ᠰᠤᠷᠪᠤᠯᠵᠢᠯᠠᠭᠴᠢ ᠤᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠠᠴᠠ ᠣᠶᠢᠯᠠᠭᠠᠭᠰᠠᠨ ᠢᠶᠠᠷ ᠂ 2024 ᠣᠨ ᠳᠤ ᠥᠪᠥᠷ ᠮᠣᠩᠭᠤᠯ ᠤᠨ ᠶᠡᠷᠦᠩᠬᠡᠶᠢᠯᠡᠭᠰᠡᠨ ᠵᠠᠮ | ᠬᠠᠷᠢᠯᠴᠠᠭᠠᠨ ᠤ ᠬᠦᠴᠦᠨ ᠴᠢᠳᠠᠪᠤᠷᠢ ᠢᠯᠡᠳᠲᠡ ᠳᠡᠭᠡᠭᠰᠢᠯᠡᠵᠦ ᠂ ᠪᠦᠬᠦ ᠵᠢᠯ ᠳᠤ ᠶᠡᠷᠦᠩᠬᠡᠶᠢᠯᠡᠭᠰᠡᠨ ᠵᠠᠮ | ᠬᠠᠷᠢᠯᠴᠠᠭᠠᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ 530 ᠳ᠋ᠦᠩᠰᠢᠭᠤᠷ ᠲᠥᠭᠦᠷᠢᠭ ᠲᠤ | ᠬᠦᠷᠴᠦ ᠂ ︽ᠳᠥᠷᠪᠡᠨ ᠬᠥᠨᠳᠡᠯᠡᠨ ᠠᠷᠪᠠᠨ ᠬᠤᠶᠠᠷ ᠭᠤᠯᠳᠤ︾ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ | ᠭᠤᠣᠯ ᠨᠢᠷᠤᠭᠤᠨ ᠤ ᠪᠦᠲᠦᠭᠡᠨ ᠪᠠᠶᠢᠭᠤᠯᠤᠯᠲᠠ ᠶᠢᠨ ᠨᠣᠷᠮ᠎ᠠ ᠨᠢ 84.3% ᠳᠤ ᠬᠦᠷᠴᠡᠢ ᠃ | ᠵᠠᠰᠠᠮᠠᠯ ᠵᠠᠮ ᠤᠨ ᠲᠠᠯ᠎ᠠ ᠪᠠᠷ ᠂ ᠲᠥᠪ ᠤᠨ ᠲᠡᠷᠭᠡ ᠬᠤᠳᠠᠯᠳᠤᠨ ᠠᠪᠬᠤ ᠭᠠᠶᠢᠯᠢ ᠶᠢᠨ ᠪᠡᠯᠡ ᠮᠥᠩᠭᠦ ᠶᠢ 76. | 8 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ ᠂ ᠠᠳᠠᠯᠢ ᠬᠤᠭᠤᠴᠠᠭᠠᠨ ᠤ ᠬᠢ ᠠᠴᠠ 12.8% ᠪᠠᠷ | ᠨᠡᠮᠡᠭᠳᠡᠪᠡ︔ ᠵᠠᠰᠠᠮᠠᠯ ᠵᠠᠮ ᠤᠨ ᠤᠷᠲᠤ ᠶᠢ 3300 ᠺᠢᠯᠤᠮᠧᠲᠷ ᠰᠢᠨ᠎ᠡ ᠪᠠᠷ ᠨᠡᠮᠡᠭᠳᠡᠭᠦᠯᠵᠦ ᠂ ᠡᠭᠦᠨ ᠳᠤ | ᠲᠦᠷᠭᠡᠨ ᠤ ᠵᠠᠰᠠᠮᠠᠯ ᠵᠠᠮ 375 ᠺᠢᠯᠤᠮᠧᠲᠷ ᠪᠠᠶᠢᠨ᠎ᠠ ᠃ G5511 ᠲᠦᠩᠯᠢᠶᠣᠤ ᠶᠢᠨ ᠬᠢᠯᠢ ᠳᠣᠲᠣᠷᠠᠬᠢ | ᠥᠭᠡᠷᠡᠴᠢᠯᠡᠨ ᠪᠠᠶᠢᠭᠤᠯᠬᠤ ᠬᠡᠰᠡᠭ ᠂ G0616 ᠭᠠᠭᠴᠠᠮᠤᠲᠤ ᠠᠴᠠ ᠬᠠᠯᠢᠭᠤᠲᠦ ᠬᠦᠷᠬᠦ ᠬᠡᠰᠡᠭ ᠢ ᠪᠠᠶᠢᠭᠤᠯᠵᠤ ᠂ | ᠵᠡᠭᠦᠨ ᠪᠠᠷᠠᠭᠤᠨ ᠬᠡᠰᠡᠭ ᠤᠨ ᠲᠦᠷᠭᠡᠨ ᠤ ᠵᠠᠰᠠᠮᠠᠯ ᠵᠠᠮ ᠤᠨ ᠶᠡᠭᠡ ᠨᠡᠪᠲᠡᠷᠡᠬᠦ ᠵᠠᠮ ᠢ ᠦᠨᠳᠦᠰᠦᠨ ᠳᠡᠭᠡᠨ | ᠨᠡᠪᠲᠡᠷᠡᠭᠦᠯᠬᠦ ᠶᠢ ᠪᠡᠶᠡᠯᠡᠭᠦᠯᠵᠦ ᠂ ᠭᠤᠤᠯᠳᠠᠯᠭ᠎ᠠ ᠲᠠᠢ ᠬᠢᠯᠢ ᠶᠢᠨ ᠪᠣᠭᠤᠮᠲᠠ ᠶᠢᠨ ᠲᠦᠷᠭᠡᠨ ᠤ ᠵᠠᠰᠠᠮᠠᠯ ᠵᠠᠮ ᠢ ᠨᠢᠭᠡ | ᠵᠠᠯᠭᠠᠨ ᠨᠡᠪᠲᠡᠷᠡᠭᠦᠯᠦᠨ᠎ᠡ ᠃ ᠬᠥᠳᠡᠭᠡ ᠲᠣᠰᠬᠤᠨ ᠤ ᠵᠠᠰᠠᠮᠠᠯ ᠵᠠᠮ ᠢ 5549 ᠺᠢᠯᠤᠮᠧᠲᠷ ᠠᠵᠢᠯ ᠡᠬᠢᠯᠡᠭᠦᠯᠦᠨ | ᠪᠦᠲᠦᠭᠡᠨ ᠪᠠᠶᠢᠭᠤᠯᠵᠤ ᠂ ᠵᠢᠭᠤᠯᠴᠢᠯᠠᠯ ᠤᠨ ᠵᠠᠮ ᠂ ᠠᠵᠤ ᠦᠢᠯᠡᠰ ᠤᠨ ᠵᠠᠮ 2105 ᠺᠢᠯᠤᠮᠧᠲᠷ ᠪᠠᠶᠢᠵᠤ ᠂ ᠣᠨ ᠤ | ᠬᠠᠷᠠᠯᠲᠠ ᠶᠢᠨ 111% ᠂ 123.8% ᠶᠢ ᠲᠣᠰ ᠲᠣᠰ ᠪᠡᠶᠡᠯᠡᠭᠦᠯᠪᠡ ᠃ ︽ᠮᠤᠬᠤᠷ ᠵᠠᠮ︾ ᠤᠨ ᠢᠨᠵᠧᠨᠧᠷᠢᠩ ᠢ | 700 ᠺᠢᠯᠤᠮᠧᠲᠷ ᠬᠡᠷᠡᠭᠵᠢᠭᠦᠯᠵᠦ ᠂ 510 ᠺᠢᠯᠤᠮᠧᠲᠷ ᠡᠯᠡᠰᠦᠨ ᠳᠤ ᠨᠡᠪᠳᠡᠷᠡᠬᠦ ᠵᠠᠰᠠᠮᠠᠯ ᠵᠠᠮ ᠢ ᠪᠠᠶᠢᠭᠤᠯᠤᠨ᠎ᠠ ᠃ | ᠪᠥᠬᠦ ᠤᠯᠤᠰ ᠤᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ | ᠰᠢᠨ᠎ᠡ ᠪᠠᠷ 5 ᠨᠡᠮᠡᠭᠳᠡᠵᠦ ᠂ ᠪᠣᠷᠣᠬᠤᠲᠠ ᠠᠴᠠ ᠪᠠᠶᠠᠨᠲᠣᠬᠤᠶ ᠶᠢᠨ ᠡᠯᠡᠰᠦ ᠶᠢ ᠵᠠᠰᠠᠬᠤ ᠵᠠᠰᠠᠮᠠᠯ ᠵᠠᠮ ᠪᠥᠬᠦ | ᠤᠯᠤᠰ ᠤᠨ ᠠᠷᠪᠠᠨ ᠶᠡᠭᠡ ᠬᠠᠮᠤᠭ ᠤᠨ ᠭᠤᠶᠣ ᠬᠥᠳᠡᠭᠡ ᠲᠣᠰᠬᠤᠨ ᠤ ᠵᠠᠮ ᠢᠶᠠᠷ ᠦᠨᠡᠯᠡᠭᠳᠡᠵᠦ ᠂ ᠤᠮᠠᠷᠠᠲᠤ | ᠬᠢᠯᠢ ᠶᠢᠨ ᠦᠵᠡᠮᠵᠢ ᠶᠢᠨ ᠲᠠᠷᠳᠠᠩ ᠵᠠᠮ ᠪᠥᠬᠦ ᠤᠯᠤᠰ ᠤᠨ ᠬᠠᠮᠤᠭ ᠤᠨ ᠭᠤᠶᠣ ᠥᠪᠡᠰᠦᠪᠡᠨ ᠵᠢᠯᠣᠭᠤᠳᠬᠤ | ᠰᠣᠳᠣᠨ ᠵᠠᠮ ᠢᠶᠠᠷ ᠰᠣᠩᠭᠤᠭᠳᠠᠪᠠ ᠃ | ᠲᠡᠮᠦᠷ ᠵᠠᠮ ᠤᠨ ᠲᠠᠯ᠎ᠠ ᠪᠠᠷ ᠂ ᠵᠢᠨᠢᠩ ᠠᠴᠠ ᠳ᠋ᠠᠲ᠋ᠦ᠋ᠩ ᠶᠤᠸᠠᠨᠫᠢᠩ ᠬᠦᠷᠬᠦ ᠲᠦᠷᠭᠡᠨ ᠤ ᠲᠡᠮᠦᠷ ᠵᠠᠮ | ᠨᠡᠪᠲᠡᠷᠡᠵᠦ ᠂ ᠮᠠᠨ ᠤ ᠣᠷᠣᠨ ᠤ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠢ ᠪᠦᠬᠦ ᠤᠯᠤᠰ ᠤᠨ ᠳᠡᠭᠡᠳᠦ | ᠬᠤᠷᠳᠤᠴᠠᠲᠤ ᠲᠡᠮᠦᠷ ᠵᠠᠮ ᠤᠨ ᠲᠣᠤᠷ ᠲᠤ ᠵᠠᠯᠭᠠᠵᠤ ᠂ ᠤᠮᠠᠷᠠᠲᠤ ᠣᠷᠣᠨ ᠂ ᠳᠣᠷᠣᠨᠠᠲᠤ ᠣᠷᠣᠨ ᠵᠡᠷᠭᠡ ᠭᠠᠵᠠᠷ ᠲᠤ | ᠰᠢᠭᠤᠳ ᠬᠦᠷᠴᠦ ᠪᠣᠯᠤᠨ᠎ᠠ ᠃ ᠵᠢᠨᠢᠩ ᠠᠴᠠ ᠲᠦᠩᠯᠢᠶᠣᠤ ᠬᠦᠷᠬᠦ ᠲᠡᠮᠦᠷ ᠵᠠᠮ ᠢ ᠴᠠᠬᠢᠯᠭᠠᠨᠵᠢᠭᠤᠯᠬᠤ | ᠥᠭᠡᠷᠡᠴᠢᠯᠡᠯᠲᠡ ᠶᠢ ᠪᠡᠶᠡᠯᠡᠭᠦᠯᠵᠦ ᠂ ᠬᠥᠬᠡᠬᠤᠲᠠ ᠠᠴᠠ ᠥᠪᠥᠷ ᠮᠣᠩᠭᠤᠯ ᠤᠨ ᠵᠡᠭᠦᠨ ᠬᠡᠰᠡᠭ ᠭᠠᠵᠠᠷ ᠣᠷᠣᠨ ᠳᠤ | ᠲᠦᠷᠭᠡᠨ ᠬᠤᠷᠳᠤ ᠶᠢᠨ ᠲᠡᠮᠦᠷ ᠵᠠᠮ ᠢ ᠬᠤᠯᠪᠣᠨ ᠨᠡᠪᠲᠡᠷᠡᠭᠦᠯᠬᠦ ᠶᠢ ᠪᠡᠶᠡᠯᠡᠭᠦᠯᠪᠡ ᠃ ᠤᠯᠠᠭᠠᠨᠬᠠᠳᠠ ᠠᠴᠠ ᠪᠠᠶᠠᠨᠬᠤᠸᠠ | ᠬᠦᠷᠬᠦ ᠲᠡᠮᠦᠷ ᠵᠠᠮ ᠤᠨ ᠬᠢᠨ ᠠᠶᠠᠨᠴᠢᠳ ᠤᠨ ᠭᠠᠯᠲᠤ ᠲᠡᠷᠭᠡ ᠶᠢ ᠬᠥᠬᠡᠬᠤᠲᠠ ᠠᠴᠠ ᠤᠯᠠᠭᠠᠨᠬᠠᠳᠠ ᠬᠦᠷᠬᠦ ᠵᠠᠮ ᠢ | ᠨᠡᠮᠡᠵᠦ ᠨᠡᠭᠡᠭᠡᠪᠡ ᠃ ᠪᠤᠭᠤᠲᠤ ᠠᠴᠠ ᠶᠢᠨᠴᠤᠸᠠᠨ ᠬᠦᠷᠬᠦ ᠥᠨᠳᠥᠷ ᠬᠤᠷᠳᠤᠴᠠᠲᠤ ᠲᠡᠮᠦᠷ ᠵᠠᠮ ᠤᠨ ᠡᠵᠡᠮᠰᠢᠯ ᠤᠨ | ᠴᠢᠨᠠᠷᠲᠠᠢ ᠪᠠᠷᠢᠯᠭ᠎ᠠ ᠶᠢ ᠪᠦᠬᠦᠨ ᠢ ᠪᠡᠶᠡᠯᠡᠭᠦᠯᠪᠡ ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ ᠨᠢ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠲᠠᠢ ᠬᠠᠮᠲᠤᠷᠠᠨ | ᠤᠯᠤᠰ ᠤᠨ ᠲᠡᠮᠦᠷ ᠵᠠᠮ ᠤᠨ ᠪᠦᠯᠦᠭᠯᠡᠯ ᠳᠤ ᠯᠢᠨ ᠡᠾᠧ ᠠᠴᠠ ᠰᠢᠨᠵᠢᠶᠠᠩ ᠤᠨ ᠬᠠ ᠮᠢ ᠬᠦᠷᠬᠦ ᠲᠡᠮᠦᠷ ᠵᠠᠮ ᠤᠨ | ᠯᠢᠨ ᠡᠸ᠋ ᠬᠡᠰᠡᠭ ᠲᠠᠬᠢ ᠰᠤᠳᠤᠯᠭᠠᠨ ᠤ ᠮᠡᠳᠡᠭᠦᠯᠦᠯᠲᠡ ᠪᠠᠨ ᠳᠡᠭᠡᠭᠰᠢ ᠮᠡᠳᠡᠭᠦᠯᠵᠦ ᠂ ᠬᠢᠯᠢ ᠶᠢᠨ ᠨᠡᠭᠦᠷᠡᠰᠦ ᠶᠢ | ᠭᠠᠳᠠᠭᠰᠢ ᠵᠥᠭᠡᠭᠡᠪᠦᠷᠢᠯᠡᠬᠦ ᠯᠢᠨ ᠡᠾᠧ ᠠᠴᠠ ᠰᠢᠨᠵᠢᠶᠠᠩ ᠤᠨ ᠬᠠ ᠮᠢ ᠬᠦᠷᠬᠦ ᠭᠤᠣᠯ ᠵᠠᠮ ᠤᠨ ᠥᠪᠥᠷ | ᠮᠣᠩᠭᠤᠯ ᠤᠨ ᠬᠡᠰᠡᠭ ᠢ ᠤᠷᠢᠳᠠᠪᠠᠷ ᠠᠵᠢᠯ ᠡᠬᠢᠯᠡᠭᠦᠯᠬᠦ ᠳᠤ ᠨᠥᠬᠦᠴᠡᠯ ᠪᠦᠷᠢᠯᠳᠦᠭᠦᠯᠵᠦ ᠦᠭᠪᠡ ᠃ | ᠠᠷᠠᠳ ᠤᠨ ᠠᠭᠠᠷ ᠤᠨ ᠲᠡᠭᠡᠭᠡᠪᠦᠷᠢ ᠶᠢᠨ ᠲᠠᠯ᠎ᠠ ᠪᠠᠷ ᠂ ᠱᠧᠩ ᠯᠧ ᠣᠯᠠᠨ ᠤᠯᠤᠰ ᠤᠨ ᠨᠢᠰᠬᠡᠯ ᠤᠨ | ᠪᠠᠭᠤᠳᠠᠯ ᠤᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠵᠤ ᠂ 2025 ᠣᠨ ᠤ ᠰᠡᠭᠦᠯᠴᠢ ᠪᠠᠷ | ᠠᠰᠢᠭᠯᠠᠯᠲᠠ ᠳᠤ ᠣᠷᠣᠭᠤᠯᠬᠤ ᠳᠤ ᠰᠠᠭᠤᠷᠢ ᠲᠠᠯᠪᠢᠪᠠ ᠃ ᠴᠢᠩ ᠱᠦᠢ ᠾᠧ ᠰᠢᠶᠠᠨ ᠤ ᠨᠡᠶᠢᠳᠡᠮ ᠬᠡᠷᠡᠭᠯᠡᠭᠡᠨ ᠤ | ᠨᠢᠰᠬᠡᠯ ᠤᠨ ᠪᠠᠭᠤᠳᠠᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ ᠂ ᠬᠦᠷᠢᠶ᠎ᠡ ᠬᠤᠰᠢᠭᠤ ᠵᠡᠷᠭᠡ | ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ 3 ᠭᠤᠣᠯ ᠴᠣᠭᠴᠠ ᠶᠢ ᠪᠠᠶᠢᠭᠤᠯᠤᠨ ᠳᠠᠭᠤᠰᠬᠠᠵᠤ ᠂ ᠪᠦᠬᠦ | ᠣᠷᠣᠨ ᠤ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ 46 ᠪᠣᠯᠪᠠ ᠃ ᠬᠥᠯᠥᠨ ᠪᠤᠶᠢᠷ ᠂ ᠰᠢᠯᠢ ᠶᠢᠨ ᠭᠤᠤᠯ ᠂ | ᠤᠯᠠᠭᠠᠨᠴᠠᠪ ᠂ ᠠᠯᠠᠱᠠ ᠵᠡᠷᠭᠡ 4 ᠠᠶᠢᠮᠠᠭ ᠬᠤᠲᠠ ᠶᠢᠨ 10 ᠦᠵᠡᠮᠵᠢ ᠶᠢᠨ ᠣᠷᠣᠨ ᠳᠤ ᠠᠭᠠᠷ ᠤᠨ ᠨᠢᠰᠦᠯᠲᠡ ᠂ | ᠠᠭᠠᠷ ᠤᠨ ᠠᠶᠠᠯᠠᠯ ᠤᠨ ᠠᠶᠠᠯᠠᠯ ᠢ ᠪᠡᠶᠡᠯᠡᠭᠦᠯᠪᠡ ᠃ | ︽ᠮᠠᠨ ᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢᠨ ᠢᠳᠡᠪᠬᠢ | ᠬᠦᠴᠦᠨ ᠵᠦᠢᠯ ᠲᠠᠰᠤᠷᠠᠯᠲᠠ ᠥᠬᠡᠶ ᠨᠡᠮᠡᠭᠳᠡᠵᠦ ᠪᠠᠶᠢᠨ᠎ᠠ ᠂ ᠪᠢᠳᠡ ᠵᠠᠪᠠᠯ ᠬᠥᠭᠵᠢᠯᠲᠡ ᠶᠢᠨ ᠢᠲᠡᠭᠡᠯ ᠵᠣᠷᠢᠭ ᠢᠶᠠᠨ | ᠪᠠᠲᠤᠳᠬᠠᠵᠤ ᠂ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠵᠦ ᠂ ᠡᠯ᠎ᠡ ᠲᠠᠯ᠎ᠠ ᠶᠢᠨ ᠵᠢᠱᠢᠯᠲᠡ ᠶᠢ ᠰᠠᠶᠢᠲᠤᠷ | ᠬᠥᠲᠥᠯᠥᠨ ᠵᠢᠯᠣᠭᠤᠳᠴᠤ ᠂ ᠥᠭᠡᠳᠡᠯᠡᠨ ᠳᠠᠪᠰᠢᠬᠤ ᠬᠠᠨᠳᠤᠰᠢ ᠶᠢ ᠪᠠᠲᠤᠯᠠᠵᠤ ᠂ ᠨᠠᠩ ᠰᠠᠶᠢᠨ ᠨᠠᠩ ᠶᠡᠭᠡ | ᠬᠥᠭᠵᠢᠯᠲᠡ ᠶᠢ ᠴᠢᠷᠮᠠᠶᠢᠨ ᠠᠬᠢᠭᠤᠯᠬᠤ ᠬᠡᠷᠡᠭᠲᠡᠶ︾ ᠬᠡᠵᠡᠢ ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ ᠂ 2025 | ᠣᠨ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ︽︿ᠲᠠᠪᠤᠨ ᠶᠡᠭᠡ ᠡᠭᠦᠷᠭᠡ﹀ ᠶᠢ ᠦᠷᠭᠦᠯᠵᠢᠯᠡᠨ | ᠠᠬᠢᠭᠤᠯᠬᠤ ᠂ ︿ᠵᠢᠷᠭᠤᠭᠠᠨ ᠢᠨᠵᠧᠨᠧᠷᠢᠩ﹀ ᠢ ᠦᠷᠭᠦᠯᠵᠢᠯᠡᠨ ᠬᠡᠷᠡᠭᠵᠢᠭᠦᠯᠬᠦ ᠂ ︿ᠵᠢᠷᠭᠤᠭᠠᠨ ᠠᠵᠢᠯᠯᠠᠭ᠎ᠠ﹀ ᠶᠢ | ᠵᠣᠬᠢᠶᠠᠨ ᠪᠠᠶᠢᠭᠤᠯᠤᠨ ᠥᠷᠨᠢᠭᠦᠯᠬᠦ︾ ᠡᠯ᠎ᠡ ᠵᠦᠢᠯ ᠤᠨ ᠠᠵᠢᠯ ᠢ ᠰᠠᠶᠢᠲᠤᠷ ᠬᠢᠵᠦ ᠂ ᠶᠡᠷᠦᠩᠬᠡᠶᠢᠯᠡᠭᠰᠡᠨ ᠵᠠᠮ | ᠬᠠᠷᠢᠯᠴᠠᠭᠠᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ | ᠥᠪᠡᠷ ᠤᠨ ᠥᠷᠲᠡᠭ ᠢ ᠪᠠᠭᠤᠷᠠᠭᠤᠯᠬᠤ ᠂ ᠵᠠᠮ ᠬᠠᠷᠢᠯᠴᠠᠭᠠᠨ ᠤ ᠬᠦᠷᠢᠶᠡᠨ ᠳᠠᠬᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠂ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ 4 ᠲᠠᠯ᠎ᠠ ᠪᠠᠷ | ᠬᠦᠴᠦᠯᠡᠵᠦ ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠵᠦ ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ ᠂ ︽ | ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ | ᠲᠠᠯᠪᠢᠨ᠎ᠠ ᠭᠡᠪᠡ ᠃ | |