ᠬᠡᠯᠬᠢᠶᠡᠰᠦᠨ ᠨᠣᠮᠧᠷ᠄ 000014348/2025 — 01218 | ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ | ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ | ᠪᠢᠴᠢᠭ ᠤᠨ ᠳ᠋ᠤᠭᠠᠷ᠄ | ᠪᠢᠴᠢᠭᠳᠡᠭᠰᠡᠨ ᠡᠳᠦᠷ ᠬᠤᠭᠤᠴᠠᠭ᠎ᠠ᠄ 2025 ᠣᠨ ᠤ 3 ᠳ᠋ᠤᠭᠠᠷ ᠰᠠᠷ᠎ᠠ ᠶᠢᠨ 24 ᠤ ᠡᠳᠦᠷ | ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ | | ︵2021 ᠣᠨ ᠤ 11 ᠳ᠋ᠦ᠋ᠭᠡᠷ ᠰᠠᠷ᠎ᠠ ᠶᠢᠨ 16 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠭᠤᠴᠢᠨ ᠨᠢᠭᠡᠳᠦᠭᠡᠷ ᠬᠤᠷᠠᠯᠳᠤᠭᠠᠨ ᠠᠴᠠ ᠪᠠᠲᠤᠯᠠᠪᠠ 2024 ᠣᠨ ᠤ 3 ᠳ᠋ᠤᠭᠠᠷ | ᠰᠠᠷ᠎ᠠ ᠶᠢᠨ 26 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠶᠢᠰᠦᠳᠦᠭᠡᠷ | ᠬᠤᠷᠠᠯᠳᠤᠭᠠᠨ ᠤ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠦᠷᠢᠮ﹀ ᠵᠡᠷᠭᠡ | 7 ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ | ᠦᠨᠳᠦᠰᠦᠯᠡᠨ ᠵᠠᠰᠠᠪᠠ︶ | ᠨᠢᠭᠡᠳᠦᠭᠡᠷ ᠵᠤᠷᠪᠤᠰ ᠭᠠᠵᠠᠷ ᠳᠣᠤᠷᠠᠬᠢ ᠤᠰᠤᠨ ᠤ ᠬᠠᠮᠠᠭᠠᠯᠠᠯᠲᠠ ᠪᠠ ᠬᠠᠮᠢᠶᠠᠷᠤᠯᠲᠠ ᠶᠢ ᠴᠢᠩᠭᠠᠳᠬᠠᠵᠤ ᠂ | ᠭᠠᠵᠠᠷ ᠳᠣᠤᠷᠠᠬᠢ ᠤᠰᠤᠨ ᠤ ᠦᠷᠭᠦᠯᠵᠢᠯᠡᠨ ᠠᠰᠢᠭᠯᠠᠬᠤ ᠶᠢ ᠪᠠᠲᠤᠯᠠᠨ ᠂ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢ ᠠᠬᠢᠭᠤᠯᠬᠤ ᠶᠢᠨ ᠲᠤᠰᠠᠳᠠ ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠰᠤᠨ ᠤ ᠬᠠᠤᠯᠢ︾ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠭᠠᠵᠠᠷ ᠳᠣᠤᠷᠠᠬᠢ ᠤᠰᠤᠨ ᠤ | ᠬᠠᠮᠢᠶᠠᠷᠤᠯᠲᠠ ᠶᠢᠨ ᠳᠦᠷᠢᠮ︾ ᠵᠡᠷᠭᠡ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠂ ᠬᠠᠤᠯᠢ ᠲᠣᠭᠲᠠᠭᠠᠯ ᠢ | ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ ᠂ ᠲᠤᠰ ᠳᠦᠷᠢᠮ ᠢ ᠲᠣᠭᠲᠠᠭᠠᠪᠠ ᠃ | | ᠬᠤᠶᠠᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠭᠠᠵᠠᠷ | ᠳᠣᠤᠷᠠᠬᠢ ᠤᠰᠤ ᠶᠢ ᠬᠠᠮᠠᠭᠠᠯᠠᠬᠤ ᠂ ᠠᠰᠢᠭᠯᠠᠬᠤ ᠂ ᠬᠠᠮᠢᠶᠠᠷᠬᠤ ᠵᠢᠴᠢ ᠬᠠᠮᠢᠶ᠎ᠠ ᠪᠦᠬᠦᠢ ᠠᠵᠢᠯ ᠢ ᠬᠢᠬᠦ ᠳᠤ ᠲᠤᠰ | ᠲᠦᠷᠢᠮ ᠲᠣᠬᠢᠷᠠᠨ᠎ᠠ ᠃ | ᠲᠣᠰ ᠳᠦᠷᠢᠮ ᠳᠤ ᠬᠡᠯᠡᠵᠦ ᠪᠠᠶᠢᠭ᠎ᠠ ᠭᠠᠵᠠᠷ ᠳᠣᠣᠷᠠᠬᠢ ᠤᠰᠤ ᠭᠡᠳᠡᠭ ᠨᠢ ᠭᠠᠵᠠᠷ ᠤᠨ ᠭᠠᠳᠠᠷᠭᠤ ᠠᠴᠠ | ᠳᠣᠣᠷ᠎ᠠ ᠬᠠᠳᠠᠭᠠᠯᠠᠭᠳᠠᠵᠤ ᠪᠠᠶᠢᠭ᠎ᠠ ᠤᠰᠤᠨ ᠴᠣᠭᠴᠠ ᠂ ᠭᠠᠵᠠᠷ ᠤᠨ ᠢᠯᠴᠢ ᠶᠢᠨ ᠤᠰᠤ ᠂ ᠷᠠᠰᠢᠶᠠᠨ ᠤᠰᠤ ᠶᠢ | ᠵᠢᠭᠠᠵᠤ ᠪᠣᠶ ᠃ | ᠭᠤᠷᠪᠠᠳᠤᠭᠠᠷ ᠵᠤᠷᠪᠤᠰ ᠭᠠᠵᠠᠷ ᠳᠣᠣᠷᠠᠬᠢ ᠤᠰᠤᠨ ᠤ ᠬᠠᠮᠠᠭᠠᠯᠠᠯᠲᠠ ᠪᠠ ᠬᠠᠮᠢᠶᠠᠷᠤᠯᠲᠠ ᠨᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ ᠂ | ᠤᠰᠤᠨ ᠤ ᠬᠡᠮᠵᠢᠶ᠎ᠡ ᠪᠠᠷ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠤᠭᠲᠠᠭᠠᠵᠤ ᠂ ᠤᠰᠤᠨ ᠤ ᠬᠡᠮᠵᠢᠶ᠎ᠡ ᠪᠠᠷ | ᠭᠠᠵᠠᠷ ᠲᠠᠷᠢᠶ᠎ᠠ ᠶᠢ ᠲᠤᠭᠲᠠᠭᠠᠵᠤ ᠂ ᠤᠰᠤᠨ ᠤ ᠬᠡᠮᠵᠢᠶ᠎ᠡ ᠪᠠᠷ ᠬᠦᠮᠦᠨ ᠠᠮᠠ ᠶᠢ ᠲᠤᠭᠲᠠᠭᠠᠵᠤ ᠂ ᠤᠰᠤᠨ ᠤ | ᠬᠡᠮᠵᠢᠶ᠎ᠡ ᠪᠠᠷ ᠦᠢᠯᠡᠳᠪᠦᠷᠢᠯᠡᠯ ᠢ ᠲᠤᠭᠲᠠᠭᠠᠬᠤ ᠂ ᠨᠢᠭᠡᠳᠦᠯᠲᠡᠢ ᠲᠥᠯᠥᠪᠵᠢᠭᠦᠯᠬᠦ ᠂ ᠤᠰᠤ ᠠᠷᠪᠢᠯᠠᠬᠤ ᠶᠢ | ᠲᠡᠷᠢᠭᠦᠨ ᠳᠤ ᠲᠠᠯᠪᠢᠬᠤ ᠂ ᠥᠨᠳᠥᠷ ᠪᠦᠲᠦᠮᠵᠢᠲᠡᠢ ᠠᠰᠢᠭᠯᠠᠬᠤ ᠂ ᠰᠢᠰᠲ᠋ᠧᠮ ᠲᠠᠢ ᠵᠠᠰᠠᠬᠤ ᠵᠠᠷᠴᠢᠮ ᠢ ᠵᠢᠷᠤᠮᠯᠠᠬᠤ | ᠬᠡᠷᠡᠭᠲᠡᠢ ᠃ | ᠳᠥᠷᠪᠡᠳᠦᠭᠡᠷ ᠵᠤᠷᠪᠤᠰ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠦᠬᠦ | ᠣᠷᠣᠨ ᠤ ᠭᠠᠵᠠᠷ ᠳᠣᠤᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠠᠵᠢᠯ ᠢ ᠨᠢᠭᠡᠳᠦᠯᠲᠡᠶ ᠲᠥᠯᠥᠪᠯᠡᠨ᠎ᠡ ᠃ | ᠠᠶᠢᠮᠠᠭ ᠤᠨ ᠵᠠᠬᠢᠷᠭ᠎ᠠ ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠵᠠᠰᠠᠭ | ᠵᠠᠬᠢᠷᠭᠠᠨ ᠤ ᠣᠷᠣᠨ ᠤ ᠪᠠᠨ ᠳᠣᠲᠣᠷᠠᠬᠢ ᠭᠠᠵᠠᠷ ᠳᠣᠤᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠠᠵᠢᠯ ᠢ | ᠵᠢᠯᠣᠭᠤᠳᠤᠨ ᠬᠢᠨᠠᠯᠲᠠ ᠲᠠᠯᠪᠢᠬᠤ ᠬᠡᠷᠡᠭᠲᠡᠶ ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠨᠤᠭᠤᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠭᠠᠵᠠᠷ ᠳᠣᠤᠷᠠᠬᠢ ᠤᠰᠤ ᠶᠢ | ᠬᠠᠮᠠᠭᠠᠯᠠᠬᠤ ᠪᠠ ᠬᠠᠮᠢᠶᠠᠷᠬᠤ ᠠᠵᠢᠯ ᠢ ᠪᠣᠳᠠᠲᠠᠶ ᠬᠠᠷᠢᠭᠤᠴᠠᠨ᠎ᠠ ᠃ | ᠲᠠᠪᠤᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠭᠠᠵᠠᠷ ᠳᠣᠤᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠶᠢ ᠲᠤᠰ ᠱᠠᠲᠤᠨ ᠤ ᠤᠯᠤᠰ | ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠡᠭᠡᠨ ᠣᠷᠣᠭᠤᠯᠵᠤ ᠂ | ᠬᠡᠷᠡᠭᠰᠡᠬᠦ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠲᠡᠭᠡᠨ ᠵᠢᠭᠰᠠᠭᠠᠨ ᠣᠷᠣᠭᠤᠯᠬᠤ ᠬᠡᠷᠡᠭᠲᠡᠶ ᠃ | ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ | ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠵᠡᠷᠭᠡ ᠬᠠᠮᠢᠶ᠎ᠠ ᠪᠦᠬᠦᠢ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠂ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠪᠠᠶᠢᠷᠢᠰᠢᠭᠤᠯᠤᠯ ᠨᠢ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠤᠨ ᠨᠥᠬᠦᠴᠡᠯ ᠪᠣᠯᠤᠨ ᠭᠠᠵᠠᠷ ᠳᠣᠤᠷᠠᠬᠢ | ᠤᠰᠤ ᠶᠢ ᠬᠠᠮᠠᠭᠠᠯᠠᠬᠤ ᠱᠠᠭᠠᠷᠳᠠᠯᠭ᠎ᠠ ᠯᠤᠭ᠎ᠠ ᠲᠣᠬᠢᠷᠠᠯᠴᠠᠭᠤᠯᠬᠤ ᠶᠢᠨ ᠬᠠᠮᠲᠤ ᠰᠢᠨᠵᠢᠯᠡᠬᠦ ᠤᠬᠠᠭᠠᠨᠴᠢ ᠨᠤᠲᠠᠯᠠᠯᠲᠠ | ᠬᠢᠬᠦ ᠬᠡᠷᠡᠭᠲᠡᠶ ᠃ | ᠥᠪᠡᠷᠲᠡᠭᠡᠨ ᠵᠠᠰᠠᠬᠤ ᠣᠷᠣᠨ ᠠᠴᠠ ᠭᠠᠵᠠᠷ ᠳᠣᠤᠷᠠᠬᠢ ᠤᠰᠤ ᠶᠢ ᠬᠠᠮᠠᠭᠠᠯᠠᠬᠤ ᠬᠠᠮᠢᠶᠠᠷᠤᠯᠲᠠ ᠶᠢᠨ | ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠪᠣᠯᠤᠨ ᠰᠢᠯᠭᠠᠨ ᠬᠢᠨᠠᠵᠤ ᠦᠨᠡᠯᠡᠬᠦ ᠳᠦᠷᠢᠮ ᠢ ᠬᠡᠷᠡᠭᠵᠢᠭᠦᠯᠦᠨ᠎ᠡ ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠭᠠᠵᠠᠷ ᠳᠣᠤᠷᠠᠬᠢ | ᠤᠰᠤ ᠶᠢ ᠬᠠᠮᠠᠭᠠᠯᠠᠬᠤ ᠪᠠ ᠬᠠᠮᠢᠶᠠᠷᠬᠤ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠳᠣᠤᠷᠠᠳᠤ ᠱᠠᠲᠤᠨ ᠤ | ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠠᠷᠢᠭᠤᠴᠠᠯᠭᠠᠲᠠᠨ ᠢ ᠬᠢᠨᠠᠨ ᠰᠢᠯᠭᠠᠵᠤ ᠦᠨᠡᠯᠡᠬᠦ ᠠᠭᠤᠯᠭ᠎ᠠ ᠳᠤ | ᠣᠷᠣᠭᠤᠯᠬᠤ ᠬᠡᠷᠡᠭᠲᠡᠶ ᠃ | ᠵᠢᠷᠭᠤᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠮᠢᠶᠠᠷᠤᠯᠲᠠ ᠶᠢᠨ | ᠡᠷᠬᠡ ᠮᠡᠳᠡᠯ ᠤᠨ ᠶᠣᠰᠣᠭᠠᠷ ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠭᠠᠵᠠᠷ ᠳᠣᠤᠷᠠᠬᠢ ᠤᠰᠤ ᠶᠢ | ᠨᠢᠭᠡᠳᠦᠯᠲᠡᠶ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠂ ᠠᠶᠢᠮᠠᠭ ᠤᠨ ᠵᠠᠬᠢᠷᠭ᠎ᠠ ᠂ | ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠮᠢ ᠠᠬᠤᠶ ᠣᠷᠴᠢᠨ ᠲᠣᠭᠤᠷᠢᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠭᠠᠵᠠᠷ | ᠳᠣᠤᠷᠠᠬᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠂ ᠪᠠᠶᠢᠭᠠᠯᠢ ᠶᠢᠨ ᠡᠬᠢ ᠪᠠᠶᠠᠯᠢᠭ ᠂ ᠲᠠᠷᠢᠶᠠᠯᠠᠩ ᠮᠠᠯ ᠠᠵᠤ ᠠᠬᠤᠶ ᠂ ᠣᠶ ᠰᠢᠭᠤᠶ ᠪᠠ ᠨᠤᠲᠤᠭ | ᠪᠡᠯᠴᠢᠭᠡᠷ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ ᠶᠣᠰᠣᠭᠠᠷ ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠭᠠᠵᠠᠷ ᠳᠣᠤᠷᠠᠬᠢ ᠤᠰᠤ ᠶᠢ | ᠬᠠᠮᠠᠭᠠᠯᠠᠬᠤ ᠪᠠ ᠬᠠᠮᠢᠶᠠᠷᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ ᠃ | ᠳᠣᠯᠣᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ | ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠭᠠᠵᠠᠷ | ᠳᠣᠤᠷᠠᠬᠢ ᠤᠰᠤ ᠶᠢ ᠬᠠᠮᠠᠭᠠᠯᠠᠬᠤ ᠬᠢᠭᠡᠳ ᠠᠰᠢᠭᠯᠠᠬᠤ ᠲᠥᠯᠥᠪᠵᠢᠭᠦᠯᠭᠡ ᠶᠢ ᠲᠣᠭᠲᠠᠮᠠᠯ ᠬᠤᠭᠤᠴᠠᠭ᠎ᠠ ᠲᠠᠢ ᠪᠠᠷ | ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ | ᠬᠤᠷᠢᠶᠠᠬᠤ ᠪᠠᠷ ᠳᠠᠮᠵᠢᠭᠤᠯᠤᠨ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠶ ᠃ | ᠠᠵᠤ ᠦᠢᠯᠡᠳᠪᠦᠷᠢ ᠂ ᠲᠠᠷᠢᠶᠠᠯᠠᠩ ᠮᠠᠯ ᠠᠵᠤ ᠠᠬᠤᠶ ᠂ ᠬᠤᠲᠠ ᠶᠢᠨ ᠶᠠᠪᠤᠳᠠᠯ ᠂ ᠣᠶ ᠰᠢᠭᠤᠶ ᠪᠣᠯᠤᠨ | ᠨᠤᠲᠤᠭ ᠪᠡᠯᠴᠢᠭᠡᠷ ᠂ ᠡᠨᠧᠷᠭᠢ ᠂ ᠭᠠᠵᠠᠷ ᠰᠢᠷᠣᠶ ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠬᠦ ᠵᠡᠷᠭᠡ | ᠲᠤᠰᠬᠠᠶ ᠵᠦᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠭᠠᠵᠠᠷ ᠳᠣᠤᠷᠠᠬᠢ ᠤᠰᠤᠨ ᠳᠤ | ᠬᠤᠯᠪᠣᠭᠳᠠᠬᠤ ᠪᠣᠯ ᠭᠠᠵᠠᠷ ᠳᠣᠤᠷᠠᠬᠢ ᠤᠰᠤ ᠶᠢ ᠬᠠᠮᠠᠭᠠᠯᠠᠬᠤ ᠬᠢᠭᠡᠳ ᠠᠰᠢᠭᠯᠠᠬᠤ ᠲᠥᠯᠥᠪᠵᠢᠭᠦᠯᠭᠡ ᠵᠡᠷᠭᠡ ᠲᠠᠢ | ᠬᠠᠷᠢᠯᠴᠠᠨ ᠵᠣᠯᠭᠠᠯᠳᠤᠭᠤᠯᠬᠤ ᠬᠡᠷᠡᠭᠲᠡᠶ ᠃ | ᠭᠠᠵᠠᠷ ᠳᠣᠤᠷᠠᠬᠢ ᠤᠰᠤ ᠶᠢ ᠬᠠᠮᠠᠭᠠᠯᠠᠬᠤ ᠪᠠ ᠠᠰᠢᠭᠯᠠᠬᠤ ᠲᠥᠯᠥᠪᠵᠢᠭᠦᠯᠭᠡ ᠶᠢ ᠴᠢᠩᠭ᠎ᠠ ᠬᠡᠷᠡᠭᠵᠢᠭᠦᠯᠬᠦ | ᠬᠡᠷᠡᠭᠲᠡᠶ ᠂ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠶ ᠃ ᠦᠨᠡᠨ ᠬᠦ ᠬᠤᠪᠢᠷᠠᠭᠤᠯᠬᠤ ᠴᠢᠬᠤᠯᠠ ᠲᠠᠢ ᠪᠣᠯ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠡᠰ ᠳᠠᠷᠠᠭᠠᠯᠠᠯ ᠤᠨ ᠶᠣᠰᠣᠭᠠᠷ ᠤᠤᠯ ᠤᠨ ᠵᠥᠪᠰᠢᠶᠡᠷᠡᠭᠰᠡᠨ | ᠪᠠᠶᠢᠭᠤᠯᠭ᠎ᠠ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ ᠃ | ᠨᠠᠢᠮᠠᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ ᠠᠴᠠ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ | ᠤᠰᠤᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠪᠠ ᠤᠰᠤᠨ ᠲᠦᠪᠰᠢᠨ ᠢ ᠡᠵᠡᠮᠳᠡᠬᠦ ᠳᠦᠷᠢᠮ ᠢ ᠬᠡᠷᠡᠭᠵᠢᠭᠦᠯᠦᠨ᠎ᠡ ᠃ | | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠥᠪᠰᠢᠶᠡᠷᠡᠭᠦᠯᠦᠭᠰᠡᠨ ᠭᠠᠵᠠᠷ ᠳᠣᠤᠷᠠᠬᠢ ᠤᠰᠤ ᠶᠢ ᠬᠠᠮᠠᠭᠠᠯᠠᠬᠤ | ᠪᠠ ᠠᠰᠢᠭᠯᠠᠬᠤ ᠲᠥᠯᠥᠪᠵᠢᠭᠦᠯᠭᠡ ᠶᠢ ᠦᠨᠳᠦᠰᠦᠯᠡᠨ ᠂ ᠤᠰᠤᠨ ᠰᠢᠨᠵᠢᠯᠡᠭᠡᠨ ᠤ ᠨᠢᠭᠡᠴᠢ ᠶᠢᠨ ᠬᠤᠰᠢᠭᠤ ᠰᠢᠶᠠᠨ ᠤ | ᠱᠠᠲᠤᠨ ᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠨ ᠲᠣᠭᠲᠠᠭᠠᠵᠤ ᠬᠠᠮᠢᠶᠠᠷᠬᠤ ᠨᠢᠭᠡᠴᠢ ᠶᠢ ᠢᠵᠢ | ᠪᠦᠷᠢᠳᠦᠭᠦᠯᠦᠨ ᠂ ᠡᠯ᠎ᠡ ᠬᠠᠮᠢᠶᠠᠷᠤᠯᠲᠠ ᠶᠢᠨ ᠨᠢᠭᠡᠴᠢ ᠶᠢᠨ ᠲᠥᠯᠥᠪᠵᠢᠭᠦᠯᠭᠡ ᠶᠢᠨ ᠬᠢᠷᠢ ᠬᠡᠮᠵᠢᠶ᠎ᠡ ᠨᠢ ᠵᠢᠯ ᠤᠨ | ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠭᠦᠢᠴᠡᠳᠭᠡᠯ | ᠲᠤᠭ᠎ᠠ ᠂ ᠠᠮᠢ ᠠᠬᠤᠶ ᠶᠢᠨ ᠤᠰᠤᠨ ᠲᠦᠪᠰᠢᠨ ᠪᠤᠶᠤ ᠲᠥᠯᠥᠪᠵᠢᠭᠦᠯᠭᠡ ᠶᠢᠨ ᠬᠢᠷᠢ ᠬᠡᠮᠵᠢᠶ᠎ᠡ ᠶᠢᠨ ᠣᠨ ᠤ ᠤᠰᠤᠨ | ᠲᠦᠪᠰᠢᠨ ᠢ ᠡᠵᠡᠮᠳᠡᠬᠦ ᠭᠦᠢᠴᠡᠳᠭᠡᠯ ᠲᠤᠭ᠎ᠠ ᠶᠢ ᠲᠣᠭᠲᠠᠭᠠᠬᠤ ᠶᠢᠨ ᠬᠠᠮᠲᠤ ᠂ ᠲᠥᠷᠥ ᠶᠢᠨ ᠶᠠᠪᠤᠳᠠᠯ ᠤᠨ | ᠬᠤᠷᠢᠶᠠᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠡᠭᠦᠨ ᠤ ᠡᠷᠬᠡ | ᠣᠯᠭᠤᠭᠰᠠᠨ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ ᠃ | ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠡᠯ᠎ᠡ ᠬᠠᠮᠢᠶᠠᠷᠤᠯᠲᠠ ᠶᠢᠨ | ᠨᠢᠭᠡᠴᠢ ᠶᠢᠨ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ | ᠭᠦᠢᠴᠡᠳᠭᠡᠯ ᠲᠤᠭ᠎ᠠ ᠶᠢ ᠰᠤᠮᠤ ᠰᠢᠶᠠᠩ ᠪᠠᠯᠭᠠᠰᠤ ᠪᠣᠯᠤᠨ ᠬᠤᠲᠠ ᠬᠥᠳᠡᠭᠡ ᠶᠢᠨ ᠠᠮᠢᠳᠤᠷᠠᠯ ᠂ ᠠᠵᠤ | ᠦᠢᠯᠡᠳᠪᠦᠷᠢ ᠂ ᠲᠠᠷᠢᠶᠠᠯᠠᠩ ᠮᠠᠯ ᠠᠵᠤ ᠠᠬᠤᠶ ᠂ ᠠᠮᠢ ᠠᠬᠤᠶ ᠵᠡᠷᠭᠡ ᠠᠵᠢᠯ ᠲᠥᠷᠥᠯ ᠳᠤ ᠬᠦᠷᠲᠡᠯ᠎ᠡ | ᠬᠤᠪᠢᠶᠠᠷᠢᠯᠠᠨ ᠂ ᠡᠭᠦᠨ ᠳᠤ ᠲᠠᠷᠢᠶᠠᠯᠠᠩ ᠮᠠᠯ ᠠᠵᠤ ᠠᠬᠤᠶ ᠶᠢᠨ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ | ᠤᠰᠤ ᠶᠢ ᠬᠢᠵᠠᠭᠠᠷᠯᠠᠬᠤ ᠭᠦᠢᠴᠡᠳᠭᠡᠯ ᠲᠤᠭ᠎ᠠ ᠶᠢ ᠤᠰᠤ ᠠᠪᠬᠤ ᠡᠷᠦᠬᠡ ᠳᠤ ᠠᠯᠬᠤᠮ ᠠᠯᠬᠤᠮ ᠢᠶᠠᠷ ᠵᠠᠳᠠᠯᠤᠨ | ᠥᠭᠬᠦ ᠬᠡᠷᠡᠭᠲᠡᠶ ᠃ | ᠡᠯ᠎ᠡ ᠬᠠᠮᠢᠶᠠᠷᠤᠯᠲᠠ ᠶᠢᠨ ᠨᠢᠭᠡᠴᠢ ᠶᠢᠨ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠶᠡᠷᠦᠩᠬᠡᠶ | ᠬᠡᠮᠵᠢᠶ᠎ᠡ ᠶᠢ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ | ᠭᠦᠢᠴᠡᠳᠭᠡᠯ ᠲᠤᠭ᠎ᠠ ᠠᠴᠠ ᠬᠡᠲᠦᠷᠡᠭᠦᠯᠵᠦ ᠪᠣᠯᠬᠤ ᠦᠭᠡᠶ ᠂ ᠭᠠᠵᠠᠷ ᠳᠣᠤᠷᠠᠬᠢ ᠤᠰᠤᠨ ᠤ ᠤᠰᠤᠨ ᠲᠦᠪᠰᠢᠨ ᠨᠢ | ᠤᠰᠤᠨ ᠲᠦᠪᠰᠢᠨ ᠤ ᠡᠵᠡᠮᠳᠡᠬᠦ ᠭᠦᠢᠴᠡᠳᠭᠡᠯ ᠲᠤᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ ᠃ ᠭᠠᠵᠠᠷ ᠳᠣᠤᠷᠠᠬᠢ | ᠤᠰᠤ ᠶᠢ ᠲᠠᠲᠠᠵᠤ ᠬᠡᠷᠡᠭᠯᠡᠬᠦ ᠶᠡᠷᠦᠩᠬᠡᠶ ᠬᠡᠮᠵᠢᠶ᠎ᠡ ᠂ ᠤᠰᠤᠨ ᠲᠦᠪᠰᠢᠨ ᠨᠢ ᠬᠠᠮᠢᠶᠠᠷᠤᠨ ᠡᠵᠡᠮᠳᠡᠬᠦ ᠭᠦᠢᠴᠡᠳᠭᠡᠯ | ᠲᠣᠭᠠᠨ ᠤ ᠱᠠᠭᠠᠷᠳᠠᠯᠭ᠎ᠠ ᠳᠤ ᠨᠡᠶᠢᠴᠡᠬᠦ ᠦᠭᠡᠶ ᠬᠠᠮᠢᠶᠠᠷᠤᠯᠲᠠ ᠶᠢᠨ ᠨᠢᠭᠡᠴᠢ ᠳᠤ ᠪᠣᠯ ᠬᠤᠰᠢᠭᠤ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠠᠰᠠᠬᠤ ᠠᠷᠭ᠎ᠠ ᠬᠡᠮᠵᠢᠶ᠎ᠡ ᠠᠪᠴᠤ ᠂ ᠬᠤᠭᠤᠴᠠᠭ᠎ᠠ ᠬᠢᠵᠠᠭᠠᠷᠯᠠᠨ | ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠪᠣᠯᠤᠨ ᠤᠰᠤᠨ ᠲᠦᠪᠰᠢᠨ ᠢ | ᠡᠵᠡᠮᠳᠡᠬᠦ ᠱᠠᠭᠠᠷᠳᠠᠯᠭ᠎ᠠ ᠳᠤ ᠬᠦᠷᠦᠭᠦᠯᠬᠦ ᠬᠡᠷᠡᠭᠲᠡᠶ ᠃ | ᠶᠢᠰᠦᠳᠦᠭᠡᠷ ᠵᠤᠷᠪᠤᠰ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠶᠢ | ᠬᠢᠵᠠᠭᠠᠷᠯᠠᠬᠤ ᠭᠦᠢᠴᠡᠳᠭᠡᠯ ᠲᠤᠭ᠎ᠠ ᠶᠢ ᠡᠯ᠎ᠡ ᠬᠠᠮᠢᠶᠠᠷᠤᠯᠲᠠ ᠶᠢᠨ ᠨᠢᠭᠡᠴᠢ ᠶᠢᠨ ᠭᠠᠵᠠᠷ ᠳᠣᠤᠷᠠᠬᠢ ᠤᠰᠤ ᠶᠢ | ᠨᠡᠭᠡᠭᠡᠨ ᠮᠠᠯᠲᠠᠵᠤ ᠪᠣᠯᠬᠤ ᠬᠡᠮᠵᠢᠶ᠎ᠡ ᠂ ᠠᠮᠢ ᠠᠬᠤᠶ ᠶᠢᠨ ᠤᠰᠤᠨ ᠲᠦᠪᠰᠢᠨ ᠢ ᠬᠠᠮᠢᠶᠠᠷᠤᠨ ᠡᠵᠡᠮᠳᠡᠬᠦ | ᠱᠠᠭᠠᠷᠳᠠᠯᠭ᠎ᠠ ᠶᠢ ᠦᠨᠳᠦᠰᠦᠯᠡᠨ ᠲᠣᠭᠲᠠᠭᠠᠬᠤ ᠬᠡᠷᠡᠭᠲᠡᠶ ᠃ ᠠᠮᠢ ᠠᠬᠤᠶ ᠶᠢᠨ ᠤᠰᠤᠨ ᠲᠦᠪᠰᠢᠨ ᠢ | ᠬᠠᠮᠢᠶᠠᠷᠤᠯᠲᠠ ᠶᠢᠨ ᠨᠢᠭᠡᠴᠢ ᠶᠢᠨ ᠳᠣᠲᠣᠷ᠎ᠠ ᠭᠤᠤᠯ ᠪᠣᠯᠬᠤ ᠪᠠᠶᠢᠭᠠᠯᠢ ᠶᠢᠨ ᠤᠷᠭᠤᠮᠠᠯ ᠤᠨ ᠳᠦᠷᠰᠦ ᠶᠢᠨ | ᠰᠦᠷᠦᠭ ᠤᠨ ᠣᠷᠣᠰᠢᠨ ᠲᠣᠭᠲᠠᠨᠢᠬᠤ ᠬᠡᠷᠡᠭᠴᠡᠭᠡ ᠶᠢ ᠬᠡᠪ ᠢᠶᠠᠷ ᠪᠠᠶᠢᠯᠭᠠᠬᠤ ᠭᠠᠵᠠᠷ ᠳᠣᠤᠷᠠᠬᠢ ᠤᠰᠤᠨ ᠤ ᠤᠰᠤᠨ | ᠲᠦᠪᠰᠢᠨ ᠬᠦᠨ ᠪᠤᠯᠠᠭᠳᠠᠴᠠ ᠶᠢ ᠲᠤᠭᠲᠠᠭᠠᠨ᠎ᠠ ᠃ | ᠨᠢᠭᠡᠴᠢ ᠶᠢᠨ ᠪᠣᠳᠠᠲᠠᠶ ᠲᠠᠲᠠᠵᠤ ᠬᠡᠷᠡᠭᠯᠡᠭᠰᠡᠨ ᠭᠠᠵᠠᠷ ᠳᠣᠤᠷᠠᠬᠢ ᠤᠰᠤᠨ ᠤ ᠶᠡᠷᠦᠩᠬᠡᠶ ᠬᠡᠮᠵᠢᠶ᠎ᠡ ᠶᠢᠨ ᠲᠤᠭ᠎ᠠ | ᠪᠠᠷᠢᠮᠲᠠ ᠶᠢ ᠬᠡᠮᠵᠢᠵᠦ ᠬᠢᠨᠠᠨ ᠬᠡᠮᠵᠢᠬᠦ ᠂ ᠴᠠᠬᠢᠯᠭᠠᠨ ᠤ ᠬᠡᠮᠵᠢᠶ᠎ᠡ ᠪᠠᠷ ᠤᠰᠤᠨ ᠤ ᠬᠡᠮᠵᠢᠶ᠎ᠡ ᠶᠢ ᠨᠤᠭᠤᠯᠤᠨ ᠪᠣᠳᠣᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠤᠰᠤᠨ ᠲᠦᠪᠰᠢᠨ ᠤ ᠲᠤᠭ᠎ᠠ ᠪᠠᠷᠢᠮᠲᠠ ᠶᠢ ᠭᠠᠵᠠᠷ ᠳᠣᠤᠷᠠᠬᠢ | ᠤᠰᠤᠨ ᠤ ᠤᠰᠤᠨ ᠲᠦᠪᠰᠢᠨ ᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠦᠨᠳᠦᠰᠦᠯᠡᠨ ᠲᠣᠭᠲᠠᠭᠠᠵᠤ ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠣᠨ ᠢᠶᠠᠷ ᠵᠣᠬᠢᠶᠠᠨ ᠪᠠᠶᠢᠭᠤᠯᠤᠨ ᠦᠨᠡᠯᠡᠵᠦ ᠂ ᠬᠠᠮᠢᠶ᠎ᠠ ᠪᠦᠬᠦᠢ ᠰᠢᠯᠭᠠᠨ | ᠬᠢᠨᠠᠬᠤ ᠶᠢᠨ ᠦᠨᠳᠦᠰᠦᠯᠡᠯ ᠪᠣᠯᠭᠠᠨ᠎ᠠ ᠃ | ᠠᠷᠪᠠᠳᠤᠭᠠᠷ ᠵᠤᠷᠪᠤᠰ ᠬᠤᠲᠠ ᠶᠢᠨ ᠶᠡᠷᠦᠩᠬᠡᠶ ᠲᠥᠯᠥᠪᠵᠢᠭᠦᠯᠭᠡ ᠂ ᠠᠵᠢᠯ ᠲᠥᠷᠥᠯ ᠤᠨ ᠲᠤᠰᠬᠠᠶ | ᠵᠦᠢᠯ ᠤᠨ ᠲᠥᠯᠥᠪᠵᠢᠭᠦᠯᠭᠡ ᠵᠡᠷᠭᠡ ᠶᠢ ᠨᠠᠶᠢᠷᠠᠭᠤᠯᠤᠨ ᠵᠣᠬᠢᠶᠠᠬᠤ ᠳᠤ ᠂ ᠭᠠᠵᠠᠷ ᠳᠣᠤᠷᠠᠬᠢ ᠤᠰᠤ ᠶᠢ ᠲᠠᠲᠠᠵᠤ | ᠬᠡᠷᠡᠭᠯᠡᠬᠦ ᠪᠤᠶᠤ ᠭᠠᠵᠠᠷ ᠳᠣᠤᠷᠠᠬᠢ ᠤᠰᠤᠨ ᠳᠤ ᠴᠢᠬᠤᠯᠠ ᠶᠡᠭᠡ ᠨᠥᠯᠥᠭᠡ ᠦᠵᠡᠭᠦᠯᠬᠦ ᠳᠤ ᠬᠤᠯᠪᠣᠭᠳᠠᠪᠠᠯ ᠂ | ᠲᠥᠯᠥᠪᠵᠢᠭᠦᠯᠭᠡ ᠶᠢᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠬᠢᠬᠦ ᠶᠢᠨ ᠬᠠᠮᠲᠤ ᠬᠠᠮᠢᠶᠠᠷᠤᠯᠲᠠ ᠶᠢᠨ | ᠨᠢᠭᠡᠴᠢ ᠶᠢᠨ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ | ᠭᠦᠢᠴᠡᠳᠭᠡᠯ ᠲᠤᠭ᠎ᠠ ᠪᠣᠯᠤᠨ ᠤᠰᠤᠨ ᠲᠦᠪᠰᠢᠨ ᠢ ᠡᠵᠡᠮᠳᠡᠬᠦ ᠭᠦᠢᠴᠡᠳᠭᠡᠬᠦ ᠲᠤᠭ᠎ᠠ ᠶᠢᠨ ᠱᠠᠭᠠᠷᠳᠠᠯᠭ᠎ᠠ ᠳᠤ | ᠨᠡᠶᠢᠴᠡᠭᠦᠯᠬᠦ ᠬᠡᠷᠡᠭᠲᠡᠶ ᠃ ᠲᠥᠯᠥᠪᠵᠢᠭᠦᠯᠭᠡ ᠶᠢᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠮᠡᠳᠡᠭᠦᠯᠦᠯᠲᠡ ᠶᠢ | ᠬᠠᠮᠢᠶᠠᠷᠤᠯᠲᠠ ᠶᠢᠨ ᠡᠷᠬᠡ ᠮᠡᠳᠡᠯ ᠲᠠᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ | ᠪᠠᠶᠢᠴᠠᠭᠠᠯᠭᠠᠬᠤ ᠬᠡᠷᠡᠭᠲᠡᠶ ᠃ | ᠠᠷᠪᠠᠨ ᠨᠢᠭᠡᠳᠦᠭᠡᠷ ᠵᠤᠷᠪᠤᠰ ᠭᠠᠵᠠᠷ ᠳᠣᠤᠷᠠᠬᠢ ᠤᠰᠤ ᠶᠢ ᠠᠪᠴᠤ ᠬᠡᠷᠡᠭᠯᠡᠬᠦ ᠨᠢᠭᠡᠴᠢ ᠪᠣᠯᠤᠨ ᠬᠤᠪᠢ | ᠬᠥᠮᠦᠨ ᠤᠰᠤ ᠠᠪᠬᠤ ᠵᠥᠪᠰᠢᠶᠡᠷᠡᠯ ᠤᠨ ᠦᠨᠡᠮᠯᠡᠯ ᠭᠤᠶᠤᠴᠢᠯᠠᠵᠤ ᠠᠪᠬᠤ ᠬᠡᠷᠡᠭᠲᠡᠶ ᠂ ᠳᠣᠤᠷᠠᠬᠢ ᠪᠠᠶᠢᠳᠠᠯ | ᠪᠠᠶᠢᠬᠤ ᠨᠢ ᠡᠭᠦᠨ ᠳᠤ ᠪᠠᠭᠲᠠᠬᠤ ᠦᠭᠡᠶ᠄ | ︵ᠨᠢᠭᠡ︶ ᠭᠡᠷ ᠪᠦᠯᠢ ᠶᠢᠨ ᠠᠮᠢᠳᠤᠷᠠᠯ ᠪᠠ ᠮᠠᠯ ᠵᠢᠭᠦᠷᠲᠡᠨ ᠢ ᠬᠡᠰᠡᠭ ᠪᠤᠰᠠᠭ ᠢᠶᠠᠷ ᠰᠤᠯᠠ ᠲᠡᠵᠢᠭᠡᠵᠦ ᠂ | ᠬᠠᠰᠢᠶᠠᠯᠠᠨ ᠲᠡᠵᠢᠭᠡᠬᠦ ᠳᠤ ᠬᠡᠷᠡᠭᠯᠡᠬᠦ ᠤᠰᠤ ᠶᠢ ᠵᠢᠯ ᠳᠤ 1000 ᠪᠣᠰᠤᠭ᠎ᠠ ᠳᠥᠷᠪᠡᠯᠵᠢᠨ ᠮᠧᠲᠷ ᠠᠴᠠ ᠳᠣᠷᠣᠭᠰᠢ | ᠠᠪᠤᠭᠰᠠᠨ ᠪᠠᠶᠢᠪᠠᠯ︔ | ︵ᠬᠤᠶᠠᠷ︶ ᠠᠭᠤᠷᠬᠠᠢ ᠶᠢᠨ ᠬᠤᠳᠳᠤᠭ ᠵᠡᠷᠭᠡ ᠭᠠᠵᠠᠷ ᠳᠣᠣᠷᠠᠬᠢ ᠢᠨᠵᠧᠨᠧᠷᠢᠩ ᠤᠨ ᠠᠵᠢᠯ ᠤᠨ ᠠᠮᠤᠷ | ᠲᠦᠪᠰᠢᠨ ᠪᠠ ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ ᠡᠷᠬᠡᠪᠰᠢ ᠲᠦᠷ ᠴᠠᠭ ᠤᠨ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠡᠷᠡᠭᠲᠡᠢ︔ | ︵ᠭᠤᠷᠪᠠ︶ ᠣᠯᠠᠨ ᠨᠡᠶᠢᠲᠡ ᠶᠢᠨ ᠠᠮᠤᠷ ᠲᠦᠪᠰᠢᠨ ᠪᠤᠶᠤ ᠣᠯᠠᠨ ᠨᠡᠶᠢᠲᠡ ᠶᠢᠨ ᠠᠰᠢᠭ ᠲᠤᠰᠠ ᠳᠤ | ᠦᠵᠡᠭᠦᠯᠬᠦ ᠲᠦᠷ ᠴᠠᠭ ᠤᠨ ᠪᠠᠴᠢᠮ ᠪᠠᠶᠢᠳᠠᠯ ᠢ ᠠᠷᠭᠠᠴᠠᠭᠠᠬᠤ ᠶᠢᠨ ᠲᠥᠯᠥᠭᠡ ᠤᠰᠤ ᠲᠠᠲᠠᠵᠤ ᠬᠡᠷᠡᠭᠯᠡᠭᠰᠡᠨ | ᠪᠠᠶᠢᠪᠠᠯ︔ | ︵ᠲᠦᠷᠪᠡ︶ ᠲᠠᠷᠢᠶᠠᠯᠠᠩ ᠮᠠᠯ ᠠᠵᠤ ᠠᠬᠤᠶ ᠶᠢᠨ ᠭᠠᠩ ᠬᠠᠭᠰᠠᠷᠭᠠᠨ ᠲᠠᠢ ᠲᠡᠮᠡᠴᠡᠬᠦ ᠪᠠ ᠠᠮᠢ ᠠᠬᠤᠶ | ᠬᠢᠭᠡᠳ ᠣᠷᠴᠢᠨ ᠲᠣᠭᠤᠷᠢᠨ ᠢ ᠬᠠᠮᠠᠭᠠᠯᠠᠬᠤ ᠶᠢᠨ ᠲᠥᠯᠥᠭᠡ ᠡᠷᠬᠡᠪᠰᠢ ᠲᠦᠷ ᠴᠠᠭ ᠤᠨ ᠪᠠᠴᠢᠮ ᠪᠠᠶᠢᠳᠠᠯ ᠢ | ᠠᠷᠭᠠᠴᠠᠭᠠᠵᠦ ᠤᠰᠤ ᠲᠠᠲᠠᠭᠰᠠᠨ ᠪᠠᠶᠢᠪᠠᠯ︔ | ︵ᠲᠠᠪᠤ︶ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠤᠰᠤ ᠠᠪᠬᠤ ᠵᠥᠪᠰᠢᠶᠡᠷᠡᠯ ᠤᠨ | ᠦᠨᠡᠮᠯᠡᠯ ᠠᠪᠬᠤ ᠴᠢᠬᠤᠯᠠ ᠦᠭᠡᠢ ᠭᠡᠵᠦ ᠲᠣᠭᠲᠠᠭᠠᠭᠰᠠᠨ ᠪᠤᠰᠤᠳ ᠪᠠᠶᠢᠳᠠᠯ ᠃ | ᠡᠮᠦᠨᠡᠬᠢ ᠵᠤᠷᠪᠤᠰ ᠤᠨ ᠬᠤᠶᠠᠳᠤᠭᠠᠷ ᠵᠦᠢᠯ ᠂ ᠭᠤᠷᠪᠠᠳᠤᠭᠠᠷ ᠵᠦᠢᠯ ᠳᠤ ᠲᠣᠭᠲᠠᠭᠠᠭᠰᠠᠨ ᠤᠰᠤ ᠲᠠᠲᠠᠬᠤ ᠨᠢ | ᠪᠠᠴᠢᠮ ᠪᠠᠶᠢᠳᠠᠯ ᠢ ᠠᠷᠭᠠᠴᠠᠭᠠᠨ ᠤᠰᠤ ᠠᠪᠬᠤ ︵ᠤᠰᠤ ᠭᠠᠳᠠᠭᠰᠢᠯᠠᠭᠤᠯᠬᠤ︶ ᠤᠰᠤ ᠳᠠᠭᠤᠰᠤᠭᠰᠠᠨ ᠤ ᠳᠠᠷᠠᠭ᠎ᠠ | ᠲᠠᠪᠤᠨ ᠠᠵᠢᠯᠯᠠᠬᠤ ᠡᠳᠦᠷ ᠤᠨ ᠳᠣᠲᠣᠷ᠎ᠠ ᠂ ᠬᠠᠮᠢᠶᠠᠷᠬᠤ ᠡᠷᠬᠡ ᠮᠡᠳᠡᠯ ᠲᠠᠢ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠳᠠᠩᠰᠠᠯᠠᠭᠤᠯᠬᠤ ᠬᠡᠷᠡᠭᠲᠡᠶ ᠃ ᠳᠥᠷᠪᠡᠳᠦᠭᠡᠷ ᠵᠦᠢᠯ ᠳᠤ ᠲᠣᠭᠲᠠᠭᠠᠭᠰᠠᠨ ᠤᠰᠤ ᠲᠠᠲᠠᠬᠤ ᠳᠤ | ᠬᠠᠮᠢᠶᠠᠷᠤᠯᠲᠠ ᠶᠢᠨ ᠡᠷᠬᠡ ᠮᠡᠳᠡᠯ ᠲᠠᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ | ᠬᠡᠷᠡᠭᠲᠡᠶ ᠃ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠢ ᠠᠷᠢᠯᠭᠠᠭᠰᠠᠨ ᠤ ᠳᠠᠷᠠᠭ᠎ᠠ ᠂ ᠤᠰᠤ ᠲᠠᠲᠠᠬᠤ ᠨᠢᠭᠡᠴᠢ | ᠪᠤᠶᠤ ᠬᠤᠪᠢ ᠬᠥᠮᠦᠨ ᠨᠢ ᠭᠠᠵᠠᠷ ᠳᠣᠤᠷᠠᠬᠢ ᠤᠰᠤ ᠶᠢ ᠠᠪᠴᠤ ᠬᠡᠷᠡᠭᠯᠡᠬᠦ ᠪᠠᠨ ᠳᠠᠷᠦ᠋ᠢᠬᠠᠨ ᠵᠣᠭᠰᠣᠭᠠᠬᠤ ᠶᠢᠨ | ᠬᠠᠮᠲᠤ ᠪᠠᠴᠢᠮ ᠪᠠᠶᠢᠳᠠᠯ ᠢ ᠠᠷᠭᠠᠴᠠᠭᠠᠬᠤ ᠳᠤ ᠤᠰᠤ ᠲᠠᠲᠠᠬᠤ ᠪᠡᠯᠡᠳᠬᠡᠮᠵᠢ ᠶᠢ ᠪᠢᠲᠡᠭᠦᠮᠵᠢᠯᠡᠨ ᠵᠣᠭᠰᠣᠭᠠᠬᠤ | ᠬᠡᠷᠡᠭᠲᠡᠶ ᠃ | ᠠᠷᠪᠠᠨ ᠬᠤᠶᠠᠳᠤᠭᠠᠷ ᠵᠤᠷᠪᠤᠰ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠶᠡᠷᠦᠩᠬᠡᠶ ᠬᠡᠮᠵᠢᠶ᠎ᠡ ᠨᠢ | ᠬᠢᠵᠠᠭᠠᠷᠯᠠᠬᠤ ᠭᠦᠢᠴᠡᠳᠭᠡᠯ ᠲᠤᠭ᠎ᠠ ᠠᠴᠠ ᠬᠡᠲᠦᠷᠡᠭᠰᠡᠨ ᠪᠤᠶᠤ ᠤᠰᠤᠨ ᠲᠦᠪᠰᠢᠨ ᠨᠢ ᠬᠢᠵᠠᠭᠠᠷᠯᠠᠬᠤ ᠭᠦᠢᠴᠡᠳᠭᠡᠯ | ᠲᠤᠭ᠎ᠠ ᠶᠢᠨ ᠬᠠᠮᠢᠶᠠᠷᠤᠯᠲᠠ ᠶᠢᠨ ᠨᠢᠭᠡᠴᠢ ᠳᠤ ᠨᠡᠶᠢᠴᠡᠬᠦ ᠦᠭᠡᠶ ᠪᠣᠯ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠲᠡᠭᠦᠨ ᠤ ᠪᠠᠶᠢᠭ᠎ᠠ ᠬᠤᠰᠢᠭᠤ ᠰᠢᠶᠠᠨ ︵ᠬᠤᠲᠠ ᠂ ᠲᠣᠭᠤᠷᠢᠭ︶ ᠤ ᠤᠰᠤ ᠲᠠᠲᠠᠬᠤ ᠵᠥᠪᠰᠢᠶᠡᠷᠡᠯ ᠤᠨ ᠬᠢᠵᠠᠭᠠᠷᠲᠤ | ᠣᠷᠣᠨ ᠢᠶᠠᠷ ᠲᠣᠭᠲᠠᠭᠠᠬᠤ ᠶᠢᠨ ᠬᠠᠮᠲᠤ ᠂ ᠵᠥᠪᠰᠢᠶᠡᠷᠡᠬᠦ ᠬᠤᠭᠤᠴᠠᠭ᠎ᠠ ᠬᠢᠵᠠᠭᠠᠷ ᠪᠣᠯᠤᠨ ᠴᠡᠭᠴᠡᠯᠡᠨ | ᠰᠠᠶᠢᠵᠢᠷᠠᠭᠤᠯᠬᠤ ᠱᠠᠭᠠᠷᠳᠠᠯᠭ᠎ᠠ ᠶᠢ ᠨᠢ ᠲᠣᠳᠣᠷᠬᠠᠶᠢᠯᠠᠬᠤ ᠬᠡᠷᠡᠭᠲᠡᠶ ᠃ | ᠵᠦᠪᠰᠢᠶᠡᠷᠡᠯ ᠢ ᠬᠢᠵᠠᠭᠠᠷᠯᠠᠭᠰᠠᠨ ᠬᠤᠭᠤᠴᠠᠭᠠᠨ ᠳᠤ ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠠᠮᠢᠳᠤᠷᠠᠯ ᠪᠤᠶᠤ ᠢᠯᠴᠢ ᠬᠠᠩᠭᠠᠬᠤ ᠬᠤᠭᠤᠯᠠᠶ ᠶᠢᠨ ᠲᠣᠤᠷ ᠤᠨ ᠤᠰᠤ ᠨᠥᠬᠦᠪᠥᠷᠢᠯᠡᠬᠦ ᠵᠡᠷᠭᠡ ᠣᠨᠴᠠᠭᠠᠶ | ᠪᠠᠶᠢᠳᠠᠯ ᠠᠴᠠ ᠭᠠᠳᠠᠨ᠎ᠠ ᠂ ᠭᠠᠵᠠᠷ ᠳᠣᠤᠷᠠᠬᠢ ᠤᠰᠤ ᠶᠢ ᠰᠢᠨ᠎ᠡ ᠪᠠᠷ ᠲᠠᠲᠠᠵᠤ ᠬᠡᠷᠡᠭᠯᠡᠬᠦ ᠶᠢ ᠬᠢᠨᠠᠨ ᠵᠥᠪᠰᠢᠶᠡᠷᠡᠬᠦ ᠶᠢ | ᠲᠦᠷ ᠵᠣᠭᠰᠣᠭᠠᠨ᠎ᠠ ᠃ | ᠬᠢᠨᠠᠨ ᠵᠥᠪᠰᠢᠶᠡᠷᠡᠬᠦ ᠶᠢ ᠬᠢᠵᠠᠭᠠᠷᠯᠠᠭᠰᠠᠨ ᠬᠤᠭᠤᠴᠠᠭᠠᠨ ᠳᠣᠲᠣᠷ᠎ᠠ ᠂ ᠵᠥᠪᠰᠢᠶᠡᠷᠡᠭᠦᠯᠬᠦ ᠪᠠᠷ | ᠬᠢᠵᠠᠭᠠᠷᠯᠠᠭᠳᠠᠭᠰᠠᠨ ᠭᠠᠵᠠᠷ ᠣᠷᠣᠨ ᠤ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠠᠪᠬᠤ ᠬᠡᠷᠡᠭᠲᠡᠶ ᠃ ᠴᠡᠭᠴᠡᠯᠡᠨ ᠰᠠᠶᠢᠵᠢᠷᠠᠭᠤᠯᠵᠤ ᠳᠠᠭᠤᠰᠤᠭᠰᠠᠨ ᠤ | ᠳᠠᠷᠠᠭ᠎ᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠲᠣᠭᠲᠠᠭᠠᠯᠭᠠᠭᠠᠳ ᠂ ᠬᠢᠵᠠᠭᠠᠷ ᠢ ᠨᠢ ᠬᠦᠴᠦᠨ ᠦᠭᠡᠶ | ᠪᠣᠯᠭᠠᠨ᠎ᠠ ᠃ | ᠠᠷᠪᠠᠨ ᠭᠤᠷᠪᠠᠳᠤᠭᠠᠷ ᠵᠤᠷᠪᠤᠰ ᠲᠠᠷᠢᠶᠠᠯᠠᠩ ᠮᠠᠯ ᠠᠵᠤ ᠠᠬᠤᠶ ᠶᠢᠨ ᠭᠠᠵᠠᠷ ᠳᠣᠤᠷᠠᠬᠢ ᠤᠰᠤᠨ ᠤ | ᠤᠰᠤᠯᠠᠯᠲᠠ ᠶᠢᠨ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠂ ᠥᠭᠡᠷᠡᠴᠢᠯᠡᠨ ᠪᠠᠶᠢᠭᠤᠯᠬᠤ ᠂ ᠥᠷᠭᠡᠳᠬᠡᠨ | ᠪᠠᠶᠢᠭᠤᠯᠬᠤ ᠳᠤ ᠳᠤᠰᠤᠯᠭᠠᠨ ᠤᠰᠤᠯᠠᠬᠤ ᠂ ᠰᠦᠷᠴᠢᠨ ᠤᠰᠤᠯᠠᠬᠤ ᠵᠡᠷᠭᠡ ᠥᠨᠳᠥᠷ ᠦᠷ᠎ᠡ ᠪᠦᠲᠦᠮᠵᠢᠲᠡᠶ ᠤᠰᠤ | ᠠᠷᠪᠢᠯᠠᠬᠤ ᠮᠡᠷᠭᠡᠵᠢᠯ ᠢ ᠬᠡᠷᠡᠭᠯᠡᠬᠦ ᠬᠡᠷᠡᠭᠲᠡᠶ ᠃ ᠨᠢᠭᠡᠨᠲᠡ ᠪᠠᠶᠢᠭᠤᠯᠤᠭᠰᠠᠨ ᠲᠠᠷᠢᠶᠠᠯᠠᠩ ᠮᠠᠯ ᠠᠵᠤ ᠠᠬᠤᠶ ᠶᠢᠨ ᠭᠠᠵᠠᠷ | ᠳᠣᠤᠷᠠᠬᠢ ᠤᠰᠤᠯᠠᠯᠲᠠ ᠶᠢᠨ ᠢᠨᠵᠧᠨᠧᠷ ᠲᠤ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ ᠢ | ᠬᠠᠷᠠᠬᠠᠨ ᠬᠡᠷᠡᠭᠯᠡᠭᠡᠳᠦᠶ ᠪᠣᠯ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠥᠭᠡᠷᠡᠴᠢᠯᠡᠯᠲᠡ ᠶᠢ ᠠᠯᠬᠤᠮ | ᠠᠯᠬᠤᠮ ᠢᠶᠠᠷ ᠥᠷᠨᠢᠭᠦᠯᠬᠦ ᠬᠡᠷᠡᠭᠲᠡᠶ ᠃ | ᠰᠢᠨ᠎ᠡ ᠪᠠᠷ ᠪᠠᠶᠢᠭᠤᠯᠬᠤ ᠂ ᠥᠭᠡᠷᠡᠴᠢᠯᠡᠨ ᠪᠠᠶᠢᠭᠤᠯᠬᠤ ᠂ ᠥᠷᠭᠡᠳᠬᠡᠨ ᠪᠠᠶᠢᠭᠤᠯᠬᠤ ᠠᠵᠤ ᠦᠢᠯᠡᠳᠪᠦᠷᠢ | ᠪᠣᠯᠤᠨ ᠦᠢᠯᠡᠴᠢᠯᠡᠭᠡᠨ ᠤ ᠦᠢᠯᠡᠰ ᠤᠨ ᠲᠥᠷᠥᠯ ᠵᠦᠢᠯ ᠤᠨ ᠤᠰᠤ ᠬᠡᠷᠡᠭᠯᠡᠬᠦ ᠬᠢᠷᠢ ᠬᠡᠮᠵᠢᠶ᠎ᠡ ᠨᠢ ᠤᠯᠤᠰ ᠪᠤᠶᠤ | ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠲᠡᠷᠢᠭᠦᠨ ᠤ | ᠬᠡᠮᠵᠢᠭᠳᠡᠯ ᠠᠴᠠ ᠳᠣᠤᠷ᠎ᠠ ᠦᠭᠡᠶ ᠪᠠᠶᠢᠬᠤ ᠬᠡᠷᠡᠭᠲᠡᠶ︔ ᠲᠡᠷᠢᠭᠦᠨ ᠤ ᠥᠷᠲᠡᠭ ᠢ ᠬᠠᠷᠠᠬᠠᠨ ᠲᠣᠭᠲᠠᠭᠠᠭᠠᠳᠤᠶ ᠪᠣᠯ | ᠨᠡᠶᠢᠳᠡᠮ ᠬᠡᠷᠡᠭᠯᠡᠬᠦ ᠤᠰᠤ ᠬᠡᠷᠡᠭᠯᠡᠬᠦ ᠲᠣᠭᠲᠠᠭᠰᠠᠨ ᠨᠣᠷᠮ᠎ᠠ ᠠᠴᠠ ᠳᠣᠤᠷ᠎ᠠ ᠦᠭᠡᠶ ᠪᠠᠶᠢᠬᠤ ᠬᠡᠷᠡᠭᠲᠡᠶ ᠃ ᠤᠰᠤ | ᠬᠡᠷᠡᠭᠯᠡᠬᠦ ᠬᠢᠷᠢ ᠬᠡᠮᠵᠢᠶ᠎ᠡ ᠨᠢ ᠨᠡᠶᠢᠳᠡᠮ ᠬᠡᠷᠡᠭᠯᠡᠬᠦ ᠤᠰᠤᠨ ᠤ ᠲᠣᠭᠲᠠᠭᠰᠠᠨ ᠲᠤᠭ᠎ᠠ ᠠᠴᠠ ᠳᠣᠤᠷ᠎ᠠ ᠪᠠᠶᠢᠬᠤ ᠠᠵᠤ | ᠦᠢᠯᠡᠳᠪᠦᠷᠢ ᠪᠣᠯᠤᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠳ ᠬᠤᠭᠤᠴᠠᠭ᠎ᠠ ᠬᠢᠵᠠᠭᠠᠷᠯᠠᠨ ᠤᠰᠤ | ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠬᠦ ᠬᠡᠷᠡᠭᠲᠡᠶ ᠃ | ᠬᠤᠲᠠ ᠶᠢᠨ ᠨᠤᠭᠤᠭᠠᠷᠠᠭᠤᠯᠤᠯᠲᠠ ᠳᠤ ᠲᠠᠬᠢᠯᠲᠠ ᠤᠰᠤ ᠶᠢ ᠡᠩ ᠲᠡᠷᠢᠭᠦᠨ ᠳᠤ ᠬᠡᠷᠡᠭᠯᠡᠨ᠎ᠡ ᠃ ᠭᠠᠵᠠᠷ | ᠳᠣᠤᠷᠠᠬᠢ ᠤᠰᠤ ᠶᠢ ᠠᠪᠴᠤ ᠬᠤᠲᠠ ᠶᠢᠨ ᠤᠰᠤᠨ ᠤ ᠦᠵᠡᠮᠵᠢ ᠂ ᠤᠰᠤᠨ ᠳᠡᠭᠡᠷᠡᠬᠢ ᠵᠤᠭ᠎ᠠ ᠴᠡᠩᠭᠡᠯ ᠤᠨ ᠲᠥᠷᠥᠯ | ᠵᠦᠢᠯ ᠪᠠ ᠬᠥᠮᠦᠨ ᠤ ᠬᠦᠴᠦ ᠪᠠᠷ ᠴᠠᠰᠤ ᠵᠣᠬᠢᠶᠠᠬᠤ ᠳᠤ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ ᠃ | ᠠᠷᠪᠠᠨ ᠳᠥᠷᠪᠡᠳᠦᠭᠡᠷ ᠵᠤᠷᠪᠤᠰ ᠲᠠᠷᠢᠶᠠᠯᠠᠩ ᠮᠠᠯ ᠠᠵᠤ ᠠᠬᠤᠶ ᠶᠢᠨ ᠤᠰᠤᠯᠠᠯᠲᠠ ᠳᠤ ᠭᠠᠵᠠᠷ ᠳᠣᠤᠷᠠᠬᠢ | ᠤᠰᠤ ᠶᠢ ᠠᠪᠴᠤ ᠬᠡᠷᠡᠭᠯᠡᠭᠰᠡᠨ ᠪᠣᠯ ᠤᠰᠤ ᠠᠪᠴᠤ ᠬᠡᠷᠡᠭᠯᠡᠬᠦ ᠡᠷᠦᠬᠡ ᠠᠴᠠ ᠤᠰᠤ ᠠᠪᠬᠤ ᠵᠥᠪᠰᠢᠶᠡᠷᠡᠯ ᠤᠨ | ᠦᠨᠡᠮᠯᠡᠯ ᠢ ᠬᠠᠤᠯᠢ ᠶᠣᠰᠣᠭᠠᠷ ᠭᠤᠶᠤᠴᠢᠯᠠᠨ ᠣᠯᠵᠤ ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠪᠤᠶᠤ | ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠂ ᠲᠠᠷᠢᠶᠠᠴᠢᠨ ᠮᠠᠯᠴᠢᠳ ᠤᠨ | ᠬᠤᠷᠰᠢᠭᠰᠠᠨ ᠵᠣᠬᠢᠶᠠᠨ ᠪᠠᠶᠢᠭᠤᠯᠤᠯᠲᠠ ᠠᠴᠠ ᠭᠤᠶᠤᠴᠢᠯᠠᠭᠰᠠᠨ ᠴᠤ ᠪᠣᠯᠤᠨ᠎ᠠ ᠃ | ᠲᠠᠷᠢᠶᠠᠯᠠᠩ ᠮᠠᠯ ᠠᠵᠤ ᠠᠬᠤᠶ ᠶᠢᠨ ᠤᠰᠤᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ | ᠭᠠᠵᠠᠷ ᠳᠣᠤᠷᠠᠬᠢ ᠤᠰᠤ ᠶᠢ ᠠᠪᠴᠤ ᠬᠡᠷᠡᠭᠯᠡᠬᠦ ᠴᠢᠬᠤᠯᠠ ᠲᠠᠢ ᠪᠣᠯ ᠪᠠᠷᠢᠯᠭ᠎ᠠ ᠪᠠᠷᠢᠬᠤ ᠨᠢᠭᠡᠴᠢ ᠠᠴᠠ ᠤᠰᠤ | ᠠᠪᠬᠤ ᠪᠠᠷ ᠭᠤᠶᠤᠴᠢᠯᠠᠬᠤ ᠬᠡᠷᠡᠭᠲᠡᠶ ᠃ | ᠠᠷᠪᠠᠨ ᠲᠠᠪᠤᠳᠤᠭᠠᠷ ᠵᠤᠷᠪᠤᠰ ᠬᠤᠰᠢᠭᠤ ᠰᠢᠶᠠᠨ ᠂ ᠰᠤᠮᠤ ᠰᠢᠶᠠᠩ ᠪᠠᠯᠭᠠᠰᠤ ᠂ ᠭᠠᠴᠠᠭ᠎ᠠ ᠲᠣᠰᠬᠤᠨ ᠂ | ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠯᠲᠠ ᠶᠢᠨ ᠠᠵᠢᠯᠲᠠᠨ ᠳᠥᠷᠪᠡᠨ ᠱᠠᠲᠤᠨ ᠤ ᠭᠠᠵᠠᠷ ᠳᠣᠤᠷᠠᠬᠢ | ᠤᠰᠤ ᠶᠢ ᠬᠠᠮᠠᠭᠠᠯᠠᠬᠤ ᠬᠢᠭᠡᠳ ᠬᠠᠮᠢᠶᠠᠷᠬᠤ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠵᠤ ᠂ ᠠᠵᠢᠯ ᠤᠨ | ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ ᠃ ᠬᠤᠰᠢᠭᠤ ᠰᠢᠶᠠᠨ ᠂ ᠰᠤᠮᠤ ᠰᠢᠶᠠᠩ ᠪᠠᠯᠭᠠᠰᠤ ᠂ ᠭᠠᠴᠠᠭ᠎ᠠ | ᠲᠣᠰᠬᠤᠨ ᠤ ᠭᠠᠵᠠᠷ ᠳᠣᠤᠷᠠᠬᠢ ᠤᠰᠤ ᠶᠢ ᠬᠠᠮᠠᠭᠠᠯᠠᠬᠤ ᠬᠢᠭᠡᠳ ᠬᠠᠮᠢᠶᠠᠷᠬᠤ ᠬᠠᠷᠢᠭᠤᠴᠠᠯᠭᠠᠲᠠᠨ ᠢ ᠬᠤᠰᠢᠭᠤ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ ᠲᠣᠭᠲᠠᠭᠠᠬᠤ ᠬᠡᠷᠡᠭᠲᠡᠶ ᠃ | ᠭᠠᠴᠠᠭ᠎ᠠ ᠲᠣᠰᠬᠤᠨ ᠨᠤᠭᠤᠳ ᠬᠡᠷᠡᠭᠴᠡᠭᠡ ᠪᠠᠨ ᠦᠨᠳᠦᠰᠦᠯᠡᠨ ᠲᠤᠰᠬᠠᠶ ᠲᠤᠰᠢᠶᠠᠯ ᠤᠨ ᠪᠤᠶᠤ ᠲᠤᠰᠢᠶᠠᠯ | ᠬᠠᠪᠰᠤᠷᠭᠠᠭᠰᠠᠨ ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠯᠲᠠ ᠶᠢᠨ ᠠᠵᠢᠯᠲᠠᠨ ᠲᠣᠬᠢᠷᠠᠭᠤᠯᠵᠤ ᠂ ᠭᠠᠵᠠᠷ | ᠳᠣᠤᠷᠠᠬᠢ ᠤᠰᠤ ᠶᠢ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢᠨ ᠣᠷᠣᠨ ᠢ ᠬᠤᠪᠢᠶᠠᠷᠢᠯᠠᠨ ᠲᠣᠭᠲᠠᠭᠠᠵᠤ ᠂ | ᠬᠠᠷᠢᠶ᠎ᠠ ᠪᠦᠬᠦᠢ ᠲᠠᠷᠢᠶᠠᠯᠠᠩ ᠤᠨ ᠮᠠᠰᠢᠨ ᠴᠠᠬᠢᠯᠭᠠᠨ ᠬᠤᠳᠳᠤᠭ ᠲᠤ ᠲᠣᠤᠷᠵᠢᠭᠤᠯᠤᠭᠰᠠᠨ ᠬᠠᠮᠢᠶᠠᠷᠤᠯᠲᠠ ᠶᠢ | ᠬᠡᠷᠡᠭᠵᠢᠭᠦᠯᠬᠦ ᠬᠡᠷᠡᠭᠲᠡᠶ ᠃ | ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠯᠲᠠ ᠶᠢᠨ ᠠᠵᠢᠯᠲᠠᠨ ᠳᠣᠤᠷᠠᠬᠢ ᠮᠡᠲᠦ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄ | ︵ᠨᠢᠭᠡ︶ ᠲᠠᠷᠢᠶᠠᠯᠠᠩ ᠤᠨ ᠮᠠᠰᠢᠨ ᠴᠠᠬᠢᠯᠭᠠᠨ ᠬᠤᠳᠳᠤᠭ ᠢ ᠲᠣᠭᠤᠷᠢᠨ ᠪᠠᠶᠢᠴᠠᠭᠠᠵᠤ ᠬᠠᠮᠢᠶᠠᠷᠤᠨ | ᠬᠠᠮᠠᠭᠠᠯᠠᠵᠤ ᠂ ᠮᠠᠰᠢᠨ ᠴᠠᠬᠢᠯᠭᠠᠨ ᠬᠤᠳᠳᠤᠭ ᠵᠢᠴᠢ ᠬᠡᠮᠵᠢᠯᠲᠡ ᠶᠢᠨ ᠬᠢᠨᠠᠨ ᠬᠡᠮᠵᠢᠬᠦ ᠲᠥᠬᠦᠭᠡᠷᠦᠮᠵᠢ ᠶᠢᠨ ᠬᠡᠪ ᠤᠨ | ᠠᠵᠢᠯᠯᠠᠭᠠᠨ ᠢ ᠦᠨᠡᠨ ᠬᠦ ᠪᠠᠲᠤᠯᠠᠨ᠎ᠠ︔ | ︵ᠬᠤᠶᠠᠷ︶ ᠭᠠᠵᠠᠷ ᠳᠣᠤᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠲᠦᠷᠢᠮ ᠠᠷᠭ᠎ᠠ ᠬᠡᠮᠵᠢᠶ᠎ᠡ ᠶᠢ | ᠰᠢᠮᠳᠠᠭᠤᠯᠤᠨ ᠨᠠᠶᠢᠳᠠᠪᠤᠷᠢᠵᠢᠭᠤᠯᠤᠨ᠎ᠠ︔ | ︵ᠭᠤᠷᠪᠠ︶ ᠭᠠᠵᠠᠷ ᠳᠣᠤᠷᠠᠬᠢ ᠤᠰᠤᠨ ᠤ ᠬᠠᠮᠠᠭᠠᠯᠠᠯᠲᠠ ᠪᠠ ᠬᠠᠮᠢᠶᠠᠷᠤᠯᠲᠠ ᠶᠢᠨ ᠳᠦᠷᠢᠮ ᠠᠷᠭ᠎ᠠ | ᠬᠡᠮᠵᠢᠶ᠎ᠡ ᠵᠢᠴᠢ ᠭᠠᠵᠠᠷ ᠳᠣᠤᠷᠠᠬᠢ ᠤᠰᠤ ᠶᠢ ᠡᠪᠳᠡᠭᠰᠡᠨ ᠪᠤᠰᠤᠳ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠬᠤᠷᠢᠭᠯᠠᠨ ᠵᠣᠭᠰᠣᠭᠠᠵᠤ ᠂ ᠢᠯᠡᠴᠢᠯᠡᠨ ᠮᠡᠳᠡᠭᠦᠯᠦᠨ᠎ᠡ︔ | ︵ᠲᠦᠷᠪᠡ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠭᠠᠵᠠᠷ ᠳᠣᠤᠷᠠᠬᠢ ᠤᠰᠤ ᠶᠢ | ᠬᠠᠮᠠᠭᠠᠯᠠᠬᠤ ᠂ ᠬᠠᠮᠢᠶᠠᠷᠬᠤ ᠪᠣᠳᠠᠲᠠᠶ ᠠᠵᠢᠯ ᠢ ᠥᠷᠨᠢᠭᠦᠯᠦᠨ᠎ᠡ ᠃ | ᠠᠷᠪᠠᠨ ᠵᠢᠷᠭᠤᠳᠤᠭᠠᠷ ᠵᠤᠷᠪᠤᠰ ᠢᠯᠴᠢ ᠶᠢᠨ ᠬᠦᠴᠦᠨ ᠢᠶᠠᠷ ᠴᠠᠬᠢᠯᠭᠠᠨ ᠭᠠᠷᠭᠠᠬᠤ ᠂ ᠪᠣᠯᠣᠳ ᠲᠡᠮᠦᠷ ᠂ | ᠨᠡᠬᠡᠮᠡᠯ ᠂ ᠴᠠᠭᠠᠰᠤ ᠂ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠵᠡᠷᠭᠡ ᠤᠰᠤ ᠶᠡᠭᠡ ᠬᠤᠷᠣᠭᠳᠠᠭᠤᠯᠬᠤ | ᠠᠵᠤ ᠦᠢᠯᠡᠳᠪᠦᠷᠢ ᠶᠢᠨ ᠲᠥᠷᠥᠯ ᠵᠦᠢᠯ ᠳᠤ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠶᠢ ᠴᠠᠭᠠᠵᠠᠯᠠᠨ᠎ᠠ ᠃ | ᠨᠢᠭᠡᠨᠲᠡ ᠪᠠᠶᠢᠭᠤᠯᠤᠭᠰᠠᠨ ᠤᠰᠤ ᠶᠡᠭᠡ ᠬᠤᠷᠣᠭᠳᠠᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠨᠢ ᠭᠠᠵᠠᠷ | ᠳᠣᠤᠷᠠᠬᠢ ᠤᠰᠤ ᠶᠢ ᠬᠡᠷᠡᠭᠯᠡᠬᠦ ᠳᠤ ᠤᠰᠤ ᠠᠷᠪᠢᠯᠠᠬᠤ ᠠᠷᠭ᠎ᠠ ᠬᠡᠮᠵᠢᠶ᠎ᠡ ᠠᠪᠴᠤ ᠂ ᠭᠠᠵᠠᠷ ᠳᠣᠤᠷᠠᠬᠢ ᠤᠰᠤ ᠶᠢ | ᠨᠡᠭᠡᠭᠡᠨ ᠮᠠᠯᠲᠠᠬᠤ ᠬᠡᠮᠵᠢᠶ᠎ᠡ ᠶᠢ ᠠᠯᠬᠤᠮ ᠠᠯᠬᠤᠮ ᠢᠶᠠᠷ ᠪᠠᠭᠠᠰᠬᠠᠬᠤ ᠬᠡᠷᠡᠭᠲᠡᠶ ᠃ ᠨᠥᠬᠦᠴᠡᠯ ᠲᠠᠢ ᠪᠣᠯ ᠭᠠᠵᠠᠷ | ᠳᠣᠤᠷᠠᠬᠢ ᠤᠰᠤᠨ ᠰᠤᠷᠪᠤᠯᠵᠢ ᠶᠢ ᠬᠡᠪ ᠤᠨ ᠪᠤᠰᠤ ᠤᠰᠤᠨ ᠰᠤᠷᠪᠤᠯᠵᠢ ᠪᠤᠶᠤ ᠭᠠᠵᠠᠷ ᠳᠡᠭᠡᠷᠡᠬᠢ ᠤᠰᠤᠨ | ᠰᠤᠷᠪᠤᠯᠵᠢ ᠪᠠᠷ ᠰᠣᠯᠢᠬᠤ ᠬᠡᠷᠡᠭᠲᠡᠶ ᠃ | ᠤᠰᠤᠨ ᠤ ᠴᠢᠨᠠᠷ ᠲᠤ ᠣᠨᠴᠠᠭᠠᠢ ᠱᠠᠭᠠᠷᠳᠠᠯᠭ᠎ᠠ ᠲᠠᠢ ᠢᠳᠡᠭᠡᠨ ᠂ ᠡᠮ ᠤᠨ ᠵᠦᠢᠯ ᠵᠡᠷᠭᠡ ᠠᠵᠤ | ᠦᠢᠯᠡᠳᠪᠦᠷᠢ ᠶᠢᠨ ᠲᠥᠷᠥᠯ ᠵᠦᠢᠯ ᠪᠤᠶᠤ ᠤᠰᠤᠨ ᠤ ᠡᠬᠢ ᠰᠤᠷᠪᠤᠯᠵᠢ ᠶᠢ ᠤᠰᠤ ᠬᠠᠩᠭᠠᠬᠤ ᠪᠤᠰᠤᠳ ᠨᠥᠬᠦᠴᠡᠯ ᠢ | ᠪᠦᠷᠢᠯᠳᠦᠭᠦᠯᠦᠭᠰᠡᠨ ᠦᠭᠡᠶ ᠪᠤᠰᠤᠳ ᠠᠵᠤ ᠦᠢᠯᠡᠳᠪᠦᠷᠢ ᠶᠢᠨ ᠲᠥᠷᠥᠯ ᠵᠦᠢᠯ ᠨᠢ ᠭᠠᠵᠠᠷ ᠳᠣᠤᠷᠠᠬᠢ ᠤᠰᠤ ᠶᠢ | ᠲᠠᠲᠠᠵᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠪᠠ ᠤᠰᠤᠨ ᠲᠦᠪᠰᠢᠨ ᠢ ᠡᠵᠡᠮᠳᠡᠬᠦ ᠱᠠᠭᠠᠷᠳᠠᠯᠭ᠎ᠠ ᠳᠤ | ᠨᠡᠶᠢᠴᠡᠭᠰᠡᠨ ᠪᠠᠶᠢᠪᠠᠯ ᠂ ᠬᠠᠤᠯᠢ ᠶᠣᠰᠣᠭᠠᠷ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠵᠦ ᠪᠣᠯᠤᠨ᠎ᠠ ᠃ | ᠠᠷᠪᠠᠨ ᠳᠣᠯᠣᠳᠤᠭᠠᠷ ᠵᠤᠷᠪᠤᠰ ᠤᠰᠤ ᠠᠪᠬᠤ ᠵᠥᠪᠰᠢᠶᠡᠷᠡᠯ ᠤᠨ ᠦᠨᠡᠮᠯᠡᠯ ᠭᠤᠶᠤᠴᠢᠯᠠᠨ ᠠᠪᠬᠤ ᠴᠢᠬᠤᠯᠠ | ᠦᠭᠡᠶ ᠪᠠᠶᠢᠳᠠᠯ ᠠᠴᠠ ᠭᠠᠳᠠᠨ᠎ᠠ ᠂ ᠤᠰᠤ ᠠᠪᠬᠤ ᠭᠤᠶᠤᠴᠢᠯᠠᠯ ᠢ ᠬᠢᠨᠠᠨ ᠵᠥᠪᠰᠢᠶᠡᠷᠡᠬᠦ ᠪᠠᠶᠢᠭᠤᠯᠭ᠎ᠠ ᠪᠠᠷ | ᠵᠥᠪᠰᠢᠶᠡᠷᠡᠭᠦᠯᠦᠭᠰᠡᠨ ᠤ ᠳᠠᠷᠠᠭ᠎ᠠ ᠂ ᠭᠤᠶᠤᠴᠢᠯᠠᠭᠴᠢ ᠨᠢ ᠭᠠᠵᠠᠷ ᠳᠣᠤᠷᠠᠬᠢ ᠤᠰᠤ ᠪᠠᠷ ᠤᠰᠤ ᠠᠪᠬᠤ ᠪᠠᠷᠢᠯᠭ᠎ᠠ | ᠪᠤᠶᠤ ᠪᠡᠯᠡᠳᠬᠡᠮᠵᠢ ᠪᠠᠶᠢᠭᠤᠯᠵᠤ ᠪᠣᠯᠤᠨ᠎ᠠ ᠃ | ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ ᠂ ᠭᠠᠵᠠᠷ ᠳᠣᠤᠷᠠᠬᠢ ᠤᠰᠤ ᠶᠢ ᠲᠠᠲᠠᠬᠤ ᠪᠠᠷᠢᠯᠭ᠎ᠠ ᠪᠤᠶᠤ | ᠪᠡᠯᠡᠳᠬᠡᠮᠵᠢ ᠶᠢ ᠰᠢᠨ᠎ᠡ ᠪᠠᠷ ᠪᠠᠶᠢᠭᠤᠯᠬᠤ ᠂ ᠥᠭᠡᠷᠡᠴᠢᠯᠡᠨ ᠪᠠᠶᠢᠭᠤᠯᠬᠤ ᠂ ᠥᠷᠭᠡᠳᠬᠡᠨ ᠪᠠᠶᠢᠭᠤᠯᠵᠤ ᠪᠣᠯᠬᠤ ᠦᠭᠡᠶ᠄ | ︵ᠨᠢᠭᠡ︶ ᠬᠠᠮᠢᠶᠠᠷᠤᠯᠲᠠ ᠶᠢᠨ ᠨᠢᠭᠡᠴᠢ ᠶᠢᠨ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠤᠰᠤᠨ ᠤ | ᠶᠡᠷᠦᠩᠬᠡᠶ ᠬᠡᠮᠵᠢᠶ᠎ᠡ ᠪᠠ ᠤᠰᠤᠨ ᠲᠦᠪᠰᠢᠨ ᠢ ᠡᠵᠡᠮᠳᠡᠬᠦ ᠭᠦᠢᠴᠡᠳᠭᠡᠯ ᠲᠣᠭᠠᠨ ᠤ ᠱᠠᠭᠠᠷᠳᠠᠯᠭ᠎ᠠ ᠳᠤ ᠨᠡᠶᠢᠴᠡᠬᠦ | ᠦᠭᠡᠶ ᠪᠠᠶᠢᠪᠠᠯ︔ | ︵ᠬᠤᠶᠠᠷ︶ ᠭᠠᠵᠠᠷ ᠳᠣᠤᠷᠠᠬᠢ ᠤᠰᠤ ᠶᠢ ᠨᠡᠭᠡᠭᠡᠨ ᠮᠠᠯᠲᠠᠬᠤ ᠠᠴᠠ ᠪᠣᠯᠵᠣ ᠭᠠᠵᠠᠷ ᠤᠨ ᠬᠦᠨᠳᠦ ᠨᠣᠴᠢᠲᠠᠶ | ᠭᠠᠮᠰᠢᠭ ᠂ ᠭᠠᠵᠠᠷ ᠳᠣᠤᠷᠠᠬᠢ ᠤᠰᠤ ᠶᠢ ᠪᠣᠬᠢᠷᠲᠤᠭᠤᠯᠬᠤ ᠪᠤᠶᠤ ᠠᠮᠢ ᠠᠬᠤᠶ ᠶᠢᠨ ᠰᠢᠰᠲ᠋ᠧᠮ ᠳᠤ ᠴᠢᠬᠤᠯᠠ ᠶᠡᠭᠡ | ᠨᠠᠵᠠᠭᠠᠶ ᠨᠥᠯᠥᠭᠡ ᠦᠵᠡᠭᠦᠯᠵᠦ ᠮᠡᠳᠡᠬᠦ︔ | ︵ᠭᠤᠷᠪᠠ︶ ᠣᠯᠠᠨ ᠨᠡᠶᠢᠲᠡ ᠶᠢᠨ ᠤᠰᠤ ᠬᠠᠩᠭᠠᠬᠤ ᠨᠢ ᠬᠡᠷᠡᠭᠴᠡᠭᠡ ᠶᠢ ᠬᠠᠩᠭᠠᠬᠤ ᠪᠤᠶᠤ ᠭᠠᠵᠠᠷ ᠳᠡᠭᠡᠷᠡᠬᠢ | ᠤᠰᠤ ᠂ ᠳᠠᠬᠢᠯᠲᠠ ᠤᠰᠤ ᠵᠡᠷᠭᠡ ᠪᠤᠰᠤᠳ ᠤᠰᠤᠨ ᠤ ᠡᠬᠢ ᠰᠤᠷᠪᠤᠯᠵᠢ ᠶᠢ ᠠᠰᠢᠭᠯᠠᠨ ᠤᠰᠤ ᠬᠡᠷᠡᠭᠯᠡᠬᠦ | ᠬᠡᠷᠡᠭᠴᠡᠭᠡ ᠶᠢ ᠬᠠᠩᠭᠠᠵᠤ ᠳᠡᠶᠢᠯᠬᠦ︔ | ︵ᠲᠦᠷᠪᠡ︶ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ | ᠪᠠᠶᠢᠳᠠᠯ ᠃ | ᠠᠷᠪᠠᠨ ᠨᠠᠢᠮᠠᠳᠤᠭᠠᠷ ᠵᠤᠷᠪᠤᠰ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠂ ᠭᠠᠵᠠᠷ | ᠳᠣᠤᠷᠠᠬᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠰᠡᠶᠢᠷᠡᠭᠦᠯᠦᠨ ᠬᠠᠳᠠᠭᠠᠬᠤ ᠶᠢᠨ ᠲᠥᠯᠥᠭᠡ ᠤᠰᠤ | ᠭᠠᠳᠠᠭᠰᠢᠯᠠᠭᠤᠯᠬᠤ ᠬᠡᠮᠵᠢᠶ᠎ᠡ ᠨᠢ ᠬᠡᠪᠴᠢᠶ᠎ᠡ ᠳᠤ ᠬᠦᠷᠦᠭᠰᠡᠨ ᠪᠣᠯ ᠤᠰᠤ ᠲᠠᠲᠠᠬᠤ ᠵᠥᠪᠰᠢᠶᠡᠷᠡᠯ ᠢ ᠬᠠᠤᠯᠢ ᠶᠣᠰᠣᠭᠠᠷ | ᠭᠤᠶᠤᠴᠢᠯᠠᠵᠤ ᠂ ᠤᠰᠤ ᠲᠠᠲᠠᠷᠠᠭᠤᠯᠬᠤ ᠶᠢ ᠬᠡᠮᠵᠢᠬᠦ ᠪᠡᠯᠡᠳᠬᠡᠮᠵᠢ ᠤᠭᠰᠠᠷᠠᠵᠤ ᠂ ᠤᠰᠤ ᠲᠠᠲᠠᠬᠤ ᠵᠥᠪᠰᠢᠶᠡᠷᠡᠯ ᠢ | ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠨᠡᠭᠦᠷᠡᠰᠦᠨ ᠳᠠᠪᠬᠤᠷᠭ᠎ᠠ ᠶᠢᠨ ᠤᠰᠤ ᠭᠠᠳᠠᠭᠰᠢᠯᠠᠭᠤᠯᠬᠤ ᠬᠡᠮᠵᠢᠶ᠎ᠡ ᠪᠣᠯᠤᠨ | ᠭᠠᠵᠠᠷ ᠳᠣᠤᠷᠠᠬᠢ ᠤᠰᠤᠨ ᠤ ᠤᠰᠤᠨ ᠲᠦᠪᠰᠢᠨ ᠤ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ | ᠬᠦᠷᠭᠡᠬᠦ ᠬᠡᠷᠡᠭᠲᠡᠶ ᠃ ᠨᠡᠭᠦᠷᠡᠰᠦᠨ ᠳᠠᠪᠬᠤᠷᠭ᠎ᠠ ᠶᠢᠨ ᠤᠰᠤ ᠲᠠᠲᠠᠷᠠᠭᠤᠯᠬᠤ ᠬᠡᠮᠵᠢᠶ᠎ᠡ ᠶᠢᠨ ᠬᠡᠪᠴᠢᠶ᠎ᠡ ᠶᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠵᠤ ᠂ ᠨᠡᠶᠢᠲᠡᠯᠡᠨ᠎ᠡ ᠃ | ᠠᠭᠤᠷᠬᠠᠶ ᠮᠠᠯᠲᠠᠬᠤ ᠨᠢᠭᠡᠴᠢ ᠪᠣᠯᠤᠨ ᠭᠠᠵᠠᠷ ᠳᠣᠤᠷᠠᠬᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ | ᠨᠢᠭᠡᠴᠢ ᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠨᠡᠭᠦᠷᠡᠰᠦᠨ ᠳᠠᠪᠬᠤᠷᠭ᠎ᠠ ᠶᠢᠨ ᠤᠰᠤ ᠲᠠᠲᠠᠷᠠᠭᠤᠯᠬᠤ | ᠬᠡᠮᠵᠢᠶ᠎ᠡ ᠶᠢ ᠪᠠᠭᠠᠰᠬᠠᠵᠤ ᠂ ᠨᠡᠭᠦᠷᠡᠰᠦᠨ ᠳᠠᠪᠬᠤᠷᠭ᠎ᠠ ᠶᠢᠨ ᠤᠰᠤ ᠶᠢ ᠡᠩ ᠲᠡᠷᠢᠭᠦᠨ ᠳᠤ ᠠᠰᠢᠭᠯᠠᠨ | ᠦᠢᠯᠡᠳᠪᠦᠷᠢᠯᠡᠯ ᠳᠤ ᠬᠡᠷᠡᠭᠯᠡᠬᠦ ᠤᠰᠤ ᠪᠣᠯᠭᠠᠵᠤ ᠂ ᠠᠰᠢᠭᠯᠠᠬᠤ ᠶᠢᠨ ᠠᠷᠭ᠎ᠠ ᠦᠭᠡᠶ ᠪᠣᠯ ᠭᠠᠳᠠᠭᠰᠢᠯᠠᠭᠤᠯᠵᠤ | ᠭᠠᠷᠭᠠᠬᠤ ᠬᠡᠷᠡᠭᠲᠡᠶ ᠃ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠳᠤ ᠰᠡᠶᠢᠷᠡᠭᠦᠯᠦᠨ ᠬᠠᠳᠠᠭᠠᠬᠤ ᠶᠢᠨ | ᠲᠥᠯᠥᠭᠡ ᠤᠰᠤ ᠭᠠᠳᠠᠭᠰᠢᠯᠠᠭᠤᠯᠬᠤ ᠠᠵᠤ ᠠᠬᠤᠶᠢᠯᠠᠯ ᠨᠢ ᠭᠠᠵᠠᠷ ᠳᠣᠤᠷᠠᠬᠢ ᠤᠰᠤᠨ ᠤ ᠤᠰᠤᠨ ᠲᠦᠪᠰᠢᠨ ᠢ | ᠠᠦ᠋ᠲ᠋ᠣ᠋ ᠬᠢᠨᠠᠨ ᠰᠢᠨᠵᠢᠬᠦ ᠪᠡᠯᠡᠳᠬᠡᠮᠵᠢ ᠶᠢ ᠪᠠᠶᠢᠭᠤᠯᠤᠨ ᠬᠡᠷᠡᠭᠯᠡᠵᠦ ᠂ ᠬᠢᠨᠠᠨ ᠰᠢᠨᠵᠢᠭᠰᠡᠨ ᠲᠤᠭ᠎ᠠ ᠪᠠᠷᠢᠮᠲᠠ ᠪᠠᠨ | ᠳᠡᠭᠡᠭᠰᠢ ᠮᠡᠳᠡᠭᠦᠯᠬᠦ ᠬᠡᠷᠡᠭᠲᠡᠶ ᠃ | ᠠᠷᠪᠠ ᠶᠢᠰᠦᠳᠦᠭᠡᠷ ᠵᠤᠷᠪᠤᠰ ᠰᠢᠨᠡᠳᠬᠡᠵᠦ ᠪᠣᠯᠬᠤ ᠦᠭᠡᠶ ᠪᠤᠶᠤ ᠰᠢᠨᠡᠳᠬᠡᠬᠦ ᠳᠤ ᠪᠡᠷᠬᠡ ᠲᠠᠢ ᠭᠠᠵᠠᠷ | ᠳᠣᠤᠷᠠᠬᠢ ᠤᠰᠤ ᠶᠢ ᠪᠠᠶᠢᠯᠳᠤᠬᠤ ᠪᠣᠳᠣᠯᠭ᠎ᠠ ᠶᠢᠨ ᠨᠥᠭᠡᠴᠡ ᠪᠤᠶᠤ ᠪᠠᠴᠢᠮ ᠪᠠᠶᠢᠳᠠᠯ ᠢ ᠠᠷᠭᠠᠴᠠᠭᠠᠬᠤ ᠤᠰᠤᠨ | ᠰᠤᠷᠪᠤᠯᠵᠢ ᠪᠣᠯᠭᠠᠵᠤ ᠂ ᠵᠥᠪᠰᠢᠶᠡᠷᠡᠭᠦᠯᠦᠭᠰᠡᠨ ᠪᠠᠴᠢᠮ ᠪᠠᠶᠢᠳᠠᠯ ᠢ ᠠᠷᠭᠠᠴᠠᠭᠠᠬᠤ ᠠᠮᠢᠳᠤᠷᠠᠯ ᠤᠨ ᠬᠡᠷᠡᠭᠯᠡᠬᠦ ᠤᠰᠤ ᠂ | ᠤᠰᠤᠨ ᠤ ᠡᠬᠢ ᠰᠤᠷᠪᠤᠯᠵᠢ ᠶᠢᠨ ᠭᠠᠵᠠᠷ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ ᠂ | ᠭᠠᠵᠠᠷ ᠤᠨ ᠢᠯᠴᠢ ᠶᠢᠨ ᠤᠰᠤ ᠪᠠᠶᠢᠬᠤ ᠦᠭᠡᠶ ᠠᠴᠠ ᠪᠤᠰᠤᠳ ᠂ ᠨᠡᠭᠡᠭᠡᠨ ᠮᠠᠯᠲᠠᠬᠤ ᠶᠢ ᠴᠠᠭᠠᠵᠠᠯᠠᠨ᠎ᠠ ᠃ | ᠬᠥᠷᠥᠰᠥᠨ ᠳᠣᠤᠷᠠᠬᠢ ᠤᠰᠤ ᠶᠢ ᠠᠰᠢᠭᠯᠠᠬᠤ ᠳᠠᠭᠠᠨ ᠳᠠᠪᠬᠤᠷᠭ᠎ᠠ ᠶᠢ ᠬᠤᠪᠢᠶᠠᠨ ᠨᠡᠭᠡᠭᠡᠨ ᠮᠠᠯᠲᠠᠬᠤ | ᠬᠡᠷᠡᠭᠲᠡᠶ ᠂ ᠠᠳᠠᠯᠢ ᠪᠤᠰᠤ ᠤᠰᠤ ᠠᠭᠤᠯᠵᠤ ᠪᠦᠬᠦᠢ ᠳᠠᠪᠬᠤᠷᠭ᠎ᠠ ᠶᠢ ᠤᠰᠤ ᠵᠣᠭᠰᠣᠭᠠᠬᠤ ᠠᠷᠭ᠎ᠠ ᠬᠡᠮᠵᠢᠶ᠎ᠡ ᠠᠪᠬᠤ | ᠬᠡᠷᠡᠭᠲᠡᠶ ᠂ ᠣᠯᠠᠨ ᠳᠠᠪᠬᠤᠷᠭ᠎ᠠ ᠶᠢ ᠬᠤᠯᠢᠯᠳᠤᠭᠤᠯᠤᠨ ᠨᠡᠭᠡᠭᠡᠨ ᠮᠠᠯᠲᠠᠵᠤ ᠪᠣᠯᠬᠤ ᠦᠭᠡᠶ ᠃ | ᠬᠤᠷᠢᠳᠤᠭᠠᠷ ᠵᠤᠷᠪᠤᠰ ᠭᠠᠵᠠᠷ ᠳᠣᠤᠷᠠᠬᠢ ᠤᠰᠤ ᠶᠢ ᠲᠠᠲᠠᠬᠤ ᠪᠠᠷᠢᠯᠭ᠎ᠠ ᠶᠢ ᠰᠢᠨ᠎ᠡ ᠪᠠᠷ ᠪᠠᠶᠢᠭᠤᠯᠬᠤ ᠂ | ᠥᠭᠡᠷᠡᠴᠢᠯᠡᠨ ᠪᠠᠶᠢᠭᠤᠯᠬᠤ ᠂ ᠥᠷᠭᠡᠳᠬᠡᠨ ᠪᠠᠶᠢᠭᠤᠯᠬᠤ ᠳᠤ ᠂ ᠬᠡᠮᠵᠢᠯᠲᠡ ᠶᠢᠨ ᠪᠡᠯᠡᠳᠬᠡᠮᠵᠢ ᠶᠢ ᠬᠠᠮᠲᠤ ᠳᠤᠨᠢ | ᠤᠭᠰᠠᠷᠠᠬᠤ ᠬᠡᠷᠡᠭᠲᠡᠶ ᠃ ᠭᠠᠵᠠᠷ ᠳᠣᠤᠷᠠᠬᠢ ᠤᠰᠤ ᠶᠢ ᠲᠠᠲᠠᠬᠤ ᠪᠠᠷᠢᠯᠭ᠎ᠠ ᠳᠤ ᠬᠡᠮᠵᠢᠯᠲᠡ ᠶᠢᠨ ᠪᠡᠯᠡᠳᠬᠡᠮᠵᠢ | ᠤᠭᠰᠠᠷᠠᠭᠰᠠᠨ ᠦᠭᠡᠶ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ | ᠲᠣᠭᠲᠠᠭᠠᠭᠰᠠᠨ ᠬᠤᠭᠤᠴᠠᠭ᠎ᠠ ᠬᠢᠵᠠᠭᠠᠷ ᠤᠨ ᠶᠣᠰᠣᠭᠠᠷ ᠤᠭᠰᠠᠷᠠᠬᠤ ᠬᠡᠷᠡᠭᠲᠡᠶ ᠃ | ᠨᠢᠭᠡᠴᠢ ᠪᠣᠯᠤᠨ ᠬᠤᠪᠢ ᠬᠥᠮᠦᠨ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠰᠦᠯᠵᠢᠶᠡᠨ ᠳᠡᠭᠡᠷᠡᠬᠢ | ᠬᠡᠮᠵᠢᠯᠲᠡ ᠶᠢᠨ ᠪᠡᠯᠡᠳᠬᠡᠮᠵᠢ ᠤᠭᠰᠠᠷᠠᠬᠤ ᠶᠢᠨ ᠬᠠᠮᠲᠤ ᠬᠡᠮᠵᠢᠯᠲᠡ ᠶᠢᠨ ᠲᠤᠭ᠎ᠠ ᠪᠠᠷᠢᠮᠲᠠ ᠶᠢ ᠬᠠᠮᠢᠶᠠᠷᠤᠯᠲᠠ ᠶᠢᠨ | ᠡᠷᠬᠡ ᠮᠡᠳᠡᠯ ᠲᠠᠢ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ | ᠲᠤᠬᠠᠶ ᠳᠤᠨᠢ ᠳᠠᠮᠵᠢᠭᠤᠯᠬᠤ ᠬᠡᠷᠡᠭᠲᠡᠶ︔ ᠤᠰᠤ ᠠᠪᠬᠤ ᠬᠡᠪᠴᠢᠶ᠎ᠡ ᠳᠤ ᠬᠦᠷᠦᠭᠡᠳᠦᠶ ᠭᠠᠵᠠᠷ ᠳᠣᠤᠷᠠᠬᠢ ᠤᠰᠤ ᠪᠠᠷ | ᠤᠰᠤ ᠠᠪᠬᠤ ᠨᠢᠭᠡᠴᠢ ᠪᠣᠯᠤᠨ ᠬᠤᠪᠢ ᠬᠥᠮᠦᠨ ᠲᠣᠭᠲᠠᠮᠠᠯ ᠬᠤᠭᠤᠴᠠᠭ᠎ᠠ ᠲᠠᠢ ᠪᠠᠷ ᠬᠠᠮᠢᠶᠠᠷᠤᠯᠲᠠ ᠶᠢᠨ ᠡᠷᠬᠡ | ᠮᠡᠳᠡᠯ ᠲᠠᠢ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠤᠰᠤ ᠠᠪᠴᠤ | ᠬᠡᠷᠡᠭᠯᠡᠭᠰᠡᠨ ᠲᠤᠭ᠎ᠠ ᠪᠠᠷᠢᠮᠲᠠ ᠪᠠᠨ ᠮᠡᠳᠡᠭᠦᠯᠦᠨ ᠬᠦᠷᠭᠡᠬᠦ ᠬᠡᠷᠡᠭᠲᠡᠶ︔ ᠤᠰᠤ ᠠᠪᠬᠤ ᠬᠡᠪᠴᠢᠶ᠎ᠡ ᠶᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠲᠣᠭᠲᠠᠭᠠᠵᠤ ᠨᠡᠶᠢᠲᠡᠯᠡᠬᠦ ᠶᠢᠨ ᠬᠠᠮᠲᠤ ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ | ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ ᠃ | ᠬᠤᠷᠢᠨ ᠨᠢᠭᠡᠳᠦᠭᠡᠷ ᠵᠤᠷᠪᠤᠰ ᠲᠠᠷᠢᠶᠠᠯᠠᠩ ᠮᠠᠯ ᠠᠵᠤ ᠠᠬᠤᠶ ᠶᠢᠨ ᠤᠰᠤᠯᠠᠯᠲᠠ ᠶᠢᠨ ᠭᠠᠵᠠᠷ ᠳᠣᠤᠷᠠᠬᠢ | ᠤᠰᠤ ᠶᠢ ᠠᠪᠴᠤ ᠬᠡᠷᠡᠭᠯᠡᠬᠦ ᠨᠢ ᠬᠡᠮᠵᠢᠯᠲᠡ ᠶᠢᠨ ᠨᠥᠬᠦᠴᠡᠯ ᠢ ᠲᠦᠷ ᠪᠦᠷᠢᠯᠳᠦᠭᠦᠯᠦᠭᠡᠳᠦᠶ ᠪᠣᠯ ᠴᠠᠬᠢᠯᠭᠠᠨ ᠤ | ᠬᠡᠮᠵᠢᠶ᠎ᠡ ᠪᠠᠷ ᠤᠰᠤᠨ ᠤ ᠬᠡᠮᠵᠢᠶ᠎ᠡ ᠶᠢ ᠨᠤᠭᠤᠯᠤᠨ ᠪᠣᠳᠣᠬᠤ ᠂ ᠴᠠᠬᠢᠯᠭᠠᠨ ᠬᠡᠷᠡᠭᠯᠡᠬᠦ ᠪᠠᠷ ᠤᠰᠤ ᠶᠢ ᠬᠢᠵᠠᠭᠠᠷᠯᠠᠬᠤ | ᠠᠷᠭ᠎ᠠ ᠮᠠᠶ᠋ᠢᠭ ᠢᠶᠠᠷ ᠤᠰᠤ ᠠᠪᠴᠤ ᠬᠡᠷᠡᠭᠯᠡᠬᠦ ᠬᠠᠮᠢᠶᠠᠷᠤᠯᠲᠠ ᠬᠢᠵᠦ ᠪᠣᠯᠤᠨ᠎ᠠ ᠂ ᠴᠠᠬᠢᠯᠭᠠᠨ ᠬᠠᠩᠭᠠᠬᠤ ᠰᠠᠯᠠᠭ᠎ᠠ | ᠮᠥᠴᠢᠷ ᠨᠢ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠠᠷᠢᠶᠠᠯᠠᠩ ᠮᠠᠯ | ᠠᠵᠤ ᠠᠬᠤᠶ ᠶᠢᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠴᠠᠬᠢᠯᠭᠠᠨ ᠬᠡᠷᠡᠭᠯᠡᠬᠦ ᠬᠡᠮᠵᠢᠶ᠎ᠡ ᠶᠢᠨ ᠲᠤᠭ᠎ᠠ | ᠪᠠᠷᠢᠮᠲᠠ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠬᠠᠩᠭᠠᠬᠤ ᠬᠡᠷᠡᠭᠲᠡᠶ ᠃ | ᠨᠢᠭᠡᠴᠢ ᠪᠤᠶᠤ ᠬᠤᠪᠢ ᠬᠥᠮᠦᠨ ᠰᠢᠨ᠎ᠡ ᠴᠠᠬᠢᠯᠭᠠᠨ ᠬᠡᠷᠡᠭᠯᠡᠬᠦ ᠪᠡᠯᠡᠳᠬᠡᠮᠵᠢ ᠭᠤᠶᠤᠴᠢᠯᠠᠬᠤ ᠪᠤᠶᠤ | ᠪᠠᠭᠲᠠᠭᠠᠮᠵᠢ ᠶᠢ ᠨᠢ ᠨᠡᠮᠡᠭᠳᠡᠭᠦᠯᠦᠨ ᠭᠠᠵᠠᠷ ᠳᠣᠤᠷᠠᠬᠢ ᠤᠰᠤ ᠶᠢ ᠠᠪᠴᠤ ᠲᠠᠷᠢᠶᠠᠯᠠᠩ ᠮᠠᠯ ᠠᠵᠤ ᠠᠬᠤᠶ ᠶᠢᠨ | ᠤᠰᠤᠯᠠᠯᠲᠠ ᠳᠤ ᠬᠡᠷᠡᠭᠯᠡᠬᠦ ᠪᠠᠷ ᠭᠤᠶᠤᠴᠢᠯᠠᠪᠠᠯ ᠂ ᠤᠰᠤ ᠠᠪᠬᠤ ᠪᠠᠷ ᠭᠤᠶᠤᠴᠢᠯᠠᠬᠤ ᠬᠡᠷᠡᠭᠲᠡᠶ ᠃ ᠤᠰᠤ ᠠᠪᠬᠤ | ᠭᠤᠶᠤᠴᠢᠯᠠᠯ ᠢ ᠨᠢ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠪᠠᠷ ᠵᠥᠪᠰᠢᠶᠡᠷᠡᠭᠦᠯᠦᠭᠡᠳᠦᠶ ᠪᠣᠯ ᠴᠠᠬᠢᠯᠭᠠᠨ ᠬᠠᠩᠭᠠᠬᠤ | ᠰᠠᠯᠠᠭ᠎ᠠ ᠮᠥᠴᠢᠷ ᠨᠢ ᠴᠠᠬᠢᠯᠭᠠᠨ ᠬᠠᠩᠭᠠᠵᠤ ᠪᠣᠯᠬᠤ ᠦᠭᠡᠶ ᠃ | ᠬᠤᠷᠢᠨ ᠬᠤᠶᠠᠳᠤᠭᠠᠷ ᠵᠤᠷᠪᠤᠰ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠨᠢᠭᠡᠴᠢ ᠪᠠ ᠬᠤᠪᠢ | ᠬᠥᠮᠦᠨ ᠤᠰᠤᠨ ᠤ ᠡᠬᠢ ᠪᠠᠶᠠᠯᠢᠭ ᠤᠨ ᠭᠠᠶᠢᠯᠢ ᠶᠢ ᠬᠠᠤᠯᠢ ᠶᠣᠰᠣᠭᠠᠷ ᠲᠤᠰᠢᠶᠠᠬᠤ ᠬᠡᠷᠡᠭᠲᠡᠶ ᠃ | ᠥᠪᠡᠷᠲᠡᠭᠡᠨ ᠵᠠᠰᠠᠬᠤ ᠣᠷᠣᠨ ᠠᠴᠠ ᠲᠥᠯᠥᠪᠯᠡᠭᠡ ᠠᠴᠠ ᠳᠠᠪᠠᠭᠤᠯᠤᠭᠰᠠᠨ ᠂ ᠬᠢᠵᠠᠭᠠᠷᠯᠠᠭᠰᠠᠨ ᠲᠤᠭ᠎ᠠ ᠠᠴᠠ | ᠬᠡᠲᠦᠷᠡᠭᠰᠡᠨ ᠠᠬᠢᠭᠤᠯᠤᠨ ᠪᠣᠳᠣᠵᠤ ᠤᠰᠤᠨ ᠤ ᠡᠬᠢ ᠪᠠᠶᠠᠯᠢᠭ ᠤᠨ ᠭᠠᠶᠢᠯᠢ ᠲᠠᠲᠠᠪᠤᠷᠢᠯᠠᠬᠤ ᠳᠦᠷᠢᠮ ᠢ | ᠬᠡᠷᠡᠭᠵᠢᠭᠦᠯᠦᠨ᠎ᠡ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠲᠥᠷᠥᠯ ᠬᠤᠪᠢᠶᠠᠨ ᠣᠷᠣᠨ ᠬᠤᠪᠢᠶᠠᠨ ᠭᠠᠵᠠᠷ ᠳᠣᠤᠷᠠᠬᠢ ᠤᠰᠤᠨ ᠤ | ᠡᠬᠢ ᠪᠠᠶᠠᠯᠢᠭ ᠤᠨ ᠭᠠᠶᠢᠯᠢ ᠲᠠᠲᠠᠪᠤᠷᠢᠯᠠᠬᠤ ᠪᠠᠷᠢᠮᠵᠢᠶ᠎ᠠ ᠶᠢ ᠲᠣᠭᠲᠠᠭᠠᠬᠤ ᠬᠡᠷᠡᠭᠲᠡᠶ ᠃ ᠠᠳᠠᠯᠢ ᠨᠢᠭᠡᠨ ᠲᠥᠷᠥᠯ | ᠬᠡᠯᠪᠡᠷᠢ ᠪᠠᠷ ᠤᠰᠤ ᠲᠠᠲᠠᠵᠤ ᠬᠡᠷᠡᠭᠯᠡᠬᠦ ᠳᠤ ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠤᠨ ᠭᠠᠶᠢᠯᠢ | ᠲᠠᠲᠠᠪᠤᠷᠢᠯᠠᠬᠤ ᠪᠠᠷᠢᠮᠵᠢᠶ᠎ᠠ ᠨᠢ ᠭᠠᠵᠠᠷ ᠤᠨ ᠭᠠᠳᠠᠷᠭᠤ ᠶᠢᠨ ᠤᠰᠤᠨ ᠤ ᠪᠠᠷᠢᠮᠵᠢᠶ᠎ᠠ ᠂ ᠭᠠᠵᠠᠷ ᠳᠣᠤᠷᠠᠬᠢ ᠤᠰᠤ ᠶᠢ | ᠬᠡᠳᠦ ᠮᠠᠯᠲᠠᠭᠰᠠᠨ ᠣᠷᠣᠨ ᠤ ᠤᠰᠤᠨ ᠤ ᠡᠬᠢ ᠪᠠᠶᠠᠯᠢᠭ ᠤᠨ ᠭᠠᠶᠢᠯᠢ ᠲᠠᠲᠠᠪᠤᠷᠢᠯᠠᠬᠤ ᠪᠠᠷᠢᠮᠵᠢᠶ᠎ᠠ ᠨᠢ ᠬᠡᠲᠦᠷᠡᠲᠡᠯ᠎ᠡ | ᠮᠠᠯᠲᠠᠭᠰᠠᠨ ᠪᠤᠰᠤ ᠣᠷᠣᠨ ᠤ ᠪᠠᠷᠢᠮᠵᠢᠶ᠎ᠠ ᠠᠴᠠ ᠥᠨᠳᠥᠷ ᠪᠠᠶᠢᠬᠤ ᠬᠡᠷᠡᠭᠲᠡᠶ ᠂ ᠭᠠᠵᠠᠷ ᠳᠣᠤᠷᠠᠬᠢ ᠤᠰᠤ ᠶᠢ ᠬᠦᠨᠳᠦ | ᠨᠣᠴᠢᠲᠠᠶ ᠬᠡᠲᠦᠷᠡᠲᠡᠯ᠎ᠡ ᠲᠠᠲᠠᠭᠰᠠᠨ ᠣᠷᠣᠨ ᠤ ᠤᠰᠤᠨ ᠤ ᠡᠬᠢ ᠪᠠᠶᠠᠯᠢᠭ ᠤᠨ ᠭᠠᠶᠢᠯᠢ ᠲᠠᠲᠠᠪᠤᠷᠢᠯᠠᠬᠤ | ᠪᠠᠷᠢᠮᠵᠢᠶ᠎ᠠ ᠨᠢ ᠬᠡᠳᠦ ᠮᠠᠯᠲᠠᠭᠰᠠᠨ ᠣᠷᠣᠨ ᠤ ᠪᠠᠷᠢᠮᠵᠢᠶ᠎ᠠ ᠠᠴᠠ ᠶᠡᠭᠡ ᠬᠡᠮᠵᠢᠶ᠎ᠡ ᠪᠠᠷ ᠥᠨᠳᠥᠷ ᠪᠠᠶᠢᠬᠤ ᠬᠡᠷᠡᠭᠲᠡᠶ ᠃ | ᠤᠰᠤ ᠬᠠᠩᠭᠠᠬᠤ ᠪᠠᠷᠢᠯᠭ᠎ᠠ ᠳᠤ ᠬᠠᠩᠭᠠᠭᠰᠠᠨ ᠤᠰᠤ ᠶᠢ ᠪᠣᠯ ᠤᠰᠤ ᠬᠠᠩᠭᠠᠬᠤ ᠨᠢᠭᠡᠴᠢ ᠳᠤ ᠤᠰᠤᠨ ᠤ | ᠰᠦᠢᠳᠬᠡᠯ ᠲᠤᠰᠢᠶᠠᠬᠤ ᠬᠡᠷᠡᠭᠲᠡᠶ ᠃ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠳᠤ ᠤᠰᠤᠨ ᠤ | ᠱᠠᠲᠤᠯᠢᠭ ᠦᠨ᠎ᠡ ᠶᠢᠨ ᠳᠦᠷᠢᠮ ᠢ ᠬᠡᠷᠡᠭᠵᠢᠭᠦᠯᠵᠦ ᠂ ᠰᠠᠭᠤᠭᠠᠯᠢ ᠠᠷᠠᠳ ᠤᠨ ᠠᠮᠢᠳᠤᠷᠠᠯ ᠤᠨ ᠪᠤᠰᠤ ᠬᠡᠷᠡᠭᠯᠡᠬᠦ | ᠤᠰᠤᠨ ᠳᠤ ᠲᠥᠯᠥᠪᠯᠡᠭᠡ ᠠᠴᠠ ᠳᠠᠪᠠᠭᠤᠯᠤᠭᠰᠠᠨ ᠂ ᠲᠣᠭᠲᠠᠭᠰᠠᠨ ᠨᠤᠷᠮ᠎ᠠ ᠠᠴᠠ ᠳᠠᠪᠠᠭᠤᠯᠤᠭᠰᠠᠨ ᠤ ᠠᠬᠢᠭᠤᠯᠤᠨ | ᠪᠣᠳᠣᠵᠤ ᠦᠨ᠎ᠡ ᠨᠡᠮᠡᠬᠦ ᠳᠦᠷᠢᠮ ᠢ ᠬᠡᠷᠡᠭᠵᠢᠭᠦᠯᠦᠨ᠎ᠡ ᠃ | ᠬᠤᠷᠢᠨ ᠭᠤᠷᠪᠠᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠠᠶᠢᠭᠠᠯᠢ ᠶᠢᠨ ᠡᠬᠢ ᠪᠠᠶᠠᠯᠢᠭ | ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠬᠤ ᠂ ᠠᠮᠢ ᠠᠬᠤᠶ ᠶᠢᠨ | ᠤᠰᠤᠨ ᠲᠦᠪᠰᠢᠨ ᠢ ᠡᠵᠡᠮᠳᠡᠬᠦ ᠂ ᠭᠠᠵᠠᠷ ᠳᠣᠤᠷᠠᠬᠢ ᠤᠰᠤ ᠶᠢ ᠨᠡᠭᠡᠭᠡᠨ ᠠᠰᠢᠭᠯᠠᠭᠰᠠᠨ ᠪᠠᠶᠢᠳᠠᠯ ᠵᠢᠴᠢ ᠤᠰᠤ | ᠭᠠᠵᠠᠷ ᠰᠢᠨᠵᠢᠯᠡᠭᠡᠨ ᠤ ᠨᠥᠬᠦᠴᠡᠯ ᠵᠡᠷᠭᠡ ᠬᠦᠴᠦᠨ ᠵᠦᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ ᠂ ᠥᠪᠡᠷᠲᠡᠭᠡᠨ | ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠠᠵᠠᠷ ᠳᠣᠤᠷᠠᠬᠢ ᠤᠰᠤ ᠶᠢ ᠮᠠᠯᠲᠠᠬᠤ ᠶᠢ | ᠴᠠᠭᠠᠵᠠᠯᠠᠬᠤ ᠣᠷᠣᠨ ᠂ ᠮᠠᠯᠲᠠᠬᠤ ᠶᠢ ᠬᠢᠵᠠᠭᠠᠷᠯᠠᠬᠤ ᠣᠷᠣᠨ ᠢ ᠵᠣᠬᠢᠶᠠᠨ ᠪᠠᠶᠢᠭᠤᠯᠤᠨ ᠬᠤᠪᠢᠶᠠᠷᠢᠯᠠᠨ ᠲᠣᠭᠲᠠᠭᠠᠵᠤ ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ | ᠨᠡᠶᠢᠭᠡᠮ ᠳᠤ ᠨᠡᠶᠢᠲᠡᠯᠡᠬᠦ ᠶᠢᠨ ᠬᠠᠮᠲᠤ ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ ᠃ | ᠮᠠᠯᠲᠠᠬᠤ ᠶᠢ ᠴᠠᠭᠠᠵᠠᠯᠠᠬᠤ ᠣᠷᠣᠨ ᠂ ᠮᠠᠯᠲᠠᠬᠤ ᠶᠢ ᠬᠢᠵᠠᠭᠠᠷᠯᠠᠬᠤ ᠣᠷᠣᠨ ᠢ ᠬᠤᠪᠢᠶᠠᠷᠢᠯᠠᠨ | ᠲᠣᠭᠲᠠᠭᠠᠭᠰᠠᠨ ᠤ ᠳᠠᠷᠠᠭ᠎ᠠ ᠂ ᠦᠨᠡᠨ ᠬᠦ ᠲᠣᠬᠢᠷᠠᠭᠤᠯᠬᠤ ᠴᠢᠬᠤᠯᠠ ᠲᠠᠢ ᠪᠣᠯ ᠤᠤᠯ ᠤᠨ ᠬᠤᠪᠢᠶᠠᠷᠢᠯᠠᠨ | ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠲᠣᠬᠢᠷᠠᠭᠤᠯᠤᠯᠲᠠ ᠬᠢᠬᠦ ᠬᠡᠷᠡᠭᠲᠡᠶ ᠃ | ᠬᠤᠷᠢᠨ ᠳᠥᠷᠪᠡᠳᠦᠭᠡᠷ ᠵᠤᠷᠪᠤᠰ ᠳᠣᠤᠷᠠᠬᠢ ᠮᠡᠲᠦ ᠣᠷᠣᠨ ᠢ ᠮᠠᠯᠲᠠᠬᠤ ᠶᠢ ᠴᠠᠭᠠᠵᠠᠯᠠᠬᠤ ᠣᠷᠣᠨ ᠪᠣᠯᠭᠠᠨ | ᠬᠤᠪᠢᠶᠠᠬᠤ ᠬᠡᠷᠡᠭᠲᠡᠶ᠄ | ︵ᠨᠢᠭᠡ︶ ᠨᠢᠭᠡᠨᠲᠡ ᠬᠦᠨᠳᠦ ᠨᠣᠴᠢᠲᠠᠶ ᠭᠠᠵᠠᠷ ᠤᠨ ᠭᠠᠮᠰᠢᠭ ᠪᠤᠶᠤ ᠠᠮᠢ ᠠᠬᠤᠶ ᠶᠢᠨ ᠬᠤᠬᠢᠷᠠᠯ | ᠤᠴᠠᠷᠠᠭᠤᠯᠤᠭᠰᠠᠨ ᠣᠷᠣᠨ ᠪᠦᠰᠡ︔ | ︵ᠬᠤᠶᠠᠷ︶ ᠭᠠᠵᠠᠷ ᠳᠣᠤᠷᠠᠬᠢ ᠤᠰᠤ ᠶᠢ ᠬᠡᠳᠦ ᠮᠠᠯᠲᠠᠭᠰᠠᠨ ᠣᠷᠣᠨ ᠤ ᠳᠣᠲᠣᠷ᠎ᠠ ᠣᠯᠠᠨ ᠨᠡᠶᠢᠲᠡ ᠶᠢᠨ | ᠤᠰᠤ ᠬᠠᠩᠭᠠᠬᠤ ᠬᠤᠭᠤᠯᠠᠶ ᠶᠢᠨ ᠲᠣᠤᠷ ᠢᠶᠠᠷ ᠳᠠᠮᠵᠢᠭᠤᠯᠤᠨ ᠪᠦᠷᠬᠦᠭᠰᠡᠨ ᠪᠤᠶᠤ ᠤᠰᠤᠨ ᠰᠤᠷᠪᠤᠯᠵᠢ ᠶᠢ ᠣᠷᠣᠯᠠᠨ | ᠤᠰᠤ ᠬᠠᠩᠭᠠᠬᠤ ᠬᠡᠷᠡᠭᠴᠡᠭᠡ ᠱᠠᠭᠠᠷᠳᠠᠯᠭ᠎ᠠ ᠶᠢ ᠨᠢᠭᠡᠨᠲᠡ ᠰᠢᠢᠳᠪᠦᠷᠢᠯᠡᠭᠰᠡᠨ ᠣᠷᠣᠨ ᠪᠦᠰᠡ︔ | ︵ᠭᠤᠷᠪᠠ︶ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠬᠠᠮᠠᠭᠠᠯᠠᠯᠲᠠ ᠶᠢᠨ ᠣᠷᠣᠨ ᠪᠦᠰᠡ ᠂ ᠴᠢᠬᠤᠯᠠ | ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠂ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠭᠤᠣᠯ ᠣᠷᠣᠨ ᠪᠠ ᠵᠠᠪᠰᠠᠷ ᠤᠨ ᠣᠷᠣ︔ | ︵ᠲᠦᠷᠪᠡ︶ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠪᠤᠰᠤᠳ ᠮᠠᠯᠲᠠᠬᠤ ᠶᠢ | ᠴᠠᠭᠠᠵᠠᠯᠠᠬᠤ ᠣᠷᠣᠨ ᠭᠡᠵᠦ ᠲᠣᠭᠲᠠᠭᠠᠭᠰᠠᠨ ᠪᠠᠶᠢᠨ᠎ᠠ ᠃ | ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠮᠠᠯᠲᠠᠬᠤ ᠶᠢ ᠴᠠᠭᠠᠵᠠᠯᠠᠭᠰᠠᠨ | ᠣᠷᠣᠨ ᠤ ᠳᠣᠲᠣᠷ᠎ᠠ ᠭᠠᠵᠠᠷ ᠳᠣᠤᠷᠠᠬᠢ ᠤᠰᠤ ᠶᠢ ᠲᠠᠲᠠᠬᠤ ᠪᠠᠷᠢᠯᠭ᠎ᠠ ᠶᠢ ᠬᠤᠭᠤᠴᠠᠭ᠎ᠠ ᠬᠢᠵᠠᠭᠠᠷᠯᠠᠨ ᠪᠢᠲᠡᠭᠦᠮᠵᠢᠯᠡᠬᠦ | ᠪᠤᠶᠤ ᠬᠡᠷᠡᠭᠯᠡᠬᠦ ᠶᠢ ᠵᠣᠭᠰᠣᠭᠠᠬᠤ ᠬᠡᠷᠡᠭᠲᠡᠶ ᠃ | ᠬᠤᠷᠢᠨ ᠲᠠᠪᠤᠳᠤᠭᠠᠷ ᠵᠤᠷᠪᠤᠰ ᠳᠣᠤᠷᠠᠬᠢ ᠮᠡᠲᠦ ᠣᠷᠣᠨ ᠢ ᠮᠠᠯᠲᠠᠭᠰᠠᠨ ᠢ ᠬᠢᠵᠠᠭᠠᠷᠯᠠᠬᠤ ᠣᠷᠣᠨ ᠪᠣᠯᠭᠠᠨ | ᠬᠤᠪᠢᠶᠠᠬᠤ ᠬᠡᠷᠡᠭᠲᠡᠶ᠄ | ︵ᠨᠢᠭᠡ︶ ᠭᠠᠵᠠᠷ ᠳᠣᠤᠷᠠᠬᠢ ᠤᠰᠤ ᠶᠢ ᠨᠡᠭᠡᠭᠡᠨ ᠮᠠᠯᠲᠠᠬᠤ ᠬᠡᠮᠵᠢᠶ᠎ᠡ ᠶᠢᠨ ᠣᠶᠢᠷᠠᠲᠤᠭᠰᠠᠨ ᠣᠷᠣᠨ ᠪᠦᠰᠡ︔ | | ︵ᠬᠤᠶᠠᠷ︶ ᠬᠥᠷᠥᠰᠥᠨ ᠳᠣᠤᠷᠠᠬᠢ ᠤᠰᠤ ᠶᠢ ᠨᠡᠭᠡᠭᠡᠨ ᠮᠠᠯᠲᠠᠵᠤ ᠭᠠᠵᠠᠷ ᠤᠨ ᠭᠠᠮᠰᠢᠭ ᠪᠤᠶᠤ ᠠᠮᠢ | ᠠᠬᠤᠶ ᠶᠢ ᠬᠤᠬᠢᠷᠠᠭᠤᠯᠵᠤ ᠮᠡᠳᠡᠬᠦ ᠣᠷᠣᠨ ᠪᠦᠰᠡ︔ | ︵ᠭᠤᠷᠪᠠ︶ ᠴᠢᠬᠤᠯᠠ ᠨᠤᠭᠤ ᠭᠠᠵᠠᠷ ᠂ ᠭᠠᠵᠠᠷ ᠰᠢᠨᠵᠢᠯᠡᠭᠡᠨ ᠤ ᠴᠡᠴᠡᠷᠯᠢᠭ ᠵᠡᠷᠭᠡ ᠣᠨᠴᠠᠭᠠᠢ | ᠬᠠᠮᠠᠭᠠᠯᠠᠯᠲᠠ ᠶᠢᠨ ᠣᠷᠣᠨ︔ | ︵ᠲᠦᠷᠪᠡ︶ ᠬᠠᠤᠯᠢ ᠲᠣᠭᠲᠠᠭᠠᠮᠵᠢ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠪᠤᠰᠤᠳ ᠮᠠᠯᠲᠠᠯᠲᠠ ᠶᠢ | ᠬᠢᠵᠠᠭᠠᠷᠯᠠᠬᠤ ᠣᠷᠣᠨ ᠭᠡᠵᠦ ᠲᠣᠭᠲᠠᠭᠠᠭᠰᠠᠨ ᠣᠷᠣᠨ ᠃ | ᠬᠤᠷᠢᠨ ᠵᠢᠷᠭᠤᠳᠤᠭᠠᠷ ᠵᠤᠷᠪᠤᠰ ᠮᠠᠯᠲᠠᠬᠤ ᠶᠢ ᠴᠠᠭᠠᠵᠠᠯᠠᠬᠤ ᠣᠷᠣᠨ ᠳᠤ ᠳᠣᠤᠷᠠᠬᠢ ᠮᠡᠲᠦ ᠪᠠᠶᠢᠳᠠᠯ ᠢ | ᠭᠠᠷᠭᠠᠪᠠᠯ ᠂ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠶᠢ ᠴᠠᠭᠠᠵᠠᠯᠠᠨ᠎ᠠ᠄ | ︵ᠨᠢᠭᠡ︶ ᠭᠠᠵᠠᠷ ᠳᠣᠣᠷᠠᠬᠢ ᠢᠨᠵᠧᠨᠧᠷᠢᠩ ᠤᠨ ᠠᠵᠢᠯ ᠤᠨ ᠠᠮᠤᠷ ᠲᠦᠪᠰᠢᠨ ᠪᠠ ᠦᠢᠯᠡᠳᠪᠦᠷᠢᠯᠡᠯ ᠤᠨ | ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ ᠡᠷᠬᠡᠪᠰᠢ ᠲᠦᠷ ᠴᠠᠭ ᠤᠨ ᠪᠠᠴᠢᠮ ᠪᠠᠶᠢᠳᠠᠯ ᠢ ᠠᠷᠭᠠᠴᠠᠭᠠᠨ ᠠᠪᠬᠤ | ︵ᠭᠠᠳᠠᠭᠰᠢᠯᠠᠭᠤᠯᠤᠭᠰᠠᠨ︶ ᠤᠰᠤ︔ | ︵ᠬᠤᠶᠠᠷ︶ ᠣᠯᠠᠨ ᠨᠡᠶᠢᠲᠡ ᠶᠢᠨ ᠠᠮᠤᠷ ᠲᠦᠪᠰᠢᠨ ᠪᠤᠶᠤ ᠣᠯᠠᠨ ᠨᠡᠶᠢᠲᠡ ᠶᠢᠨ ᠠᠰᠢᠭ ᠲᠤᠰᠠ ᠳᠤ | ᠤᠴᠠᠷᠠᠭᠤᠯᠬᠤ ᠬᠤᠣᠷ ᠬᠥᠨᠥᠭᠡᠯ ᠢ ᠠᠷᠢᠯᠭᠠᠬᠤ ᠶᠢᠨ ᠲᠥᠯᠥᠭᠡ ᠪᠠᠴᠢᠮ ᠪᠠᠶᠢᠳᠠᠯ ᠢ ᠠᠷᠭᠠᠴᠠᠭᠠᠬᠤ ᠲᠦᠷ ᠴᠠᠭ ᠤᠨ | ᠤᠰᠤ ᠲᠠᠲᠠᠬᠤ︔ | ︵ᠭᠤᠷᠪᠠ︶ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠂ ᠬᠠᠶᠢᠨ ᠰᠢᠨᠵᠢᠬᠦ ᠶᠢ ᠥᠷᠨᠢᠭᠦᠯᠬᠦ ᠶᠢᠨ | ᠲᠤᠰᠠᠳᠠ ᠂ ᠪᠠᠭ᠎ᠠ ᠬᠡᠮᠵᠢᠶᠡᠨ ᠤ ᠤᠰᠤ ᠲᠠᠲᠠᠬᠤ ᠲᠤᠷᠰᠢᠯᠲᠠ ᠬᠢᠨ᠎ᠡ ᠃ | ᠮᠠᠯᠳᠠᠬᠤ ᠶᠢ ᠬᠢᠵᠠᠭᠠᠷᠯᠠᠭᠰᠠᠨ ᠣᠷᠣᠨ ᠳᠤ ᠡᠮᠦᠨᠡᠬᠢ ᠵᠦᠢᠯ ᠳᠤ ᠲᠣᠭᠲᠠᠭᠠᠭᠰᠠᠨ ᠪᠠᠶᠢᠳᠠᠯ ᠠᠴᠠ ᠭᠠᠳᠠᠨ᠎ᠠ ᠂ | ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠬᠡᠮᠵᠢᠶ᠎ᠡ ᠶᠢ ᠰᠢᠨ᠎ᠡ ᠪᠠᠷ ᠨᠡᠮᠡᠭᠳᠡᠭᠦᠯᠬᠦ ᠶᠢ ᠴᠠᠭᠠᠵᠠᠯᠠᠬᠤ ᠶᠢᠨ ᠬᠠᠮᠲᠤ | ᠭᠠᠵᠠᠷ ᠳᠣᠤᠷᠠᠬᠢ ᠤᠰᠤ ᠶᠢ ᠲᠠᠲᠠᠬᠤ ᠬᠡᠮᠵᠢᠶ᠎ᠡ ᠶᠢ ᠠᠯᠬᠤᠮ ᠠᠯᠬᠤᠮ ᠢᠶᠠᠷ ᠪᠠᠭᠠᠰᠬᠠᠨ᠎ᠠ︔ ᠡᠮᠦᠨᠡᠬᠢ | ᠵᠦᠢᠯ ᠳᠤ ᠲᠣᠭᠲᠠᠭᠠᠭᠰᠠᠨ ᠪᠠᠶᠢᠳᠠᠯ ᠢ ᠠᠷᠢᠯᠭᠠᠭᠰᠠᠨ ᠤ ᠳᠠᠷᠠᠭ᠎ᠠ ᠂ ᠭᠠᠵᠠᠷ ᠳᠣᠤᠷᠠᠬᠢ ᠤᠰᠤ ᠶᠢ ᠲᠠᠲᠠᠵᠤ | ᠬᠡᠷᠡᠭᠯᠡᠬᠦ ᠶᠢ ᠳᠠᠷᠦ᠋ᠢᠬᠠᠨ ᠵᠣᠭᠰᠣᠭᠠᠬᠤ ᠬᠡᠷᠡᠭᠲᠡᠶ ᠃ | ᠬᠤᠷᠢᠨ ᠳᠣᠯᠣᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠭᠠᠵᠠᠷ ᠳᠣᠤᠷᠠᠬᠢ | ᠤᠰᠤ ᠶᠢ ᠬᠡᠲᠦᠷᠡᠲᠡᠯ᠎ᠡ ᠲᠠᠲᠠᠬᠤ ᠶᠢ ᠶᠡᠷᠦᠩᠬᠡᠶᠢᠯᠡᠨ ᠵᠠᠰᠠᠬᠤ ᠲᠥᠰᠦᠯ ᠢ ᠨᠠᠶᠢᠷᠠᠭᠤᠯᠤᠨ ᠵᠣᠬᠢᠶᠠᠵᠤ ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠂ ᠲᠥᠷᠥ ᠶᠢᠨ | ᠶᠠᠪᠤᠳᠠᠯ ᠤᠨ ᠬᠤᠷᠢᠶᠠᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ | ᠮᠡᠳᠡᠭᠦᠯᠵᠦ ᠳᠠᠩᠰᠠᠯᠠᠭᠤᠯᠬᠤ ᠬᠡᠷᠡᠭᠲᠡᠶ ᠃ | ᠠᠶᠢᠮᠠᠭ ᠤᠨ ᠵᠠᠬᠢᠷᠭ᠎ᠠ ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠬᠤᠰᠢᠭᠤ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠭᠠᠵᠠᠷ | ᠳᠣᠤᠷᠠᠬᠢ ᠤᠰᠤ ᠶᠢ ᠬᠡᠲᠦᠷᠡᠲᠡᠯ᠎ᠡ ᠠᠪᠤᠭᠰᠠᠨ ᠣᠷᠣᠨ ᠢ ᠵᠠᠰᠠᠬᠤ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠬᠤ ᠶᠢᠨ ᠬᠠᠮᠲᠤ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠂ ᠤᠰᠤᠨ ᠤ ᠡᠬᠢ ᠰᠤᠷᠪᠤᠯᠵᠢ ᠶᠢ | ᠰᠣᠯᠢᠬᠤ ᠂ ᠤᠰᠤ ᠠᠷᠪᠢᠯᠠᠬᠤ ᠥᠭᠡᠷᠡᠴᠢᠯᠡᠯᠲᠡ ᠬᠢᠬᠦ ᠂ ᠲᠠᠷᠢᠮᠠᠯ ᠤᠨ ᠪᠦᠲᠦᠴᠡ ᠶᠢ ᠲᠣᠬᠢᠷᠠᠭᠤᠯᠬᠤ ᠂ | ᠤᠰᠤᠯᠠᠯᠲᠠ ᠶᠢᠨ ᠲᠠᠯᠠᠪᠠᠶ ᠶᠢ ᠪᠠᠭᠠᠰᠬᠠᠬᠤ ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠠᠪᠴᠤ ᠂ ᠭᠠᠵᠠᠷ ᠳᠣᠤᠷᠠᠬᠢ | ᠤᠰᠤ ᠶᠢ ᠬᠡᠲᠦᠷᠡᠲᠡᠯ᠎ᠡ ᠠᠪᠬᠤ ᠬᠡᠮᠵᠢᠶ᠎ᠡ ᠶᠢ ᠲᠥᠯᠥᠪᠯᠡᠭᠡ ᠲᠠᠢ ᠪᠠᠷ ᠵᠢᠯ ᠳᠠᠷᠠᠭᠠᠯᠠᠨ ᠪᠠᠭᠠᠰᠬᠠᠵᠤ ᠂ ᠬᠤᠭᠤᠴᠠᠭ᠎ᠠ | ᠬᠢᠵᠠᠭᠠᠷᠯᠠᠵᠤ ᠪᠠᠶᠢᠭᠠᠳ ᠠᠪᠬᠤ ᠪᠠ ᠨᠥᠬᠦᠪᠥᠷᠢᠯᠡᠬᠦ ᠶᠢ ᠲᠡᠩᠴᠡᠭᠦᠷᠢᠰᠢᠭᠦᠯᠬᠦ ᠬᠡᠷᠡᠭᠲᠡᠶ ᠃ | ᠬᠡᠲᠦᠷᠡᠲᠡᠯ᠎ᠡ ᠮᠠᠯᠲᠠᠭᠰᠠᠨ ᠣᠷᠣᠨ ᠤ ᠭᠠᠵᠠᠷ ᠳᠣᠤᠷᠠᠬᠢ ᠤᠰᠤ ᠶᠢ ᠠᠪᠬᠤ ᠪᠠ ᠨᠥᠬᠦᠪᠥᠷᠢᠯᠡᠬᠦ ᠶᠢ | ᠲᠡᠩᠴᠡᠭᠦᠷᠢ ᠲᠠᠢ ᠪᠠᠶᠢᠯᠭᠠᠬᠤ ᠶᠢ ᠪᠡᠶᠡᠯᠡᠭᠦᠯᠦᠭᠰᠡᠨ ᠪᠣᠯ ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠨᠢ ᠬᠠᠮᠢᠶᠠᠷᠤᠯᠲᠠ ᠶᠢᠨ ᠨᠢᠭᠡᠴᠢ ᠶᠢᠨ ᠠᠮᠢ ᠠᠬᠤᠶ ᠶᠢᠨ ᠤᠰᠤᠨ ᠲᠦᠪᠰᠢᠨ ᠢ ᠡᠵᠡᠮᠳᠡᠬᠦ ᠱᠠᠭᠠᠷᠳᠠᠯᠭ᠎ᠠ | ᠶᠣᠰᠣᠭᠠᠷ ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ ᠪᠠᠶᠢᠭᠠᠳ ᠠᠮᠢ ᠠᠬᠤᠶ ᠶᠢᠨ ᠤᠰᠤᠨ ᠲᠦᠪᠰᠢᠨ ᠢ | ᠠᠯᠬᠤᠮ ᠠᠯᠬᠤᠮ ᠢᠶᠠᠷ ᠰᠡᠷᠭᠦᠭᠡᠬᠦ ᠬᠡᠷᠡᠭᠲᠡᠶ ᠃ | ᠬᠤᠷᠢᠨ ᠨᠠᠢᠮᠠᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ | ᠣᠯᠠᠨ ᠨᠡᠶᠢᠲᠡ ᠶᠢᠨ ᠤᠰᠤ ᠬᠠᠩᠭᠠᠬᠤ ᠬᠡᠪᠴᠢᠶᠡᠨ ᠳᠣᠲᠣᠷᠠᠬᠢ ᠥᠪᠡᠷ ᠲᠡᠭᠡᠨ ᠪᠡᠯᠡᠳᠬᠡᠭᠰᠡᠨ ᠬᠤᠳᠳᠤᠭ ᠢ | ᠲᠥᠯᠥᠪᠯᠡᠭᠡ ᠲᠠᠢ ᠪᠠᠷ ᠬᠠᠭᠠᠬᠤ ᠬᠡᠷᠡᠭᠲᠡᠶ ᠃ | ᠤᠰᠤᠨ ᠤ ᠴᠢᠨᠠᠷ ᠤᠨ ᠤᠰᠤᠨ ᠤ ᠬᠡᠮᠵᠢᠶ᠎ᠡ ᠶᠢᠨ ᠤᠨᠴᠠᠭᠠᠢ ᠱᠠᠭᠠᠷᠳᠠᠯᠭ᠎ᠠ ᠲᠠᠢ ᠤᠰᠤ ᠠᠪᠴᠤ ᠬᠡᠷᠡᠭᠯᠡᠬᠦ | ᠡᠷᠦᠬᠡ ᠳᠤ ᠥᠪᠡᠷ ᠲᠡᠭᠡᠨ ᠪᠡᠯᠡᠳᠬᠡᠭᠰᠡᠨ ᠬᠤᠳᠳᠤᠭ ᠬᠡᠷᠡᠭᠯᠡᠪᠡᠯ ᠂ ᠬᠠᠮᠢᠶᠠᠷᠤᠯᠲᠠ ᠶᠢᠨ ᠡᠷᠬᠡ ᠮᠡᠳᠡᠯ ᠲᠠᠢ | ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠶ ᠃ | ᠬᠤᠷᠢ ᠶᠢᠰᠦᠳᠦᠭᠡᠷ ᠵᠤᠷᠪᠤᠰ ᠲᠥᠪᠯᠡᠷᠡᠭᠰᠡᠨ ᠬᠡᠯᠪᠡᠷᠢ ᠶᠢᠨ ᠭᠠᠵᠠᠷ ᠳᠣᠤᠷᠠᠬᠢ ᠤᠰᠤᠨ ᠤ ᠤᠤᠭᠤᠬᠤ | ᠤᠰᠤᠨ ᠤ ᠤᠰᠤᠨ ᠰᠤᠷᠪᠤᠯᠵᠢ ᠶᠢᠨ ᠭᠠᠵᠠᠷ ᠲᠤ ᠤᠰᠤ ᠠᠪᠬᠤ ᠴᠢᠬᠤᠯᠠ ᠲᠠᠢ ᠭᠠᠵᠠᠷ ᠤᠨ ᠢᠯᠴᠢ ᠶᠢᠨ | ᠡᠨᠧᠷᠭᠢ ᠶᠢ ᠨᠡᠭᠡᠭᠡᠨ ᠠᠰᠢᠭᠯᠠᠬᠤ ᠲᠥᠷᠥᠯ ᠵᠦᠢᠯ ᠢ ᠪᠦᠲᠦᠭᠡᠨ ᠪᠠᠶᠢᠭᠤᠯᠬᠤ ᠶᠢ ᠴᠠᠭᠠᠵᠠᠯᠠᠨ᠎ᠠ ᠃ ᠭᠠᠵᠠᠷ ᠳᠣᠤᠷᠠᠬᠢ | ᠤᠰᠤ ᠶᠢ ᠰᠢᠨᠡᠳᠬᠡᠬᠦ ᠳᠤ ᠬᠡᠷᠡᠭᠰᠡᠬᠦ ᠭᠠᠵᠠᠷ ᠤᠨ ᠢᠯᠴᠢ ᠶᠢᠨ ᠡᠨᠧᠷᠭᠢ ᠶᠢ ᠨᠡᠭᠡᠭᠡᠨ ᠠᠰᠢᠭᠯᠠᠬᠤ ᠲᠥᠷᠥᠯ ᠵᠦᠢᠯ ᠢ | ᠰᠤᠭᠤᠴᠢᠨ ᠠᠪᠬᠤ ᠶᠢ ᠴᠠᠭᠠᠵᠠᠯᠠᠨ᠎ᠠ ᠃ | ᠤᠰᠤ ᠠᠪᠬᠤ ᠴᠢᠬᠤᠯᠠ ᠲᠠᠢ ᠭᠠᠵᠠᠷ ᠤᠨ ᠢᠯᠴᠢ ᠶᠢᠨ ᠡᠨᠧᠷᠭᠢ ᠶᠢ ᠨᠡᠭᠡᠭᠡᠨ ᠠᠰᠢᠭᠯᠠᠬᠤ ᠲᠥᠷᠥᠯ ᠵᠦᠢᠯ ᠢ | ᠪᠦᠲᠦᠭᠡᠨ ᠪᠠᠶᠢᠭᠤᠯᠬᠤ ᠳᠤ ᠤᠰᠤ ᠠᠪᠬᠤ ᠪᠠ ᠡᠭᠡᠭᠦᠯᠦᠨ ᠴᠢᠳᠬᠤᠬᠤ ᠶᠢ ᠰᠦᠯᠵᠢᠶᠡᠨ ᠳᠡᠭᠡᠷ᠎ᠡ ᠬᠡᠮᠵᠢᠵᠦ ᠬᠢᠨᠠᠨ | ᠬᠡᠮᠵᠢᠬᠦ ᠪᠡᠯᠡᠳᠬᠡᠮᠵᠢ ᠤᠭᠰᠠᠷᠠᠬᠤ ᠶᠢᠨ ᠬᠠᠮᠲᠤ ᠬᠢᠨᠠᠨ ᠬᠡᠮᠵᠢᠭᠰᠡᠨ ᠲᠤᠭ᠎ᠠ ᠪᠠᠷᠢᠮᠲᠠ ᠪᠠᠨ ᠬᠠᠮᠢᠶᠠᠷᠤᠯᠲᠠ ᠶᠢᠨ ᠡᠷᠬᠡ | ᠮᠡᠳᠡᠯ ᠲᠠᠢ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ | ᠬᠡᠷᠡᠭᠲᠡᠶ ᠃ | ᠤᠰᠤ ᠠᠪᠬᠤ ᠴᠢᠬᠤᠯᠠ ᠲᠠᠢ ᠭᠠᠵᠠᠷ ᠤᠨ ᠢᠯᠴᠢ ᠶᠢᠨ ᠡᠨᠧᠷᠭᠢ ᠶᠢ ᠨᠡᠭᠡᠭᠡᠨ ᠠᠰᠢᠭᠯᠠᠬᠤ ᠲᠥᠷᠥᠯ ᠵᠦᠢᠯ ᠢ | ᠪᠦᠲᠦᠭᠡᠨ ᠪᠠᠶᠢᠭᠤᠯᠬᠤ ᠳᠤ ᠠᠳᠠᠯᠢ ᠨᠢᠭᠡᠨ ᠤᠰᠤ ᠠᠭᠤᠯᠬᠤ ᠳᠠᠪᠬᠤᠷᠭ᠎ᠠ ᠪᠠᠷ ᠤᠰᠤ ᠠᠪᠬᠤ ᠪᠠ ᠡᠭᠡᠭᠦᠯᠦᠨ | ᠴᠢᠳᠬᠤᠬᠤ ᠶᠢ ᠬᠡᠷᠡᠭᠵᠢᠭᠦᠯᠬᠦ ᠬᠡᠷᠡᠭᠲᠡᠶ ᠂ ᠭᠠᠵᠠᠷ ᠳᠣᠤᠷᠠᠬᠢ ᠤᠰᠤ ᠶᠢ ᠪᠣᠬᠢᠷᠲᠤᠭᠤᠯᠵᠤ ᠪᠣᠯᠬᠤ ᠦᠭᠡᠶ ᠃ | ᠭᠤᠴᠢᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠭᠠᠵᠠᠷ ᠳᠣᠤᠷᠠᠬᠢ ᠤᠰᠤᠨ ᠤ ᠤᠰᠤᠨ ᠰᠤᠷᠪᠤᠯᠵᠢ ᠶᠢᠨ ᠬᠠᠮᠠᠭᠠᠯᠠᠯᠲᠠ ᠶᠢ ᠴᠢᠩᠭᠠᠳᠬᠠᠨ ᠂ | ᠪᠠᠶᠢᠭᠠᠯᠢ ᠶᠢᠨ ᠨᠥᠬᠦᠴᠡᠯ ᠢ ᠭᠦᠢᠴᠡᠳ ᠠᠰᠢᠭᠯᠠᠨ ᠭᠠᠵᠠᠷ ᠳᠣᠤᠷᠠᠬᠢ ᠤᠰᠤ ᠶᠢ ᠨᠥᠬᠦᠪᠥᠷᠢᠯᠡᠵᠦ ᠂ ᠭᠠᠵᠠᠷ | ᠳᠣᠤᠷᠠᠬᠢ ᠤᠰᠤᠨ ᠰᠤᠷᠪᠤᠯᠵᠢ ᠶᠢ ᠪᠦᠲᠦᠮᠵᠢᠲᠡᠶ ᠪᠠᠷ ᠬᠠᠳᠠᠭᠠᠯᠠᠬᠤ ᠬᠡᠷᠡᠭᠲᠡᠶ ᠃ | ᠨᠢᠭᠡᠴᠢ ᠪᠠ ᠬᠤᠪᠢ ᠬᠥᠮᠦᠨ ᠤ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠂ | ᠬᠥᠮᠦᠨ ᠤ ᠬᠦᠴᠦ ᠪᠠᠷ ᠡᠭᠡᠭᠦᠯᠦᠨ ᠴᠢᠳᠬᠤᠬᠤ ᠂ ᠪᠣᠷᠣᠭᠠᠨ ᠤ ᠤᠰᠤ ᠶᠢ ᠨᠡᠪᠴᠢᠭᠦᠯᠬᠦ ᠵᠡᠷᠭᠡ ᠠᠷᠭ᠎ᠠ ᠬᠡᠮᠵᠢᠶ᠎ᠡ ᠶᠢ | ᠠᠪᠴᠤ ᠂ ᠭᠠᠵᠠᠷ ᠳᠣᠤᠷᠠᠬᠢ ᠤᠰᠤᠨ ᠤ ᠪᠦᠲᠦᠮᠵᠢᠲᠡᠶ ᠨᠥᠬᠦᠪᠥᠷᠢᠯᠡᠯᠲᠡ ᠶᠢ ᠨᠡᠮᠡᠭᠳᠡᠭᠦᠯᠬᠦ ᠶᠢ ᠵᠣᠷᠢᠭᠵᠢᠭᠤᠯᠤᠨ | ᠳᠡᠮᠵᠢᠨ᠎ᠡ ᠃ ᠬᠥᠮᠦᠨ ᠤ ᠬᠦᠴᠦ ᠪᠠᠷ ᠭᠠᠵᠠᠷ ᠳᠣᠤᠷᠠᠬᠢ ᠤᠰᠤ ᠶᠢ ᠡᠭᠡᠭᠦᠯᠦᠨ ᠴᠢᠳᠬᠤᠬᠤ ᠳᠤ ᠂ ᠭᠠᠵᠠᠷ ᠳᠣᠤᠷᠠᠬᠢ | ᠤᠰᠤᠨ ᠤ ᠴᠢᠨᠠᠷ ᠢ ᠮᠠᠭᠤᠳᠠᠭᠤᠯᠵᠤ ᠪᠣᠯᠬᠤ ᠦᠭᠡᠶ ᠃ | ᠬᠤᠲᠠ ᠬᠥᠳᠡᠭᠡ ᠶᠢᠨ ᠭᠠᠵᠠᠷ ᠤᠨ ᠭᠠᠳᠠᠷᠭᠤ ᠶᠢ ᠬᠠᠲᠠᠭᠤᠷᠠᠭᠤᠯᠬᠤ ᠳᠤ ᠤᠰᠤ ᠨᠡᠪᠲᠡᠷᠡᠬᠦ ᠴᠢᠨᠠᠷ ᠢᠶᠠᠷ | ᠴᠢᠩᠭ᠎ᠠ ᠪᠠᠷᠢᠯᠭ᠎ᠠ ᠶᠢᠨ ᠮᠠᠲ᠋ᠧᠷᠢᠶᠠᠯ ᠪᠣᠯᠤᠨ ᠪᠦᠲᠦᠴᠡ ᠶᠢᠨ ᠬᠡᠯᠪᠡᠷᠢ ᠶᠢ ᠠᠪᠴᠤ ᠂ ᠪᠣᠷᠣᠭᠠᠨ ᠤ ᠤᠰᠤ ᠶᠢ | ᠨᠡᠪᠴᠢᠭᠦᠯᠦᠨ ᠭᠠᠵᠠᠷ ᠳᠣᠤᠷᠠᠬᠢ ᠤᠰᠤ ᠶᠢ ᠨᠥᠬᠦᠪᠥᠷᠢᠯᠡᠬᠦ ᠶᠢ ᠨᠡᠮᠡᠭᠳᠡᠭᠦᠯᠬᠦ ᠬᠡᠷᠡᠭᠲᠡᠶ ᠃ ᠭᠤᠤᠯ ᠮᠥᠷᠡᠨ ᠂ ᠨᠠᠭᠤᠷ | ᠴᠥᠭᠦᠷᠥᠮ ᠢ ᠴᠡᠭᠴᠡᠯᠡᠨ ᠵᠠᠰᠠᠬᠤ ᠳᠤ ᠭᠠᠵᠠᠷ ᠳᠣᠤᠷᠠᠬᠢ ᠤᠰᠤᠨ ᠰᠤᠷᠪᠤᠯᠵᠢ ᠶᠢ ᠬᠠᠳᠠᠭᠠᠯᠠᠬᠤ ᠶᠢ ᠬᠠᠮᠲᠤ ᠳᠤᠨᠢ | ᠬᠠᠷᠠᠭᠠᠯᠵᠠᠬᠤ ᠬᠡᠷᠡᠭᠲᠡᠶ ᠃ | ᠭᠤᠴᠢᠨ ᠨᠢᠭᠡᠳᠦᠭᠡᠷ ᠵᠤᠷᠪᠤᠰ ᠭᠠᠵᠠᠷ ᠳᠣᠤᠷᠠᠬᠢ ᠤᠰᠤ ᠶᠢ ᠪᠣᠬᠢᠷᠲᠤᠭᠤᠯᠬᠤ ᠪᠤᠶᠤ ᠪᠣᠬᠢᠷᠲᠤᠭᠤᠯᠬᠤ | ᠪᠣᠯᠤᠯᠴᠠᠭ᠎ᠠ ᠲᠠᠢ ᠳᠣᠤᠷᠠᠬᠢ ᠦᠢᠯᠡ ᠠᠵᠢᠯᠯᠠᠭ᠎ᠠ ᠶᠢ ᠴᠠᠭᠠᠵᠠᠯᠠᠨ᠎ᠠ᠄ | ︵ᠨᠢᠭᠡ︶ ᠨᠡᠪᠴᠢᠯ ᠬᠤᠳᠳᠤᠭ ᠂ ᠨᠡᠪᠴᠢᠬᠦ ᠨᠦᠬᠡ ᠂ ᠠᠩ ᠵᠠᠪᠰᠠᠷ ᠂ ᠠᠭᠤᠰᠬᠤ ᠨᠦᠬᠡ ᠵᠢᠴᠢ ᠳᠠᠯᠳᠠᠭᠤᠷ | ᠲᠠᠯᠳᠠ ᠬᠤᠭᠤᠯᠠᠢ ᠲᠠᠭᠠᠷᠠᠭᠤᠯᠬᠤ ᠵᠡᠷᠭᠡ ᠬᠢᠨᠠᠯᠲᠠ ᠬᠠᠮᠢᠶᠠᠷᠤᠯᠲᠠ ᠠᠴᠠ ᠵᠠᠶᠢᠯᠠᠬᠤ ᠠᠷᠭ᠎ᠠ ᠶᠢ ᠠᠰᠢᠭᠯᠠᠨ ᠤᠰᠤᠨ ᠤ | ᠪᠤᠬᠢᠷᠳᠤᠯ ᠪᠤᠳᠠᠰ ᠭᠠᠳᠠᠭᠰᠢᠯᠠᠭᠤᠯᠬᠤ ᠬᠡᠷᠡᠭᠲᠡᠢ︔ | ︵ᠬᠤᠶᠠᠷ︶ ᠴᠢᠯᠠᠭᠤᠯᠢᠭ ᠤᠨ ᠲᠠᠪᠬᠤᠷᠭ᠎ᠠ ᠪᠠ ᠨᠦᠬᠡᠯᠡᠬᠦ ᠵᠠᠪᠰᠠᠷ ᠂ ᠠᠩ ᠵᠠᠪᠰᠠᠷ ᠂ ᠠᠭᠤᠰᠬᠠᠭᠳᠠᠮᠠᠯ | ᠨᠦᠬᠡ ᠂ ᠬᠠᠶᠠᠭᠳᠠᠮᠠᠯ ᠠᠭᠤᠷᠬᠠᠢ ᠶᠢᠨ ᠨᠦᠬᠡ ᠵᠡᠷᠬᠡ ᠴᠢᠯᠠᠭᠤᠨ ᠲᠤᠰᠤ ᠬᠢᠮᠢ ᠶᠢᠨ ᠲᠦᠭᠦᠬᠡᠢ ᠮᠠᠲ᠋ᠧᠷᠢᠶᠠᠯ ᠵᠢᠴᠢ | ᠦᠢᠯᠡᠳᠬᠦᠨ ᠂ ᠲᠠᠷᠢᠶᠠᠨ ᠡᠮ ᠂ ᠠᠶᠤᠯᠳᠠᠢ ᠬᠠᠶᠠᠭᠳᠠᠮᠠᠯ ᠪᠤᠳᠠᠰ ᠂ ᠬᠤᠳᠠ ᠪᠠᠯᠭᠠᠰᠤᠨ ᠤ ᠪᠤᠬᠢᠷ ᠤᠰᠤ ᠶᠢ | ᠰᠶᠢᠳᠪᠦᠷᠢᠯᠡᠬᠦ ᠪᠡᠯᠡᠳᠬᠡᠮᠵᠢ ᠶᠢᠨ ᠡᠭᠦᠰᠦᠭᠰᠡᠨ ᠪᠤᠵᠠᠷ ᠰᠢᠪᠠᠷ ᠪᠠ ᠰᠶᠢᠳᠪᠦᠷᠢᠯᠡᠭᠰᠡᠨ ᠤ ᠲᠠᠷᠠᠭᠠᠬᠢ ᠪᠤᠵᠠᠷ ᠰᠢᠪᠠᠷ | ᠪᠤᠶᠤ ᠪᠤᠰᠤᠳ ᠬᠤᠤᠷ ᠭᠦᠨᠦᠬᠡᠯ ᠲᠠᠢ ᠪᠤᠳᠠᠰ ᠢ ᠠᠰᠢᠨᠨᠯᠠᠨᠠ︔ | ︵ᠭᠤᠷᠪᠠ︶ ᠨᠡᠪᠴᠢᠵᠦ ᠭᠤᠭᠤᠵᠢᠬᠤ ᠶᠢ ᠰᠡᠷᠭᠡᠶᠢᠯᠡᠬᠦ ᠠᠷᠭ᠎ᠠ ᠬᠡᠮᠵᠢᠶ᠎ᠡ ᠦᠭᠡᠢ ᠭᠤᠤ ᠰᠤᠪᠠᠭ ᠂ ᠨᠦᠬᠡ | ᠨᠠᠭᠤᠷ ᠵᠡᠷᠭᠡ ᠶᠢ ᠠᠰᠢᠭᠯᠠᠨ ᠬᠤᠣᠷᠲᠠᠢ ᠪᠣᠬᠢᠷᠲᠤᠯ ᠪᠣᠳᠠᠰ ᠢ ᠠᠬᠤᠭᠤᠯᠤᠭᠰᠠᠨ ᠬᠠᠶᠠᠭᠳᠠᠮᠠᠯ ᠤᠰᠤ ᠂ ᠡᠪᠡᠳᠴᠢᠨ ᠤ | ᠡᠭᠦᠰᠭᠡᠭᠴᠢ ᠠᠭᠤᠯᠤᠭᠰᠠᠨ ᠪᠣᠬᠢᠷ ᠤᠰᠤ ᠪᠠ ᠪᠤᠰᠤᠳ ᠬᠠᠶᠠᠭᠳᠠᠮᠠᠯ ᠪᠣᠳᠠᠰ ᠢ ᠲᠡᠭᠡᠭᠡᠪᠦᠷᠢᠯᠡᠨ ᠬᠦᠷᠭᠡᠬᠦ ᠪᠤᠶᠤ | ᠬᠠᠳᠠᠭᠠᠯᠠᠨ᠎ᠠ︔ | ︵ᠲᠦᠷᠪᠡ︶ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠴᠠᠭᠠᠵᠠᠯᠠᠭᠰᠠᠨ ᠪᠤᠰᠤᠳ | ᠭᠠᠵᠠᠷ ᠳᠣᠤᠷᠠᠬᠢ ᠤᠰᠤ ᠶᠢ ᠪᠣᠬᠢᠷᠲᠤᠭᠤᠯᠵᠤ ᠮᠡᠳᠡᠬᠦ ᠦᠢᠯᠡ ᠠᠵᠢᠯᠯᠠᠭ᠎ᠠ ᠃ | ᠭᠤᠴᠢᠨ ᠬᠤᠶᠠᠳᠤᠭᠠᠷ ᠵᠤᠷᠪᠤᠰ ᠬᠢᠮᠢ ᠶᠢᠨ ᠡᠳ᠋ ᠦᠢᠯᠡᠳᠪᠦᠷᠢᠯᠡᠬᠦ ᠠᠵᠤ ᠠᠬᠤᠶᠢᠯᠠᠯ ᠪᠣᠯᠣᠨ ᠠᠵᠤ | ᠦᠢᠯᠡᠳᠪᠦᠷᠢ ᠲᠥᠪᠯᠡᠷᠡᠭᠰᠡᠨ ᠣᠷᠣᠨ ᠂ ᠠᠭᠤᠷᠬᠠᠢ ᠶᠢᠨ ᠨᠡᠭᠡᠭᠡᠨ ᠮᠠᠯᠲᠠᠬᠤ ᠣᠷᠣᠨ ᠂ ᠦᠯᠡᠳᠡᠭᠳᠡᠯ ᠬᠦᠳᠡᠷ ᠤᠨ | ᠬᠥᠮᠥᠷᠭᠡ ᠂ ᠠᠶᠤᠯᠲᠠᠢ ᠬᠠᠶᠠᠭᠳᠠᠮᠠᠯ ᠪᠣᠳᠠᠰ ᠢ ᠬᠠᠳᠠᠭᠠᠯᠠᠬᠤ ᠵᠢᠴᠢ ᠰᠢᠢᠳᠪᠦᠷᠢᠯᠡᠬᠦ ᠲᠠᠯᠠᠪᠠᠢ ᠂ ᠬᠤᠭ ᠨᠣᠪᠰᠢ | ᠪᠤᠯᠠᠬᠤ ᠲᠠᠯᠠᠪᠠᠢ ᠵᠡᠷᠭᠡ ᠶᠢ ᠡᠵᠡᠩᠨᠡᠵᠦ ᠪᠠᠶᠢᠭ᠎ᠠ ᠨᠢᠭᠡᠴᠢ ᠨᠦᠭᠦᠳ ᠨᠡᠪᠴᠢᠵᠦ ᠭᠤᠭᠤᠵᠢᠬᠤ ᠶᠢ ᠰᠡᠷᠭᠡᠶᠢᠯᠡᠬᠦ ᠵᠡᠷᠭᠡ | ᠠᠷᠭ᠎ᠠ ᠬᠡᠮᠵᠢᠶ᠎ᠡ ᠠᠪᠬᠤ ᠶᠢᠨ ᠬᠠᠮᠲᠤ ᠭᠠᠵᠠᠷ ᠳᠣᠣᠷᠠᠬᠢ ᠤᠰᠤᠨ ᠤ ᠴᠢᠨᠠᠷ ᠢ ᠬᠢᠨᠠᠨ ᠬᠡᠮᠵᠢᠬᠦ ᠬᠤᠳᠳᠤᠭ | ᠪᠠᠶᠢᠭᠤᠯᠵᠤ ᠂ ᠭᠠᠵᠠᠷ ᠳᠣᠣᠷᠠᠬᠢ ᠤᠰᠤ ᠶᠢ ᠪᠣᠬᠢᠷᠲᠤᠭᠤᠯᠬᠤ ᠶᠢ ᠰᠡᠷᠭᠡᠶᠢᠯᠡᠬᠦ ᠬᠡᠷᠡᠭᠲᠡᠢ ᠃ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ ᠣᠪᠣᠭᠠᠯᠠᠵᠤ | ᠬᠠᠳᠠᠭᠠᠯᠠᠬᠤ ᠭᠠᠵᠠᠷ ᠪᠠᠶᠢᠭᠤᠯᠬᠤ ᠳᠤ ᠂ ᠱᠠᠭᠠᠷᠳᠠᠯᠭ᠎ᠠ ᠳᠤ ᠨᠡᠶᠢᠴᠡᠬᠦ ᠨᠡᠪᠴᠢᠬᠦ ᠶᠢ ᠰᠡᠷᠭᠡᠶᠢᠯᠡᠬᠦ ᠢᠨᠵᠧᠨᠧᠷᠢᠩ ᠢ | ᠵᠡᠷᠭᠡᠪᠡᠷ ᠪᠠᠶᠢᠭᠤᠯᠬᠤ ᠬᠡᠷᠡᠭᠲᠡᠶ ᠃ | ᠭᠤᠴᠢᠨ ᠭᠤᠷᠪᠠᠳᠤᠭᠠᠷ ᠵᠤᠷᠪᠤᠰ ᠬᠡᠷᠡᠭᠯᠡᠭᠡᠨ ᠠᠴᠠ ᠭᠠᠷᠭᠠᠭᠰᠠᠨ ᠠᠭᠤᠷᠬᠠᠶ ᠶᠢᠨ ᠬᠤᠳᠳᠤᠭ ᠂ ᠬᠤᠳᠳᠤᠭ | ᠥᠷᠥᠮᠳᠡᠬᠦ ᠂ ᠭᠠᠵᠠᠷ ᠳᠣᠤᠷᠠᠬᠢ ᠤᠰᠤ ᠶᠢ ᠲᠠᠲᠠᠬᠤ ᠪᠠᠷᠢᠯᠭ᠎ᠠ ᠪᠤᠶᠤ ᠬᠠᠶᠢᠨ ᠰᠢᠨᠵᠢᠯᠡᠬᠦ ᠡᠭᠦᠷᠭᠡ ᠪᠠᠨ ᠨᠢᠭᠡᠨᠲᠡ | ᠪᠡᠶᠡᠯᠡᠭᠦᠯᠦᠭᠰᠡᠨ ᠦᠭᠡᠶ ᠂ ᠤᠰᠤ ᠲᠠᠲᠠᠬᠤ ᠶᠢ ᠨᠢ ᠬᠠᠤᠯᠢ ᠶᠣᠰᠣᠭᠠᠷ ᠵᠣᠭᠰᠣᠭᠠᠬᠤ ᠬᠡᠷᠡᠭᠲᠡᠶ︔ ᠬᠥᠷᠥᠰᠥᠨ | ᠳᠣᠤᠷᠠᠬᠢ ᠤᠰᠤ ᠶᠢ ᠤᠰᠤ ᠲᠠᠲᠠᠬᠤ ᠪᠠᠷᠢᠯᠭ᠎ᠠ ᠶᠢᠨ ᠥᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠤᠯᠲᠠ ᠶᠢᠨ | ᠨᠢᠭᠡᠴᠢ ᠠᠴᠠ ᠬᠤᠳᠳᠤᠭ ᠢ ᠨᠢ ᠪᠢᠲᠡᠭᠦᠮᠵᠢᠯᠡᠬᠦ ᠪᠤᠶᠤ ᠪᠤᠴᠠᠭᠠᠵᠤ ᠲᠠᠭᠯᠠᠨ ᠪᠢᠴᠢᠬᠦ ᠬᠡᠷᠡᠭᠲᠡᠶ︔ ᠥᠮᠴᠢᠯᠡᠬᠦ | ᠡᠷᠬᠡᠲᠦ ᠬᠥᠮᠦᠨ ᠪᠤᠶᠤ ᠬᠠᠮᠢᠶᠠᠷᠤᠯᠲᠠ ᠶᠢᠨ ᠨᠢᠭᠡᠴᠢ ᠨᠢ ᠬᠤᠳᠳᠤᠭ ᠪᠤᠶᠤ ᠲᠠᠭᠯᠠᠭᠰᠠᠨ ᠪᠠᠶᠢᠳᠠᠯ ᠢᠶᠠᠨ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠴᠢᠳᠠᠬᠤ ᠦᠭᠡᠶ ᠪᠣᠯ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠪᠤᠶᠤ ᠲᠡᠭᠦᠨ ᠤ | ᠡᠷᠬᠡ ᠣᠯᠭᠤᠭᠰᠠᠨ ᠰᠠᠯᠠᠭ᠎ᠠ ᠮᠥᠴᠢᠷ ᠠᠴᠠ ᠬᠠᠷᠢᠭᠤᠴᠠᠨ ᠵᠣᠬᠢᠶᠠᠨ ᠪᠠᠶᠢᠭᠤᠯᠤᠨ ᠬᠤᠳᠳᠤᠭ ᠪᠤᠶᠤ ᠡᠭᠡᠭᠦᠯᠦᠨ | ᠪᠥᠭᠯᠡᠬᠦ ᠬᠡᠷᠡᠭᠲᠡᠶ ᠃ | ᠬᠤᠳᠳᠤᠭ ᠪᠢᠲᠡᠭᠦᠮᠵᠢᠯᠡᠬᠦ ᠪᠤᠶᠤ ᠡᠭᠡᠭᠦᠯᠦᠨ ᠪᠥᠭᠯᠡᠬᠦ ᠳᠤ ᠤᠯᠤᠰ ᠤᠨ ᠬᠤᠯᠪᠣᠭᠳᠠᠯ ᠪᠦᠬᠦᠢ ᠮᠡᠷᠭᠡᠵᠢᠯ ᠤᠨ | ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ ᠃ | ᠭᠤᠴᠢᠨ ᠳᠥᠷᠪᠡᠳᠦᠭᠡᠷ ᠵᠤᠷᠪᠤᠰ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠤᠰᠤᠨ ᠤ ᠵᠠᠰᠠᠭ ᠵᠠᠬᠢᠷᠭᠠᠨ ᠂ ᠪᠠᠶᠢᠭᠠᠯᠢ ᠶᠢᠨ ᠡᠬᠢ ᠪᠠᠶᠠᠯᠢᠭ ᠂ ᠠᠮᠢ ᠠᠬᠤᠶ ᠶᠢᠨ ᠣᠷᠴᠢᠨ ᠲᠣᠭᠤᠷᠢᠨ ᠵᠡᠷᠭᠡ | ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠂ ᠭᠠᠵᠠᠷ ᠳᠣᠤᠷᠠᠬᠢ | ᠤᠰᠤ ᠶᠢ ᠬᠢᠨᠠᠨ ᠬᠡᠮᠵᠢᠬᠦ ᠲᠣᠤᠷ ᠰᠦᠯᠵᠢᠶ᠎ᠡ ᠶᠢ ᠨᠢᠭᠡᠳᠦᠯᠲᠡᠶ ᠲᠥᠯᠥᠪᠯᠡᠨ ᠪᠦᠲᠦᠭᠡᠨ ᠪᠠᠶᠢᠭᠤᠯᠵᠤ ᠂ ᠭᠠᠵᠠᠷ | ᠳᠣᠤᠷᠠᠬᠢ ᠤᠰᠤ ᠶᠢ ᠬᠢᠨᠠᠨ ᠬᠡᠮᠵᠢᠬᠦ ᠴᠡᠭ ᠢ ᠵᠦᠢ ᠵᠣᠬᠢᠰᠲᠠᠶ ᠪᠠᠶᠢᠷᠢᠰᠢᠭᠤᠯᠤᠨ ᠂ ᠭᠠᠵᠠᠷ ᠳᠣᠤᠷᠠᠬᠢ ᠤᠰᠤᠨ ᠤ | ᠤᠰᠤᠨ ᠲᠦᠪᠰᠢᠨ ᠂ ᠤᠰᠤᠨ ᠤ ᠴᠢᠨᠠᠷ ᠵᠡᠷᠭᠡ ᠳᠤ ᠬᠥᠳᠡᠯᠦᠩᠭᠦᠶ ᠬᠢᠨᠠᠨ ᠬᠡᠮᠵᠢᠯᠲᠡ ᠬᠢᠬᠦ ᠶᠢᠨ ᠬᠠᠮᠲᠤ ᠭᠠᠵᠠᠷ | ᠳᠣᠤᠷᠠᠬᠢ ᠤᠰᠤ ᠶᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠬᠠᠮᠲᠤ ᠳᠠᠭᠠᠨ ᠡᠳ᠋ᠯᠡᠬᠦ ᠲᠣᠭᠲᠠᠴᠠ ᠶᠢ ᠪᠠᠶᠢᠭᠤᠯᠬᠤ | ᠬᠡᠷᠡᠭᠲᠡᠶ ᠃ | ᠭᠤᠴᠢᠨ ᠲᠠᠪᠤᠳᠤᠭᠠᠷ ᠵᠤᠷᠪᠤᠰ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠭᠠᠵᠠᠷ ᠳᠣᠤᠷᠠᠬᠢ ᠤᠰᠤ ᠶᠢ | ᠬᠢᠨᠠᠨ ᠬᠡᠮᠵᠢᠬᠦ ᠪᠡᠯᠡᠳᠬᠡᠮᠵᠢ ᠲᠥᠬᠦᠭᠡᠷᠦᠮᠵᠢ ᠬᠢᠭᠡᠳ ᠲᠡᠮᠳᠡᠭ ᠢ ᠡᠵᠡᠯᠡᠵᠦ ᠂ ᠡᠪᠳᠡᠨ ᠰᠦᠢᠳᠬᠡᠬᠦ ᠪᠤᠶᠤ | ᠳᠤᠷ᠎ᠠ ᠪᠠᠷ ᠢᠶᠠᠨ ᠰᠢᠯᠵᠢᠭᠦᠯᠵᠦ ᠪᠣᠯᠬᠤ ᠦᠭᠡᠶ ᠃ | ᠰᠢᠨ᠎ᠡ ᠪᠠᠷ ᠪᠠᠶᠢᠭᠤᠯᠬᠤ ᠂ ᠥᠭᠡᠷᠡᠴᠢᠯᠡᠨ ᠪᠠᠶᠢᠭᠤᠯᠬᠤ ᠂ ᠥᠷᠭᠡᠳᠬᠡᠨ ᠪᠠᠶᠢᠭᠤᠯᠬᠤ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠨᠢ ᠭᠠᠵᠠᠷ ᠳᠣᠤᠷᠠᠬᠢ ᠤᠰᠤ ᠶᠢ ᠬᠢᠨᠠᠨ ᠬᠡᠮᠵᠢᠬᠦ ᠪᠡᠯᠡᠳᠬᠡᠮᠵᠢ ᠲᠥᠬᠦᠭᠡᠷᠦᠮᠵᠢ ᠠᠴᠠ | ᠵᠠᠶᠢᠯᠠᠬᠤ ᠬᠡᠷᠡᠭᠲᠡᠶ︔ ᠭᠠᠵᠠᠷ ᠳᠣᠤᠷᠠᠬᠢ ᠤᠰᠤ ᠶᠢ ᠬᠢᠨᠠᠨ ᠬᠡᠮᠵᠢᠬᠦ ᠪᠡᠯᠡᠳᠬᠡᠮᠵᠢ ᠲᠥᠬᠦᠭᠡᠷᠦᠮᠵᠢ ᠠᠴᠠ ᠦᠨᠡᠨ ᠬᠦ | ᠵᠠᠶᠢᠯᠠᠵᠤ ᠂ ᠨᠤᠷᠠᠭᠠᠬᠤ ᠴᠢᠬᠤᠯᠠ ᠲᠠᠢ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠤᠰᠤᠨ ᠤ ᠵᠠᠰᠠᠭ ᠵᠠᠬᠢᠷᠭᠠᠨ ᠂ ᠪᠠᠶᠢᠭᠠᠯᠢ ᠶᠢᠨ ᠡᠬᠢ ᠪᠠᠶᠠᠯᠢᠭ ᠂ ᠠᠮᠢ ᠠᠬᠤᠶ ᠶᠢᠨ ᠣᠷᠴᠢᠨ ᠲᠣᠭᠤᠷᠢᠨ | ᠵᠡᠷᠭᠡ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠮᠡᠷᠭᠡᠵᠢᠯ ᠤᠨ ᠱᠠᠭᠠᠷᠳᠠᠯᠭ᠎ᠠ ᠶᠣᠰᠣᠭᠠᠷ ᠨᠡᠭᠦᠯᠭᠡᠨ ᠪᠠᠶᠢᠭᠤᠯᠬᠤ | ᠶᠠᠪᠤᠳᠠᠯ ᠢ ᠵᠣᠬᠢᠶᠠᠨ ᠪᠠᠶᠢᠭᠤᠯᠵᠤ ᠂ ᠨᠡᠭᠦᠯᠭᠡᠨ ᠪᠠᠶᠢᠭᠤᠯᠬᠤ ᠵᠠᠷᠤᠳᠠᠯ ᠢ ᠨᠢ ᠪᠦᠲᠦᠭᠡᠨ ᠪᠠᠶᠢᠭᠤᠯᠬᠤ ᠨᠢᠭᠡᠴᠢ ᠠᠴᠠ | ᠡᠭᠦᠷᠭᠡᠯᠡᠨ᠎ᠡ ᠃ | ᠶᠠᠮᠠᠷᠪᠠ ᠨᠢᠭᠡᠴᠢ ᠪᠠ ᠬᠤᠪᠢ ᠬᠥᠮᠦᠨ ᠭᠠᠵᠠᠷ ᠳᠣᠤᠷᠠᠬᠢ ᠤᠰᠤ ᠶᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ | ᠥᠭᠡᠷᠡᠲᠦᠭᠦᠯᠬᠦ ᠪᠠ ᠬᠠᠭᠤᠷᠮᠠᠭᠯᠠᠨ ᠵᠣᠬᠢᠶᠠᠵᠤ ᠪᠣᠯᠬᠤ ᠦᠭᠡᠶ ᠃ | ᠭᠤᠴᠢᠨ ᠵᠢᠷᠭᠤᠳᠤᠭᠠᠷ ᠵᠤᠷᠪᠤᠰ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠭᠠᠵᠠᠷ ᠳᠣᠤᠷᠠᠬᠢ | ᠤᠰᠤ ᠶᠢ ᠠᠷᠪᠢᠯᠠᠬᠤ ᠪᠠ ᠬᠠᠮᠠᠭᠠᠯᠠᠬᠤ ᠡᠭᠦᠷᠭᠡ ᠲᠠᠢ ᠂ ᠪᠦᠷᠢᠯᠭᠡᠨ ᠰᠦᠢᠳᠬᠡᠬᠦ ᠂ ᠪᠣᠬᠢᠷᠲᠤᠭᠤᠯᠬᠤ ᠪᠠ ᠬᠠᠤᠯᠢ ᠠᠴᠠ | ᠵᠥᠷᠢᠴᠡᠨ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ | ᠡᠷᠬᠡ ᠲᠠᠢ ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠵᠠᠭᠠᠯᠲᠤᠭᠰᠠᠨ ᠂ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠤᠭᠰᠠᠨ ᠤ ᠳᠠᠷᠠᠭ᠎ᠠ ᠴᠠᠭ ᠲᠤᠬᠠᠶ ᠳᠤᠨᠢ | ᠬᠢᠨᠠᠨ ᠬᠠᠷᠭᠤᠭᠤᠯᠵᠤ ᠂ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠪᠠᠶᠢᠴᠠᠭᠠᠨ ᠰᠢᠢᠳᠪᠦᠷᠢᠯᠡᠭᠰᠡᠨ | ᠦᠷ᠎ᠡ ᠳ᠋ᠦᠩ ᠢᠶᠠᠨ ᠵᠠᠭᠠᠯᠳᠤᠭᠴᠢ ᠂ ᠢᠯᠡᠴᠢᠯᠡᠨ ᠮᠡᠳᠡᠭᠦᠯᠦᠭᠰᠡᠨ ᠬᠥᠮᠦᠨ ᠳᠤ ᠬᠠᠷᠢᠭᠤ ᠲᠤᠰᠬᠠᠬᠤ ᠬᠡᠷᠡᠭᠲᠡᠶ ᠃ | ᠭᠤᠴᠢᠨ ᠳᠣᠯᠣᠳᠤᠭᠠᠷ ᠵᠤᠷᠪᠤᠰ ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ᠂ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ︾ ᠂ ︽ᠭᠠᠵᠠᠷ | ᠳᠣᠤᠷᠠᠬᠢ ᠤᠰᠤᠨ ᠤ ᠬᠠᠮᠢᠶᠠᠷᠤᠯᠲᠠ ᠶᠢᠨ ᠳᠦᠷᠢᠮ︾ ᠵᠡᠷᠭᠡ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠂ | ᠬᠠᠤᠯᠢ ᠲᠣᠭᠲᠠᠭᠠᠯ ᠳᠤ ᠪᠣᠳᠠᠲᠠᠶ ᠰᠢᠢᠳᠭᠡᠨ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ ᠂ ᠲᠡᠷᠡ | ᠲᠣᠭᠲᠠᠭᠠᠯ ᠢᠶᠠᠷ ᠨᠢ ᠬᠡᠷᠡᠭᠵᠢᠭᠦᠯᠦᠨ᠎ᠡ ᠃ | ᠭᠤᠴᠢᠨ ᠨᠠᠢᠮᠠᠳᠤᠭᠠᠷ ᠵᠤᠷᠪᠤᠰ ᠲᠤᠰ ᠳᠦᠷᠢᠮ ᠤᠨ ᠠᠷᠪᠠᠨ ᠳᠣᠯᠣᠳᠤᠭᠠᠷ ᠵᠤᠷᠪᠤᠰ ᠤᠨ ᠲᠣᠭᠲᠠᠭᠠᠯ ᠠᠴᠠ | ᠵᠥᠷᠢᠴᠡᠨ ᠂ ᠭᠠᠵᠠᠷ ᠳᠣᠤᠷᠠᠬᠢ ᠤᠰᠤ ᠶᠢ ᠲᠠᠲᠠᠬᠤ ᠪᠠᠷᠢᠯᠭ᠎ᠠ ᠪᠤᠶᠤ ᠪᠡᠯᠡᠳᠬᠡᠮᠵᠢ ᠶᠢ ᠰᠢᠨ᠎ᠡ ᠪᠠᠷ ᠪᠠᠶᠢᠭᠤᠯᠤᠭᠰᠠᠨ ᠂ | ᠥᠭᠡᠷᠡᠴᠢᠯᠡᠨ ᠪᠠᠶᠢᠭᠤᠯᠤᠭᠰᠠᠨ ᠂ ᠥᠷᠭᠡᠳᠬᠡᠨ ᠪᠠᠶᠢᠭᠤᠯᠤᠭᠰᠠᠨ ᠪᠣᠯ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ ᠂ | ᠬᠤᠭᠤᠴᠠᠭ᠎ᠠ ᠬᠢᠵᠠᠭᠠᠷᠯᠠᠨ ᠨᠥᠬᠦᠵᠦ ᠭᠦᠢᠴᠡᠳᠬᠡᠯᠭᠡᠬᠦ ᠦᠭᠡᠶ ᠪᠤᠶᠤ ᠨᠥᠬᠦᠵᠦ ᠭᠦᠢᠴᠡᠳᠬᠡᠯᠭᠡᠭᠰᠡᠨ ᠦᠭᠡᠶ ᠪᠠᠷ | ᠵᠥᠪᠰᠢᠶᠡᠷᠡᠭᠦᠯᠦᠭᠡᠳᠦᠶ ᠪᠠᠷ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠨᠤᠷᠠᠭᠠᠯᠭᠠᠬᠤ ᠪᠤᠶᠤ | ᠪᠢᠲᠡᠭᠦᠮᠵᠢᠯᠡᠭᠦᠯᠬᠦ ᠬᠡᠷᠡᠭᠲᠡᠶ︔ ᠬᠤᠭᠤᠴᠠᠭ᠎ᠠ ᠥᠩᠭᠡᠷᠡᠲᠡᠯ᠎ᠡ ᠨᠤᠷᠠᠭᠠᠬᠤ ᠦᠭᠡᠶ ᠪᠤᠶᠤ ᠪᠢᠲᠡᠭᠦᠮᠵᠢᠯᠡᠬᠦ ᠦᠭᠡᠶ ᠪᠣᠯ | ᠠᠷᠠᠳ ᠤᠨ ᠰᠢᠭᠦᠬᠦ ᠬᠤᠷᠢᠶᠠᠨ ᠳᠤ ᠭᠤᠶᠤᠴᠢᠯᠠᠵᠤ ᠪᠠᠶᠢᠭᠠᠳ ᠠᠯᠪᠠᠳᠠᠯᠭ᠎ᠠ ᠪᠠᠷ ᠨᠤᠷᠠᠭᠠᠬᠤ ᠪᠤᠶᠤ | ᠪᠢᠲᠡᠭᠦᠮᠵᠢᠯᠡᠭᠦᠯᠵᠦ ᠂ ᠬᠡᠷᠡᠭᠰᠡᠬᠦ ᠵᠠᠷᠤᠳᠠᠯ ᠢ ᠬᠠᠤᠯᠢ ᠠᠴᠠ ᠵᠥᠷᠢᠴᠡᠭᠴᠢ ᠪᠠᠷ ᠡᠭᠦᠷᠭᠡᠯᠡᠭᠦᠯᠵᠦ ᠂ 5 ᠲᠦᠮᠡᠨ | ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠨᠡᠶᠢᠯᠡᠭᠦᠯᠦᠨ | ᠰᠢᠢᠳᠭᠡᠨ᠎ᠡ ᠃ | ᠭᠤᠴᠢ ᠶᠢᠰᠦᠳᠦᠭᠡᠷ ᠵᠤᠷᠪᠤᠰ ᠲᠤᠰ ᠳᠦᠷᠢᠮ ᠤᠨ ᠠᠷᠪᠠᠨ ᠨᠠᠢᠮᠠᠳᠤᠭᠠᠷ ᠵᠤᠷᠪᠤᠰ ᠤᠨ ᠭᠤᠷᠪᠠᠳᠤᠭᠠᠷ | ᠵᠦᠢᠯ ᠤᠨ ᠲᠣᠭᠲᠠᠭᠠᠯ ᠠᠴᠠ ᠵᠥᠷᠢᠴᠡᠨ ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠳᠤ | ᠰᠡᠶᠢᠷᠡᠭᠦᠯᠦᠨ ᠬᠠᠲᠠᠭᠠᠵᠤ ᠤᠰᠤ ᠵᠠᠯᠠᠬᠤ ᠴᠢᠬᠤᠯᠠ ᠲᠠᠢ ᠠᠵᠤ ᠠᠬᠤᠶᠢᠯᠠᠯ ᠤᠳ ᠭᠠᠵᠠᠷ ᠳᠣᠤᠷᠠᠬᠢ ᠤᠰᠤᠨ ᠤ | ᠤᠰᠤᠨ ᠲᠦᠪᠰᠢᠨ ᠢ ᠠᠦ᠋ᠲ᠋ᠣ᠋ ᠬᠢᠨᠠᠨ ᠬᠡᠮᠵᠢᠬᠦ ᠪᠡᠯᠡᠳᠬᠡᠮᠵᠢ ᠪᠠᠶᠢᠭᠤᠯᠤᠭᠰᠠᠨ ᠦᠭᠡᠶ ᠪᠤᠶᠤ ᠬᠢᠨᠠᠨ ᠬᠡᠮᠵᠢᠭᠰᠡᠨ | ᠲᠤᠭ᠎ᠠ ᠪᠠᠷᠢᠮᠲᠠ ᠪᠠᠨ ᠱᠠᠭᠠᠷᠳᠠᠯᠭ᠎ᠠ ᠶᠣᠰᠣᠭᠠᠷ ᠮᠡᠳᠡᠭᠦᠯᠦᠨ ᠬᠦᠷᠭᠡᠭᠰᠡᠨ ᠦᠭᠡᠶ ᠪᠣᠯ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ 2 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ | ᠳᠣᠷᠣᠭᠰᠢ ᠵᠣᠭᠤᠰ ᠢᠶᠠᠷ ᠲᠣᠷᠭᠠᠨ᠎ᠠ ᠃ | ᠳᠥᠴᠢᠳᠦᠭᠡᠷ ᠵᠤᠷᠪᠤᠰ ᠲᠤᠰ ᠳᠦᠷᠢᠮ ᠤᠨ ᠬᠤᠷᠢᠨ ᠵᠢᠷᠭᠤᠳᠤᠭᠠᠷ ᠵᠤᠷᠪᠤᠰ ᠤᠨ ᠲᠣᠭᠲᠠᠭᠠᠯ ᠠᠴᠠ | ᠵᠥᠷᠢᠴᠡᠨ ᠂ ᠮᠠᠯᠲᠠᠬᠤ ᠶᠢ ᠴᠠᠭᠠᠵᠠᠯᠠᠬᠤ ᠣᠷᠣᠨ ᠳᠤ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠪᠤᠶᠤ | ᠬᠢᠵᠠᠭᠠᠷ ᠲᠠᠢ ᠮᠠᠯᠲᠠᠬᠤ ᠣᠷᠣᠨ ᠳᠤ ᠭᠠᠵᠠᠷ ᠳᠣᠤᠷᠠᠬᠢ ᠤᠰᠤ ᠶᠢ ᠠᠪᠴᠤ ᠬᠡᠷᠡᠭᠯᠡᠬᠦ ᠰᠢᠨ᠎ᠡ ᠪᠠᠷ ᠨᠡᠮᠡᠵᠦ | ᠬᠡᠷᠡᠭᠯᠡᠭᠰᠡᠨ ᠪᠣᠯ ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ | ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ ᠂ ᠬᠤᠭᠤᠴᠠᠭ᠎ᠠ ᠬᠢᠵᠠᠭᠠᠷᠯᠠᠨ ᠨᠥᠬᠦᠵᠦ ᠵᠠᠰᠠᠬᠤ ᠠᠷᠭ᠎ᠠ | ᠬᠡᠮᠵᠢᠶ᠎ᠡ ᠠᠪᠴᠤ ᠂ 2 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠷᠣᠭᠰᠢ | ᠵᠣᠭᠤᠰ ᠢᠶᠠᠷ ᠲᠣᠷᠭᠠᠨ᠎ᠠ︔ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠤᠰᠤ ᠠᠪᠬᠤ ᠵᠥᠪᠰᠢᠶᠡᠷᠡᠯ ᠤᠨ | ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠶ ᠪᠣᠯᠭᠠᠨ᠎ᠠ︔ ᠪᠤᠰᠤᠳ ᠲᠤ ᠬᠠᠷᠰᠢ ᠰᠠᠭᠠᠳ | ᠤᠴᠠᠷᠠᠭᠤᠯᠤᠭᠰᠠᠨ ᠪᠤᠶᠤ ᠬᠤᠬᠢᠷᠠᠯ ᠤᠴᠠᠷᠠᠭᠤᠯᠤᠭᠰᠠᠨ ᠪᠣᠯ ᠂ ᠬᠤᠬᠢᠷᠠᠯ ᠢ ᠨᠢ ᠠᠷᠢᠯᠭᠠᠵᠤ ᠂ ᠬᠤᠬᠢᠷᠠᠯ ᠢ ᠨᠢ | ᠲᠥᠯᠥᠬᠦ ᠬᠡᠷᠡᠭᠲᠡᠶ ᠃ | ᠳᠥᠴᠢᠨ ᠨᠢᠭᠡᠳᠦᠭᠡᠷ ᠵᠤᠷᠪᠤᠰ ᠲᠤᠰ ᠳᠦᠷᠢᠮ ᠤᠨ ᠬᠤᠷᠢ ᠶᠢᠰᠦᠳᠦᠭᠡᠷ ᠵᠤᠷᠪᠤᠰ ᠤᠨ ᠨᠢᠭᠡᠳᠦᠭᠡᠷ | ᠵᠦᠢᠯ ᠤᠨ ᠲᠣᠭᠲᠠᠭᠠᠯ ᠠᠴᠠ ᠵᠥᠷᠢᠴᠡᠨ ᠂ ᠲᠥᠪᠯᠡᠷᠡᠩᠭᠦᠶ ᠮᠠᠶ᠋ᠢᠭ ᠤᠨ ᠭᠠᠵᠠᠷ ᠳᠣᠤᠷᠠᠬᠢ ᠤᠰᠤᠨ ᠤ ᠤᠤᠭᠤᠬᠤ | ᠤᠰᠤᠨ ᠤ ᠤᠰᠤᠨ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠳᠤ ᠤᠰᠤ ᠠᠪᠬᠤ ᠴᠢᠬᠤᠯᠠ ᠲᠠᠢ ᠭᠠᠵᠠᠷ ᠤᠨ | ᠢᠯᠴᠢ ᠶᠢᠨ ᠡᠨᠧᠷᠭᠢ ᠶᠢ ᠨᠡᠭᠡᠭᠡᠨ ᠠᠰᠢᠭᠯᠠᠬᠤ ᠲᠥᠷᠥᠯ ᠵᠦᠢᠯ ᠪᠤᠶᠤ ᠭᠠᠵᠠᠷ ᠳᠣᠤᠷᠠᠬᠢ ᠤᠰᠤ ᠶᠢ ᠰᠢᠨᠡᠳᠬᠡᠬᠦ ᠳᠤ | ᠬᠦᠴᠢᠷᠲᠡᠶ ᠭᠠᠵᠠᠷ ᠤᠨ ᠢᠯᠴᠢ ᠶᠢᠨ ᠡᠨᠧᠷᠭᠢ ᠶᠢ ᠨᠡᠭᠡᠭᠡᠨ ᠠᠰᠢᠭᠯᠠᠬᠤ ᠳᠤ ᠬᠡᠷᠡᠭᠯᠡᠬᠦ ᠲᠥᠷᠥᠯ ᠵᠦᠢᠯ ᠢ ᠲᠠᠲᠠᠵᠤ | ᠠᠪᠬᠤ ᠪᠠ ᠰᠢᠨᠡᠳᠬᠡᠬᠦ ᠳᠤ ᠪᠡᠷᠬᠡ ᠲᠠᠢ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ ᠂ ᠤᠰᠤ ᠠᠪᠬᠤ | ᠪᠠᠷᠢᠯᠭ᠎ᠠ ᠪᠤᠶᠤ ᠪᠡᠯᠡᠳᠬᠡᠮᠵᠢ ᠶᠢ ᠨᠢ 10 ᠲᠦᠮᠡᠨ ᠲᠥᠭᠦᠷᠢᠭ ᠠᠴᠠ ᠳᠡᠭᠡᠭᠰᠢ 20 ᠲᠦᠮᠡᠨ ᠲᠥᠭᠦᠷᠢᠭ ᠠᠴᠠ | ᠳᠣᠷᠣᠭᠰᠢ ᠵᠣᠭᠤᠰ ᠢᠶᠠᠷ ᠲᠣᠷᠭᠠᠨ᠎ᠠ ᠃ | ᠲᠤᠰ ᠳᠦᠷᠢᠮ ᠤᠨ ᠬᠤᠷᠢ ᠶᠢᠰᠦᠳᠦᠭᠡᠷ ᠵᠤᠷᠪᠤᠰ ᠤᠨ ᠭᠤᠷᠪᠠᠳᠤᠭᠠᠷ ᠵᠦᠢᠯ ᠤᠨ ᠲᠣᠭᠲᠠᠭᠠᠯ ᠠᠴᠠ | ᠵᠥᠷᠢᠴᠡᠨ ᠂ ᠪᠦᠲᠦᠭᠡᠨ ᠪᠠᠶᠢᠭᠤᠯᠬᠤ ᠳᠤ ᠤᠰᠤ ᠠᠪᠬᠤ ᠴᠢᠬᠤᠯᠠ ᠲᠠᠢ ᠭᠠᠵᠠᠷ ᠤᠨ ᠢᠯᠴᠢ ᠶᠢᠨ ᠡᠨᠧᠷᠭᠢ ᠶᠢ | ᠨᠡᠭᠡᠭᠡᠨ ᠠᠰᠢᠭᠯᠠᠬᠤ ᠲᠥᠷᠥᠯ ᠵᠦᠢᠯ ᠢ ᠲᠣᠭᠲᠠᠭᠠᠯ ᠶᠣᠰᠣᠭᠠᠷ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠭᠰᠡᠨ | ᠦᠭᠡᠶ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ | ᠴᠡᠭᠴᠡᠯᠡᠨ ᠥᠭᠡᠷᠡᠴᠢᠯᠡᠭᠦᠯᠵᠦ ᠂ ᠴᠡᠭᠴᠡᠯᠡᠨ ᠰᠠᠶᠢᠵᠢᠷᠠᠭᠤᠯᠤᠭᠠᠳ ᠬᠢᠷᠢ ᠲᠡᠩᠴᠡᠬᠦ ᠦᠭᠡᠶ ᠪᠣᠯ ᠬᠠᠭᠠᠬᠤ ᠬᠡᠷᠡᠭᠲᠡᠶ ᠃ | ᠳᠥᠴᠢᠨ ᠬᠤᠶᠠᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠬᠢᠭᠡᠳ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠭᠡᠳ ᠭᠠᠵᠠᠷ | ᠳᠣᠤᠷᠠᠬᠢ ᠤᠰᠤ ᠶᠢ ᠬᠠᠮᠠᠭᠠᠯᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠲᠠᠢ ᠪᠤᠰᠤᠳ ᠰᠠᠯᠠᠭ᠎ᠠ ᠮᠥᠴᠢᠷ ᠵᠢᠴᠢ | ᠠᠵᠢᠯᠲᠠᠨ ᠨᠢ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ ᠂ ᠠᠯᠪᠠᠨ ᠲᠤᠰᠢᠶᠠᠯ ᠳᠠᠭᠠᠨ ᠠᠯᠮᠠᠶᠢᠷᠠᠨ | ᠣᠰᠣᠯᠳᠠᠭᠰᠠᠨ ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠣᠯ ᠰᠢᠭᠤᠳ ᠬᠠᠷᠢᠭᠤᠴᠠᠯᠭ᠎ᠠ ᠲᠠᠢ | ᠭᠤᠤᠯᠴᠢᠯᠠᠨ ᠬᠠᠮᠢᠶᠠᠷᠤᠭᠴᠢ ᠪᠣᠯᠤᠨ ᠪᠤᠰᠤᠳ ᠬᠠᠷᠢᠭᠤᠴᠠᠯᠭ᠎ᠠ ᠡᠭᠦᠷᠭᠡᠯᠡᠭᠴᠢ ᠳᠤ ᠬᠠᠤᠯᠢ ᠶᠣᠰᠣᠭᠠᠷ ᠰᠢᠢᠳᠭᠡᠯ | ᠥᠭᠭᠦᠨ᠎ᠡ︔ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠃ | ᠳᠥᠴᠢᠨ ᠭᠤᠷᠪᠠᠳᠤᠭᠠᠷ ᠵᠤᠷᠪᠤᠰ ᠲᠣᠰ ᠲᠦᠷᠢᠮ ᠢ 2022 ᠣᠨ ᠤ 1 ᠳ᠋ᠤᠭᠡᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ | |