ᠤᠯᠤᠰ ᠤᠨ ᠲᠤᠳᠤᠭᠠᠳᠤ ᠶᠢᠨ ᠵᠢᠭᠤᠯᠴᠢᠯᠠᠭᠰᠠᠳ ᠤᠨ ᠶᠡᠷᠦᠩᠬᠡᠶ ᠵᠠᠷᠤᠳᠠᠯ ᠢ 194.91 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠥᠪᠥᠷ ᠮᠣᠩᠭᠤᠯ ᠤᠨ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠤ ᠬᠠᠯᠠᠮᠰᠢᠯ ᠨᠢ ᠬᠦᠴᠦᠨ ᠲᠡᠭᠦᠯᠳᠡᠷ ᠪᠣᠯᠪᠠ
ᠨᠡᠶᠢᠲᠡᠯᠡᠭᠰᠡᠨ ᠴᠠᠭ᠄
2025/2/7
  ᠬᠥᠬᠡᠭᠴᠢᠨ ᠮᠣᠭᠠᠢ ᠵᠢᠯ ᠤᠨ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠥᠪᠥᠷ ᠮᠣᠩᠭᠤᠯ ᠪᠠᠶᠠᠷ ᠬᠦᠷ ᠢᠶᠠᠷ ᠳᠦᠭᠦᠷᠴᠦ᠂ ᠵᠢᠯ ᠴᠠᠭᠠᠨ ᠰᠠᠷ᠎ᠠ ᠶᠢᠨ ᠠᠭᠤᠷ ᠠᠮᠢᠰᠬᠤᠯ ᠢᠶᠠᠷ ᠪᠢᠯᠬᠠᠨ᠎ᠠ᠃ ︽ᠪᠣᠳᠠᠰ ᠤᠨ ᠪᠤᠰᠤ ᠰᠣᠶᠣᠯ ᠤᠨ ᠥᠪ ᠤᠨ ᠰᠠᠯᠬᠢ︾᠂ ︽ᠮᠥᠰᠥ ᠴᠠᠰᠤᠨ ᠤ ᠵᠤᠭᠠᠴᠠᠯ︾᠂ ︽ᠬᠢᠯᠢ ᠳᠤ ᠣᠷᠣᠵᠤ       ᠵᠤᠭᠠᠴᠠᠬᠤ︾ ᠨᠢ ᠥᠪᠥᠷ ᠮᠣᠩᠭᠤᠯ ᠤᠨ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠤ ᠬᠠᠯᠠᠭᠤᠨ ᠬᠦᠴᠦᠨ ᠢ ᠭᠦᠢᠴᠡᠳ ᠪᠠᠳᠠᠷᠠᠭᠤᠯᠪᠠ᠃  ᠥᠪᠥᠷ ᠮᠣᠩᠭᠤᠯ ᠤᠨ ᠵᠢᠭᠤᠯᠴᠢᠯᠠᠯ ᠤᠨ ᠲᠢᠩᠬᠢᠮ ᠤᠨ ᠪᠦᠷᠢᠳᠬᠡᠯ ᠢ ᠦᠨᠳᠦᠰᠦᠯᠡᠪᠡᠯ᠂ 2 ᠳ᠋ᠤᠭᠠᠷ ᠰᠠᠷ᠎ᠠ ᠶᠢᠨ 4 ᠤ ᠡᠳᠦᠷ ᠤᠨ ᠲᠡᠭ ᠴᠠᠭ ᠪᠣᠯᠲᠠᠯ᠎ᠠ᠂ ᠪᠥᠬᠦ ᠣᠷᠣᠨ ᠳᠤ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ ᠨᠡᠶᠢᠲᠡ 2733.28 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠤᠨ ᠶᠡᠷᠦᠩᠬᠡᠶ ᠵᠠᠷᠤᠳᠠᠯ 194.91 ᠳ᠋ᠦᠩᠰᠢᠭᠤᠷ ᠲᠥᠭᠦᠷᠢᠭ ᠢ       ᠪᠡᠶᠡᠯᠡᠭᠦᠯᠪᠡ᠃ ᠰᠢᠶᠧ ᠴᠧᠩ ᠲᠣᠮᠣ ᠳ᠋ᠠᠶᠢᠲ᠋ᠠ ᠶᠢᠨ ᠢᠯᠡᠷᠡᠭᠦᠯᠦᠭᠰᠡᠨ ᠢᠶᠠᠷ᠂ ᠴᠠᠭᠠᠨ ᠰᠠᠷ᠎ᠠ ᠶᠢᠨ ᠬᠤᠭᠤᠴᠠᠭᠠᠨ ᠳᠤ ᠥᠪᠥᠷ ᠮᠣᠩᠭᠤᠯ ᠤᠨ ᠲᠤᠬᠠᠶ ᠶᠢᠨ ᠭᠠᠵᠠᠷ ᠤᠨ ᠬᠠᠯᠠᠭᠤᠨ ᠡᠭᠦᠳᠡᠨ ᠤ ᠦᠵᠡᠮᠵᠢ ᠶᠢᠨ ᠣᠷᠣᠨ ᠳᠤ ᠳ᠋ᠠ ᠵᠣᠣ ᠰᠧ ᠰᠦᠮ᠎ᠡ᠂ ᠮᠠ ᠽᠦᠩ ᠱᠠᠨ ᠴᠠᠰᠤᠨ ᠳᠤ ᠭᠤᠯᠭᠤᠬᠤ ᠲᠠᠯᠠᠪᠠᠶ᠂ ᠶᠡᠭᠡ ᠲᠦᠷᠭᠡᠨ ᠭᠤᠤᠯ ᠤᠨ ᠴᠡᠷᠢᠭ ᠤᠨ ᠶᠠᠪᠤᠳᠠᠯ ᠤᠨ ᠰᠣᠶᠣᠯ ᠤᠨ ᠴᠡᠩᠭᠡᠯ ᠤᠨ ᠬᠦᠷᠢᠶᠡᠯᠡᠩ᠂ ᠮᠠᠶᠢᠷᠠᠨ ᠵᠢᠯᠠᠭ᠎ᠠ ᠶᠢᠨ ᠴᠠᠰᠤᠨ ᠳᠤ ᠭᠤᠯᠭᠤᠬᠤ ᠲᠠᠯᠠᠪᠠᠶ ᠵᠡᠷᠭᠡ ᠪᠣᠶ᠃  ᠰᠣᠶᠣᠯ ᠤᠨ ᠥᠪ ᠢᠶᠠᠷ ᠠᠮᠵᠢᠯᠲᠠ ᠲᠠᠢ ᠮᠡᠳᠡᠭᠦᠯᠦᠭᠰᠡᠨ ᠤ ᠳᠠᠷᠠᠭᠠᠬᠢ ᠠᠩᠬᠠᠳᠠᠭᠴᠢ ᠴᠠᠭᠠᠨ ᠰᠠᠷ᠎ᠠ ᠪᠣᠯᠤᠭᠰᠠᠨ ᠤ ᠬᠤᠪᠢ ᠳᠤ᠂ ᠮᠣᠭᠠᠶ ᠵᠢᠯ ᠤᠨ ᠴᠠᠭᠠᠨ ᠰᠠᠷ᠎ᠠ ᠶᠢᠨ ᠵᠢᠯ ᠤᠨ ᠦᠨᠦᠷ ᠠᠮᠲᠠ ᠶᠢᠨ ᠭᠦᠨ ᠵᠤᠵᠠᠭᠠᠨ ᠬᠡᠮᠵᠢᠭᠦᠷ ᠪᠤᠯᠵᠤ᠂ ᠣᠷᠣᠨ ᠨᠤᠲᠤᠭ ᠤᠨ ᠠᠷᠠᠳ ᠤᠨ ᠵᠠᠩ ᠦᠢᠯᠡ ᠶᠢ ᠪᠡᠶᠡᠴᠢᠯᠡᠨ ᠣᠶᠢᠯᠠᠭᠠᠬᠤ᠂ ᠪᠣᠳᠠᠰ ᠤᠨ ᠪᠤᠰᠤ ᠰᠣᠶᠣᠯ ᠤᠨ ᠥᠪ ᠢ ᠠᠩᠬᠠᠷᠬᠤ ᠠᠵᠢᠯᠯᠠᠭ᠎ᠠ ᠨᠢ ᠡᠨᠡ ᠵᠢᠯ ᠤᠨ ᠴᠠᠭᠠᠨ ᠰᠠᠷ᠎ᠠ ᠶᠢᠨ ᠨᠢᠭᠡᠨ ᠶᠡᠭᠡ ᠦᠵᠡᠬᠦ ᠴᠡᠭ ᠪᠣᠯᠤᠭᠰᠠᠨ ᠪᠠᠶᠢᠨ᠎ᠠ᠃ ᠥᠪᠥᠷ ᠮᠣᠩᠭᠤᠯ ᠤᠨ ᠮᠣᠩᠭᠤᠯ ᠬᠡᠯᠡᠨ ᠤ ᠵᠢᠭᠤᠯᠴᠢᠯᠠᠯ ᠨᠢ 154 ᠵᠦᠢᠯ ᠤᠨ ᠠᠵᠢᠯᠯᠠᠭ᠎ᠠ ᠶᠢ ᠨᠠᠷᠢᠨ ᠨᠢᠮᠪᠠᠶ ᠪᠡᠯᠡᠳᠬᠡᠵᠦ᠂ ᠣᠯᠠᠨ ᠲᠦᠮᠡᠨ ᠳᠤ ᠤᠮᠠᠷᠠᠲᠤ ᠬᠢᠯᠢ ᠶᠢᠨ ᠰᠣᠶᠣᠯ ᠤᠨ ᠣᠨᠴᠠᠯᠢᠭ ᠲᠠᠢ ᠪᠣᠯᠤᠭᠰᠠᠨ ᠭᠤᠶᠢᠳᠠ ᠰᠠᠶᠢᠬᠠᠨ ᠳᠠᠶᠢᠯᠠᠯᠭ᠎ᠠ ᠶᠢ ᠬᠢᠵᠦ ᠥᠭᠪᠡ᠃  ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠬᠥᠬᠡᠬᠤᠲᠠ ᠶᠢᠨ ᠰᠢᠨ᠎ᠡ ᠵᠢᠯ ᠤᠨ ᠰᠣᠶᠣᠯ ᠤᠨ ᠰᠦᠮ᠎ᠡ ᠶᠢᠨ ᠴᠤᠭᠯᠠᠭᠠᠨ ᠨᠢ ᠨᠢᠭᠡ ᠣᠯᠠᠨ ᠵᠤᠭᠠᠴᠠᠭᠰᠠᠳ ᠤᠨ ᠠᠩᠬᠠᠷᠤᠯ ᠢ ᠲᠠᠲᠠᠵᠤ᠂ ᠨᠡᠶᠢᠭᠡᠮ ᠤᠨ ᠭᠠᠯ ᠤᠨ ᠲᠣᠭᠯᠠᠯᠲᠠ ᠶᠢ ᠰᠣᠨᠢᠷᠬᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠣᠶᠢᠯᠠᠭᠠᠵᠦ᠂ ᠤᠯᠠᠮᠵᠢᠯᠠᠯᠲᠤ ᠠᠮᠲᠠᠲᠤ ᠢᠳᠡᠭᠡᠨ ᠢ ᠠᠮᠲᠠᠯᠠᠨ᠎ᠠ ᠁ ᠰᠣᠶᠣᠯ ᠤᠨ ᠥᠪ ᠢᠶᠠᠷ ᠠᠮᠵᠢᠯᠲᠠ ᠲᠠᠢ ᠮᠡᠳᠡᠭᠦᠯᠦᠭᠰᠡᠨ ᠤ ᠳᠠᠷᠠᠭᠠᠬᠢ ᠠᠩᠬᠠᠳᠠᠭᠴᠢ ᠴᠠᠭᠠᠨ ᠰᠠᠷ᠎ᠠ ᠠᠴᠠ ᠠᠪᠴᠢᠷᠠᠭᠰᠠᠨ ᠣᠨᠴᠠᠭᠠᠢ ᠬᠥᠭ ᠠᠶᠠᠰ ᠢ ᠮᠡᠳᠡᠷᠡᠪᠡ᠃ ᠲᠦᠩᠯᠢᠶᠣᠣ ᠬᠤᠲᠠ ᠡᠯᠪᠡᠭ ᠪᠠᠶᠠᠯᠢᠭ ᠲᠠᠩᠰᠤᠭ ᠰᠠᠶᠢᠬᠠᠨ ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠬᠦ ᠠᠯᠢ ᠣᠯᠠᠨ ᠠᠵᠢᠯᠯᠠᠭ᠎ᠠ ᠶᠢ ᠨᠠᠷᠢᠨ ᠨᠢᠮᠪᠠᠢ ᠲᠥᠯᠥᠪᠯᠡᠵᠦ᠂ ᠥᠷᠭᠡᠨ ᠣᠯᠠᠨ ᠬᠤᠲᠠ ᠶᠢᠨ ᠠᠷᠠᠳ ᠪᠣᠯᠤᠨ ᠵᠢᠭᠤᠯᠴᠢᠳ ᠢ ᠭᠦᠨ ᠵᠤᠵᠠᠭᠠᠨ ᠪᠣᠳᠠᠰ ᠤᠨ ᠪᠤᠰᠤ ᠰᠣᠶᠣᠯ ᠤᠨ ᠥᠪ ᠤᠨ ᠠᠭᠤᠷ ᠠᠮᠢᠰᠭᠤᠯ ᠳᠤ᠂ ᠵᠢᠯ ᠤᠨ ᠦᠨᠦᠷ ᠠᠮᠲᠠ᠂ ᠰᠣᠶᠣᠯ ᠤᠨ ᠦᠨᠦᠷ ᠠᠮᠲᠠ ᠪᠣᠯᠤᠨ ᠬᠥᠮᠦᠨ ᠤ ᠬᠠᠶᠢᠷ᠎ᠠ ᠰᠡᠳᠭᠢᠯᠭᠡ ᠪᠢᠯᠬᠠᠮ᠎ᠠ ᠪᠠᠶᠠᠷ ᠤᠨ ᠡᠳᠦᠷ ᠢ ᠬᠠᠮᠲᠤ ᠪᠠᠷ ᠦᠩᠭᠡᠷᠡᠭᠦᠯᠬᠦ ᠪᠠᠷ ᠴᠢᠷᠮᠠᠶᠢᠵᠤ ᠪᠠᠶᠢᠨ᠎ᠠ᠃ ᠡᠨᠡ ᠵᠢᠯ ᠲᠦᠩᠯᠢᠶᠣᠣ ᠬᠤᠲᠠ ︽ᠪᠠᠷᠠᠭᠤᠨ ᠯᠢᠶᠣᠤᠾᠧ ᠭᠤᠣᠯ ᠤᠨ ᠬᠦᠪᠡᠭᠡ · ᠰᠣᠶᠣᠯ ᠪᠣᠯᠪᠠᠰᠤᠨ ᠤ ᠦᠷ ᠤᠨ ᠲᠤᠶᠠᠭ᠎ᠠ︾ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠵᠢᠭᠤᠯᠴᠢᠯᠠᠯ ᠤᠨ ᠵᠠᠮ ᠱᠤᠭᠤᠮ ᠢ ᠲᠤᠰᠬᠠᠶᠢᠯᠠᠨ ᠭᠠᠷᠭᠠᠭᠰᠠᠨ ᠪᠠᠶᠢᠨ᠎ᠠ᠃  ᠵᠠᠮ ᠱᠤᠭᠤᠮ ᠨᠢ ᠤᠷᠠᠨ ᠢᠶᠠᠷ ᠠᠭᠤᠯᠠ ᠲᠠᠯ᠎ᠠ ᠨᠤᠲᠤᠭ ᠤᠨ ᠵᠢᠭᠤᠯᠴᠢᠯᠠᠯ ᠤᠨ ᠣᠷᠣᠨ᠂ ᠬᠤᠷᠴᠢᠨ ᠤ ᠠᠷᠠᠳ ᠤᠨ ᠵᠠᠩ ᠳᠠᠳᠬᠠᠯ ᠲᠡᠤᠬᠡ ᠰᠣᠶᠣᠯ ᠤᠨ ᠬᠦᠷᠢᠶᠡᠯᠡᠩ᠂ ᠬᠦᠷᠢᠶ᠎ᠡ ᠭᠤᠷᠪᠠᠨ ᠶᠡᠭᠡ ᠰᠦᠮ᠎ᠡ᠂ ᠨᠠᠢᠮᠠᠨ ᠤ ᠸᠠᠩ ᠤᠨ ᠣᠷᠳᠣᠨ᠂ ᠳᠤᠮᠳᠠᠳᠤ ᠶᠢᠨ ᠨᠢᠦ ᠵᠡᠭᠡᠯᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠵᠡᠭᠡᠯᠢ ᠲᠣᠭᠤᠷᠢᠭ᠂ ᠬᠠ ᠮᠢᠨ ᠪᠠᠭᠤᠷᠢ ᠶᠢᠨ ᠴᠡᠴᠡᠷᠯᠢᠭ ᠵᠡᠷᠭᠡ ᠭᠤᠤᠯ ᠦᠵᠡᠮᠵᠢ ᠶᠢᠨ ᠣᠷᠣᠨ ᠲᠠᠢ ᠬᠤᠯᠪᠣᠯᠳᠤᠵᠤ᠂ ᠵᠤᠭᠠᠴᠠᠭᠰᠠᠳ ᠤᠨ ᠭᠠᠳᠠᠭᠰᠢ ᠭᠠᠷᠴᠤ ᠵᠤᠭᠠᠴᠠᠨ ᠨᠠᠭᠠᠳᠬᠤ ᠳᠤ ᠨᠠᠩ ᠣᠯᠠᠨ ᠰᠣᠩᠭᠤᠯᠲᠠ ᠬᠠᠩᠭᠠᠭᠰᠠᠨ ᠪᠠᠶᠢᠨ᠎ᠠ᠃ ᠮᠦᠽᠧᠢ ᠳᠤ ᠰᠢᠨᠡᠯᠡᠬᠦ ᠳᠤ ᠰᠢᠨ᠎ᠡ ᠵᠢᠯ ᠤᠨ ᠦᠨᠦᠷ ᠠᠮᠲᠠ ᠨᠢ ᠨᠡᠩ ᠴᠤ ᠰᠣᠶᠣᠯ ᠤᠨ ᠦᠨᠦᠷ ᠠᠮᠲᠠ ᠲᠠᠢ ᠪᠠᠶᠢᠳᠠᠭ᠃ 1 ᠳ᠋ᠦ᠋ᠭᠡᠷ ᠰᠠᠷ᠎ᠠ ᠶᠢᠨ 26 ᠤ ᠡᠳᠦᠷ᠂ ᠤᠯᠠᠭᠠᠨᠬᠠᠳᠠ ᠬᠤᠲᠠ ᠶᠢᠨ ᠯᠢᠶᠣᠤ ᠤᠯᠤᠰ ᠤᠨ ᠲᠡᠦᠬᠡ ᠰᠣᠶᠣᠯ ᠤᠨ ᠮᠦᠽᠧᠢ  ᠨᠢ ᠮᠦᠽᠧᠢ ᠶᠢᠨ ᠳᠣᠲᠣᠷᠠᠬᠢ ᠪᠡᠯᠭᠡᠲᠦ ᠠᠷᠢᠶᠠᠲᠠᠨ ᠢ ᠮᠥᠷᠳᠡᠬᠦ ᠠᠵᠢᠯᠯᠠᠭ᠎ᠠ ᠶᠢ ᠥᠷᠨᠢᠭᠦᠯᠵᠦ᠂ ᠬᠤᠲᠠ ᠶᠢᠨ ᠠᠷᠠᠳ ᠵᠢᠭᠤᠯᠴᠢᠯᠠᠭᠰᠠᠳ ᠢ ᠳᠠᠭᠠᠭᠤᠯᠤᠨ ᠡᠷᠲᠡᠨ ᠤ ᠪᠠᠷᠢᠯᠭ᠎ᠠ ᠶᠢᠨ ᠳᠤᠮᠳᠠᠬᠢ ᠪᠡᠯᠭᠡᠲᠦ ᠠᠷᠢᠶᠠᠲᠠᠨ ᠢ ᠲᠠᠨᠢᠵᠤ᠂ ᠲᠡᠳᠡᠨ ᠤ ᠲᠡᠦᠬᠡ ᠬᠢᠭᠡᠳ ᠣᠳᠣᠬᠢ ᠪᠠᠶᠢᠳᠠᠯ ᠢ ᠬᠠᠶᠢᠨ ᠰᠤᠳᠤᠯᠵᠤ᠂ ᠪᠡᠯᠭᠡᠲᠦ ᠠᠷᠢᠶᠠᠲᠠᠨ ᠤ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠳᠠᠬᠢ ᠥᠯᠵᠡᠶ ᠪᠡᠯᠭᠡ ᠲᠠᠢ ᠠᠷᠢᠶᠠᠲᠠᠨ ᠤ ᠰᠠᠨᠠᠭ᠎ᠠ ᠶᠢ ᠣᠶᠢᠯᠠᠭᠠᠭᠰᠠᠨ ᠪᠥᠭᠡᠳ ᠬᠤᠲᠠ ᠶᠢᠨ ᠠᠷᠠᠳ ᠢ ᠵᠣᠬᠢᠶᠠᠨ ᠪᠠᠶᠢᠭᠤᠯᠵᠤ ᠦᠵᠡᠭᠦᠯᠭᠡ ᠶᠢᠨ ᠲᠢᠩᠬᠢᠮ ᠳᠤ ᠪᠡᠯᠭᠡᠲᠦ ᠠᠷᠢᠶᠠᠲᠠᠨ ᠤ ᠬᠠᠮᠲᠤ ᠶᠢᠨ ᠰᠡᠭᠦᠳᠡᠷ ᠲᠠᠲᠠᠵᠦ᠂ ᠸᠠᠭᠠᠷ ᠰᠢᠪᠠᠷ ᠢᠶᠠᠷ ᠪᠡᠯᠭᠡᠲᠦ ᠠᠷᠢᠶᠠᠲᠠᠨ ᠢ ᠥᠪᠡᠷ ᠤᠨ ᠭᠠᠷ ᠢᠶᠠᠷ ᠢᠶᠠᠨ ᠦᠢᠯᠡᠳᠬᠦ ᠶᠢ ᠲᠤᠷᠰᠢᠪᠠ ᠁  ᠣᠶᠢᠯᠠᠭᠠᠭᠰᠠᠨ ᠢᠶᠠᠷ᠂ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠬᠤᠭᠤᠴᠠᠭᠠᠨ ᠳᠤ᠂ ᠪᠥᠬᠦ ᠣᠷᠣᠨ ᠤ ᠡᠯ᠎ᠡ ᠭᠠᠵᠠᠷ ᠤᠨ ᠬᠢᠨ ᠪᠠᠰᠠ ︽ᠰᠢᠨ᠎ᠡ ᠶᠢ ᠡᠭᠦᠳᠬᠦ︾ ᠠᠯᠢ ᠣᠯᠠᠨ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ ᠪᠤᠭᠤᠲᠤ ᠬᠤᠲᠠ 2 ᠳ᠋ᠤᠭᠠᠷ ᠰᠠᠷ᠎ᠠ ᠶᠢᠨ 11 ᠤ ᠡᠳᠦᠷ ᠠᠴᠠ 13 ᠤ ᠡᠳᠦᠷ ᠪᠣᠯᠲᠠᠯ᠎ᠠ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠡᠳᠦᠷ ᠤᠨ ᠬᠤᠸᠠᠷ ᠫᠤᠤᠵᠢᠩ ᠤᠨ ᠦᠳᠡᠰᠢᠯᠡᠭᠡ ᠶᠢ ᠡᠷᠭᠢᠯᠡᠵᠦ᠂ ᠭᠡᠷᠡᠯ ᠰᠠᠴᠤᠷᠠᠩᠭᠤᠶ ᠤᠲᠤᠭ᠎ᠠ ᠪᠠᠷ ᠪᠠᠶᠠᠷ ᠤᠨ ᠡᠳᠦᠷ ᠤᠨ ᠷᠣᠮᠠᠨᠲ᠋ᠢᠭ ᠠᠭᠤᠷ ᠠᠮᠢᠰᠬᠤᠯ ᠢ ᠪᠣᠶ ᠪᠣᠯᠭᠠᠨ᠎ᠠ︔ ᠤᠯᠠᠭᠠᠨᠬᠠᠳᠠ ᠬᠤᠲᠠ ᠪᠢᠯᠢᠭ ᠤᠨ ᠤᠯᠠᠷᠢᠯ ᠤᠨ ᠬᠤᠶᠠᠷ ᠰᠠᠷ᠎ᠠ ᠶᠢᠨ ᠬᠤᠶᠠᠷ ᠤ ᠡᠳᠦᠷ ᠥᠨᠳᠥᠷ ᠬᠦᠯᠲᠤ ᠶᠠᠩᠭᠠᠷ ᠪᠥᠵᠢᠭ ᠤᠨ ᠲᠤᠮᠤ ᠲᠣᠭᠤᠷᠢᠨ ᠵᠤᠭᠠᠴᠠᠬᠤ ᠠᠵᠢᠯᠯᠠᠭ᠎ᠠ ᠶᠢ ᠥᠷᠨᠢᠭᠦᠯᠵᠦ᠂ ᠤᠮᠠᠷᠠᠲᠤ ᠬᠢᠯᠢ ᠶᠢᠨ ᠠᠷᠠᠳ ᠤᠨ ᠵᠠᠩ ᠳᠠᠳᠬᠠᠯ ᠪᠣᠯᠤᠨ ᠤᠯᠠᠮᠵᠢᠯᠠᠯᠲᠤ ᠲᠣᠭᠤᠷᠢᠨ ᠵᠤᠭᠠᠴᠠᠬᠤ ᠠᠵᠢᠯᠯᠠᠭ᠎ᠠ ᠶᠢ ᠠᠭᠤᠰᠤᠯᠴᠠᠭᠤᠯᠵᠤ᠂ ᠠᠳᠠᠯᠢ ᠪᠤᠰᠤ ᠤᠨ ᠪᠠᠶᠠᠷ ᠪᠠᠶᠠᠰᠤᠯ ᠢ ᠠᠪᠴᠢᠷᠠᠬᠤ ᠪᠣᠯᠤᠨ᠎ᠠ︔ ᠣᠷᠳᠣᠰ ᠬᠤᠲᠠ ᠣᠷᠳᠣᠰ ᠤᠨ ᠬᠦᠷᠡᠯ ᠰᠣᠶᠣᠯ ᠤᠨ ᠠᠭᠤᠳᠠᠮ ᠲᠠᠯᠠᠪᠠᠶ᠂ ᠶᠤᠸᠧ ᠵᠢᠢ ᠰᠣᠶᠣᠯ ᠤᠨ ᠴᠡᠴᠡᠷᠯᠢᠭ᠂ ᠯᠦ ᠶᠤᠸᠠᠨ ᠵᠡᠷᠭᠡ ᠭᠠᠵᠠᠷ ᠲᠤ ᠥᠯᠵᠡᠶᠢᠲᠦ ᠡᠳᠦᠷ ᠤᠨ ᠪᠠᠶᠠᠷ ᠤᠨ ᠠᠵᠢᠯᠯᠠᠭ᠎ᠠ ᠶᠢ ᠥᠷᠨᠢᠭᠦᠯᠵᠦ᠂ ᠥᠩᠭᠡ ᠢᠯᠭᠠᠷᠠᠮ᠎ᠠ ᠠᠵᠢᠯᠯᠠᠭ᠎ᠠ ᠨᠢ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ ᠣᠯᠠᠨ ᠲᠠᠯ᠎ᠠ ᠪᠠᠷ ᠢᠯᠡᠷᠡᠭᠦᠯᠬᠦ ᠪᠣᠯᠤᠨ᠎ᠠ᠃  ᠳᠤᠮᠳᠠᠳᠤ ᠤᠯᠤᠰ ᠤᠨ ᠬᠢᠯᠢ ᠪᠠᠷ ᠥᠩᠭᠡᠷᠡᠬᠦ ᠳᠤ ᠸᠢᠰᠠ ᠠᠪᠬᠤ ᠦᠭᠡᠢ ᠲᠥᠷᠥ ᠶᠢᠨ ᠪᠣᠳᠣᠯᠭ᠎ᠠ ᠶᠢᠨ ᠲᠠᠰ ᠳᠡᠪᠰᠢᠭᠰᠡᠨ ᠪᠠ ᠸᠢᠰᠠ ᠠᠪᠬᠤ ᠦᠭᠡᠢ ︽ᠨᠠᠶᠢᠵᠠ ᠶᠢᠨ ᠲᠣᠭᠤᠷᠢᠭ︾ ᠤᠨ ᠲᠠᠰᠤᠷᠠᠯᠲᠠ ᠦᠭᠡᠢ ᠥᠷᠭᠡᠳᠬᠦ ᠶᠢ ᠳᠠᠭᠠᠯᠳᠤᠨ᠂ ᠭᠠᠳᠠᠭᠠᠳᠤ ᠶᠢᠨ ᠵᠢᠭᠤᠯᠴᠢᠯᠠᠭᠴᠢᠳ ᠤᠨ ᠳᠤᠮᠳᠠᠳᠤ ᠤᠯᠤᠰ ᠲᠤ ᠢᠷᠡᠬᠦ ᠬᠠᠯᠠᠭᠤᠨ ᠰᠡᠳᠬᠢᠯᠭᠡ ᠲᠠᠰᠤᠷᠠᠯᠲᠠ ᠦᠭᠡᠢ ᠣᠷᠭᠢᠯᠵᠤ ᠪᠠᠶᠢᠨ᠎ᠠ᠃ ᠳᠤᠮᠳᠠᠳᠤ ᠤᠯᠤᠰ ᠤᠨ ᠪᠥᠬᠦ ᠬᠦᠴᠦᠨ ᠢᠶᠠᠷ ᠢᠶᠠᠨ ᠡᠭᠦᠳᠦᠨ ᠪᠦᠲᠦᠭᠡᠭᠰᠡᠨ ᠬᠢᠯᠢ ᠪᠠᠷ ᠣᠷᠣᠵᠤ ᠵᠢᠭᠤᠯᠴᠢᠯᠠᠬᠤ ᠨᠠᠷᠠᠲᠤ ᠲᠡᠮᠳᠡᠭᠲᠦ ︽China Travel︾ ᠨᠢ ᠴᠦ ᠠᠳᠠᠯᠢᠬᠠᠨ ᠢᠶᠠᠷ ᠬᠦᠴᠦᠯᠡᠵᠦ ᠪᠠᠶᠢᠭ᠎ᠠ ᠪᠥᠭᠡᠳ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠦᠭᠡᠳ ᠠᠮᠵᠢᠯᠲᠠ ᠣᠯᠣᠭᠰᠠᠨ ᠤ ᠳᠠᠷᠠᠭᠠᠬᠢ ᠠᠩᠬᠠᠨ ᠤ ᠴᠠᠭᠠᠨ ᠰᠠᠷ᠎ᠠ ᠨᠢ ᠠᠳᠠᠯᠢ ᠪᠤᠰᠤ ᠬᠡᠯᠪᠡᠷᠢ ᠪᠠᠷ ᠳᠠᠮᠵᠢᠭᠤᠯᠤᠨ ᠨᠠᠩ ᠣᠯᠠᠨ ᠭᠠᠳᠠᠭᠠᠳᠤ ᠶᠢᠨ ᠵᠢᠭᠤᠯᠴᠢᠯᠠᠭᠴᠢᠳ ᠤᠨ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠢ ᠣᠶᠢᠯᠠᠭᠠᠬᠤ ᠶᠢ ᠲᠠᠲᠠᠵᠤ ᠪᠠᠶᠢᠨ᠎ᠠ᠃ ᠰᠢᠶᠧ ᠴᠧᠩ ᠤᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠮᠣᠭᠠᠢ ᠵᠢᠯ ᠤᠨ ᠴᠠᠭᠠᠨ ᠰᠠᠷ᠎ᠠ ᠶᠢᠨ ᠥᠪᠥᠷ ᠮᠣᠩᠭᠤᠯ ᠤᠨ ᠬᠢᠯᠢ ᠪᠠᠷ ᠣᠷᠣᠵᠤ ᠵᠢᠭᠤᠯᠴᠢᠯᠠᠬᠤ ᠵᠠᠬᠢᠶᠠᠯᠠᠭ᠎ᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 138% ᠪᠠᠷ ᠨᠡᠮᠡᠭᠳᠡᠵᠦ᠂ ᠭᠤᠣᠯ ᠪᠣᠯᠬᠤ ᠵᠣᠴᠢᠳ ᠤᠨ ᠢᠷᠡᠯᠲᠡ ᠶᠢᠨ ᠤᠯᠤᠰ ᠪᠤᠶᠤ ᠭᠠᠵᠠᠷ ᠣᠷᠣᠨ ᠨᠢ ᠳᠤᠮᠳᠠᠳᠤ ᠤᠯᠤᠰ ᠤᠨ ᠰᠢᠶᠠᠩᠭᠠᠩ ᠵᠢᠴᠢ ᠠᠮᠧᠷᠢᠺᠠ᠂ ᠣᠷᠣᠰ᠂ ᠠᠩᠭ᠍ᠯᠢ᠂ ᠺᠣᠷᠢᠶᠠ ᠪᠣᠯᠣᠨ᠎ᠠ᠃  ᠣᠶᠢᠷ᠎ᠠ ᠶᠢᠨ ᠵᠢᠯ ᠤᠳ ᠳᠤ᠂ ᠮᠠᠨᠵᠤᠤᠷ ᠬᠤᠲᠠ ᠨᠢ ᠮᠥᠰᠥ ᠴᠠᠰᠤᠨ ᠤ ᠡᠯᠪᠡᠭ ᠪᠠᠶᠠᠯᠢᠭ ᠡᠬᠢ ᠪᠠᠶᠠᠯᠢᠭ ᠢᠶᠠᠷ ᠢᠶᠠᠨ ᠤᠷᠣᠰ ᠤᠨ ᠦᠢ ᠣᠯᠠᠨ ᠵᠤᠭᠠᠴᠠᠭᠰᠠᠳ ᠢ ᠲᠠᠲᠠᠵᠤ ᠠᠪᠴᠢᠷᠠᠭᠰᠠᠨ ᠪᠠᠶᠢᠨ᠎ᠠ᠂ ᠮᠠᠨᠵᠤᠤᠷ ᠤᠨ ᠬᠢᠯᠢ ᠪᠠᠷ ᠤᠷᠣᠵᠣ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠶᠢᠨ ᠳᠡᠳ᠋ ᠳᠠᠷᠤᠭ᠎ᠠ ᠸᠠᠩ ᠲᠢᠶᠧ ᠯᠢᠨ᠄ ︽ᠳᠤᠮᠳᠠᠳᠤ ᠭᠠᠳᠠᠭᠠᠳᠤ ᠶᠢᠨ ᠠᠶᠠᠨᠴᠢᠳ ᠤᠨ ᠪᠣᠭᠤᠮᠲᠠ ᠪᠠᠷ ᠲᠦᠷᠭᠡᠨ ᠥᠩᠭᠡᠷᠡᠬᠦ ᠶᠢ ᠪᠠᠲᠤᠯᠠᠬᠤ ᠶᠢᠨ ᠲᠦᠯᠦᠭᠡ᠂ ᠮᠠᠨ ᠤ ᠦᠷᠲᠡᠭᠡ ᠰᠢᠨᠵᠢᠯᠡᠬᠦ ᠤᠬᠠᠭᠠᠨᠴᠢ ᠪᠠᠷ ᠤᠷᠢᠳᠴᠢᠯᠠᠨ ᠰᠡᠷᠡᠮᠵᠢᠯᠡᠭᠦᠯᠬᠦ ᠣᠷᠭᠢᠯ ᠤᠨ ᠦᠶ᠎ᠡ ᠳᠤ᠂ ᠪᠦᠭᠦ ᠲᠠᠯ᠎ᠠ ᠪᠠᠷ ᠰᠢᠯᠤᠭᠤᠳᠬᠠᠯ ᠬᠢᠵᠦ᠂ ᠲᠣᠮᠣ ᠬᠡᠯᠪᠡᠷᠢ ᠶᠢᠨ ᠪᠦᠯᠬᠦᠮ ᠳᠤᠭᠤᠶᠢᠯᠠᠩ ᠤᠨ ᠤᠷᠢᠳᠴᠢᠯᠠᠨ ᠮᠡᠳᠡᠭᠡᠯᠡᠬᠦ ᠤᠷᠢᠳᠴᠢᠯᠠᠨ ᠪᠠᠶᠢᠴᠠᠭᠠᠬᠤ ᠠᠷᠭ᠎ᠠ ᠬᠡᠮᠵᠢᠶ᠎ᠡ ᠶᠢ        ᠨᠠᠶᠢᠳᠠᠪᠤᠷᠢᠵᠢᠭᠤᠯᠵᠤ᠂ ᠬᠡᠪ ᠤᠨ ᠪᠠᠶᠢᠳᠠᠯ ᠳᠤ ᠵᠢᠭᠤᠯᠴᠢᠯᠠᠯ ᠤᠨ ᠪᠦᠯᠬᠦᠮ ᠳᠤᠭᠤᠶᠢᠯᠠᠩ ᠤᠨ ᠲᠤᠰᠬᠠᠢ ᠨᠡᠪᠲᠡᠷᠡᠬᠦ ᠵᠠᠮ ᠢ ᠨᠡᠭᠡᠭᠡᠵᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︾ ᠭᠡᠵᠦ ᠬᠡᠯᠡᠪᠡ᠃  ᠮᠥᠰᠥ ᠴᠠᠰᠤᠨ ᠤ ᠵᠢᠭᠤᠯᠴᠢᠯᠠᠯ ᠪᠣᠯ ᠡᠨᠡ ᠵᠢᠯ ᠤᠨ ᠥᠪᠥᠷ ᠮᠣᠩᠭᠤᠯ ᠤᠨ ᠴᠠᠭᠠᠨ ᠰᠠᠷ᠎ᠠ ᠶᠢᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠤᠯ ᠰᠡᠳᠦᠪ ᠪᠣᠯᠤᠨ᠎ᠠ᠃ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠮᠥᠰᠥ ᠴᠠᠰᠤᠨ ᠤ ᠦᠢᠯᠡᠰ ᠨᠢ ᠬᠥᠷ ᠬᠥᠭᠵᠢᠶᠡᠨ ᠲᠠᠢ ᠪᠠᠶᠢᠵᠦ᠂ ᠬᠦᠷᠢᠶᠡᠯᠡᠩ ᠳᠤ 18 ᠵᠦᠢᠯ ᠤᠨ ᠵᠤᠭ᠎ᠠ ᠴᠡᠩᠭᠡᠯ ᠤᠨ ᠲᠥᠷᠥᠯ ᠵᠦᠢᠯ ᠭᠠᠷᠭᠠᠵᠤ᠂ ᠣᠯᠠᠨ ᠲᠥᠷᠥᠯ ᠤᠨ ᠵᠤᠭ᠎ᠠ ᠴᠡᠩᠭᠡᠯ ᠤᠨ ᠲᠥᠬᠦᠭᠡᠷᠦᠮᠵᠢ ᠲᠣᠬᠢᠷᠠᠭᠤᠯᠵᠤ᠂ ᠠᠳᠠᠯᠢ ᠪᠤᠰᠤ ᠨᠠᠰᠤᠨ ᠤ ᠦᠶ᠎ᠡ ᠶᠢᠨ ᠵᠢᠭᠤᠯᠴᠢᠯᠠᠭᠴᠢᠳ ᠲᠤ ᠡᠯᠪᠡᠭ ᠪᠠᠶᠠᠯᠢᠭ ᠣᠯᠠᠨ ᠶᠠᠩᠵᠤ ᠶᠢᠨ ᠮᠥᠰᠥ ᠴᠠᠰᠤᠨ ᠤ ᠣᠶᠢᠯᠠᠭᠠᠯᠲᠠ ᠶᠢ ᠬᠠᠩᠭᠠᠪᠠ᠃ ᠷᠠᠰᠢᠶᠠᠨ ᠤ ᠣᠶ ᠰᠢᠭᠤᠶ ᠶᠢᠨ ᠮᠠᠯᠵᠢᠯ ᠤᠨ ᠲᠠᠯᠠᠪᠠᠶ ᠳᠤ᠂ ︽ᠥᠪᠥᠷ ᠮᠣᠩᠭᠤᠯ ᠤᠨ ᠡᠳᠦᠷ ᠪᠦᠷᠢ ᠶᠢᠨ ᠨᠠᠭᠠᠳᠤᠮ ᠤᠨ ᠴᠤᠭᠯᠠᠭᠠᠨ︾ ᠭᠡᠬᠦ ᠭᠤᠤᠯ ᠰᠡᠳᠦᠪᠲᠦ ᠠᠵᠢᠯᠯᠠᠭ᠎ᠠ ᠨᠢ ᠵᠤᠭᠠᠴᠠᠭᠰᠠᠳ ᠲᠤ ︽ᠡᠷ᠎ᠡ ᠶᠢᠨ ᠭᠤᠷᠪᠠᠨ ᠨᠠᠭᠠᠳᠤᠮ︾ ᠢ ᠣᠶᠢᠯᠠᠭᠠᠭᠤᠯᠵᠤ᠂ ᠥᠪᠥᠷ ᠮᠣᠩᠭᠤᠯ ᠳᠤ ᠥᠪᠡᠷᠮᠢᠴᠡ ᠮᠥᠰᠥ ᠴᠠᠰᠤᠨ ᠤ ᠷᠢᠳᠢ ᠰᠢᠳᠢ ᠶᠢ ᠮᠡᠳᠡᠷᠡᠭᠦᠯᠵᠡᠢ᠃ ᠷᠠᠰᠢᠶᠠᠨ ᠤ ᠤᠯᠤᠰ ᠤᠨ ᠣᠶ ᠰᠢᠭᠤᠶ ᠶᠢᠨ ᠴᠡᠴᠡᠷᠯᠢᠭ ᠤᠨ ᠦᠵᠡᠮᠵᠢ ᠶᠢᠨ ᠣᠷᠣᠨ ᠳᠤ᠂ ᠬᠦᠯᠳᠡᠬᠦ ᠦᠭᠡᠢ ᠭᠤᠤᠯ᠂ ᠰᠠᠭᠰᠤᠷᠭ᠎ᠠ ᠶᠢᠨ ᠣᠷᠳᠣ ᠬᠤᠩᠭᠢᠯ ᠤᠨ ᠦᠵᠡᠮᠵᠢ ᠨᠢ ᠨᠠᠩ ᠴᠤ ᠬᠥᠮᠦᠰ ᠤᠨ ᠠᠩᠬᠠᠷᠤᠯ ᠢ ᠲᠠᠲᠠᠵᠤ᠂ ᠭᠢᠯᠠᠭᠠᠷ ᠰᠠᠶᠢᠬᠠᠨ ᠮᠣᠳᠣ ᠶᠢ ᠤᠷᠠᠯᠢᠭ ᠤᠨ ᠪᠦᠲᠦᠭᠡᠯ ᠮᠡᠲᠦ ᠡᠯᠭᠦᠵᠦ᠂ ᠵᠤᠭᠠᠴᠠᠭᠰᠠᠳ ᠭᠡᠷᠡᠯ ᠵᠢᠷᠤᠭ ᠤᠨ ᠮᠠᠰᠢᠨ ᠢᠶᠠᠨ ᠵᠠᠯᠭᠠᠭ᠎ᠠ ᠪᠠᠷ ᠡᠷᠭᠦᠵᠦ᠂ ᠭᠤᠶᠣ ᠰᠠᠶᠢᠬᠠᠨ ᠭᠱᠠᠨ ᠵᠠᠭᠤᠷ᠎ᠠ ᠶᠢ ᠲᠡᠮᠳᠡᠭᠯᠡᠪᠡ᠃ 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号