯᠢ ᠭᠦᠸᠧ ᠶᠢᠩ ᠪᠠᠶᠢᠭᠤᠯᠭ᠎ᠠ ᠶᠢᠨ ᠲᠥᠪ ᠡᠵᠡᠮᠳᠡᠯ ᠤᠨ ᠲᠠᠰᠤᠭ ᠲᠤ ᠵᠢᠵᠢᠭᠦᠷᠯᠡᠨ ᠰᠠᠬᠢᠬᠤ ᠠᠵᠢᠯ ᠢ | ᠪᠠᠶᠢᠴᠠᠭᠠᠭᠰᠠᠨ ᠪᠥᠭᠡᠳ ᠵᠢᠵᠢᠭᠦᠷᠯᠡᠭᠴᠢ ᠶᠢ ᠪᠣᠯᠭᠤᠭᠠᠨ ᠲᠣᠬᠤᠨᠢᠭᠤᠯᠪᠠ | | | | | | ᠯᠢ ᠭᠦᠸᠧ ᠶᠢᠩ ᠪᠠᠶᠢᠭᠤᠯᠭ᠎ᠠ ᠶᠢᠨ ᠦᠢᠯᠡᠴᠢᠯᠡᠭᠡᠨ ᠤ ᠲᠥᠪ ᠤᠨ ᠠᠷᠤ ᠲᠠᠯ᠎ᠠ ᠶᠢᠨ ᠦᠢᠯᠡᠴᠢᠯᠡᠭᠡᠨ ᠤ | ᠪᠠᠲᠤᠯᠠᠭ᠎ᠠ ᠶᠢᠨ ᠬᠥᠮᠦᠰ ᠢ ᠪᠣᠯᠭᠤᠭᠠᠨ ᠲᠣᠬᠤᠨᠢᠭᠤᠯᠪᠠ | |