ᠴᠠᠭᠠᠨ ᠰᠠᠷ᠎ᠠ ᠶᠢᠨ ᠠᠵᠤ ᠠᠬᠤᠢ ᠴᠡᠴᠡᠭᠯᠡᠨ ᠬᠥᠭᠵᠢᠵᠦ᠂ ᠳᠤᠮᠳᠠᠳᠤ ᠤᠯᠤᠰ ᠤᠨ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠢᠯᠡᠷᠡᠭᠦᠯᠪᠡ︔ ᠴᠠᠭᠠᠨ ᠰᠠᠷ᠎ᠠ ᠶᠢᠨ ᠠᠵᠤ ᠠᠬᠤᠢ ᠶᠢᠨ | ᠪᠦᠲᠦᠭᠡᠯᠴᠢ ᠰᠡᠳᠬᠢᠮᠵᠢ ᠨᠢ ᠳᠤᠮᠳᠠᠳᠤ ᠤᠯᠤᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠤᠷᠤᠰᠬᠠᠯ ᠢ ᠲᠠᠰᠤᠷᠠᠯᠲᠠ ᠦᠭᠡᠢ ᠢᠯᠡᠷᠡᠭᠦᠯᠪᠡ︔ ᠴᠠᠭᠠᠨ ᠰᠠᠷ᠎ᠠ ᠶᠢᠨ ᠠᠵᠤ ᠠᠬᠤᠢ ᠳᠡᠯᠡᠬᠡᠢ ᠳ᠋ᠠᠬᠢᠨ ᠳᠤ ᠠᠰᠢᠭ | ᠬᠦᠷᠲᠡᠭᠡᠵᠦ᠂ ᠳᠤᠮᠳᠠᠳᠤ ᠤᠯᠤᠰ ᠤᠨ ᠥᠨᠳᠥᠷ ᠲᠦᠪᠰᠢᠨ ᠪᠦᠬᠦᠢ ᠨᠡᠭᠡᠭᠡᠯᠲᠡ ᠪᠠᠨ ᠥᠷᠭᠡᠳᠬᠡᠬᠦ ᠢᠳᠡᠪᠬᠢᠲᠡᠢ | ᠦᠢᠯᠡᠳᠦᠯ ᠢ ᠢᠯᠡᠷᠡᠭᠦᠯᠪᠡ᠃ | 23 ᠳ᠋ᠦᠩᠰᠢᠭᠤᠷ ᠬᠦᠮᠦᠨ ᠣᠲᠠᠭ᠎ᠠ ᠶᠢᠨ ᠭᠠᠲᠠᠬᠰᠢ ᠶᠠᠪᠤᠬᠤ᠂ ᠴᠠᠭᠠᠨ ᠰᠠᠷ᠎ᠠ ᠶᠢᠨ ᠬᠤᠭᠤᠴᠠᠭᠠᠨ ᠳᠤ | ᠰᠢᠨ᠎ᠡ ᠺᠢᠨᠣ᠋ ᠶᠢᠨ ᠪᠢᠯᠧᠲ ᠤᠨ ᠪᠥᠬᠦ ᠣᠷᠣᠯᠭ᠎ᠠ ᠨᠢ 110 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠢ | ᠳᠠᠪᠠᠵᠦ᠂ ᠢᠳᠡᠭᠡᠨ ᠤᠮᠳᠠᠭᠠᠨ ᠤ ᠦᠨᠳᠦᠷ ᠣᠷᠭᠢᠯ ᠢ ᠠᠪᠴᠢᠷᠠᠭᠰᠠᠨ ᠪᠠᠶᠢᠨ᠎ᠠ · · · · ᠡᠨᠡ ᠵᠢᠯ ᠤᠨ ᠴᠠᠭᠠᠨ | ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠤᠯᠠᠮᠵᠢᠯᠠᠯᠲᠤ ᠪᠠᠶᠠᠷ ᠤᠨ ᠡᠳᠦᠷ ᠪᠣᠯᠤᠨ ᠤᠳᠤ ᠦᠶ᠎ᠡ ᠶᠢᠨ ᠠᠵᠤ | ᠠᠬᠤᠢ ᠵᠡᠷᠭᠡ ᠪᠠᠷ ᠬᠥᠭᠵᠢᠵᠦ᠂ ᠳᠣᠲᠣᠭᠠᠳᠤ ᠶᠢᠨ ᠬᠥᠳᠡᠯᠭᠡᠬᠦ ᠬᠦᠴᠦᠨ ᠪᠣᠯᠤᠨ ᠨᠡᠬᠡᠬᠡᠯᠳᠡ ᠬᠢᠬᠦ ᠳᠤ ᠠᠰᠢᠭᠲᠠᠢ | ᠪᠠᠶᠢᠬᠤ ᠨᠢ ᠬᠠᠮᠵᠢᠯᠴᠠᠨ ᠬᠦᠴᠦᠯᠡᠵᠦ᠂ ᠳᠤᠮᠳᠠᠳᠤ ᠤᠯᠤᠰ ᠤᠨ ᠬᠡᠷᠡᠭᠯᠡᠭᠡᠨ ᠤ ᠵᠠᠬ᠎ᠠ ᠳᠡᠯᠭᠡᠭᠦᠷ ︽ᠰᠢᠨ᠎ᠡ︾ | ᠲᠡᠶᠢᠰᠢ ᠤᠷᠤᠭᠰᠢᠯᠠᠵᠤ᠂ ︽ᠶᠠᠰᠦ ᠴᠢᠨᠠᠷ︾ ᠢᠶᠠᠷ ᠠᠯᠤᠰ ᠢ ᠵᠣᠷᠢᠨ᠎ᠠ᠃ ᠤᠯᠠᠨ ᠤᠯᠤᠰ ᠤᠨ ᠶᠠᠷᠢᠶ᠎ᠠ | ᠬᠡᠯᠡᠯᠴᠡᠬᠡᠨ ᠤ ᠦᠵᠡᠭᠦ ᠪᠠᠷ᠂ ᠳᠤᠮᠲᠠᠲᠦ ᠤᠯᠤᠰ ᠤᠨ ᠴᠠᠭᠠᠨ ᠰᠠᠷ᠎ᠠ ᠶᠢᠨ ᠵᠢᠭᠤᠯᠴᠢᠯᠠᠯ ᠪᠠ ᠬᠡᠷᠡᠭᠯᠡᠭᠡᠨ ᠤ ᠬᠠᠯᠠᠭᠤᠨ | ᠦᠷᠨᠢᠯᠲᠠ ᠨᠢ ᠢᠲᠡᠪᠭᠢᠲᠠᠢ ᠳᠤᠭᠢᠶ᠎ᠠ ᠤᠯᠵᠤ᠂ ᠴᠠᠭᠠᠨ ᠰᠠᠷ᠎ᠠ ᠶᠢᠨ ᠠᠵᠤ ᠠᠬᠤᠢ ᠨᠢ ᠳᠤᠮᠲᠠᠲᠦ ᠤᠯᠤᠰ ᠤᠨ | ᠬᠦᠭᠵᠢᠯᠲᠠ ᠶᠢᠨ ᠠᠮᠢᠲᠤᠯᠢᠭ ᠬᠦᠴᠦᠨ ᠢ ᠭᠦᠢᠴᠡᠳ ᠬᠠᠷᠠᠭᠤᠯᠵᠠᠢ᠃ | ᠴᠠᠭᠠᠨ ᠰᠠᠷ᠎ᠠ ᠶᠢᠨ ᠠᠵᠤ ᠠᠬᠤᠢ ᠬᠥᠭᠵᠢᠵᠦ ᠳᠤᠮᠳᠠᠳᠤ ᠤᠯᠤᠰ ᠤᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢᠨ ᠪᠠᠶᠢᠳᠠᠯ ᠢ ᠬᠠᠷᠠᠭᠤᠯᠪᠠ᠃ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠬᠦ | ᠪᠣᠯ ᠳᠤᠮᠳᠠᠳᠤ ᠤᠯᠤᠰ ᠤᠨ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠠᠵᠤ ᠠᠬᠤᠢ ᠶᠢᠨ | ᠠᠵᠢᠯ ᠤᠨ ᠴᠢᠬᠤᠯᠠ ᠡᠭᠦᠷᠭᠡ ᠪᠣᠯᠤᠨ᠎ᠠ᠃ ᠳᠤᠮᠳᠠᠳᠤ ᠤᠯᠤᠰ ᠤᠨ ᠤᠯᠤᠰ ᠤᠨ ᠭᠠᠶᠢᠯᠢ ᠶᠢᠨ ᠶᠠᠪᠤᠳᠠᠯ ᠤᠨ | ᠶᠡᠷᠦᠩᠬᠡᠢ ᠲᠣᠪᠴᠢᠶᠠᠨ ᠤ ᠨᠡᠶᠢᠲᠡᠯᠡᠭᠰᠡᠨ ᠬᠠᠮᠤᠭ ᠤᠨ ᠰᠢᠨ᠎ᠡ ᠦᠷᠳᠡᠭ ᠨᠡᠮᠡᠭᠳᠡᠯ ᠤᠨ ᠭᠠᠶᠢᠯᠢ ᠶᠢᠨ ᠪᠠᠷᠢᠮᠲᠠ ᠶᠢᠨ | ᠲᠤᠭ᠎ᠠ ᠪᠠᠷᠢᠮᠲᠠ ᠠᠴᠠ ᠦᠵᠡᠪᠡᠯ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠳᠤᠮᠳᠠᠳᠤ ᠤᠯᠤᠰ ᠤᠨ | ᠬᠡᠷᠡᠭᠯᠡᠭᠡᠨ ᠤ ᠬᠤᠯᠪᠣᠭᠳᠠᠯ ᠪᠦᠬᠦᠢ ᠠᠵᠢᠯ ᠲᠦᠷᠦᠯ ᠤᠨ ᠡᠳᠦᠷ ᠳᠤᠮᠳᠠᠴᠢ ᠶᠢᠨ ᠪᠣᠷᠣᠯᠠᠭᠤᠯᠭ᠎ᠠ ᠶᠢᠨ ᠣᠷᠣᠯᠭ᠎ᠠ | ᠠᠳᠠᠯᠢ ᠬᠤᠭᠤᠴᠠᠭᠠᠨ ᠤ ᠬᠢ ᠠᠴᠠ 10.8% ᠪᠠᠷ ᠨᠡᠮᠡᠭᠳᠡᠵᠦ᠂ ᠡᠭᠦᠨ ᠳᠤ ᠲᠠᠸᠠᠷ ᠤᠨ ᠬᠡᠷᠡᠭᠯᠡᠭᠡ ᠪᠠ | ᠦᠢᠯᠡᠴᠢᠯᠡᠭᠡᠨ ᠤ ᠬᠡᠷᠡᠭᠯᠡᠭᠡ ᠠᠳᠠᠯᠢ ᠬᠤᠭᠤᠴᠠᠭᠠᠨ ᠤ ᠬᠢ ᠠᠴᠠ ᠲᠤᠰ ᠲᠤᠰ 9.9% ᠪᠠ 12.3% ᠪᠠᠷ | ᠨᠡᠮᠡᠭᠳᠡᠪᠡ᠃ ᠬᠡᠷᠡᠭᠯᠡᠭᠡᠨ ᠤ ᠵᠦᠢᠯ ᠢ ︽ᠬᠠᠭᠤᠴᠢᠨ ᠢᠶᠠᠷ ᠰᠢᠨ᠎ᠡ ᠶᠢ ᠰᠣᠯᠢᠬᠤ︾ ᠲᠥᠷᠥ ᠶᠢᠨ ᠪᠣᠳᠣᠯᠭ᠎ᠠ ᠶᠢᠨ | ᠳᠡᠮᠵᠢᠯᠭᠡ ᠳᠣᠤᠷ᠎ᠠ᠂ ᠬᠡᠷ ᠤᠨ ᠴᠠᠬᠢᠯᠭᠠᠨ ᠬᠡᠷᠡᠭᠰᠡᠯ ᠬᠡᠷ ᠤᠨ ᠬᠡᠷᠡᠭᠰᠡᠯ ᠤᠨ ᠲᠥᠷᠥᠯ ᠤᠨ ᠲᠠᠸᠠᠷ ᠤᠨ ᠬᠡᠷᠡᠭᠯᠡᠭᠡ | ᠶᠡᠭᠡ ᠪᠠᠷ ᠨᠡᠮᠡᠭᠳᠡᠵᠦ᠂ ᠵᠢᠯ ᠤᠨ ᠪᠠᠷᠠᠭᠠᠨ ᠤ ᠬᠡᠷᠡᠭᠯᠡᠭᠡᠨ ᠤ ᠰᠢᠨ᠎ᠡ ᠬᠢᠯᠠᠰ ᠴᠡᠭ ᠪᠣᠯᠵᠣ᠂ ᠲᠧᠯᠸᠢᠰ ᠵᠡᠷᠭᠡ ᠬᠡᠷ ᠤᠨ | ᠬᠡᠷᠡᠭᠯᠡᠭᠡᠨ ᠤ ᠦᠵᠡᠵᠦ ᠰᠣᠨᠣᠰᠬᠤ ᠲᠥᠬᠦᠭᠡᠷᠦᠮᠵᠢ ᠶᠢᠨ ᠪᠣᠷᠣᠯᠠᠭᠤᠯᠤᠯᠲᠠ ᠶᠢᠨ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ 226.8% ᠪᠠᠷ ᠨᠡᠮᠡᠭᠳᠡᠪᠡ᠃ ︽ᠳᠤᠮᠳᠠᠳᠤ ᠤᠯᠤᠰ ᠤᠨ ᠮᠤᠭᠠᠢ ᠶᠢᠨ ᠵᠢᠯ ᠤᠨ | ᠡᠬᠢᠯᠡᠯᠲᠡ ᠰᠠᠶᠢᠨ︾ ᠶᠤᠮ᠃ ᠬᠤᠸᠠ ᠴᠢ ᠪᠦᠯᠦᠭᠯᠡᠯ ᠨᠢᠭᠡ ᠮᠡᠳᠡᠭᠦᠯᠦᠯᠲᠡ ᠲᠤ ᠪᠠᠨ ᠵᠢᠭᠠᠵᠤ ᠭᠠᠷᠭᠠᠵᠠᠢ᠃ ᠪᠦᠬᠦ | ᠪᠥᠮᠪᠥᠷᠴᠡᠭ ᠤᠨ ᠤᠯᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠨᠡᠶᠢᠲᠡᠯᠡᠭᠰᠡᠨ 2025 ᠣᠨ ᠤ ᠠᠵᠤ | ᠠᠬᠤᠢ ᠶᠢᠨ ᠪᠠᠷᠠᠯᠠᠯ ᠤᠨ ᠮᠡᠳᠡᠭᠦᠯᠦᠯᠲᠡ ᠳᠤ᠂ ᠳᠤᠮᠳᠠᠳᠤ ᠤᠯᠤᠰ ᠤᠨ ᠴᠢᠨᠠᠷ ᠰᠠᠶᠢᠲᠠᠢ ᠬᠥᠭᠵᠢᠯᠲᠡ ᠠᠯᠬᠤᠮ | ᠠᠯᠬᠤᠮ ᠢᠶᠠᠷ ᠦᠷ᠎ᠡ ᠪᠦᠲᠦᠮᠵᠢ ᠣᠯᠵᠤ᠂ ᠪᠣᠬᠢᠷᠲᠤᠯ ᠦᠭᠡᠢ ᠠᠵᠤ ᠠᠬᠤᠢ᠂ ᠲᠣᠭᠠᠴᠢᠯᠠᠭᠰᠠᠨ ᠠᠵᠤ ᠠᠬᠤᠢ | ᠪᠣᠯᠤᠨ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠰᠢᠨ᠎ᠡ ᠨᠡᠮᠡᠭᠳᠡᠯ ᠤᠨ ᠴᠡᠭ ᠪᠤᠯᠵᠤ᠂ ᠬᠡᠷᠡᠭᠯᠡᠭᠡ ᠪᠣᠯᠤᠨ | ᠦᠢᠯᠡᠴᠢᠯᠡᠭᠡᠨ ᠤ ᠦᠢᠯᠡᠰ ᠤᠨ ᠡᠵᠡᠯᠡᠬᠦ ᠬᠠᠷᠢᠴᠠᠯ ᠴᠢᠨᠠᠭᠰᠢᠳᠠ ᠳᠡᠭᠡᠭᠰᠢᠯᠡᠬᠦ ᠬᠠᠨᠳᠤᠰᠢ ᠲᠠᠢ ᠭᠡᠵᠦ ᠦᠵᠡᠪᠡ᠃ | ᠴᠠᠭᠠᠨ ᠰᠠᠷ᠎ᠠ ᠶᠢᠨ ᠠᠵᠤ ᠠᠬᠤᠢ ᠶᠢᠨ ᠪᠦᠲᠦᠭᠡᠯᠴᠢ ᠰᠠᠨᠠᠭ᠎ᠠ ᠨᠢ ᠳᠤᠮᠳᠠᠳᠤ ᠤᠯᠤᠰ ᠤᠨ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠬᠠᠷᠠᠭᠤᠯᠵᠠᠢ᠃ ᠰᠣᠶᠣᠯ ᠤᠨ ᠥᠪ ᠢᠶᠠᠷ | ᠮᠡᠳᠡᠭᠦᠯᠦᠭᠰᠡᠨ ᠤ ᠳᠠᠷᠠᠭᠠᠬᠢ ᠠᠩᠬᠠᠳᠠᠭᠴᠢ ᠴᠠᠭᠠᠨ ᠰᠠᠷ᠎ᠠ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠤᠨ | ᠡᠯ᠎ᠡ ᠭᠠᠵᠠᠷ ᠤᠨ ᠬᠢᠨ ᠴᠠᠭᠠᠨ ᠰᠠᠷ᠎ᠠ ᠶᠢᠨ ︽ᠪᠣᠳᠠᠰ ᠤᠨ ᠪᠤᠰᠤ ᠰᠣᠶᠣᠯ ᠤᠨ ᠥᠪ︾ ᠤᠨ ᠰᠣᠶᠣᠯ ᠤᠨ | ᠠᠭᠤᠯᠤᠭᠳᠠᠬᠤᠨ ᠢ ᠭᠦᠨ ᠠᠭᠤᠳᠠᠯᠵᠤ᠂ ︽ᠪᠣᠳᠠᠰ ᠤᠨ ᠪᠤᠰᠤ ᠰᠣᠶᠣᠯ ᠤᠨ ᠥᠪ ᠤᠨ ᠶᠡᠭᠡ ᠴᠤᠭᠯᠠᠭᠠᠨ︾᠂ ︽ | ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠡ ᠨᠠᠭᠠᠳᠤᠮ︾᠂ ︽ᠪᠣᠳᠠᠰ ᠤᠨ ᠪᠤᠰᠤ ᠰᠣᠶᠣᠯ ᠤᠨ ᠥᠪ ᠤᠨ | ᠴᠠᠭᠠᠨ ᠰᠠᠷ᠎ᠠ ᠶᠢᠨ ᠪᠠᠷᠠᠭ᠎ᠠ︾ ᠵᠡᠷᠭᠡ ᠠᠵᠢᠯᠯᠠᠭ᠎ᠠ ᠶᠢ ᠥᠷᠨᠢᠭᠦᠯᠵᠦ᠂ ᠭᠠᠳᠠᠭᠠᠳᠤ ᠶᠢᠨ ᠨᠠᠶᠢᠵᠠ ᠨᠠᠷ ᠤᠨ ᠴᠠᠭᠠᠨ | ᠰᠠᠷ᠎ᠠ ᠶᠢᠨ ᠬᠠᠯᠠᠭᠤᠨ ᠰᠡᠳᠬᠢᠯᠭᠡ ᠶᠢ ᠤᠯᠠᠮ ᠣᠷᠭᠢᠯᠣᠨ ᠪᠠᠳᠠᠷᠠᠭᠤᠯᠪᠠ︔ ᠮᠥᠰᠥ ᠴᠠᠰᠤᠨ ᠤ ᠲᠠᠮᠢᠷ ᠤᠨ | ᠬᠥᠳᠡᠯᠭᠡᠭᠡᠨ ᠨᠢ ᠰᠢᠨᠡᠯᠡᠬᠦ ᠪᠣᠯᠤᠯ᠎ᠠ᠂ ︽ᠪᠠᠶᠠᠷ ᠪᠠᠶᠠᠰᠬᠤᠯᠠᠩᠲᠤ ᠮᠥᠰᠥ ᠴᠠᠰᠤᠨ ᠤ ᠵᠢᠭᠤᠯᠴᠢᠯᠠᠯ ᠤᠨ ᠤᠯᠠᠷᠢᠯ︾ | ᠵᠡᠷᠭᠡ ᠨᠠᠩ ᠣᠯᠠᠨ ᠬᠡᠷᠡᠭᠯᠡᠭᠴᠢᠳ ᠢ ᠲᠠᠲᠠᠵᠤ ᠮᠥᠰᠥ ᠴᠠᠰᠤᠨ ᠤ ᠦᠵᠡᠮᠵᠢ ᠶᠢ ᠰᠣᠨᠢᠷᠬᠠᠵᠤ᠂ ᠮᠥᠰᠥ ᠴᠠᠰᠤᠨ ᠤ | ᠰᠣᠶᠣᠯ ᠢ ᠪᠡᠶᠡᠴᠢᠯᠡᠨ ᠣᠶᠢᠯᠠᠭᠠᠭᠤᠯᠵᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠪᠠ︔ | ᠲᠣᠭᠠᠴᠢᠯᠠᠭᠰᠠᠨ ᠮᠡᠷᠭᠡᠵᠢᠯ ᠢ ᠬᠡᠷᠡᠭᠯᠡᠨ ᠰᠣᠶᠣᠯ ᠤᠨ ᠦᠵᠡᠰᠬᠦᠯᠡᠩ ᠳᠤ ᠡᠨᠧᠷᠭᠢ ᠶᠢ ᠣᠯᠭᠤᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠰᠦᠮ᠎ᠡ ᠶᠢᠨ ᠴᠤᠭᠯᠠᠭᠠᠨ ᠢ ᠪᠠᠶᠢᠭᠤᠯᠵᠤ᠂ ᠰᠣᠶᠣᠯ ᠬᠢᠭᠡᠳ ᠰᠢᠨᠵᠢᠯᠡᠬᠦ ᠤᠬᠠᠭᠠᠨ | ᠮᠡᠷᠭᠡᠵᠢᠯ ᠤᠨ ᠠᠭᠤᠰᠤᠯᠴᠠᠯ ᠢ ᠨᠡᠩ ᠤᠯᠠᠨ ᠬᠠᠷᠢᠯᠴᠠᠨ ᠬᠥᠳᠡᠯᠦᠯᠴᠡᠬᠦ ᠮᠠᠶ᠋ᠢᠭ ᠤᠨ᠂ ᠪᠡᠶᠡᠴᠢᠯᠡᠨ ᠣᠶᠢᠯᠠᠭᠠᠬᠤ | ᠮᠠᠶ᠋ᠢᠭ ᠤᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠰᠢᠨ᠎ᠡ ᠪᠠᠶᠢᠳᠠᠯ ᠢ ᠪᠣᠶ ᠪᠣᠯᠭᠠᠪᠠ ᠁ ᠪᠠᠶᠠᠷ ᠤᠨ | ᠡᠳᠦᠷ ᠤᠨ ᠬᠡᠷᠡᠭᠯᠡᠭᠡ ᠠᠵᠤ ᠠᠬᠤᠢ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠣᠶᠣᠯ ᠤᠨ | ᠴᠡᠴᠡᠭᠯᠡᠯᠲᠡ ᠪᠠ ᠠᠵᠤ ᠠᠬᠤᠢ ᠶᠢᠨ ᠰᠠᠶᠢᠵᠢᠷᠠᠯᠲᠠ ᠶᠢ ᠬᠠᠷᠢᠯᠴᠠᠨ ᠠᠬᠢᠭᠤᠯᠵᠤ᠂ ᠬᠠᠷᠢᠯᠴᠠᠨ ᠬᠠᠪᠰᠤᠷᠤᠯᠴᠠᠵᠤ | ᠬᠠᠷᠢᠯᠴᠠᠨ ᠲᠤᠪᠤᠶᠢᠯᠭᠠᠭᠰᠠᠨ ᠠᠮᠢᠳᠤᠯᠢᠭ ᠵᠢᠷᠤᠭᠯᠠᠯ ᠪᠣᠯᠤᠭᠰᠠᠨ ᠪᠠᠶᠢᠨ᠎ᠠ᠃ ᠳᠤᠮᠳᠠᠳᠤ ᠤᠯᠤᠰ ᠤᠨ ᠰᠤᠶᠤᠯ | ᠤᠨᠴᠠᠭᠠᠢ ᠷᠢᠳᠢ ᠰᠢᠳᠢ ᠶᠢ ᠦᠷᠭᠦᠯᠵᠢᠯᠡᠨ ᠪᠠᠳᠠᠷᠠᠭᠤᠯᠵᠤ᠂ ︽ᠳᠤᠮᠳᠠᠳᠤ ᠤᠯᠤᠰ ᠤᠨ ᠵᠢᠭᠤᠯᠴᠢᠯᠠᠯ︾ | ᠲᠠᠰᠤᠷᠠᠯᠲᠠ ᠥᠬᠡᠶ ᠳᠡᠭᠡᠭᠰᠢᠯᠡᠵᠦ᠂ ᠳᠤᠮᠳᠠᠳᠤ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠬᠡᠪᠴᠢᠶ᠎ᠡ ᠪᠠᠨ | ᠦᠷᠭᠦᠯᠵᠢᠯᠡᠨ ᠥᠷᠭᠡᠳᠬᠡᠬᠦ ᠶᠢ ᠠᠬᠢᠭᠤᠯᠬᠤ ᠪᠣᠯᠤᠮᠵᠢ ᠲᠠᠢ ᠪᠠᠶᠢᠨ᠎ᠠ᠃ ᠠᠮᠧᠷᠢᠺᠠ ᠶᠢᠨ ︽ᠠᠶᠠᠯᠠᠯ ᠵᠢᠭᠤᠯᠴᠢᠯᠠᠯ | ᠪᠣᠯᠤᠨ ᠠᠶᠠᠯᠠᠯ ᠵᠢᠭᠤᠯᠴᠢᠯᠠᠯ ᠤᠨ ᠶᠢᠷᠲᠢᠨᠴᠦ︾ ᠶᠢᠨ ᠰᠦᠯᠵᠢᠶᠡᠨ ᠤ ᠮᠡᠳᠡᠭᠡᠯᠡᠯ ᠳᠤ ᠵᠢᠭᠠᠵᠤ ᠭᠠᠷᠭᠠᠭᠰᠠᠨ ᠨᠢ᠂ | ᠳᠤᠮᠳᠠᠳᠤ ᠤᠯᠤᠰ ᠤᠨ ᠨᠡᠩ ᠨᠡᠭᠡᠭᠡᠯᠲᠡ ᠲᠠᠢ ᠪᠣᠯᠬᠤ ᠶᠢ ᠳᠠᠭᠠᠯᠳᠤᠨ᠂ ᠵᠢᠱᠢᠯᠲᠡ ᠪᠠᠷ ᠳᠤᠮᠳᠠᠳᠤ ᠤᠯᠤᠰ ᠲᠤ | ᠣᠴᠢᠬᠤ ᠤᠯᠠᠨ ᠤᠯᠤᠰ ᠤᠨ ᠵᠤᠭᠠᠴᠠᠭᠰᠠᠳ ᠤᠨ ᠲᠤᠭ᠎ᠠ ᠦᠷᠭᠦᠯᠵᠢᠯᠡᠨ ᠨᠡᠮᠡᠭᠳᠡᠬᠦ ᠪᠣᠯᠣᠨ᠎ᠠ᠂ ᠡᠨᠡ ᠨᠢ ᠳᠤᠮᠳᠠᠳᠤ | ᠤᠯᠤᠰ ᠤᠨ ᠵᠤᠭᠠᠴᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠠᠰᠢᠭᠲᠠᠢ ᠪᠠᠷ ᠪᠠᠷᠠᠬᠤ ᠦᠭᠡᠢ ᠪᠠᠰᠠ | ᠨᠡᠩ ᠥᠷᠭᠡᠨ ᠳᠡᠯᠭᠡᠷ ᠠᠵᠤ ᠠᠬᠤᠢ ᠶᠢᠨ ᠨᠥᠯᠥᠭᠡ ᠲᠠᠢ ᠶᠤᠮ᠃ | ᠴᠠᠭᠠᠨ ᠰᠠᠷ᠎ᠠ ᠶᠢᠨ ᠠᠵᠤ ᠠᠬᠤᠢ ᠨᠢ ᠳᠤᠮᠳᠠᠳᠤ ᠤᠯᠤᠰ ᠤᠨ ᠥᠨᠳᠥᠷ ᠬᠢᠷᠢ ᠲᠦᠪᠰᠢᠨ ᠪᠦᠬᠦᠢ | ᠨᠡᠭᠡᠭᠡᠯᠲᠡ ᠪᠠᠨ ᠥᠷᠭᠡᠳᠭᠡᠬᠦ ᠢᠳᠡᠪᠬᠢᠲᠡᠢ ᠦᠢᠯᠡᠳᠦᠯ ᠢ ᠬᠠᠷᠠᠭᠤᠯᠵᠠᠢ᠃ ᠳᠤᠮᠳᠠᠳᠤ ᠤᠯᠤᠰ ᠤᠨ ᠤᠯᠤᠰ ᠤᠨ | ᠨᠡᠭᠦᠳᠡᠯ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠴᠠᠭᠠᠨ | ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠬᠢᠯᠢ ᠪᠠᠷ ᠣᠷᠣᠵᠤ ᠭᠠᠷᠤᠭᠰᠠᠨ ᠬᠥᠮᠦᠨ ᠤᠳᠠᠭ᠎ᠠ ᠨᠢ 1436.6 | ᠲᠦᠮᠡ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠪᠡ᠃ ᠵᠢᠭᠤᠯᠴᠢᠯᠠᠯ ᠤᠨ ᠲᠠᠪᠴᠠᠩ ᠤᠨ | ᠲᠤᠭ᠎ᠠ ᠪᠠᠷᠢᠮᠲᠠ ᠠᠴᠠ ᠦᠵᠡᠪᠡᠯ᠂ ᠡᠨᠡ ᠵᠢᠯ ᠤᠨ ᠴᠠᠭᠠᠨ ᠰᠠᠷ᠎ᠠ ᠳᠤ ᠳᠤᠮᠳᠠᠳᠤ ᠤᠯᠤᠰ ᠤᠨ | ᠵᠢᠭᠤᠯᠴᠢᠯᠠᠭᠴᠢᠳ ᠤᠨ ᠵᠣᠷᠢᠭᠰᠠᠨ ᠭᠠᠵᠠᠷ ᠬᠢᠯᠢ ᠶᠢᠨ ᠭᠠᠳᠠᠨᠠᠬᠢ 2100 ᠭᠠᠷᠤᠢ ᠬᠤᠳᠠ ᠶᠢ ᠬᠠᠮᠤᠷᠴᠤ᠂ | ᠳᠤᠮᠳᠠᠳᠤ ᠤᠯᠤᠰ ᠤᠨ ᠵᠢᠭᠤᠯᠴᠢᠯᠠᠭᠴᠢᠳ ᠤᠨ ᠬᠢᠯᠢ ᠠᠴᠠ ᠭᠠᠷᠬᠤ ᠵᠢᠭᠤᠯᠴᠢᠯᠠᠯ ᠤᠨ ᠢᠯᠴᠢ ᠶᠢᠨ ᠬᠡᠮᠵᠢᠶ᠎ᠡ | ᠦᠷᠭᠦᠯᠵᠢᠯᠡᠨ ᠰᠡᠷᠭᠦᠪᠡ᠃ ᠬᠤᠣᠰ ᠤᠶᠠᠩᠭ᠎ᠠ᠂ ᠪᠠᠩᠰᠢ᠂ ᠠᠷᠪᠠᠨ ᠬᠤᠶᠠᠷ ᠵᠢᠯ ᠤᠨ ︽ᠮᠤᠬᠤᠷ ᠬᠠᠶᠢᠷᠴᠠᠭ︾ | ᠵᠡᠷᠭᠡ ᠳᠤᠮᠳᠠᠳᠤ ᠤᠯᠤᠰ ᠤᠨ ᠵᠢᠯ ᠤᠨ ᠪᠠᠷᠠᠭ᠎ᠠ ᠭᠠᠳᠠᠭᠠᠳᠤ ᠶᠢᠨ ᠬᠤᠳᠠᠯᠳᠤᠭᠠᠨ ᠤ ᠬᠡᠳᠦ ᠳᠡᠯᠭᠡᠭᠦᠷ ᠪᠣᠯᠤᠨ | ᠡᠯᠧᠺᠲᠷᠣᠨ ᠬᠤᠳᠠᠯᠳᠤᠭᠠᠨ ᠤ ᠲᠠᠪᠴᠠᠩ ᠳᠤ ᠬᠥᠮᠦᠰ ᠤᠨ ᠲᠠᠭᠠᠰᠢᠶᠠᠯ ᠢ ᠣᠯᠵᠤ᠂ ᠳᠤᠮᠳᠠᠳᠤ ᠤᠯᠤᠰ ᠤᠨ | ᠣᠶᠤᠨᠲᠤ ᠭᠡᠷ ᠤᠨ ᠴᠠᠬᠢᠯᠭᠠᠨ ᠬᠡᠷᠡᠭᠰᠡᠯ ᠨᠢ ᠭᠠᠳᠠᠭᠠᠳᠤ ᠶᠢᠨ ᠵᠠᠯᠠᠭᠤᠴᠤᠳ ᠤᠨ ᠰᠢᠨ᠎ᠡ ᠤᠷᠤᠰᠬᠠᠯ ᠤᠨ ᠪᠡᠯᠡᠭ | ᠪᠣᠯᠵᠤ᠂ ︽ᠴᠠᠭᠠᠨ ᠰᠠᠷ᠎ᠠ ᠶᠢᠨ ᠪᠠᠷᠠᠭ᠎ᠠ ᠳᠠᠯᠠᠢ ᠳᠤ ᠭᠠᠷᠬᠤ︾ ᠨᠢ ᠳᠤᠮᠳᠠᠳᠤ ᠤᠯᠤᠰ ᠤᠨ ᠲᠠᠸᠠᠷ ᠤᠨ | ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠪᠠ ᠰᠣᠶᠣᠯ ᠤᠨ ᠨᠥᠯᠥᠭᠡᠯᠡᠬᠦ ᠬᠦᠴᠦᠨ ᠢ ᠳᠤᠪᠤᠶᠢᠯᠭᠠᠪᠠ᠃ ᠳᠤᠮᠳᠠᠳᠤ | ᠤᠯᠤᠰ ᠤᠨ ᠬᠡᠷᠡᠭᠯᠡᠭᠡᠨ ᠤ ᠬᠡᠷᠡᠭᠴᠡᠭᠡ ᠡᠳᠦᠷ ᠢᠷᠡᠬᠦᠶ᠎ᠡ ᠣᠯᠠᠨ ᠡᠰᠢᠵᠢᠵᠦ᠂ ᠬᠡᠷᠡᠭᠯᠡᠭᠡᠨ ᠤ ᠪᠦᠲᠦᠴᠡ ᠲᠠᠰᠤᠷᠠᠯᠲᠠ | ᠦᠭᠡᠢ ᠰᠢᠯᠢᠳᠡᠭᠵᠢᠵᠦ᠂ ᠰᠢᠨ᠎ᠡ ᠽᠢᠯᠠᠨᠳ᠋ ᠤᠨ ᠲᠣᠰᠢᠯᠤᠭ᠂ ᠴᠢᠯᠢ ᠶᠢᠨ ᠲᠡᠷᠭᠡ ᠵᠡᠷᠭᠡ ︽ᠭᠠᠳᠠᠭᠠᠳᠤ ᠶᠢᠨ ᠪᠠᠷᠠᠭ᠎ᠠ︾ | ᠦᠷᠭᠦᠯᠵᠢᠯᠡᠨ ᠬᠥᠭᠵᠢᠪᠡ᠃ ᠳᠤᠮᠳᠠᠳᠤ ᠤᠯᠤᠰ ᠤᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠨ | ᠲᠠᠰᠤᠷᠠᠯᠳᠠ ᠦᠭᠡᠢ ᠥᠷᠭᠡᠳᠬᠡᠬᠦ ᠶᠢ ᠳᠠᠭᠠᠯᠳᠤᠨ᠂ ᠳᠤᠮᠳᠠᠳᠤ ᠤᠯᠤᠰ ᠤᠨ ᠵᠠᠬ᠎ᠠ ᠳᠡᠯᠭᠡᠭᠦᠷ ᠡᠯ᠎ᠡ ᠤᠯᠤᠰ ᠤᠨ | ᠰᠢᠯᠢᠳᠡᠭ ᠦᠢᠯᠡᠳᠬᠦᠨ ᠳᠤ ᠨᠡᠩ ᠥᠷᠭᠡᠨ ᠠᠭᠤᠳᠠᠮ ᠣᠷᠣᠨ ᠵᠠᠢ ᠬᠠᠩᠭᠠᠬᠤ ᠪᠣᠯᠤᠨ᠎ᠠ᠃ | ᠴᠠᠭᠠᠨ ᠰᠠᠷ᠎ᠠ ᠶᠢᠨ ᠠᠵᠤ ᠠᠬᠤᠢ ᠶᠢᠨ ᠠᠪᠴᠢᠷᠠᠭᠰᠠᠨ ︽ᠰᠠᠶᠢᠨ ᠡᠬᠢᠯᠡᠯᠲᠡ︾ ᠨᠢ ᠳᠤᠮᠳᠠᠳᠤ ᠤᠯᠤᠰ ᠤᠨ | ᠪᠦᠬᠦ ᠵᠢᠯ ᠤᠨ ᠬᠥᠭᠵᠢᠯᠲᠡ ᠶᠢᠨ ᠢᠲᠡᠭᠡᠯ ᠵᠣᠷᠢᠭ ᠪᠠ ᠢᠲᠡᠭᠡᠯ ᠵᠣᠷᠢᠭ ᠢ ᠬᠦᠴᠦᠲᠡᠢ ᠳᠡᠭᠡᠭᠰᠢᠯᠡᠭᠦᠯᠪᠡ᠃ ᠡᠯ᠎ᠡ | ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢᠨ ᠦᠷᠭᠦᠯᠵᠢᠯᠡᠨ ᠦᠷ᠎ᠡ ᠪᠦᠲᠦᠮᠵᠢ ᠤᠯᠬᠤ ᠶᠢ ᠳᠠᠭᠠᠯᠳᠤᠨ᠂ | ᠳᠤᠮᠳᠠᠳᠤ ᠤᠯᠤᠰ ᠬᠡᠷᠡᠭᠯᠡᠭᠡᠨ ᠤ ᠵᠠᠬ᠎ᠠ ᠳᠡᠯᠭᠡᠭᠦᠷ ᠤᠨ ︽ᠨᠢᠭᠡ ᠨᠠᠭᠤᠷ ᠬᠠᠪᠤᠷ ᠤᠨ ᠤᠰᠤ︾ ᠶᠢ ᠤᠯᠠᠮ ᠨᠢᠭᠡ | ᠠᠯᠬᠤᠮ ᠬᠥᠭᠵᠢᠭᠡᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠡ ᠶᠢ ᠲᠠᠰᠤᠷᠠᠯᠳᠠ ᠦᠭᠡᠢ | ᠥᠷᠭᠡᠳᠬᠡᠵᠦ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠨᠡᠩ ᠬᠦᠴᠦᠷᠬᠡᠭ ᠶᠡᠭᠡ | ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠬᠠᠮᠤᠭ ᠤᠨ ᠶᠡᠭᠡ | ᠬᠥᠳᠡᠯᠭᠡᠭᠦᠷ ᠤᠨ ᠦᠢᠯᠡᠳᠦᠯ ᠢ ᠦᠷᠭᠦᠯᠵᠢᠯᠡᠨ ᠪᠠᠳᠠᠷᠠᠭᠤᠯᠤᠨ᠎ᠠ᠃ | |