ᠠᠷᠠᠣᠠ ᠤᠨ ᠡᠳᠦᠷ ᠤᠨ ᠰᠣᠨᠢᠠ ᠤ ᠪᠡᠭᠡᠵᠢᠩ ᠤᠨ 2 ᠳ᠋ᠤᠭᠠᠷ ᠰᠠᠷ᠎ᠠ ᠶᠢᠨ 5 ᠤ ᠡᠳᠦᠷ ᠤᠨ ᠴᠠᠬᠢᠯᠭᠠᠨ | ᠮᠡᠳᠡᠭᠡ ︵ᠰᠣᠷᠪᠤᠯᠵᠢᠯᠠᠬᠴᠢ ᠸᠠᠩ ᠭᠤᠸᠠᠨ︶ ᠰᠣᠷᠪᠤᠯᠵᠢᠯᠠᠬᠴᠢ 5 ᠤ ᠡᠳᠦᠷ ᠤᠯᠤᠰ ᠤᠨ ᠭᠠᠶᠢᠯᠢ ᠶᠢᠨ | ᠶᠠᠪᠤᠲᠠᠯ ᠤᠨ ᠶᠠᠷᠣᠩᠭᠡᠢ ᠳᠣᠪᠴᠢᠶ᠎ᠡ ᠠᠴᠠ ᠣᠢᠢᠯᠠᠭᠠᠵᠤ ᠮᠡᠳᠡᠭᠰᠡᠨ ᠨᠢ᠄ ᠨᠡᠮᠡᠭᠳᠡᠯ ᠤᠨ ᠭᠠᠶᠢᠯᠢ ᠶᠢᠨ ᠪᠠᠷᠢᠮᠲᠠ ᠶᠢᠨ | ᠳᠤᠭ᠎ᠠ ᠪᠠᠷᠢᠮᠲᠠ ᠠᠴᠠ ᠣᠢᠵᠠᠪᠡᠯ᠂ ᠴᠠᠭᠠᠨ ᠰᠠᠷ᠎ᠠ ᠶᠢᠨ ᠠᠮᠠᠷᠠᠯᠲᠠ ᠪᠠᠷ ᠪᠦᠭᠦ ᠤᠯᠤᠰ ᠤᠨ ᠬᠡᠷᠡᠭᠯᠡᠭᠡᠨ ᠤ | ᠬᠤᠯᠪᠤᠬᠲᠠᠯ ᠪᠦᠭᠦᠢ ᠠᠵᠢᠯ ᠳᠦᠷᠣᠯ ᠤᠨ ᠡᠳᠦᠷ ᠪᠦᠷᠢ ᠶᠢᠨ ᠳᠣᠮᠲᠠᠴᠢ ᠪᠤᠷᠣᠯᠠᠭᠤᠯᠭ᠎ᠠ ᠶᠢᠨ ᠣᠷᠣᠯᠭ᠎ᠠ ᠨᠢ | ᠳᠦᠷᠣᠭᠦᠤ ᠵᠢᠯ ᠤᠨ ᠴᠠᠭᠠᠨ ᠰᠠᠷ᠎ᠠ ᠶᠢᠨ ᠠᠮᠠᠷᠠᠯᠲᠠ ᠲᠠᠢ ᠬᠠᠷᠢᠴᠠᠭᠤᠯᠪᠠᠯ 10.8% ᠪᠠᠷ ᠨᠡᠮᠡᠭᠳᠡᠵᠡᠢ᠂ ᠡᠭᠦᠠ ᠳᠤ᠂ | ᠲᠠᠸᠠᠷ ᠤᠨ ᠬᠡᠷᠡᠭᠯᠡᠭᠡ ᠪᠠ ᠦᠢᠯᠡᠴᠢᠯᠡᠭᠡᠨ ᠤ ᠬᠡᠷᠡᠭᠯᠡᠭᠡ ᠨᠢ ᠠᠲᠠᠯᠢ ᠬᠤᠭᠤᠴᠠᠭᠠᠨ ᠤ ᠬᠢ ᠠᠴᠠ ᠳᠣᠰ ᠳᠣᠰ 9. | 9% ᠪᠠ 12.3% ᠪᠠᠷ ᠨᠡᠮᠡᠭᠳᠡᠵᠡᠢ᠃ ᠬᠡᠷᠡᠭᠯᠡᠭᠡᠨ ᠤ ᠵᠦᠢᠯ ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ | ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠣᠤᠷ᠎ᠠ᠂ ᠬᠡᠷ ᠤᠨ ᠴᠠᠬᠢᠯᠭᠠᠨ ᠬᠡᠷᠡᠭᠰᠡᠯ ᠬᠡᠷ ᠤᠨ ᠬᠡᠷᠡᠭᠰᠡᠯ ᠤᠨ | ᠲᠥᠷᠥᠯ ᠤᠨ ᠲᠠᠸᠠᠷ ᠤᠨ ᠬᠡᠷᠡᠭᠯᠡᠭᠡᠨ ᠤ ᠨᠡᠮᠡᠭᠳᠡᠯ ᠤᠨ ᠬᠤᠷᠳᠤᠴᠠ ᠨᠡᠯᠢᠶᠡᠳ ᠥᠨᠳᠥᠷ ᠪᠠᠶᠢᠵᠤ᠂ ᠵᠤᠭᠠᠴᠠᠨ | ᠲᠤᠭᠤᠷᠢᠬᠤ᠂ ᠰᠣᠶᠣᠯ ᠤᠷᠠᠯᠢᠭ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠨᠡᠮᠡᠭᠳᠡᠵᠦ᠂ | ᠠᠮᠤ ᠲᠣᠰᠣ ᠢᠳᠡᠭᠡᠨ ᠤ ᠬᠡᠷᠡᠭᠯᠡᠭᠡᠨ ᠤ ᠨᠡᠮᠡᠭᠳᠡᠯ ᠨᠡᠯᠢᠶᠡᠳ ᠰᠠᠶᠢᠨ ᠪᠣᠯᠪᠠ᠃ | ᠨᠡᠮᠡᠭᠦᠷᠢ ᠥᠭᠬᠦ ᠲᠥᠷᠥ ᠶᠢᠨ ᠪᠣᠳᠣᠯᠭ᠎ᠠ ᠨᠢ ᠭᠡᠷ ᠤᠨ ᠴᠠᠬᠢᠯᠭᠠᠨ ᠬᠡᠷᠡᠭᠰᠡᠯ ᠭᠡᠷ ᠤᠨ ᠡᠳ᠋ᠯᠡᠯ ᠬᠡᠷᠡᠭᠰᠡᠯ ᠤᠨ | ᠲᠥᠷᠥᠯ ᠤᠨ ᠲᠠᠸᠠᠷ ᠤᠨ ᠬᠡᠷᠡᠭᠯᠡᠭᠡᠨ ᠤ ᠲᠦᠷᠭᠡᠨ ᠨᠡᠮᠡᠭᠳᠡᠯ ᠢ ᠳᠠᠶᠢᠴᠢᠯᠠᠪᠠ᠃ ᠴᠠᠭᠠᠨ ᠰᠠᠷ᠎ᠠ ᠶᠢᠨ ᠠᠮᠠᠷᠠᠯᠲᠠ ᠶᠢᠨ | ᠬᠤᠭᠤᠴᠠᠭᠠᠨ ᠳᠤ᠂ ᠬᠡᠷ ᠤᠨ ᠴᠠᠬᠢᠯᠭᠠᠨ ᠬᠡᠷᠡᠭᠰᠡᠯ ᠪᠠ ᠳᠠᠭᠤᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ | ᠪᠣᠷᠣᠯᠠᠭᠤᠯᠤᠭᠰᠠᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 166.4% ᠪᠠᠷ ᠨᠡᠮᠡᠭᠳᠡᠵᠦ᠂ ᠡᠭᠦᠨ ᠳᠤ | ᠲᠧᠯᠸᠢᠰ ᠵᠡᠷᠭᠡ ᠬᠡᠷ ᠤᠨ ᠦᠵᠡᠵᠦ ᠰᠣᠨᠣᠰᠬᠤ ᠲᠥᠬᠦᠭᠡᠷᠦᠮᠵᠢ ᠠᠳᠠᠯᠢ ᠬᠤᠭᠤᠴᠠᠭᠠᠨ ᠤ ᠬᠢ ᠠᠴᠠ 226.8 | % ᠪᠠᠷ ᠨᠡᠮᠡᠭᠳᠡᠪᠡ᠃ ᠭᠠᠷ ᠤᠲᠠᠰᠤ᠂ ᠤᠶᠤᠨᠲᠤ ᠭᠠᠷ ᠴᠠᠭ ᠵᠡᠷᠭᠡ ᠲᠣᠭᠠᠴᠢᠯᠠᠭᠰᠠᠨ ᠦᠢᠯᠡᠳᠬᠦᠨ ᠢ ᠰᠢᠨ᠎ᠡ ᠪᠠᠷ | ᠬᠤᠳᠠᠯᠳᠤᠨ ᠠᠪᠬᠤ ᠨᠡᠮᠡᠭᠦᠷᠢ ᠶᠢᠨ ᠬᠡᠪᠴᠢᠶᠡᠨ ᠳᠤ ᠣᠷᠣᠭᠤᠯᠵᠤ᠂ ᠬᠡᠷᠡᠭᠯᠡᠭᠴᠢᠳ ᠲᠤ ᠪᠣᠳᠠᠲᠤ ᠠᠰᠢᠭ ᠬᠦᠷᠲᠡᠭᠡᠬᠦ | ᠤᠯᠠᠭᠠᠨ ᠪᠠᠭᠯᠠᠭ᠎ᠠ ᠣᠯᠭᠤᠵᠤ᠂ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠢ ᠪᠣᠷᠣᠯᠠᠭᠤᠯᠤᠭᠰᠠᠨ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ 181.9% ᠪᠠᠷ ᠨᠡᠮᠡᠭᠳᠡᠪᠡ᠃ ᠪᠠᠷᠢᠯᠭ᠎ᠠ ᠵᠢᠴᠢ ᠴᠢᠮᠡᠭᠯᠡᠯ ᠤᠨ ᠮᠠᠲ᠋ᠧᠷᠢᠶᠠᠯ ᠵᠡᠷᠭᠡ | ᠬᠡᠷ ᠤᠨ ᠡᠳ᠋ᠯᠡᠯ ᠴᠢᠮᠡᠭᠯᠡᠯ ᠲᠠᠢ ᠬᠤᠯᠪᠣᠭᠳᠠᠬᠤ ᠲᠠᠸᠠᠷ ᠤᠨ ᠪᠣᠷᠣᠯᠠᠭᠤᠯᠤᠯᠲᠠ ᠴᠦ ᠨᠡᠮᠡᠭᠳᠡᠬᠦ ᠬᠠᠨᠳᠤᠰᠢ ᠲᠠᠢ | ᠪᠠᠶᠢᠵᠤ᠂ ᠠᠳᠠᠯᠢ ᠬᠤᠭᠤᠴᠠᠭᠠᠨ ᠤ ᠬᠢ ᠠᠴᠠ 15.5% ᠪᠠᠷ ᠨᠡᠮᠡᠭᠳᠡᠪᠡ᠃ | ᠵᠢᠭᠤᠯᠴᠢᠯᠠᠯ ᠤᠨ ᠦᠢᠯᠡᠴᠢᠯᠡᠭᠡᠨ ᠤ ᠬᠡᠷᠡᠭᠯᠡᠭᠡ ᠦᠷᠭᠦᠯᠵᠢᠯᠡᠨ ᠨᠡᠯᠢᠶᠡᠳ ᠲᠦᠷᠭᠡᠨ ᠨᠡᠮᠡᠭᠳᠡᠪᠡ᠃ ᠴᠠᠭᠠᠨ | ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠵᠢᠭᠤᠯᠴᠢᠯᠠᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠬᠥᠭᠵᠢᠶᠡᠨᠲᠡᠢ | ᠪᠠᠶᠢᠵᠤ᠂ ᠵᠢᠭᠤᠯᠴᠢᠯᠠᠯ ᠤᠨ ᠬᠠᠮᠢᠶ᠎ᠠ ᠪᠦᠬᠦᠢ ᠦᠢᠯᠡᠴᠢᠯᠡᠭᠡᠨ ᠤ ᠪᠣᠷᠣᠯᠠᠭᠤᠯᠭ᠎ᠠ ᠶᠢᠨ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ 37.5% ᠪᠠᠷ ᠨᠡᠮᠡᠭᠳᠡᠪᠡ᠃ ᠰᠡᠯᠡᠭᠦᠴᠡᠨ ᠲᠣᠭᠤᠷᠢᠬᠤ ᠠᠵᠢᠯᠯᠠᠭ᠎ᠠ᠂ ᠴᠡᠴᠡᠷᠯᠢᠭ ᠤᠨ | ᠦᠵᠡᠮᠵᠢ ᠶᠢᠨ ᠣᠷᠣᠨ ᠤ ᠦᠢᠯᠡᠴᠢᠯᠡᠭᠡ᠂ ᠵᠤᠭ᠎ᠠ ᠴᠡᠩᠭᠡᠯ ᠤᠨ ᠬᠦᠷᠢᠶᠡᠯᠡᠩ ᠤᠨ ᠦᠢᠯᠡᠴᠢᠯᠡᠭᠡᠨ ᠤ | ᠪᠣᠷᠣᠯᠠᠭᠤᠯᠭ᠎ᠠ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 81.9%᠂ 59.5%᠂ 14. | 1% ᠪᠠᠷ ᠨᠡᠮᠡᠭᠳᠡᠪᠡ᠃ ᠠᠷᠠᠳ ᠤᠨ ᠣᠷᠣᠨ ᠰᠠᠭᠤᠴᠠ ᠶᠢᠨ ᠠᠵᠢᠯ ᠲᠥᠷᠥᠯ ᠲᠤᠬᠠᠶ ᠶᠢᠨ ᠭᠠᠵᠠᠷ ᠤᠨ | ᠣᠨᠴᠠᠯᠢᠭ ᠲᠠᠢ ᠪᠠᠨ ᠤᠶᠠᠯᠳᠤᠭᠤᠯᠤᠨ ᠵᠤᠭᠠᠴᠠᠭᠰᠠᠳ ᠲᠤ ᠨᠡᠩ ᠥᠪᠡᠷᠮᠢᠴᠡ ᠣᠨᠴᠠᠯᠢᠭᠲᠤ ᠬᠤᠨᠣᠭᠯᠠᠬᠤ | ᠲᠤᠷᠰᠢᠯᠲᠠ ᠬᠢᠵᠦ᠂ ᠵᠤᠭᠠᠴᠠᠭᠰᠠᠳ ᠤᠨ ᠬᠦᠷᠢᠶᠡᠯᠡᠯ ᠢ ᠣᠯᠵᠤ᠂ ᠠᠷᠠᠳ ᠤᠨ ᠣᠷᠣᠨ ᠰᠠᠭᠤᠴᠠ ᠶᠢᠨ | ᠦᠢᠯᠡᠴᠢᠯᠡᠭᠡᠨ ᠤ ᠪᠣᠷᠣᠯᠠᠭᠤᠯᠭ᠎ᠠ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 12.6% ᠪᠠᠷ ᠨᠡᠮᠡᠭᠳᠡᠪᠡ᠃ | ᠰᠣᠶᠣᠯ ᠤᠷᠠᠯᠢᠭ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠬᠠᠯᠠᠭᠤᠷᠠᠯ ᠶᠡᠭᠡ ᠬᠡᠮᠵᠢᠶ᠎ᠡ ᠪᠠᠷ ᠳᠡᠭᠡᠭᠰᠢᠯᠡᠪᠡ᠃ | ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠰᠣᠶᠣᠯ ᠤᠷᠠᠯᠢᠭ ᠤᠨ ᠦᠢᠯᠡᠴᠢᠯᠡᠭᠡᠨ ᠤ | ᠪᠣᠷᠣᠯᠠᠭᠤᠯᠭ᠎ᠠ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 66.3% ᠪᠠᠷ ᠨᠡᠮᠡᠭᠳᠡᠪᠡ᠃ ᠡᠭᠦᠨ ᠳᠤ᠂ | ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠪᠠ ᠲᠣᠭᠯᠠᠯᠲᠠ ᠶᠢᠨ ᠦᠢᠯᠡᠴᠢᠯᠡᠭᠡ᠂ ᠤᠷᠠᠯᠢᠭ ᠤᠨ ᠲᠣᠭᠯᠠᠯᠲᠠ ᠶᠢᠨ | ᠣᠷᠳᠣᠨ ᠲᠠᠯᠠᠪᠠᠶ ᠶᠢᠨ ᠪᠣᠷᠣᠯᠠᠭᠤᠯᠤᠯᠲᠠ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 83. | 9%᠂ 65.9% ᠪᠠᠷ ᠨᠡᠮᠡᠭᠳᠡᠪᠡ᠃ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠬᠡᠷᠡᠭᠯᠡᠭᠴᠢᠳ | ᠪᠡᠶ᠎ᠡ ᠶᠢᠨ ᠲᠠᠮᠢᠷ ᠵᠤᠭ᠎ᠠ ᠴᠡᠩᠭᠡᠯ ᠵᠢᠴᠢ ᠲᠠᠮᠢᠷ ᠤᠨ ᠬᠥᠳᠡᠯᠭᠡᠭᠡᠨ ᠤ ᠡᠷᠡᠭᠦᠯ ᠮᠡᠨᠳᠦ ᠶᠢᠨ ᠬᠡᠷᠡᠭᠴᠡᠭᠡ ᠶᠢ ᠨᠡᠯᠢᠶᠡᠳ | ᠴᠢᠬᠤᠯᠠᠴᠢᠯᠠᠵᠤ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠦᠢᠯᠡᠴᠢᠯᠡᠭᠡ᠂ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠦᠢᠯᠡᠴᠢᠯᠡᠭᠡᠨ ᠤ ᠪᠣᠷᠣᠯᠠᠭᠤᠯᠭ᠎ᠠ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ ᠲᠣᠰ | ᠲᠣᠰ 135% ᠪᠠ 224.1% ᠪᠠᠷ ᠨᠡᠮᠡᠭᠳᠡᠪᠡ᠃ | ᠢᠳᠡᠭᠡᠨ ᠤ ᠵᠦᠢᠯ ᠤᠨ ᠲᠠᠸᠠᠷ ᠤᠨ ᠬᠡᠷᠡᠭᠯᠡᠭᠡ ᠶᠢᠨ ᠨᠡᠮᠡᠭᠳᠡᠯ ᠤᠨ ᠬᠠᠨᠳᠤᠰᠢ ᠨᠡᠯᠢᠶᠡᠳ ᠰᠠᠶᠢᠨ ᠪᠠᠶᠢᠨ᠎ᠠ᠃ | ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠠᠮᠤ ᠪᠤᠳᠠᠭ᠎ᠠ ᠲᠣᠰᠣ ᠢᠳᠡᠭᠡᠨ ᠤ ᠪᠣᠷᠣᠯᠠᠭᠤᠯᠭ᠎ᠠ ᠶᠢᠨ | ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 18.9% ᠪᠠᠷ ᠨᠡᠮᠡᠭᠳᠡᠵᠦ᠂ ᠡᠭᠦᠨ ᠳᠤ ᠲᠠᠯᠬ᠎ᠠ ᠪᠣᠭᠤᠷᠰᠤᠭ᠂ | ᠮᠢᠬ᠎ᠠ ᠵᠢᠭᠦᠷᠲᠡᠨ ᠦᠨᠳᠡᠭᠡ ᠰᠦ᠂ ᠠᠮᠤ ᠲᠣᠰᠣᠨ ᠤ ᠵᠢᠵᠢᠭᠯᠡᠨ ᠪᠤᠷᠤᠯᠠᠭᠤᠯᠤᠯᠲᠠ ᠠᠳᠠᠯᠢ | ᠬᠤᠭᠤᠴᠠᠭᠠᠨ ᠤ ᠬᠢ ᠠᠴᠠ ᠲᠣᠰ ᠲᠣᠰ 29.9%᠂ 16.9% ᠪᠠ 14.7% ᠪᠠᠷ ᠨᠡᠮᠡᠭᠳᠡᠪᠡ︔ ᠪᠦᠷᠢᠨ | ᠪᠠᠷᠠᠭ᠎ᠠ ᠵᠢᠵᠢᠭᠯᠡᠨ ᠪᠤᠷᠤᠯᠠᠭᠤᠯᠬᠤ᠂ ᠲᠥᠬᠦᠮ ᠦᠵᠡᠭᠦᠯᠬᠦ ᠳᠡᠯᠭᠡᠭᠦᠷ ᠤᠨ ᠪᠣᠷᠣᠯᠠᠭᠤᠯᠤᠯᠲᠠ ᠶᠢᠨ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ ᠲᠣᠰ ᠲᠣᠰ 5.2% ᠪᠠ 16.1% ᠪᠠᠷ ᠨᠡᠮᠡᠭᠳᠡᠵᠦ᠂ ᠰᠠᠭᠤᠭᠠᠯᠢ ᠠᠷᠠᠳ ᠲᠤ ᠡᠯ᠎ᠡ | ᠲᠥᠷᠥᠯ ᠤᠨ ᠲᠠᠸᠠᠷ ᠬᠤᠳᠠᠯᠳᠤᠨ ᠠᠪᠬᠤ ᠳᠤ ᠨᠡᠯᠢᠶᠡᠳ ᠰᠠᠶᠢᠨ ᠲᠤᠯᠭᠠᠭᠤᠷᠢᠯᠠᠯ ᠬᠠᠩᠭᠠᠪᠠ᠃ | |