2024 ᠣᠨ ᠳᠤ ᠮᠠᠨ ᠤ ᠤᠯᠤᠰ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ 134.9 ᠲᠦᠮᠡᠨ | ᠳ᠋ᠦᠩᠰᠢᠭᠤᠷ ᠲᠥᠭᠦᠷᠢᠭ ᠢ ᠳᠠᠪᠠᠵᠤ ᠂ ᠠᠳᠠᠯᠢ ᠬᠤᠭᠤᠴᠠᠭᠠᠨ ᠤ ᠬᠢ ᠠᠴᠠ 5.0% ᠢᠶᠠᠷ ᠨᠡᠮᠡᠭᠳᠡᠪᠡ ᠃ ᠥᠨᠳᠥᠷ | ᠰᠠᠭᠤᠷᠢ ᠲᠤᠭ᠎ᠠ ᠳᠡᠭᠡᠷ᠎ᠡ ᠲᠡᠦᠬᠡᠲᠦ ᠴᠢᠨᠠᠷᠲᠠᠢ ᠳᠠᠪᠰᠢᠯᠲᠠ ᠶᠢ ᠪᠡᠶᠡᠯᠡᠭᠦᠯᠪᠡ ᠂ ᠡᠨᠡ ᠬᠦ ᠬᠢᠷᠢ ᠪᠦᠲᠦᠮᠵᠢ ᠶᠢᠨ | ᠬᠠᠭᠤᠳᠠᠰᠤ ᠶᠢ ᠪᠣᠯ ᠬᠢᠯᠪᠠᠷ ᠪᠤᠰᠤ ᠪᠠᠷ ᠣᠯᠣᠭᠰᠠᠨ ᠶᠤᠮ ᠃ | 2012 ᠣᠨ ᠳᠤ 50 ᠲᠦᠮᠡᠨ ᠳ᠋ᠦᠩᠰᠢᠭᠤᠷ ᠲᠥᠭᠦᠷᠢᠭ ᠢ ᠳᠠᠪᠠᠭᠰᠠᠨ ᠠᠴᠠ ᠨᠠᠭᠠᠰᠢ ᠂ ᠮᠠᠨ ᠤ | ᠤᠯᠤᠰ ᠤᠨ ᠠᠵᠤ ᠠᠬᠤᠶ ᠶᠢᠨ ᠵᠢᠯ ᠪᠦᠷᠢ ᠶᠢᠨ ᠨᠡᠮᠡᠭᠳᠡᠯ ᠨᠢ ᠳᠤᠮᠳᠠ ᠵᠡᠷᠭᠡ ᠶᠢᠨ ᠤᠯᠤᠰ ᠤᠨ ᠠᠵᠤ ᠠᠬᠤᠶ ᠶᠢᠨ | ᠪᠠᠶᠢᠳᠠᠯ ᠲᠠᠢ ᠲᠡᠩᠴᠡᠵᠦ ᠂ ᠰᠠᠭᠤᠷᠢ ᠨᠢ ᠲᠣᠭᠲᠠᠭᠤᠨ ᠂ ᠬᠥᠳᠡᠯᠭᠡᠬᠦ ᠬᠦᠴᠦᠨ ᠨᠢ ᠭᠦᠢᠴᠡᠳ ᠂ ︽ᠦᠷᠭᠦᠯᠵᠢᠯᠡᠨ | ᠠᠶᠠᠯᠠᠬᠤ ᠴᠢᠳᠠᠪᠤᠷᠢ︾ ᠨᠢ ᠴᠢᠩᠭ᠎ᠠ ᠬᠦᠴᠦᠲᠡᠶ ᠪᠠᠶᠢᠨ᠎ᠠ ᠃ | ᠥᠨᠳᠥᠷ ᠥᠷᠢᠰᠥᠯᠳᠦᠭᠡᠨ ᠤ ᠳᠣᠣᠷ᠎ᠠ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠤᠪᠤᠷ ᠨᠠᠨᠳᠢᠨ | ᠶᠤᠮ ᠃ ᠨᠢᠳᠤᠨᠤᠨ ᠤ ᠭᠠᠳᠠᠭᠠᠳᠤ ᠳᠠᠷᠤᠯᠲᠠ ᠶᠡᠬᠡᠰᠴᠦ ᠂ ᠳᠣᠲᠣᠭᠠᠳᠤ ᠶᠢᠨ ᠬᠦᠴᠢᠷᠳᠡᠯ ᠨᠡᠮᠡᠭᠳᠡᠵᠦ ᠪᠠᠶᠢᠭ᠎ᠠ | ᠪᠠᠶᠢᠳᠠᠯ ᠳᠣᠤᠷ᠎ᠠ ᠂ ᠮᠠᠨ ᠤ ᠤᠯᠤᠰ ᠤᠨ ᠡᠩ ᠤᠨ ᠨᠢᠭᠡᠨ ᠡᠳᠦᠷ ᠂ ᠳᠠᠷᠤᠢ 8 ᠲᠦᠮᠡ ᠭᠠᠷᠤᠶ ᠮᠠᠰᠢᠨ ᠲᠡᠷᠭᠡ | ᠤᠳᠠᠰᠦᠨ ᠳᠤ ᠭᠠᠷᠴᠦ ᠂ 340 ᠲᠦᠮᠡᠨ ᠣᠶᠤᠨᠴᠢ ᠭᠠᠷ ᠤᠲᠠᠰᠤ ᠦᠢᠯᠡᠳᠪᠦᠷᠢ ᠠᠴᠠ ᠭᠠᠷᠴᠤ ᠂ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠯᠤᠭᠰᠢᠯᠲᠠ ᠂ ᠰᠢᠨ᠎ᠡ ᠬᠡᠷᠡᠭᠯᠡᠭᠡᠨ ᠤ ᠬᠠᠮᠲᠤᠯᠢᠭ ᠤᠨ ᠬᠥᠭᠵᠢᠯᠲᠡ ᠶᠢ | ᠢᠯᠡᠷᠡᠭᠦᠯᠵᠦ ᠂ ᠨᠢᠭᠡᠳᠦᠯᠲᠡᠶ ᠲᠣᠮᠣ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠢᠯᠡᠷᠡᠭᠦᠯᠪᠡ ᠃ | ᠵᠣᠷᠢᠭᠲᠠᠢ ᠪᠠᠷ ᠬᠦᠴᠢᠷ ᠪᠡᠷᠬᠡᠰᠢᠶᠡᠯ ᠳᠤ ᠵᠥᠪ ᠢᠶᠠᠷ ᠬᠠᠨᠳᠤᠵᠤ ᠂ ᠵᠣᠷᠢᠭᠲᠠᠢ ᠪᠠᠷ ᠬᠦᠴᠢᠷ ᠢ ᠰᠥᠷᠥᠨ | ᠤᠷᠤᠭᠰᠢᠯᠠᠵᠤ ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠠᠭᠠᠨ ᠴᠢᠳᠠᠮᠠᠭᠠᠢ ᠪᠠᠶᠢᠳᠠᠭ ᠂ ᠡᠨᠡ ᠪᠣᠯ ᠶᠠᠭ | ᠳᠤᠮᠳᠠᠳᠤ ᠤᠯᠤᠰ ᠤᠨ ᠠᠵᠤ ᠠᠬᠤᠢ ᠶᠢᠨ ᠡᠷᠴᠢ ᠵᠣᠷᠢᠭ ᠪᠠ ᠢᠲᠡᠭᠡᠯ ᠵᠣᠷᠢᠭ ᠮᠥᠨ ᠃ | ᠥᠩᠭᠡᠷᠡᠭᠰᠡᠨ ᠤ ᠶᠠᠪᠤᠳᠠᠯ ᠪᠦᠬᠦᠨ ᠴᠥᠮ ᠣᠷᠣᠰᠢᠯ ᠪᠣᠯᠣᠨ᠎ᠠ ᠃ 2025 ᠣᠨ ᠤ ᠰᠢᠨ᠎ᠡ ᠬᠠᠭᠤᠳᠠᠰᠤ | ᠨᠢᠭᠡᠨᠲᠡ ᠡᠬᠢᠯᠡᠪᠡ ᠃ | ᠰᠢᠨ᠎ᠡ ᠵᠢᠯ ᠰᠢᠨ᠎ᠡ ᠠᠭᠤᠷ ᠠᠮᠢᠰᠬᠤᠯ ᠃ ᠦᠢᠯᠡᠳᠪᠦᠷᠢᠯᠡᠯ ᠢ ᠦᠵᠡᠬᠦ ᠂ ᠠᠵᠤ ᠠᠬᠤᠶᠢᠯᠠᠯ ᠤᠨ | ᠦᠢᠯᠡᠳᠪᠦᠷᠢ ᠶᠢᠨ ᠲᠠᠰᠤᠭ ᠤᠨ ᠵᠠᠬᠢᠶᠠᠯᠠᠭ᠎ᠠ ᠶᠢᠨ ᠬᠠᠭᠤᠳᠠᠰᠤ ᠶᠢ ᠪᠦᠬᠦ ᠲᠠᠯ᠎ᠠ ᠪᠠᠷ ᠨᠡᠭᠡᠭᠡᠵᠦ ᠂ ︽ᠰᠠᠶᠢᠨ | ᠡᠬᠢᠯᠡᠯᠲᠡ︾ ᠲᠠᠢ ᠪᠣᠯᠬᠤ ᠪᠠᠷ ᠬᠦᠴᠦᠯᠡᠨ ᠴᠢᠷᠮᠠᠶᠢᠨ᠎ᠠ ᠃ ᠬᠡᠷᠡᠭᠯᠡᠭᠡ ᠶᠢ ᠦᠵᠡᠬᠦ ᠂ ᠴᠠᠭᠠᠨ ᠰᠠᠷ᠎ᠠ ᠶᠢ ᠪᠠᠷᠠᠭ᠎ᠠ | ᠬᠤᠳᠠᠯᠳᠤᠨ ᠠᠪᠬᠤ ᠂ ᠮᠦᠰᠦᠨ ᠳᠤ ᠭᠤᠯᠭᠤᠨ ᠨᠠᠭᠠᠳᠬᠤ ᠂ ᠰᠢᠨ᠎ᠡ ᠪᠦᠲᠦᠭᠡᠭᠳᠡᠬᠦᠨ ᠢ ᠠᠮᠲᠠᠯᠠᠵᠤ ᠂ ᠮᠥᠰᠥ | ᠴᠠᠰᠤᠨ ᠤ ᠠᠵᠤ ᠠᠬᠤᠶ ᠂ ᠠᠩᠬ᠎ᠠ ᠲᠠᠷᠬᠠᠭᠠᠬᠤ ᠠᠵᠤ ᠠᠬᠤᠶ ᠬᠥᠷ ᠬᠥᠭᠵᠢᠶᠡᠨ ᠲᠠᠢ ᠁ | ᠠᠭᠤᠯᠠ ᠨᠢ ᠨᠡᠩ ᠥᠨᠳᠥᠷ ᠂ ᠵᠠᠮ ᠨᠢ ᠨᠡᠩ ᠪᠠᠷᠲᠠᠭ᠎ᠠ ᠲᠠᠢ ᠂ ᠭᠡᠪᠡᠴᠦ ᠴᠠᠭ ᠪᠤᠯᠤᠨ ᠪᠠᠶᠢᠳᠠᠯ ᠮᠦᠨ ᠬᠦ | ᠮᠢᠨᠤ ᠪᠡᠶ᠎ᠡ ᠳᠤ ᠪᠤᠢ ᠃ ᠰᠠᠯᠬᠢ ᠡᠶᠡᠪᠡᠷᠭᠦᠦ ᠨᠡᠷᠡᠨ ᠤ ᠤᠴᠢᠷ ᠠᠴᠠ ᠠᠯᠤᠰ ᠤᠨ ᠵᠠᠮ ᠢ ᠰᠣᠩᠭᠤᠭᠰᠠᠨ ᠪᠢᠰᠢ ᠂ | ᠬᠠᠷᠢᠨ ᠵᠣᠷᠢᠭ ᠰᠢᠭᠤᠳᠤᠨ ᠤᠷᠤᠭᠰᠢᠯᠠᠭᠠᠳ ᠰᠠᠶ᠋ᠢ ᠡᠩᠬᠦᠯ ᠳᠤᠩᠬᠤᠯ ᠵᠠᠮ ᠢ ᠲᠤᠭᠤᠯᠤᠭᠰᠠᠨ ᠶᠤᠮ ᠃ | ᠠᠵᠢᠯᠯᠠᠬᠤ ᠶᠢ ᠲᠡᠷᠢᠭᠦᠨ ᠳᠤ ᠲᠠᠯᠪᠢᠵᠤ ᠂ ᠪᠣᠳᠠᠲᠠᠢ ᠠᠵᠢᠯᠯᠠᠬᠤ ᠪᠠᠷ ᠭᠤᠣᠯᠳᠠᠯᠭ᠎ᠠ ᠪᠣᠯᠭᠠᠵᠤ ᠂ ᠠᠯᠢᠪᠠ ᠰᠢᠷᠭᠠᠭᠤ | ᠬᠠᠲᠠᠭᠤᠵᠢᠯᠲᠠᠢ ᠴᠢᠷᠮᠠᠶᠢᠯᠭ᠎ᠠ ᠨᠢ ᠦᠷᠭᠦᠯᠵᠢᠯᠡᠨ ᠬᠦᠨᠳᠦ ᠶᠡᠭᠡ ᠣᠯᠤᠯᠲᠠ ᠪᠣᠯᠤᠨ᠎ᠠ ᠃ | |