ᠬᠡᠯᠬᠢᠶᠡᠰᠦᠨ ᠨᠣᠮᠧᠷ᠄ 000014348/2025 — 01231 | ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ | ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ | ᠪᠢᠴᠢᠭ ᠤᠨ ᠳ᠋ᠤᠭᠠᠷ᠄ ᠦᠪᠦᠷ ᠤᠰᠤᠨ ᠵᠠᠰᠠᠭ ﹇2024﹈ 26 ᠳ᠋ᠤᠭᠠᠷ ᠲᠣᠭᠠᠲᠤ | ᠪᠢᠴᠢᠭᠳᠡᠭᠰᠡᠨ ᠡᠳᠦᠷ ᠬᠤᠭᠤᠴᠠᠭ᠎ᠠ᠄ 2025 ᠣᠨ ᠤ 3 ᠳ᠋ᠤᠭᠠᠷ ᠰᠠᠷ᠎ᠠ ᠶᠢᠨ 24 ᠤ ᠡᠳᠦᠷ | ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ | | ᠡᠯ᠎ᠡ ᠠᠶᠢᠮᠠᠭ ᠬᠤᠲᠠ ᠶᠢᠨ ᠤᠰᠤᠨ ᠠᠰᠢᠭᠯᠠᠯᠲᠠ ︵ᠤᠰᠤᠨ ᠤ ᠶᠠᠪᠤᠳᠠᠯ︶ ᠶᠢᠨ ᠲᠣᠪᠴᠢᠶ᠎ᠠ ᠂ ᠬᠠᠤᠯᠢ | ᠴᠠᠭᠠᠵᠠ ᠶᠢᠨ ᠲᠣᠪᠴᠢᠶ᠎ᠠ ᠂ ᠲᠢᠩᠬᠢᠮ ᠤᠨ ᠪᠠᠶᠢᠭᠤᠯᠭ᠎ᠠ ᠶᠢᠨ ᠬᠤᠯᠪᠣᠭᠳᠠᠯ ᠪᠥᠬᠦᠶ ᠭᠠᠵᠠᠷ ᠠᠯᠪᠠᠨ ᠬᠡᠷ ᠂ | ᠲᠢᠩᠬᠢᠮ ᠤᠨ ᠬᠠᠷᠢᠶ᠎ᠠ ᠬᠤᠯᠪᠣᠭᠳᠠᠯ ᠪᠥᠬᠦᠶ ᠨᠢᠭᠡᠴᠢ᠄ | ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠯ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠂ | ᠤᠰᠤᠨ ᠤ ᠵᠠᠰᠠᠭ ᠵᠠᠬᠢᠷᠭᠠᠨ ᠤ ᠬᠡᠷᠡᠭ ᠶᠠᠪᠤᠳᠠᠯ ᠢ ᠬᠠᠮᠢᠶᠠᠷᠬᠤ ᠂ ᠤᠰᠤᠨ ᠳᠤ ᠬᠤᠯᠪᠣᠭᠳᠠᠬᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠴᠢᠬᠤᠯᠠ ᠠᠷᠭ᠎ᠠ ᠮᠠᠶ᠋ᠢᠭ ᠮᠥᠨ ᠂ ᠤᠰᠤᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠠᠰᠤ ᠴᠢᠨᠠᠷ ᠪᠠ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠪᠣᠯ ᠤᠰᠤᠨ ᠠᠰᠢᠭᠯᠠᠯᠲᠠ ᠶᠢᠨ | ᠬᠠᠤᠯᠢ ᠪᠠᠷ ᠵᠠᠰᠠᠬᠤ ᠰᠢᠰᠲ᠋ᠧᠮ ᠢ ᠲᠡᠭᠦᠯᠳᠡᠷᠵᠢᠭᠦᠯᠬᠦ ᠂ ᠤᠰᠤᠨ ᠠᠰᠢᠭᠯᠠᠯᠲᠠ ᠶᠢᠨ ᠬᠠᠤᠯᠢ ᠪᠠᠷ ᠵᠠᠰᠠᠬᠤ | ᠴᠢᠳᠠᠪᠤᠷᠢ ᠶᠢ ᠳᠡᠭᠡᠭᠰᠢᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠃ ︽ᠤᠰᠤᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠲᠤᠬᠠᠶ ᠤᠰᠤᠨ ᠠᠰᠢᠭᠯᠠᠯᠲᠠ ᠶᠢᠨ | ᠶᠠᠮᠤᠨ ᠬᠠᠤᠯᠢ ᠴᠠᠭᠠᠵᠠ ᠶᠢᠨ ᠶᠠᠮᠤᠨ ᠤ ᠵᠢᠯᠣᠭᠤᠳᠬᠤ ᠰᠠᠨᠠᠯ︾ ︵ᠤᠰᠤᠨ ᠵᠠᠰᠠᠭ ᠬᠠᠤᠯᠢ ﹇2024﹈ 34 | ᠳ᠋ᠦ᠋ᠭᠡᠷ ᠲᠣᠭᠠᠲᠤ︶ ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ ᠠᠵᠢᠯ ᠤᠨ ᠭᠤᠤᠯ ᠰᠢᠵᠢᠮ ᠪᠣᠯᠭᠠᠬᠤ ᠶᠢ | ᠪᠠᠷᠢᠮᠲᠠᠯᠠᠨ ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠯᠦᠭᠡ ᠣᠷᠭᠠᠨᠢᠭ ᠢᠶᠠᠷ | ᠵᠣᠯᠭᠠᠭᠤᠯᠬᠤ ᠶᠢ ᠠᠬᠢᠭᠤᠯᠵᠤ ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠦᠴᠦᠨ | ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠰᠠᠳᠠ ᠂ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ ᠂ ᠳᠣᠤᠷᠠᠬᠢ | ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ ᠃ | ᠨᠢᠭᠡ ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠎ᠠ | ︵ᠨᠢᠭᠡ︶ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠴᠢᠩᠭ᠎ᠠ ᠭᠦᠢᠴᠡᠳᠭᠡᠨ᠎ᠡ ᠃ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠪᠣᠯ ᠶᠡᠷᠦᠩᠬᠡᠶ | ᠱᠦᠵᠢ ᠰᠢ ᠶᠢᠨ ᠫᠢᠩ ᠤᠨ ᠨᠠᠮ ᠪᠠ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠬᠠᠶ ᠴᠢᠬᠤᠯᠠ | ᠥᠭᠦᠯᠡᠯᠲᠡ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠠᠪᠤᠳᠠᠯ ᠮᠥᠨ ᠂ ᠤᠯᠤᠰ ᠤᠨ | ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠶᠡᠭᠡ | ᠪᠠᠶᠢᠷᠢᠯᠠᠭᠤᠯᠤᠯᠲᠠ ᠮᠥᠨ ᠂ ᠨᠠᠮ ᠤᠨ ᠲᠥᠪ ᠬᠤᠷᠢᠶ᠎ᠠ ᠠᠴᠠ ᠣᠯᠠᠨ ᠲᠠᠯ᠎ᠠ ᠠᠴᠠ ᠬᠠᠤᠯᠢ ᠬᠡᠷᠡᠭᠵᠢᠭᠦᠯᠬᠦ ᠂ | ᠳᠠᠪᠬᠤᠷᠳᠠᠭᠤᠯᠤᠨ ᠬᠠᠤᠯᠢ ᠬᠡᠷᠡᠭᠵᠢᠭᠦᠯᠬᠦ ᠂ ᠰᠣᠯᠪᠢᠴᠠᠭᠤᠯᠤᠨ ᠬᠠᠤᠯᠢ ᠬᠡᠷᠡᠭᠵᠢᠭᠦᠯᠬᠦ ᠶᠢ ᠰᠢᠢᠳᠪᠦᠷᠢᠯᠡᠬᠦ ᠴᠢᠬᠤᠯᠠ | ᠶᠡᠭᠡ ᠰᠢᠢᠳᠪᠦᠷᠢᠲᠦ ᠪᠣᠳᠣᠯᠭ᠎ᠠ ᠮᠥᠨ ᠂ ᠶᠡᠭᠡ ᠪᠠᠶᠢᠳᠠᠯ ᠤᠨ ᠬᠠᠨᠳᠤᠰᠢ ᠮᠥᠨ ᠃ ᠪᠦᠬᠦ ᠣᠷᠣᠨ ᠤ ᠡᠯ᠎ᠡ ᠱᠠᠲᠤᠨ ᠤ | ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠨᠠᠮ ᠪᠣᠯᠤᠨ ᠤᠯᠤᠰ ᠤᠨ ᠠᠵᠢᠯ | ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠳᠡᠭᠡᠳᠦ ᠬᠡᠮᠵᠢᠶᠡᠨ ᠠᠴᠠ ᠥᠭᠡᠷᠡᠴᠢᠯᠡᠯᠲᠡ ᠶᠢᠨ ᠴᠢᠬᠤᠯᠠ ᠴᠢᠨᠠᠷ | ᠪᠣᠯᠤᠨ ᠵᠠᠶᠢᠯᠠᠰᠢ ᠦᠭᠡᠶ ᠴᠢᠨᠠᠷ ᠢ ᠭᠦᠢᠴᠡᠳ ᠲᠠᠨᠢᠵᠤ ᠂ ᠦᠵᠡᠯ ᠰᠠᠨᠠᠭ᠎ᠠ ᠪᠠᠨ ᠤᠬᠠᠮᠰᠠᠷ ᠠᠴᠠ ᠪᠠᠨ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ ᠂ ᠪᠠᠶᠢᠳᠠᠯ ᠢ ᠦᠵᠡᠨ | ᠬᠥᠳᠡᠯᠦᠯᠴᠡᠵᠦ ᠂ ᠪᠠᠶᠢᠳᠠᠯ ᠢ ᠦᠵᠡᠵᠦ ᠪᠠᠶᠢᠭᠠᠳ ᠤᠷᠤᠭᠰᠢᠯᠠᠨ ᠳᠠᠪᠰᠢᠵᠤ ᠂ ᠥᠭᠡᠷᠡᠴᠢᠯᠡᠯᠲᠡ ᠶᠢᠨ | ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ ᠂ ᠦᠵᠡᠯ ᠰᠠᠨᠠᠭ᠎ᠠ ᠰᠠᠮᠠᠭᠤᠷᠠᠬᠤ ᠦᠭᠡᠶ ᠂ ᠠᠵᠢᠯ | ᠲᠠᠰᠤᠷᠠᠬᠤ ᠦᠭᠡᠶ ᠂ ᠡᠩᠨᠡᠭᠡ ᠰᠠᠷᠨᠢᠬᠤ ᠦᠭᠡᠶ ᠂ ᠡᠷᠴᠢ ᠵᠣᠷᠢᠭ ᠪᠠᠭᠤᠷᠠᠬᠤ ᠦᠭᠡᠶ ᠪᠠᠶᠢᠬᠤ ᠶᠢ ᠪᠡᠶᠡᠯᠡᠭᠦᠯᠵᠦ ᠂ | ᠥᠭᠡᠷᠡᠴᠢᠯᠡᠯᠲᠡ ᠶᠢᠨ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠬᠠᠤᠯᠢ | ᠶᠣᠰᠣᠭᠠᠷ ᠭᠦᠢᠴᠡᠳᠬᠡᠬᠦ ᠳᠤ ᠠᠰᠢᠭᠲᠠᠶ ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠳᠤ ᠠᠰᠢᠭᠲᠠᠶ ᠴᠢᠭᠯᠡᠯ ᠲᠡᠶᠢᠰᠢ ᠬᠥᠭᠵᠢᠬᠦ ᠶᠢ ᠴᠢᠷᠮᠠᠶᠢᠨ ᠠᠬᠢᠭᠤᠯᠬᠤ ᠬᠡᠷᠡᠭᠲᠡᠶ ᠃ | ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠤᠰᠤᠨ ᠤ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠶᠢ ᠡᠭᠦᠷᠭᠡᠯᠡᠬᠦ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠪᠠᠶᠢᠭᠤᠯᠤᠮᠵᠢ ᠨᠤᠭᠤᠳ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠡᠷᠬᠡᠪᠰᠢ | ᠭᠦᠢᠴᠡᠳᠬᠡᠵᠦ ᠂ ᠬᠠᠤᠯᠢ ᠠᠴᠠ ᠡᠷᠬᠡ ᠣᠯᠭᠤᠭᠰᠠᠨ ᠦᠭᠡᠢ ᠪᠣᠯ ᠬᠢᠵᠦ ᠪᠣᠯᠬᠤ ᠦᠭᠡᠢ ᠂ ᠤᠰᠤᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠬᠠᠤᠯᠢ | ᠴᠠᠭᠠᠵᠠ ᠬᠠᠤᠯᠢ ᠲᠣᠭᠲᠠᠭᠠᠯ ᠠᠴᠠ ᠣᠯᠭᠤᠭᠰᠠᠨ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠡᠷᠬᠡ | ᠣᠯᠭᠤᠬᠤ ᠬᠡᠪᠴᠢᠶᠡᠨ ᠳᠠᠬᠢ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠶᠢ ᠴᠢᠩᠭ᠎ᠠ | ᠭᠦᠢᠴᠡᠳᠬᠡᠬᠦ ᠬᠡᠷᠡᠭᠲᠡᠶ ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠮᠤᠵᠢ ᠶᠢᠨ | ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ ᠂ | ᠭᠤᠤᠯᠳᠠᠭᠤ ᠪᠥᠬᠦ ᠣᠷᠣᠨ ᠤ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠨᠢᠭᠡᠳᠦᠯᠲᠡᠶ | ᠲᠥᠯᠥᠪᠯᠡᠨ ᠵᠣᠬᠢᠴᠠᠭᠤᠯᠬᠤ ᠂ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠶᠢ ᠬᠠᠷᠢᠭᠤᠴᠠᠵᠤ ᠂ ᠴᠢᠬᠤᠯᠠ ᠶᠡᠭᠡ | ᠨᠥᠯᠥᠭᠡ ᠲᠠᠢ ᠪᠤᠳᠤᠯᠢᠶᠠᠨᠲᠠᠶ ᠬᠡᠷᠡᠭ ᠪᠣᠯᠤᠨ ᠠᠶᠢᠮᠠᠭ ᠬᠤᠲᠠ ᠠᠯᠤᠰᠯᠠᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠨ᠎ᠡ | ︔ ᠠᠶᠢᠮᠠᠭ ᠬᠤᠲᠠ ᠶᠢᠨ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠭᠤᠤᠯᠳᠠᠭᠤ ᠲᠣᠰ ᠠᠶᠢᠮᠠᠭ ᠬᠤᠲᠠ ᠶᠢᠨ ᠳᠣᠲᠣᠷᠠᠬᠢ ᠣᠷᠣᠨ ᠪᠦᠰᠡ ᠠᠯᠤᠰᠯᠠᠭᠰᠠᠨ ᠪᠠ ᠴᠢᠬᠤᠯᠠ ᠶᠡᠭᠡ | ᠨᠥᠯᠥᠭᠡ ᠲᠠᠢ ᠪᠤᠳᠤᠯᠢᠶᠠᠨᠲᠠᠶ ᠬᠡᠷᠡᠭ ᠢ ᠪᠠᠶᠢᠴᠠᠭᠠᠨ ᠰᠢᠢᠳᠪᠦᠷᠢᠯᠡᠬᠦ ᠵᠢᠴᠢ ᠲᠣᠰ ᠠᠶᠢᠮᠠᠭ ᠬᠤᠲᠠ ᠶᠢᠨ ᠤᠰᠤᠨ ᠤ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠵᠢᠯᠣᠭᠤᠳᠴᠤ ᠂ ᠵᠣᠬᠢᠶᠠᠨ ᠪᠠᠶᠢᠭᠤᠯᠤᠨ | ᠵᠣᠬᠢᠴᠠᠭᠤᠯᠤᠨ᠎ᠠ︔ ᠡᠳᠦᠷ ᠲᠤᠲᠤᠮ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠂ ᠬᠠᠤᠯᠢ ᠠᠴᠠ | ᠵᠥᠷᠢᠴᠡᠭᠰᠡᠨ ᠡᠩ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠡᠭᠡᠨ ᠬᠤᠰᠢᠭᠤ ᠰᠢᠶᠠᠨ ᠤ ᠤᠰᠤᠨ ᠤ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠭᠤᠤᠯ ᠪᠣᠯᠭᠠᠨ᠎ᠠ ᠃ | ︵ᠬᠤᠶᠠᠷ︶ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠬᠠᠭᠤᠳᠠᠰᠤ ᠶᠢ ᠵᠢᠷᠤᠮᠵᠢᠭᠤᠯᠤᠨ ᠨᠠᠶᠢᠷᠠᠭᠤᠯᠤᠨ | ᠵᠣᠬᠢᠶᠠᠨ᠎ᠠ ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠪᠠ ᠡᠯ᠎ᠡ ᠠᠶᠢᠮᠠᠭ ᠬᠤᠲᠠ ᠂ | ᠬᠤᠰᠢᠭᠤ ᠰᠢᠶᠠᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠥᠬᠦ | ᠤᠯᠤᠰ ᠤᠨ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠵᠢᠯᠣᠭᠤᠳᠬᠤ ᠭᠠᠷᠴᠠᠭ ᠢᠶᠠᠷ | ᠯᠠᠪᠯᠠᠯᠲᠠ ᠪᠣᠯᠭᠠᠵᠤ ᠂ ᠣᠷᠣᠨ ᠨᠤᠲᠤᠭ ᠤᠨ ᠬᠠᠤᠯᠢ ᠲᠣᠭᠲᠠᠭᠠᠬᠤ ᠂ ︽ᠭᠤᠷᠪᠠ ᠶᠢ ᠲᠣᠭᠲᠠᠭᠠᠬᠤ︾ ᠲᠣᠭᠲᠠᠭᠠᠯ | ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢᠨ ᠪᠣᠳᠠᠲᠠᠶ ᠲᠠᠢ ᠪᠠᠨ | ᠤᠶᠠᠯᠳᠤᠭᠤᠯᠤᠨ ᠂ ᠲᠣᠰ ᠱᠠᠲᠤᠨ ᠤ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ | ᠬᠠᠭᠤᠳᠠᠰᠤ ᠶᠢ ᠨᠠᠶᠢᠷᠠᠭᠤᠯᠤᠨ ᠵᠣᠬᠢᠶᠠᠵᠤ ᠰᠢᠨᠡᠳᠬᠡᠬᠦ ᠶᠢᠨ ᠬᠠᠮᠲᠤ 2024 ᠣᠨ ᠤ ᠡᠴᠦᠰ ᠠᠴᠠ ᠡᠮᠦᠨ᠎ᠡ | ᠨᠡᠶᠢᠭᠡᠮ ᠳᠤ ᠨᠡᠶᠢᠲᠡᠯᠡᠨ᠎ᠡ ᠃ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠨᠠᠷᠢᠨ ᠬᠠᠭᠤᠳᠠᠰᠤ ᠲᠠᠢ ᠬᠠᠷᠢᠴᠠᠭᠤᠯᠤᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠱᠠᠭᠠᠷᠳᠠᠯᠭ᠎ᠠ ᠶᠢ | ᠵᠦᠢᠯ ᠳᠠᠷᠠᠭᠠᠯᠠᠨ ᠲᠣᠳᠣᠷᠬᠠᠶᠢᠯᠠᠵᠤ ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠂ ᠡᠭᠦᠷᠭᠡ | ᠲᠤᠰᠢᠶᠠᠯ ᠢᠶᠠᠨ ᠭᠦᠢᠴᠡᠳᠭᠡᠬᠦ ᠠᠷᠭ᠎ᠠ ᠮᠠᠶ᠋ᠢᠭ ᠢ ᠢᠯᠡ ᠪᠣᠯᠭᠠᠵᠤ ᠂ ᠠᠵᠢᠯ ᠤᠨ ᠴᠤᠪᠤᠷᠠᠯ ᠢ ᠨᠠᠷᠢᠯᠢᠬᠵᠢᠭᠤᠯᠬᠤ | ᠬᠡᠷᠡᠭᠲᠡᠶ ᠃ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠵᠢᠴᠢ ᠬᠠᠮᠢᠶ᠎ᠠ ᠪᠦᠬᠦᠢ ᠵᠠᠰᠠᠭ ᠵᠠᠬᠢᠷᠭᠠᠨ ᠤ ᠪᠠᠶᠢᠴᠠᠭᠠᠯᠲᠠ ᠂ | ᠵᠠᠰᠠᠭ ᠵᠠᠬᠢᠷᠭᠠᠨ ᠤ ᠠᠯᠪᠠᠳᠠᠯᠭ᠎ᠠ ᠵᠡᠷᠭᠡ ᠬᠠᠤᠯᠢ ᠬᠡᠷᠡᠭᠵᠢᠭᠦᠯᠬᠦ ᠵᠦᠢᠯᠡᠰ ᠢ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠬᠤᠪᠢᠶᠠᠷᠢᠯᠠᠨ ᠰᠢᠯᠵᠢᠭᠦᠯᠬᠦ ᠳᠤ ᠂ ᠨᠠᠷᠢᠨ ᠬᠠᠭᠤᠳᠠᠰᠤ ᠳᠠᠭᠠᠨ ᠲᠤᠰ | ᠲᠤᠰ ᠤᠨ ᠡᠭᠦᠷᠭᠡ ᠬᠠᠷᠢᠭᠤᠴᠠᠯᠭ᠎ᠠ ᠶᠢᠨ ᠵᠠᠭᠠᠭ ᠢᠶᠠᠨ ᠲᠣᠳᠣᠷᠬᠠᠶᠢᠯᠠᠬᠤ ᠬᠡᠷᠡᠭᠲᠡᠶ ᠃ ᠡᠯ᠎ᠡ ᠱᠠᠲᠤᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠠᠶᠢᠭᠤᠯᠤᠯ ᠤᠨ ᠥᠭᠡᠷᠡᠴᠢᠯᠡᠯᠲᠡ ᠶᠢᠨ ᠬᠠᠤᠯᠢ ᠪᠠᠷ ᠵᠠᠰᠠᠬᠤ ᠵᠣᠬᠢᠴᠠᠭᠤᠯᠤᠨ ᠲᠣᠬᠢᠷᠠᠭᠤᠯᠬᠤ ᠡᠭᠦᠷᠭᠡ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠵᠣ ᠂ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ | ᠬᠠᠭᠤᠳᠠᠰᠤ ᠶᠢ ᠨᠠᠶᠢᠷᠠᠭᠤᠯᠤᠨ ᠵᠣᠬᠢᠶᠠᠵᠤ ᠰᠢᠨᠡᠳᠬᠡᠬᠦ ᠠᠵᠢᠯ ᠢ ᠬᠠᠤᠯᠢ ᠶᠣᠰᠣᠭᠠᠷ ᠵᠢᠷᠤᠮᠵᠢᠭᠤᠯᠤᠨ ᠪᠡᠶᠡᠯᠡᠭᠦᠯᠬᠦ ᠶᠢ | ᠰᠢᠮᠳᠠᠭᠤᠯᠤᠨ ᠵᠢᠯᠣᠭᠤᠳᠤᠨ᠎ᠠ ᠃ | ︵ᠭᠤᠷᠪᠠ︶ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠦᠴᠦᠨ ᠢ ᠴᠢᠩᠭ᠎ᠠ ᠲᠣᠬᠢᠷᠠᠭᠤᠯᠤᠨ᠎ᠠ ᠃ | ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠡᠭᠦᠷᠭᠡᠯᠡᠵᠦ | ᠪᠦᠬᠦᠢ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠪᠣᠯᠤᠨ ᠬᠠᠤᠯᠢ ᠬᠡᠷᠡᠭᠵᠢᠭᠦᠯᠬᠦ ᠠᠵᠢᠯ ᠤᠨ ᠬᠡᠮᠵᠢᠶ᠎ᠡ ᠪᠠᠨ | ᠦᠨᠳᠦᠰᠦᠯᠡᠨ ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠦᠴᠦᠨ ᠢᠶᠠᠨ ᠲᠡᠭᠦᠯᠳᠡᠷᠵᠢᠭᠦᠯᠵᠦ ᠂ | ᠭᠤᠶᠤᠴᠢᠯᠠᠨ ᠠᠪᠬᠤ ᠬᠢᠷᠢ ᠭᠡᠮ ᠳᠤ ᠨᠡᠶᠢᠴᠡᠭᠰᠡᠨ ᠠᠵᠢᠯᠲᠠᠨ ᠢ ᠵᠣᠷᠢᠭᠵᠢᠭᠤᠯᠤᠨ ᠬᠥᠲᠥᠯᠥᠨ ᠵᠢᠯᠣᠭᠤᠳᠴᠤ | ᠪᠠᠶᠢᠭᠠᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠭᠡᠮ ᠤᠨ ᠪᠣᠯᠪᠠᠰᠤᠷᠠᠯ ᠤᠨ ᠰᠢᠯᠭᠠᠯᠲᠠ ᠳᠤ | ᠴᠠᠭ ᠲᠤᠬᠠᠶ ᠳᠤᠨᠢ ᠣᠷᠣᠯᠴᠠᠭᠤᠯᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠣᠯᠭᠤᠵᠤ ᠂ ᠤᠰᠤᠨ ᠤ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠶᠢ ᠪᠠᠶᠢᠭᠤᠯᠭ᠎ᠠ ᠶᠢᠨ ᠪᠠᠶᠢᠳᠠᠯ ᠳᠠᠭᠠᠨ ᠪᠤᠴᠠᠭᠠᠬᠤ ᠶᠢ | ᠦᠨᠡᠨ ᠬᠦ ᠪᠠᠲᠤᠯᠠᠵᠤ ᠂ ᠪᠠᠶᠢᠭᠤᠯᠤᠮᠵᠢ ᠶᠢᠨ ᠲᠣᠬᠢᠷᠠᠭᠤᠯᠤᠯᠲᠠ ᠂ ᠠᠵᠢᠯᠲᠠᠨ ᠤ ᠲᠣᠬᠢᠷᠠᠭᠤᠯᠤᠯᠲᠠ ᠨᠢ ᠬᠠᠤᠯᠢ | ᠬᠡᠷᠡᠭᠵᠢᠭᠦᠯᠬᠦ ᠬᠡᠷᠡᠭᠴᠡᠭᠡ ᠱᠠᠭᠠᠷᠳᠠᠯᠭ᠎ᠠ ᠯᠤᠭ᠎ᠠ ᠬᠠᠷᠢᠯᠴᠠᠨ ᠲᠣᠬᠢᠷᠠᠯᠴᠠᠭᠤᠯᠬᠤ ᠬᠡᠷᠡᠭᠲᠡᠶ ᠃ ᠲᠣᠰ ᠰᠠᠯᠠᠭ᠎ᠠ | ᠮᠥᠴᠢᠷ ᠤᠨ ᠢᠶᠠᠨ ᠤᠰᠤᠨ ᠤ ᠶᠠᠪᠤᠳᠠᠯ ᠤᠨ ᠬᠠᠤᠯᠢ ᠠᠴᠠ ᠵᠥᠷᠢᠴᠡᠭᠰᠡᠨ ᠬᠡᠷᠡᠭ ᠢ ᠰᠢᠢᠳᠪᠦᠷᠢᠯᠡᠬᠦ ᠠᠵᠢᠯ ᠤᠨ | ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ ᠂ ᠲᠦᠷᠦᠭᠦᠯᠡᠨ ᠬᠢᠬᠦ ᠪᠠ ᠬᠠᠷᠢᠭᠤᠴᠠᠯᠭ᠎ᠠ ᠶᠢᠨ ᠪᠠᠶᠢᠭᠤᠯᠤᠮᠵᠢ ᠶᠢ | ᠲᠣᠳᠣᠷᠬᠠᠶᠢᠯᠠᠨ ᠂ ᠳᠣᠲᠣᠭᠠᠳᠤ ᠶᠢᠨ ᠠᠵᠢᠯ ᠢᠶᠠᠨ ᠬᠤᠪᠢᠶᠠᠷᠢᠯᠠᠨ ᠬᠠᠮᠵᠢᠯᠴᠠᠬᠤ ᠲᠣᠭᠲᠠᠴᠠ ᠶᠢ ᠪᠦᠷᠢᠨᠰᠢᠬᠦᠯᠵᠦ ᠂ | ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠠᠵᠢᠯᠲᠠᠨ ᠤ ᠬᠦᠴᠦᠨ ᠢ ᠨᠢᠭᠲᠠᠷᠠᠭᠤᠯᠤᠨ ᠂ ᠬᠠᠤᠯᠢ ᠬᠡᠷᠡᠭᠵᠢᠭᠦᠯᠬᠦ | ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ ᠃ ᠪᠦᠬᠦ ᠰᠢᠰᠲ᠋ᠧᠮ ᠤᠨ ᠦᠢᠯᠡᠳᠦᠯ ᠢ ᠪᠠᠳᠠᠷᠠᠭᠤᠯᠬᠤ ᠶᠢ | ᠴᠢᠬᠤᠯᠠᠴᠢᠯᠠᠵᠤ ᠂ ᠵᠠᠰᠠᠭ ᠵᠠᠬᠢᠷᠭᠠᠨ ᠤ ᠪᠠᠶᠢᠭᠤᠯᠭ᠎ᠠ ᠶᠢ ᠭᠠᠷᠭᠠᠪᠠᠯ ᠂ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ | ᠬᠠᠤᠯᠢ ᠬᠡᠷᠡᠭᠵᠢᠭᠦᠯᠬᠦ ᠬᠠᠪᠰᠤᠷᠤᠮᠵᠢ ᠪᠠ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠶᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠡᠷᠡᠭᠯᠡᠬᠦ ᠬᠡᠷᠡᠭᠲᠡᠢ ᠃ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠬᠠᠤᠯᠢ ᠴᠠᠭᠠᠵᠠ ᠂ ᠬᠠᠤᠯᠢ ᠲᠣᠭᠲᠠᠭᠠᠯ ᠂ ᠳᠦᠷᠢᠮ ᠲᠣᠭᠲᠠᠭᠠᠯ ᠤᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠂ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠤᠨ ᠳᠣᠲᠣᠷ᠎ᠠ ᠬᠠᠷᠢᠶ᠎ᠠ ᠪᠦᠬᠦᠢ ᠤᠰᠤᠨ ᠤ | ᠡᠬᠢ ᠪᠠᠶᠠᠯᠢᠭ ᠂ ᠭᠤᠤᠯ ᠮᠥᠷᠡᠨ ᠨᠠᠭᠤᠷ ᠴᠥᠭᠦᠷᠥᠮ ᠂ ᠤᠰᠤᠨ ᠴᠥᠭᠦᠷᠥᠮ ᠂ ᠤᠰᠤ ᠬᠦᠷᠦᠰᠦ ᠶᠢᠨ ᠬᠠᠮᠠᠭᠠᠯᠠᠯᠲᠠ ᠂ | ᠤᠰᠤ ᠠᠷᠪᠢᠯᠠᠬᠤ ᠂ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠵᠡᠷᠭᠡ ᠣᠯᠠᠨ ᠨᠡᠶᠢᠲᠡ ᠶᠢᠨ ᠶᠠᠪᠤᠳᠠᠯ ᠢ | ᠬᠠᠮᠢᠶᠠᠷᠬᠤ ᠡᠭᠦᠷᠭᠡ ᠴᠢᠳᠠᠪᠤᠷᠢ ᠲᠠᠢ ᠠᠵᠢᠯ ᠦᠢᠯᠡᠰ ᠤᠨ ᠨᠢᠭᠡᠴᠢ ᠳᠤ ᠪᠢᠴᠢᠭ ᠢᠶᠠᠷ ᠨᠠᠶᠢᠳᠠᠵᠤ ᠤᠰᠤᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠶᠢ ᠬᠡᠷᠡᠭᠵᠢᠭᠦᠯᠵᠦ ᠪᠣᠯᠤᠨ᠎ᠠ ᠃ ᠴᠢᠬᠤᠯᠠ ᠤᠰᠤᠨ | ᠰᠤᠷᠪᠤᠯᠵᠢ ᠶᠢᠨ ᠭᠠᠵᠠᠷ ᠂ ᠴᠢᠬᠤᠯᠠ ᠰᠡᠷᠭᠡᠭ ᠤᠰᠤᠨ ᠣᠷᠣᠨ ᠂ ᠴᠢᠬᠤᠯᠠ ᠶᠡᠭᠡ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠪᠠᠶᠢᠭ᠎ᠠ ᠣᠷᠣᠨ ᠪᠦᠰᠡ ᠶᠢᠨ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ | ᠬᠦᠨᠳᠦ ᠂ ᠬᠠᠷᠢᠭᠤᠴᠠᠯᠭ᠎ᠠ ᠶᠡᠭᠡ ᠂ ᠱᠠᠭᠠᠷᠳᠠᠯᠭ᠎ᠠ ᠨᠢ ᠥᠨᠳᠥᠷ ᠮᠥᠷᠲᠡᠭᠡᠨ ᠣᠷᠣᠨ ᠪᠦᠰᠡ ᠠᠯᠤᠰᠯᠠᠨ ᠬᠦᠷᠢᠶ᠎ᠡ | ᠴᠠᠷᠠᠭ᠎ᠠ ᠠᠯᠤᠰᠯᠠᠭᠰᠠᠨ ᠵᠡᠷᠭᠡ ᠣᠨᠴᠠᠯᠢᠭ ᠲᠠᠢ ᠪᠠᠶᠢᠵᠤ ᠂ ᠭᠤᠤᠯᠳᠠᠯᠭ᠎ᠠ ᠲᠠᠢ ᠤᠰᠤᠨ ᠣᠷᠣᠨ ᠵᠢᠴᠢ ᠴᠢᠬᠤᠯᠠ ᠶᠡᠭᠡ | ᠤᠰᠤ ᠬᠠᠳᠠᠭᠠᠯᠠᠬᠤ ᠂ ᠤᠰᠤ ᠳᠠᠮᠵᠢᠭᠤᠯᠬᠤ ᠢᠨᠵᠧᠨᠧᠷᠢᠩ ᠪᠠᠶᠢᠭ᠎ᠠ ᠣᠷᠣᠨ ᠪᠦᠰᠡ ᠳᠤ ᠲᠤᠰᠬᠠᠶ ᠮᠡᠷᠭᠡᠵᠢᠯ ᠤᠨ | ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠬᠦᠴᠦᠨ ᠢ ᠰᠦᠪᠡᠭᠴᠢᠯᠡᠨ ᠵᠣᠬᠢᠶᠠᠨ ᠪᠠᠶᠢᠭᠤᠯᠬᠤ ᠬᠡᠷᠡᠭᠲᠡᠶ ᠃ | ︵ᠲᠦᠷᠪᠡ︶ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠳᠬᠠᠨ᠎ᠠ ᠃ | ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠢᠨᠠᠨ | ᠵᠥᠪᠰᠢᠶᠡᠷᠡᠬᠦ ᠶᠢ ᠴᠢᠬᠤᠯᠠᠴᠢᠯᠠᠵᠤ ᠬᠢᠨᠠᠨ ᠬᠠᠮᠢᠶᠠᠷᠬᠤ ᠶᠢ ᠬᠥᠩᠭᠡᠪᠴᠢᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠠᠷᠭ᠎ᠠ ᠮᠠᠶ᠋ᠢᠭ ᠢᠶᠠᠨ ᠬᠤᠪᠢᠷᠠᠭᠤᠯᠵᠤ ᠂ ᠨᠡᠩ ᠣᠯᠠᠨ ᠵᠠᠰᠠᠭ ᠵᠠᠬᠢᠷᠭᠠᠨ ᠤ ᠡᠬᠢ ᠪᠠᠶᠠᠯᠢᠭ ᠢ ᠬᠡᠷᠡᠭ ᠤᠨ ᠡᠮᠦᠨ᠎ᠡ | ᠬᠢᠨᠠᠨ ᠵᠥᠪᠰᠢᠶᠡᠷᠡᠬᠦ ᠠᠴᠠ ᠠᠪᠤᠭᠠᠳ ᠤᠴᠢᠷ ᠶᠠᠪᠤᠳᠠᠯ ᠤᠨ ᠳᠤᠮᠳᠠ ᠪᠠ ᠤᠴᠢᠷ ᠶᠠᠪᠤᠳᠠᠯ ᠤᠨ ᠳᠠᠷᠠᠭ᠎ᠠ ᠬᠢᠨᠠᠨ | ᠬᠠᠮᠢᠶᠠᠷᠬᠤ ᠲᠠᠯ᠎ᠠ ᠳᠤ ᠰᠢᠯᠵᠢᠭᠦᠯᠬᠦ ᠬᠡᠷᠡᠭᠲᠡᠶ ᠃ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠵᠦᠢᠯᠡᠰ ᠢ | ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ ᠂ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠ ᠡᠭᠦᠷᠭᠡ ᠶᠢ | ᠨᠠᠷᠢᠯᠢᠬᠵᠢᠭᠤᠯᠤᠨ ᠂ ᠵᠣᠯᠭᠠᠭᠤᠯᠤᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ ᠂ ᠬᠢᠨᠠᠯᠲᠠ | ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ ᠬᠠᠷᠢᠯᠴᠠᠨ ᠮᠡᠳᠡᠷᠡᠬᠦ ᠶᠢ ᠠᠬᠢᠭᠤᠯᠤᠨ ᠂ ᠬᠢᠨᠠᠯᠲᠠ | ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ ᠃ ︽ᠬᠤᠣᠰ ᠲᠤᠬᠢᠶᠠᠯᠳᠤᠮᠵᠢ ᠨᠢᠭᠡ ᠢᠯᠡ︾ ᠶᠢᠨ | ᠬᠢᠨᠠᠯᠲᠠ ᠬᠠᠮᠢᠶᠠᠷᠤᠯᠲᠠ ᠪᠠ ︽ᠢᠨᠲ᠋ᠧᠷ ᠰᠦᠯᠵᠢᠶᠡᠨ ᠤ ᠬᠢᠨᠠᠯᠲᠠ ᠬᠠᠮᠢᠶᠠᠷᠤᠯᠲᠠ︾ ᠪᠠᠷ ᠰᠠᠭᠤᠷᠢ ᠠᠷᠭ᠎ᠠ ᠪᠠᠷᠢᠯ | ᠪᠣᠯᠭᠠᠭᠰᠠᠨ ᠂ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠪᠠᠷ ᠨᠥᠬᠦᠪᠥᠷᠢ ᠪᠣᠯᠭᠠᠭᠰᠠᠨ ᠂ ᠢᠲᠡᠭᠡᠮᠵᠢ ᠶᠢᠨ ᠬᠢᠨᠠᠯᠲᠠ | ᠬᠠᠮᠢᠶᠠᠷᠤᠯᠲᠠ ᠪᠠᠷ ᠰᠠᠭᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠮᠠᠰᠢᠨ ᠤ ᠲᠦᠷᠢᠮ ᠢ | ᠪᠦᠷᠢᠨᠰᠢᠬᠦᠯᠵᠦ ᠂ ᠰᠦᠯᠵᠢᠶᠡᠨ ᠳᠡᠭᠡᠷᠡᠬᠢ ᠪᠠ ᠰᠦᠯᠵᠢᠶᠡᠨ ᠤ ᠭᠠᠳᠠᠭᠤᠷᠬᠢ ᠶᠢ ᠨᠢᠭᠡ ᠴᠤᠭᠴᠠᠵᠢᠭᠤᠯᠤᠭᠰᠠᠨ | ᠬᠢᠨᠠᠯᠲᠠ ᠬᠠᠮᠢᠶᠠᠷᠤᠯᠲᠠ ᠶᠢ ᠠᠬᠢᠭᠤᠯᠵᠤ ᠂ ᠬᠢᠨᠠᠯᠲᠠ ᠬᠠᠮᠢᠶᠠᠷᠤᠯᠲᠠ ᠶᠢᠨ ᠣᠨᠣᠪᠴᠢᠯᠠᠬᠤ ᠬᠢᠷᠢ ᠲᠦᠪᠰᠢᠨ ᠢ | ᠳᠡᠭᠡᠭᠰᠢᠯᠡᠭᠦᠯᠬᠦ ᠬᠡᠷᠡᠭᠲᠡᠶ ᠃ ᠳᠠᠭᠠᠭᠤᠯᠢ ᠣᠳᠣᠨ ᠤ ᠠᠯᠤᠰ ᠰᠡᠷᠡᠯ ᠂ ᠵᠢᠯᠣᠭᠤᠴᠢ ᠥᠬᠡᠶ ᠨᠢᠰᠬᠡᠯ ᠵᠡᠷᠭᠡ ᠮᠡᠳᠡᠭᠡ | ᠵᠠᠩᠭᠢᠵᠢᠯᠲᠠ ᠶᠢᠨ ᠤᠶᠤᠨᠴᠢᠯᠠᠭᠰᠠᠨ ᠠᠷᠭ᠎ᠠ ᠪᠠᠷᠢᠯ ᠤᠨ ᠬᠡᠷᠡᠭᠯᠡᠯᠲᠡ ᠶᠢ ᠴᠢᠩᠭᠠᠳᠬᠠᠵᠤ ᠂ ᠠᠯᠤᠰ ᠡᠵᠡᠮᠰᠢᠯᠲᠦ | ᠬᠢᠨᠠᠯᠲᠠ ᠬᠠᠮᠢᠶᠠᠷᠤᠯᠲᠠ ᠂ ᠰᠢᠯᠵᠢᠮᠡᠯ ᠬᠢᠨᠠᠨ ᠬᠠᠮᠢᠶᠠᠷᠤᠯᠲᠠ ᠂ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ | ᠡᠵᠡᠮᠳᠡᠬᠦ ᠪᠠᠷ ᠣᠨᠴᠠᠯᠢᠭ ᠪᠣᠯᠭᠠᠭᠰᠠᠨ ᠲᠤᠬᠠᠶ ᠶᠢᠨ ᠲᠠᠯᠠᠪᠤᠷ ᠤᠨ ᠪᠤᠰᠤ ᠬᠢᠨᠠᠯᠲᠠ ᠬᠠᠮᠢᠶᠠᠷᠤᠯᠲᠠ ᠶᠢ | ᠬᠡᠷᠡᠭᠵᠢᠭᠦᠯᠵᠦ ᠂ ᠲᠣᠭᠠᠴᠢᠯᠠᠭᠰᠠᠨ ᠡᠨᠧᠷᠭᠢ ᠣᠯᠭᠤᠬᠤ ᠦᠷ᠎ᠡ ᠠᠰᠢᠭ ᠢ ᠨᠡᠮᠡᠭᠳᠡᠭᠦᠯᠬᠦ ᠶᠢ ᠴᠢᠩᠭᠠᠷᠠᠭᠤᠯᠤᠨ ᠂ ᠭᠤᠤᠯ | ᠮᠥᠷᠡᠨ ᠨᠠᠭᠤᠷ ᠴᠥᠭᠦᠷᠥᠮ ᠂ ᠤᠰᠤᠨ ᠤ ᠡᠬᠢ ᠪᠠᠶᠠᠯᠢᠭ ᠂ ᠤᠰᠤᠨ ᠠᠰᠢᠭᠯᠠᠯᠲᠠ ᠶᠢᠨ ᠢᠨᠵᠧᠨᠧᠷᠢᠩ ᠂ ᠤᠰᠤ | ᠬᠦᠷᠦᠰᠦ ᠶᠢ ᠬᠠᠮᠠᠭᠠᠯᠠᠬᠤ ᠵᠡᠷᠭᠡ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢᠨ ᠤᠶᠤᠨᠴᠢᠯᠠᠬᠤ ᠴᠢᠳᠠᠪᠤᠷᠢ ᠪᠠ | ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ ᠃ | ︵ᠲᠠᠪᠤ︶ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ ᠃ ᠡᠯ᠎ᠡ | ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠤᠰᠤᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠶᠢ ᠡᠭᠦᠷᠭᠡᠯᠡᠵᠦ ᠪᠦᠬᠦᠢ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠪᠠᠶᠢᠭᠤᠯᠤᠮᠵᠢ ᠨᠤᠭᠤᠳ ᠦᠶᠡᠷ ᠢ ᠰᠡᠷᠭᠡᠶᠢᠯᠡᠬᠦ ᠠᠶᠤᠯ ᠦᠭᠡᠶ ᠂ ᠤᠰᠤ ᠬᠠᠩᠭᠠᠬᠤ ᠠᠶᠤᠯ ᠦᠭᠡᠶ ᠂ | ᠪᠠᠷᠢᠯᠭ᠎ᠠ ᠶᠢᠨ ᠠᠶᠤᠯ ᠦᠭᠡᠶ ᠂ ᠤᠰᠤᠨ ᠤ ᠡᠬᠢ ᠪᠠᠶᠠᠯᠢᠭ ᠤᠰᠤᠨ ᠤ ᠠᠮᠢ ᠠᠬᠤᠶ ᠶᠢᠨ ᠤᠰᠤᠨ ᠤ ᠣᠷᠴᠢᠨ | ᠲᠣᠭᠤᠷᠢᠨ ᠤ ᠬᠠᠮᠠᠭᠠᠯᠠᠯᠲᠠ ᠬᠢᠭᠡᠳ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ | ᠶᠠᠰᠤ ᠴᠢᠨᠠᠷ ᠬᠢᠭᠡᠳ ᠠᠮᠤᠷ ᠲᠦᠪᠰᠢᠨ ᠵᠡᠷᠭᠡ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ | ᠬᠤᠯᠪᠣᠭᠳᠠᠬᠤ ᠭᠤᠤᠯᠳᠠᠯᠭ᠎ᠠ ᠲᠠᠢ ᠬᠦᠷᠢᠶᠡᠨ ᠤ ᠬᠠᠤᠯᠢ ᠬᠡᠷᠡᠭᠵᠢᠭᠦᠯᠬᠦ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ ᠃ | ᠳᠠᠯᠳᠠ ᠠᠶᠤᠯ ᠲᠦᠭᠰᠢᠭᠦᠷᠢ ᠶᠡᠭᠡ ᠂ ᠬᠠᠤᠯᠢ ᠠᠴᠠ ᠵᠥᠷᠢᠴᠡᠭᠰᠡᠨ ᠰᠦᠪᠡᠭᠴᠢ ᠨᠡᠯᠢᠶᠡᠳ ᠲᠥᠪᠯᠡᠷᠡᠩᠭᠦᠶ ᠂ ᠤᠰᠤᠨ ᠤ | ᠬᠡᠷᠡᠭ ᠤᠨ ᠠᠮᠠᠷᠬᠠᠨ ᠡᠭᠦᠰᠬᠦ ᠣᠯᠠᠨ ᠡᠭᠦᠰᠬᠦ ᠣᠷᠣᠨ ᠪᠦᠰᠡ ᠳᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ | ᠪᠠ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ ᠂ ᠠᠶᠤᠯ ᠲᠦᠭᠰᠢᠭᠦᠷᠢ ᠶᠢ ᠡᠬᠢ | ᠡᠭᠦᠰᠦᠯ ᠠᠴᠠ ᠨᠢ ᠰᠡᠷᠭᠡᠶᠢᠯᠡᠨ ᠠᠷᠢᠯᠭᠠᠨ᠎ᠠ ᠃ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ | ᠨᠢᠭᠡᠴᠢ ᠂ ᠤᠰᠤᠨ ᠴᠥᠭᠦᠷᠥᠮ ᠵᠡᠷᠭᠡ ᠪᠠᠷᠢᠯᠭ᠎ᠠ ᠶᠢᠨ ᠬᠠᠮᠢᠶᠠᠷᠤᠯᠲᠠ ᠶᠢᠨ ᠨᠢᠭᠡᠴᠢ ᠨᠦᠭᠦᠳ ᠡᠭᠦᠷᠭᠡ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ ᠂ ᠡᠳᠦᠷ ᠲᠤᠳᠤᠮ ᠤᠨ ᠲᠣᠭᠤᠷᠢᠨ ᠪᠠᠶᠢᠴᠠᠭᠠᠬᠤ ᠪᠠᠨ | ᠴᠢᠩᠭᠠᠳᠬᠠᠬᠤ ᠬᠡᠷᠡᠭᠲᠡᠢ ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠂ ᠤᠰᠤᠨ ᠤ ᠡᠬᠢ | ᠪᠠᠶᠠᠯᠢᠭ ᠤᠨ ᠬᠠᠮᠢᠶᠠᠷᠤᠯᠲᠠ ᠂ ᠤᠰᠤ ᠬᠦᠷᠦᠰᠦ ᠶᠢᠨ ᠬᠠᠮᠠᠭᠠᠯᠠᠯᠲᠠ ᠵᠡᠷᠭᠡ ᠲᠤᠬᠠᠶᠢᠯᠠᠭᠰᠠᠨ ᠠᠵᠢᠯ ᠤᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠢ ᠭᠦᠢᠴᠡᠳ ᠠᠰᠢᠭᠯᠠᠵᠤ ᠂ ᠬᠠᠤᠯᠢ ᠬᠡᠷᠡᠭᠵᠢᠭᠦᠯᠦᠨ ᠲᠣᠭᠤᠷᠢᠨ ᠪᠠᠶᠢᠴᠠᠭᠠᠬᠤ ᠲᠠᠢ | ᠤᠶᠠᠯᠳᠤᠭᠤᠯᠵᠤ ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠤᠨ ᠰᠦᠪᠡᠭᠴᠢ ᠶᠢ ᠪᠦᠬᠦ ᠲᠠᠯ᠎ᠠ ᠪᠠᠷ | ᠵᠢᠭᠰᠠᠭᠠᠨ ᠪᠠᠶᠢᠴᠠᠭᠠᠬᠤ ᠬᠡᠷᠡᠭᠲᠡᠢ ᠃ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠳᠣᠲᠣᠭᠠᠳᠤ ᠪᠠᠶᠢᠭᠤᠯᠤᠮᠵᠢ ᠨᠢ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠠᠶᠢᠭᠤᠯᠤᠮᠵᠢ ᠳᠤ ᠬᠠᠤᠯᠢ ᠠᠴᠠ ᠵᠥᠷᠢᠴᠡᠭᠰᠡᠨ ᠬᠡᠷᠡᠭ ᠤᠨ ᠰᠦᠪᠡᠭᠴᠢ ᠶᠢ ᠴᠠᠭ ᠲᠤᠬᠠᠶ ᠳᠤᠨᠢ ᠰᠢᠯᠵᠢᠭᠦᠯᠦᠨ | ᠲᠤᠰᠢᠶᠠᠵᠤ ᠂ ᠪᠠᠶᠢᠴᠠᠭᠠᠬᠤ ᠪᠠᠷ ᠬᠠᠤᠯᠢ ᠬᠡᠷᠡᠭᠵᠢᠭᠦᠯᠬᠦ ᠶᠢ ᠣᠷᠣᠯᠠᠭᠤᠯᠬᠤ ᠂ ᠴᠡᠭᠴᠡᠯᠡᠨ ᠰᠠᠶᠢᠵᠢᠷᠠᠭᠤᠯᠬᠤ ᠪᠠᠷ | ᠰᠢᠢᠳᠭᠡᠯ ᠢ ᠣᠷᠣᠯᠠᠭᠤᠯᠬᠤ ᠶᠢ ᠡᠷᠡᠰ ᠬᠤᠷᠢᠭᠯᠠᠵᠤ ᠂ ᠬᠡᠷᠡᠭ ᠪᠠᠶᠢᠪᠠᠯ ᠵᠠᠪᠠᠯ ᠲᠣᠭᠲᠠᠭᠠᠬᠤ ᠂ ᠬᠠᠤᠯᠢ ᠠᠴᠠ | ᠵᠥᠷᠢᠴᠡᠪᠡᠯ ᠵᠠᠪᠠᠯ ᠨᠡᠬᠡᠮᠵᠢᠯᠡᠬᠦ ᠶᠢ ᠪᠡᠶᠡᠯᠡᠭᠦᠯᠬᠦ ᠬᠡᠷᠡᠭᠲᠡᠶ ᠃ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠨᠢ ᠪᠥᠬᠦ ᠣᠷᠣᠨ ᠤ ᠬᠠᠤᠯᠢ ᠬᠡᠷᠡᠭᠵᠢᠭᠦᠯᠬᠦ ᠪᠣᠳᠠᠲᠤ ᠪᠠᠶᠢᠳᠠᠯ ᠢ ᠦᠨᠳᠦᠰᠦᠯᠡᠨ ᠂ | ᠭᠤᠤᠯᠳᠠᠯᠭ᠎ᠠ ᠲᠠᠢ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠲᠤᠰᠬᠠᠶ ᠠᠵᠢᠯᠯᠠᠭ᠎ᠠ ᠶᠢ ᠲᠣᠭᠲᠠᠮᠠᠯ | ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠦᠨ᠎ᠡ ᠃ ᠡᠯ᠎ᠡ ᠠᠶᠢᠮᠠᠭ ᠬᠤᠲᠠ ᠂ ᠬᠤᠰᠢᠭᠤ ᠰᠢᠶᠠᠨ ᠤ | ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠲᠤᠰ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠵᠤ ᠂ ᠤᠰᠤᠨ ᠤ ᠶᠠᠪᠤᠳᠠᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ | ᠣᠯᠠᠨ ᠡᠭᠦᠰᠬᠦ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠲᠤᠰᠬᠠᠶ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠬᠦ ᠬᠡᠷᠡᠭᠲᠡᠶ ᠃ | ᠬᠤᠶᠠᠷ ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠠᠮᠵᠢᠯᠴᠠᠭᠠᠨ ᠤ ᠲᠣᠭᠲᠠᠴᠠ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠤᠨ᠎ᠠ | ︵ᠵᠢᠷᠭᠤᠭ᠎ᠠ︶ ᠰᠠᠯᠠᠭ᠎ᠠ ᠮᠦᠴᠢᠷ ᠪᠠ ᠣᠷᠣᠨ ᠪᠦᠰᠡ ᠠᠯᠥᠰᠯᠬᠠᠰᠠᠨ ᠬᠠᠦᠯᠢ ᠭᠡᠷᠡᠭᠵᠢᠬᠦᠯᠥᠯᠳᠡ ᠶᠢᠨ | ᠬᠠᠮᠳᠣᠷᠡᠨ ᠬᠦᠳᠡᠯᠥᠯᠴᠡᠬᠦ ᠶᠢ ᠴᠢᠩᠭᠠᠳᠬᠠᠨ᠎ᠠ ᠃ ᠬᠦᠷᠢᠶ᠎ᠡ ᠴᠠᠷᠠᠭ᠎ᠠ ᠠᠯᠤᠰᠯᠠᠭᠰᠠᠨ ᠰᠠᠯᠠᠭ᠎ᠠ ᠮᠥᠴᠢᠷ ᠣᠷᠣᠨ | ᠪᠦᠰᠡ ᠠᠯᠤᠰᠯᠠᠭᠰᠠᠨ ᠬᠠᠮᠲᠤᠷᠠᠨ ᠬᠠᠤᠯᠢ ᠬᠡᠷᠡᠭᠵᠢᠭᠦᠯᠬᠦ ᠶᠢ ᠶᠡᠬᠡᠪᠡᠷ ᠠᠬᠢᠭᠤᠯᠵᠤ ᠂ ᠬᠠᠤᠯᠢ ᠠᠴᠠ ᠵᠥᠷᠢᠴᠡᠭᠰᠡᠨ | ᠰᠦᠪᠡᠭᠴᠢ ᠶᠢ ᠬᠠᠷᠢᠯᠴᠠᠨ ᠬᠤᠯᠪᠣᠬᠤ ᠂ ᠬᠠᠤᠯᠢ ᠬᠡᠷᠡᠭᠵᠢᠭᠦᠯᠬᠦ ᠪᠠᠷᠢᠮᠵᠢᠶ᠎ᠠ ᠶᠢ ᠬᠠᠷᠢᠯᠴᠠᠨ ᠨᠡᠪᠲᠡᠷᠡᠯᠴᠡᠬᠦ ᠂ | ᠰᠢᠢᠳᠪᠦᠷᠢᠯᠡᠭᠰᠡᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠪᠡᠶᠡᠯᠡᠭᠦᠯᠦᠨ᠎ᠡ ᠃ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠳᠦᠷᠢᠮ ᠤᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ ᠂ ᠣᠷᠣᠨ | ᠪᠦᠰᠡ ᠶᠢᠨ ᠬᠤᠭᠤᠷᠣᠨᠳᠣᠬᠢ ᠂ ᠰᠠᠯᠠᠭ᠎ᠠ ᠮᠥᠴᠢᠷ ᠤᠨ ᠬᠤᠭᠤᠷᠣᠨᠳᠣ ᠵᠢᠴᠢ ᠳᠡᠭᠡᠳᠦ ᠳᠣᠣᠷᠠᠳᠤ ᠤᠷᠤᠰᠬᠠᠯ ᠂ | ᠵᠡᠭᠦᠨ ᠪᠠᠷᠠᠭᠤᠨ ᠡᠷᠭᠢ ᠶᠢᠨ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ ᠂ ᠬᠠᠤᠯᠢ ᠬᠡᠷᠡᠭᠵᠢᠭᠦᠯᠦᠯᠲᠡ ᠶᠢᠨ | ᠤᠷᠢᠳᠴᠢᠯᠠᠨ ᠰᠡᠷᠡᠮᠵᠢᠯᠡᠭᠦᠯᠵᠦ ᠵᠠᠷᠯᠠᠨ ᠮᠡᠳᠡᠭᠳᠡᠬᠦ ᠂ ᠬᠡᠷᠡᠭ ᠤᠨ ᠰᠦᠪᠡᠭᠴᠢ ᠶᠢ ᠰᠢᠯᠵᠢᠭᠦᠯᠦᠨ ᠬᠦᠷᠭᠡᠬᠦ ᠂ ᠭᠡᠷᠡᠴᠢ | ᠪᠠᠷᠢᠮᠲᠠ ᠶᠢ ᠬᠠᠷᠢᠯᠴᠠᠨ ᠮᠡᠳᠡᠷᠡᠬᠦ ᠵᠡᠷᠭᠡ ᠬᠠᠤᠯᠢ ᠬᠡᠷᠡᠭᠵᠢᠭᠦᠯᠦᠯᠲᠡ ᠶᠢᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ ᠂ | ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠡᠶᠢᠯᠡᠮᠡᠯ ᠬᠦᠴᠦᠨ ᠢ ᠴᠢᠩᠭᠠᠷᠠᠭᠤᠯᠤᠨ᠎ᠠ ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠥᠪᠡᠷᠲᠡᠭᠡᠨ ᠵᠠᠰᠠᠬᠤ | ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ | ᠪᠠᠶᠢᠴᠠᠭᠠᠬᠤ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠤᠰᠤᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠵᠣᠯᠭᠠᠯᠴᠠᠭ᠎ᠠ | ᠬᠢᠭᠡᠳ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠠᠮᠵᠢᠯᠴᠠᠭ᠎ᠠ ᠶᠢ ᠴᠢᠩᠭᠠᠳᠬᠠᠬᠤ ᠲᠤᠬᠠᠶ ᠰᠠᠨᠠᠯ︾ ︵ᠥᠪᠥᠷ | ᠤᠰᠤᠨ ᠤ ᠶᠠᠪᠤᠳᠠᠯ ﹇2023﹈ 41 ᠳ᠋ᠤᠭᠡᠷ ᠲᠣᠭᠠᠲᠤ︶ ᠢ ᠬᠢᠨᠠᠮᠠᠭᠠᠶ ᠨᠠᠶᠢᠳᠠᠪᠤᠷᠢᠵᠢᠭᠤᠯᠵᠤ ᠂ ᠤᠰᠤᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠬᠠᠤᠯᠢ ᠴᠠᠭᠠᠵᠠ ᠶᠢᠨ ᠬᠠᠮᠵᠢᠯᠴᠠᠭ᠎ᠠ ᠶᠢ ᠴᠢᠩᠭᠠᠳᠬᠠᠨ᠎ᠠ ᠃ | ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠬᠠᠤᠯᠢ ᠬᠡᠷᠡᠭᠵᠢᠭᠦᠯᠬᠦ ᠯᠦᠭᠡ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ ᠂ ᠰᠠᠯᠠᠭ᠎ᠠ ᠮᠥᠴᠢᠷ ᠬᠠᠮᠲᠤᠷᠠᠨ | ᠬᠠᠤᠯᠢ ᠬᠡᠷᠡᠭᠵᠢᠭᠦᠯᠬᠦ ᠶᠢ ᠴᠢᠩᠭᠠᠳᠬᠠᠵᠤ ᠂ ᠤᠰᠤᠨ ᠠᠰᠢᠭᠯᠠᠯᠲᠠ ᠶᠢᠨ ᠬᠦᠷᠢᠶᠡᠨ ᠳᠠᠬᠢ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠦᠨ᠎ᠡ ᠃ ᠤᠰᠤᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠪᠠᠶᠢᠴᠠᠭᠠᠬᠤ ᠪᠠ ᠪᠠᠶᠢᠴᠠᠭᠠᠬᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠠᠮᠵᠢᠯᠴᠠᠬᠤ | ᠲᠣᠭᠲᠠᠴᠠ ᠶᠢ ᠰᠠᠶᠢᠲᠤᠷ ᠬᠡᠷᠡᠭᠯᠡᠵᠦ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠪᠠ | ᠪᠠᠶᠢᠴᠠᠭᠠᠬᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠠᠮᠠᠭᠠᠯᠠᠯᠲᠠ ᠶᠢᠨ ᠨᠡᠶᠢᠯᠡᠮᠡᠯ ᠬᠦᠴᠦᠨ ᠢ ᠪᠤᠢ ᠪᠣᠯᠭᠠᠨ᠎ᠠ ᠃ | ᠰᠢᠭᠦᠨ ᠲᠠᠰᠤᠯᠬᠤ ᠪᠠᠶᠢᠭᠤᠯᠭ᠎ᠠ ᠯᠤᠭ᠎ᠠ ᠶᠢᠨ ᠵᠣᠬᠢᠴᠠᠭᠤᠯᠭ᠎ᠠ ᠨᠡᠪᠲᠡᠷᠡᠯᠴᠡᠭᠡ ᠪᠠᠨ ᠴᠢᠩᠭᠠᠳᠬᠠᠵᠤ ᠂ ᠬᠠᠤᠯᠢ | ᠬᠡᠷᠡᠭᠵᠢᠭᠦᠯᠬᠦ ᠬᠠᠤᠯᠢ ᠴᠠᠭᠠᠵᠠ ᠶᠢᠨ ᠣᠨᠣᠯᠵᠢᠬᠤᠨ ᠢ ᠨᠢᠭᠡᠳᠦᠯᠲᠡᠶ ᠪᠣᠯᠭᠠᠵᠤ ᠂ ᠤᠰᠤᠨ ᠤ ᠶᠠᠪᠤᠳᠠᠯ ᠤᠨ | ᠬᠠᠤᠯᠢ ᠠᠴᠠ ᠵᠥᠷᠢᠴᠡᠭᠰᠡᠨ ᠬᠡᠷᠡᠭ ᠤᠨ ᠪᠣᠳᠠᠲᠤ ᠶᠠᠪᠤᠳᠠᠯ ᠢ ᠮᠠᠭᠠᠳᠯᠠᠨ ᠲᠣᠭᠲᠠᠭᠠᠬᠤ ᠵᠢᠴᠢ ᠰᠢᠢᠳᠪᠦᠷᠢᠯᠡᠬᠦ ᠳᠡᠰ | ᠳᠠᠷᠠᠭᠠᠯᠠᠯ ᠤᠨ ᠵᠢᠯᠣᠭᠤᠳᠣᠯᠭ᠎ᠠ ᠪᠠ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠰᠠᠨᠠᠭᠤᠯᠭ᠎ᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠶ ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠯᠤᠭ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ ᠂ ᠬᠠᠤᠯᠢ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ | ᠶᠣᠰᠣᠭᠠᠷ ᠬᠠᠤᠯᠢ ᠬᠡᠷᠡᠭᠵᠢᠭᠦᠯᠬᠦ ᠳᠤᠮᠳᠠ ᠢᠯᠡᠷᠡᠭᠦᠯᠦᠭᠰᠡᠨ ᠬᠤᠯᠪᠣᠭᠳᠠᠯ ᠪᠦᠬᠦᠢ ᠠᠰᠠᠭᠤᠳᠠᠯ ᠤᠨ ᠰᠦᠪᠡᠭᠴᠢ ᠶᠢ | ᠴᠠᠭ ᠲᠤᠬᠠᠶ ᠳᠤᠨᠢ ᠰᠢᠯᠵᠢᠭᠦᠯᠦᠨ ᠬᠦᠷᠭᠡᠨ᠎ᠡ ᠃ | ︵ᠳᠣᠯᠤᠭ᠎ᠠ︶ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠯᠦᠭᠡ ᠵᠣᠯᠭᠠᠭᠤᠯᠬᠤ ᠪᠠ | ᠬᠠᠮᠵᠢᠯᠴᠠᠬᠤ ᠶᠢ ᠴᠢᠩᠭᠠᠳᠬᠠᠨ᠎ᠠ ᠃ ᠬᠤᠰᠢᠭᠤ ᠰᠢᠶᠠᠨ ᠤ ᠱᠠᠲᠤᠨ ᠤ ᠤᠰᠤᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠲᠤᠰ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠂ | ᠤᠰᠤᠨ ᠤ ᠵᠠᠰᠠᠭ ᠵᠠᠬᠢᠷᠭᠠᠨ ᠤ ᠰᠢᠢᠳᠭᠡᠨ ᠲᠣᠷᠭᠠᠬᠤ ᠡᠷᠬᠡ ᠣᠯᠭᠤᠭᠰᠠᠨ ᠬᠤᠯᠪᠣᠭᠳᠠᠯ ᠪᠦᠬᠦᠢ ᠰᠤᠮᠤ ᠰᠢᠶᠠᠩ | ᠪᠠᠯᠭᠠᠰᠤ ︵ᠵᠡᠭᠡᠯᠢ ᠭᠤᠳᠤᠮᠵᠢ︶ ᠳᠤ ᠣᠷᠣᠭᠤᠯᠤᠨ ᠬᠡᠷᠡᠭᠵᠢᠭᠦᠯᠦᠭᠰᠡᠨ ᠪᠣᠯ ᠵᠣᠯᠭᠠᠯᠴᠠᠭ᠎ᠠ ᠰᠢᠯᠤᠭᠤᠨ ᠪᠤᠰᠤ ᠂ | ᠡᠭᠦᠷᠭᠡ ᠬᠠᠷᠢᠭᠤᠴᠠᠯᠭ᠎ᠠ ᠨᠢ ᠲᠣᠳᠣᠷᠬᠠᠶ ᠦᠭᠡᠶ ᠂ ᠴᠢᠳᠠᠪᠤᠷᠢ ᠨᠢ ᠬᠦᠷᠦᠯᠴᠡᠬᠦ ᠦᠭᠡᠶ ᠵᠡᠷᠭᠡ ᠠᠰᠠᠭᠤᠳᠠᠯ ᠢ | ᠬᠦᠴᠦᠯᠡᠨ ᠰᠢᠢᠳᠪᠦᠷᠢᠯᠡᠬᠦ ᠬᠡᠷᠡᠭᠲᠡᠶ ᠃ ᠬᠤᠰᠢᠭᠤ ᠰᠢᠶᠠᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠬᠤᠰᠢᠭᠤ ᠰᠢᠶᠠᠨ ᠂ ᠰᠤᠮᠤ ᠰᠢᠶᠠᠩ ᠪᠠᠯᠭᠠᠰᠤ ︵ | ᠵᠡᠭᠡᠯᠢ ᠭᠤᠳᠤᠮᠵᠢ ︶ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠂ ᠤᠰᠤᠨ ᠤ ᠶᠠᠪᠤᠳᠠᠯ ᠤᠨ ᠬᠠᠤᠯᠢ ᠠᠴᠠ | ᠵᠥᠷᠢᠴᠡᠭᠰᠡᠨ ᠬᠡᠷᠡᠭ ᠢ ᠰᠢᠯᠵᠢᠭᠦᠯᠦᠨ ᠬᠦᠷᠭᠡᠵᠦ ᠬᠦᠯᠢᠶᠡᠨ ᠠᠪᠬᠤ ᠂ ᠰᠢᠢᠳᠭᠡᠨ ᠲᠣᠷᠭᠠᠵᠤ ᠬᠡᠷᠡᠭ ᠪᠣᠯᠭᠠᠨ | ᠳᠠᠩᠰᠠᠯᠠᠬᠤ ᠂ ᠦᠷ᠎ᠡ ᠳ᠋ᠦᠩ ᠢ ᠬᠠᠷᠢᠭᠤ ᠲᠤᠰᠬᠠᠬᠤ ᠂ ᠵᠣᠬᠢᠴᠠᠭᠤᠯᠤᠨ ᠬᠢᠨᠠᠯᠲᠠ ᠲᠠᠯᠪᠢᠬᠤ ᠵᠡᠷᠭᠡ ᠭᠤᠭᠴᠤᠭ᠎ᠠ ᠳᠤ | ᠠᠵᠢᠯ ᠤᠨ ᠲᠣᠭᠲᠠᠴᠠ ᠪᠠᠶᠢᠭᠤᠯᠤᠨ ᠂ ᠡᠭᠦᠷᠭᠡ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠵᠤ ᠂ | ᠬᠢᠨᠠᠨ ᠵᠥᠪᠰᠢᠶᠡᠷᠡᠬᠦ ᠂ ᠬᠢᠨᠠᠨ ᠬᠠᠮᠢᠶᠠᠷᠬᠤ ᠂ ᠰᠢᠢᠳᠭᠡᠨ ᠲᠣᠷᠭᠠᠬᠤ ᠶᠢ ᠵᠣᠯᠭᠠᠭᠤᠯᠬᠤ ᠲᠣᠭᠲᠠᠴᠠ ᠶᠢ | ᠲᠡᠭᠦᠯᠳᠡᠷᠵᠢᠭᠦᠯᠦᠨ ᠂ ᠠᠰᠠᠭᠤᠳᠠᠯ ᠤᠨ ᠰᠦᠪᠡᠭᠴᠢ ᠪᠣᠯᠤᠨ ᠬᠡᠷᠡᠭ ᠢ ᠰᠢᠯᠵᠢᠭᠦᠯᠦᠨ ᠬᠦᠷᠭᠡᠬᠦ ᠳᠡᠰ ᠳᠠᠷᠠᠭᠠᠯᠠᠯ ᠢ | ᠵᠢᠷᠤᠮᠵᠢᠭᠤᠯᠤᠨ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠪᠠᠷᠢᠮᠲᠠ ᠶᠢᠨ ᠳᠦᠷᠢᠮ ᠢ ᠪᠦᠷᠢᠨᠰᠢᠬᠦᠯᠵᠦ ᠂ | ᠬᠡᠷᠡᠭ ᠰᠢᠯᠵᠢᠭᠦᠯᠦᠨ ᠬᠦᠷᠭᠡᠬᠦ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠤᠨ ᠂ ᠡᠳᠦᠷ ᠲᠤᠲᠤᠮ ᠤᠨ | ᠬᠢᠨᠠᠯᠲᠠ ᠬᠠᠮᠢᠶᠠᠷᠤᠯᠲᠠ ᠬᠢᠭᠡᠳ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠢᠨ ᠣᠷᠭᠠᠨᠢᠭ ᠵᠣᠯᠭᠠᠯᠳᠤᠬᠤ ᠶᠢ | ᠪᠡᠶᠡᠯᠡᠭᠦᠯᠦᠨ᠎ᠡ ᠃ ᠠᠵᠢᠯ ᠤᠨ ᠲᠤᠬᠢᠷᠠᠭᠤᠯᠤᠯᠳᠠ ᠶᠢ ᠨᠢᠭᠡᠳᠦᠯᠲᠡᠢ ᠲᠥᠯᠥᠪᠵᠢᠭᠦᠯᠵᠦ ᠂ ᠴᠠᠭ ᠲᠤᠨᠢ ᠲᠤᠬᠢᠷᠠᠭᠤᠯᠤᠨ | ᠬᠠᠮᠲᠤᠷᠠᠨ ᠪᠠᠶᠢᠴᠠᠭᠠᠬᠤ ᠶᠢ ᠥᠷᠨᠢᠭᠦᠯᠵᠦ ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠷᠢᠯᠴᠠᠨ | ᠮᠡᠳᠡᠷᠡᠬᠦ ᠶᠢ ᠠᠬᠢᠭᠤᠯᠵᠤ ᠂ ᠤᠯᠠᠨ ᠲᠠᠯ᠎ᠠ ᠠᠴᠠ ᠬᠠᠤᠯᠢ ᠬᠡᠷᠡᠭᠵᠢᠭᠦᠯᠬᠦ ᠂ ᠳᠠᠪᠬᠤᠷᠳᠠᠭᠤᠯᠤᠨ ᠪᠠᠶᠢᠴᠠᠭᠠᠬᠤ ᠠᠴᠠ | ᠵᠠᠶᠢᠯᠠᠰᠬᠢᠬᠦ ᠬᠡᠷᠡᠭᠲᠡᠢ ᠃ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ | ᠲᠤᠬᠠᠶᠢᠯᠠᠭᠰᠠᠨ ᠠᠵᠢᠯ ᠤᠨ ᠵᠢᠯᠣᠭᠤᠳᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ ᠂ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠪᠠᠶᠢᠭᠤᠯᠤᠮᠵᠢ ᠶᠢᠨ ᠠᠵᠢᠯᠲᠠᠨ ᠤ ᠤᠰᠤᠨ ᠳᠤ ᠬᠤᠯᠪᠣᠭᠳᠠᠬᠤ ᠬᠠᠤᠯᠢ ᠬᠡᠷᠡᠭᠵᠢᠭᠦᠯᠬᠦ ᠪᠣᠳᠠᠲᠤ | ᠶᠠᠪᠤᠳᠠᠯ ᠤᠨ ᠪᠣᠯᠪᠠᠰᠤᠷᠠᠯ ᠢ ᠴᠢᠩᠭᠠᠳᠬᠠᠬᠤ ᠶᠢᠨ ᠬᠠᠮᠲᠤ ᠂ ᠲᠡᠭᠦᠨ ᠤ ᠬᠠᠤᠯᠢ ᠬᠡᠷᠡᠭᠵᠢᠭᠦᠯᠬᠦ ᠠᠵᠢᠯᠯᠠᠭ᠎ᠠ | ᠥᠷᠨᠢᠭᠦᠯᠬᠦ ᠳᠤ ᠲᠤᠰᠬᠠᠶ ᠮᠡᠷᠭᠡᠵᠢᠯ ᠂ ᠮᠡᠳᠡᠭᠡ ᠵᠠᠩᠭᠢ ᠶᠢᠨ ᠲᠤᠭ᠎ᠠ ᠪᠠᠷᠢᠮᠲᠠ ᠂ ᠲᠤᠬᠠᠶᠢᠯᠠᠭᠰᠠᠨ ᠠᠵᠢᠯ ᠤᠨ | ᠪᠣᠯᠪᠠᠰᠤᠷᠠᠯ ᠵᠡᠷᠭᠡ ᠶᠢᠨ ᠳᠡᠮᠵᠢᠯᠭᠡ ᠬᠠᠩᠭᠠᠬᠤ ᠬᠡᠷᠡᠭᠲᠡᠶ ᠃ ᠲᠤᠰᠬᠠᠶ ᠮᠡᠷᠭᠡᠵᠢᠯ ᠤᠨ ᠴᠢᠨᠠᠷ ᠢᠶᠠᠷ ᠴᠢᠩᠭ᠎ᠠ ᠂ ᠣᠯᠠᠨ | ᠨᠡᠶᠢᠲᠡ ᠶᠢᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠳᠤ ᠰᠢᠭᠤᠳ ᠬᠤᠯᠪᠣᠭᠳᠠᠬᠤ | ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠲᠤ ᠂ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠲᠤᠰᠬᠠᠶ ᠮᠡᠷᠭᠡᠵᠢᠯ ᠤᠨ ᠳᠠᠪᠠᠭᠤᠯᠢᠭ ᠢ ᠪᠠᠳᠠᠷᠠᠭᠤᠯᠵᠤ ᠂ ᠠᠵᠢᠯ ᠲᠥᠷᠥᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠭᠠᠳᠬᠠᠬᠤ | ᠬᠡᠷᠡᠭᠲᠡᠶ ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ ᠂ ᠥᠪᠡᠷᠲᠡᠭᠡᠨ ᠵᠠᠰᠠᠬᠤ ᠣᠷᠣᠨ ᠤ ᠬᠠᠤᠯᠢ | ᠴᠠᠭᠠᠵᠠ ᠶᠢᠨ ᠲᠢᠩᠬᠢᠮ ᠲᠠᠢ ᠢᠳᠡᠪᠬᠢᠲᠡᠶ ᠬᠠᠮᠵᠢᠯᠴᠠᠨ ᠨᠢᠭᠡᠨᠲᠡ ᠡᠷᠬᠡ ᠣᠯᠭᠤᠭᠰᠠᠨ ᠰᠤᠮᠤ ᠰᠢᠶᠠᠩ ᠪᠠᠯᠭᠠᠰᠤ ︵ | ᠵᠡᠭᠡᠯᠢ ᠭᠤᠳᠤᠮᠵᠢ︶ ᠶᠢᠨ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠬᠤᠭᠤᠴᠠᠭ᠎ᠠ ᠶᠢ | ᠲᠣᠭᠲᠠᠭᠠᠨ ᠦᠨᠡᠯᠡᠨ ᠵᠢᠱᠢᠬᠦ ᠠᠵᠢᠯ ᠢ ᠰᠠᠶᠢᠲᠤᠷ ᠬᠢᠵᠦ ᠂ ᠦᠨᠳᠦᠰᠦᠨ ᠱᠠᠲᠤ ᠶᠢ ᠵᠠᠯᠭᠠᠨ ᠠᠪᠴᠤ ᠳᠡᠶᠢᠯᠬᠦ ᠥᠬᠡᠶ ᠂ | ᠬᠢᠨᠠᠯᠲᠠ ᠬᠠᠮᠢᠶᠠᠷᠤᠯᠲᠠ ᠶᠢ ᠳᠠᠭᠠᠵᠤ ᠳᠡᠶᠢᠯᠬᠦ ᠥᠬᠡᠶ ᠳᠤ ᠨᠢ ᠴᠠᠭ ᠲᠤᠬᠠᠶ ᠳᠤ ᠨᠢ ᠲᠣᠬᠢᠷᠠᠭᠤᠯᠤᠯᠲᠠ ᠬᠢᠬᠦ | ᠰᠠᠨᠠᠭᠤᠯᠭ᠎ᠠ ᠳᠤᠷᠠᠳᠴᠤ ᠂ ᠡᠷᠬᠡ ᠣᠯᠭᠤᠬᠤ ᠵᠢᠯᠣᠭᠤᠳᠬᠤ ᠨᠠᠷᠢᠨ ᠲᠠᠩᠰᠠ ᠶᠢ ᠬᠥᠳᠡᠯᠦᠩᠭᠦᠶ ᠪᠠᠷ | ᠳᠣᠭᠢᠷᠠᠭᠤᠯᠬᠤ ᠲᠠᠢ ᠬᠠᠮᠵᠢᠯᠴᠠᠨ ᠂ ᠡᠷᠬᠡ ᠣᠯᠭᠤᠬᠤ ᠵᠦᠢᠯᠡᠰ ᠢ ᠳᠣᠷᠣᠭᠰᠢ ᠪᠠᠭᠤᠯᠭᠠᠵᠤ ᠂ ᠭᠥᠯᠢᠶᠡᠨ ᠠᠪᠴᠤ | ᠳᠡᠶᠢᠯᠬᠦ ᠂ ᠰᠠᠶᠢᠲᠤᠷ ᠬᠠᠮᠢᠶᠠᠷᠴᠤ ᠂ ᠬᠢᠨᠠᠯᠲᠠ ᠲᠠᠯᠪᠢᠬᠤ ᠶᠢ ᠦᠨᠡᠨ ᠬᠦ ᠪᠠᠲᠤᠯᠠᠬᠤ ᠬᠡᠷᠡᠭᠲᠡᠶ ᠃ | ᠭᠤᠷᠪᠠ ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ | ︵ᠨᠠᠢᠮᠠ︶ ︽ᠭᠤᠷᠪᠠᠨ ᠵᠦᠢᠯ ᠤᠨ ᠳᠦᠷᠢᠮ︾ ᠢ ᠴᠢᠩᠭ᠎ᠠ ᠬᠡᠷᠡᠭᠵᠢᠭᠦᠯᠦᠨ᠎ᠡ ᠃ ᠡᠯ᠎ᠡ ᠱᠠᠲᠤᠨ ᠤ | ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠤᠰᠤᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠶᠢ ᠡᠭᠦᠷᠭᠡᠯᠡᠭᠰᠡᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠪᠠᠶᠢᠭᠤᠯᠤᠮᠵᠢ ᠨᠤᠭᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠢᠯᠡ ᠨᠡᠶᠢᠲᠡᠯᠡᠬᠦ ᠳᠦᠷᠢᠮ ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠳᠦᠷᠢᠮ ᠪᠣᠯᠤᠨ ᠴᠢᠬᠤᠯᠠ ᠶᠡᠭᠡ ᠬᠠᠤᠯᠢ | ᠬᠡᠷᠡᠭᠵᠢᠭᠦᠯᠬᠦ ᠲᠣᠭᠲᠠᠭᠠᠯ ᠬᠠᠤᠯᠢ ᠳᠦᠷᠢᠮ ᠤᠨ ᠬᠢᠨᠠᠨ ᠬᠠᠷᠭᠤᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ | ᠬᠡᠷᠡᠭᠲᠡᠶ ᠃ ︽ᠬᠡᠨ ᠬᠠᠤᠯᠢ ᠬᠡᠷᠡᠭᠵᠢᠭᠦᠯᠪᠡᠯ ᠂ ᠬᠡᠨ ᠢᠯᠡ ᠨᠡᠶᠢᠲᠡᠯᠡᠬᠦ︾ ᠵᠠᠷᠴᠢᠮ ᠶᠣᠰᠣᠭᠠᠷ ᠂ ᠤᠰᠤᠨ ᠤ ᠵᠠᠰᠠᠭ | ᠵᠠᠬᠢᠷᠭᠠᠨ ᠤ ᠵᠥᠪᠰᠢᠶᠡᠷᠡᠯ ᠂ ᠵᠠᠰᠠᠭ ᠵᠠᠬᠢᠷᠭᠠᠨ ᠤ ᠪᠠᠶᠢᠴᠠᠭᠠᠯᠲᠠ ᠂ ᠵᠠᠰᠠᠭ ᠵᠠᠬᠢᠷᠭᠠᠨ ᠤ ᠰᠢᠢᠳᠬᠡᠯ ᠂ ᠵᠠᠰᠠᠭ | ᠵᠠᠬᠢᠷᠭᠠᠨ ᠤ ᠠᠯᠪᠠᠳᠠᠯᠭ᠎ᠠ ᠵᠡᠷᠭᠡ ᠬᠠᠤᠯᠢ ᠬᠡᠷᠡᠭᠵᠢᠭᠦᠯᠬᠦ ᠵᠦᠢᠯᠡᠰ ᠤᠨ ᠬᠡᠷᠡᠭ ᠤᠨ ᠡᠮᠦᠨ᠎ᠡ ᠂ ᠬᠡᠷᠡᠭ ᠤᠨ ᠳᠤᠮᠳᠠ ᠂ | ᠬᠡᠷᠡᠭ ᠤᠨ ᠳᠠᠷᠠᠭ᠎ᠠ ᠢᠯᠡ ᠪᠣᠯᠭᠠᠬᠤ ᠠᠵᠢᠯ ᠢ ᠬᠠᠤᠯᠢ ᠶᠣᠰᠣᠭᠠᠷ ᠵᠢᠷᠤᠮᠵᠢᠭᠤᠯᠤᠨ ᠰᠠᠶᠢᠲᠤᠷ ᠬᠢᠵᠦ ᠂ | ᠲᠣᠭᠲᠠᠭᠠᠭᠰᠠᠨ ᠠᠷᠭ᠎ᠠ ᠮᠠᠶ᠋ᠢᠭ ᠂ ᠴᠠᠭ ᠤᠨ ᠬᠢᠵᠠᠭᠠᠷ ᠪᠠ ᠠᠷᠭ᠎ᠠ ᠵᠠᠮ ᠤᠨ ᠶᠣᠰᠣᠭᠠᠷ ᠬᠠᠮᠢᠶ᠎ᠠ ᠪᠥᠬᠦᠶ ᠬᠠᠤᠯᠢ | ᠬᠡᠷᠡᠭᠵᠢᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ ᠂ ᠣᠨᠣᠪᠴᠢᠲᠠᠶ ᠂ ᠴᠠᠭ ᠲᠤᠬᠠᠶ ᠳᠤᠨᠢ ᠨᠡᠶᠢᠭᠡᠮ ᠳᠤ ᠢᠯᠡ ᠪᠣᠯᠭᠠᠬᠤ | ᠬᠡᠷᠡᠭᠲᠡᠶ ᠃ ᠦᠰᠦᠭ ᠪᠢᠴᠢᠭ ᠂ ᠲᠠᠭᠤ ᠳᠦᠷᠰᠦ ᠰᠢᠩᠭᠡᠭᠡᠯᠲᠡ ᠵᠡᠷᠭᠡ ᠲᠡᠮᠳᠡᠭᠯᠡᠬᠦ ᠠᠷᠭ᠎ᠠ ᠮᠠᠶ᠋ᠢᠭ ᠢᠶᠠᠷ | ᠳᠠᠮᠵᠢᠭᠤᠯᠤᠨ ᠂ ᠬᠡᠷᠡᠭ ᠪᠣᠯᠭᠠᠨ ᠳᠠᠩᠰᠠᠯᠠᠬᠤ ᠂ ᠪᠠᠶᠢᠴᠠᠭᠠᠯᠲᠠ ᠬᠢᠬᠦ ᠂ ᠭᠡᠷᠡᠴᠢ ᠠᠪᠬᠤ ᠂ ᠬᠢᠨᠠᠨ ᠪᠠᠶᠢᠴᠠᠭᠠᠬᠤ ᠂ | ᠲᠣᠭᠲᠠᠭᠠᠬᠤ ᠂ ᠬᠦᠷᠭᠡᠬᠦ ᠂ ᠭᠦᠢᠴᠡᠳᠬᠡᠬᠦ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ | ᠲᠡᠮᠳᠡᠭᠯᠡᠵᠦ ᠂ ᠪᠠᠶᠢᠴᠠᠭᠠᠨ ᠪᠢᠲᠡᠭᠦᠮᠵᠢᠯᠡᠵᠦ ᠳᠠᠷᠤᠵᠤ ᠠᠪᠬᠤ ᠂ ᠠᠯᠪᠠᠳᠠᠯᠭ᠎ᠠ ᠪᠠᠷ ᠨᠤᠷᠠᠭᠠᠬᠤ ᠵᠡᠷᠭᠡ ᠴᠢᠬᠤᠯᠠ ᠶᠡᠭᠡ | ᠡᠳ᠋ ᠬᠥᠷᠥᠩᠭᠡ ᠶᠢᠨ ᠡᠷᠬᠡ ᠠᠰᠢᠭ ᠲᠤ ᠰᠢᠭᠤᠳ ᠬᠤᠯᠪᠣᠭᠳᠠᠭᠰᠠᠨ ᠲᠤᠬᠠᠶ ᠶᠢᠨ ᠲᠠᠯᠠᠪᠠᠶ ᠶᠢᠨ ᠬᠠᠤᠯᠢ | ᠬᠡᠷᠡᠭᠵᠢᠭᠦᠯᠬᠦ ᠠᠵᠢᠯᠯᠠᠭ᠎ᠠ ᠪᠠ ᠬᠡᠷᠡᠭ ᠰᠢᠢᠳᠪᠦᠷᠢᠯᠡᠬᠦ ᠲᠠᠯᠠᠪᠤᠷ ᠭᠠᠵᠠᠷ ᠲᠤ ᠪᠦᠬᠦ ᠶᠠᠪᠤᠴᠠ ᠶᠢᠨ ᠲᠠᠭᠤ ᠳᠦᠷᠰᠦ | ᠰᠢᠩᠭᠡᠭᠡᠯᠲᠡ ᠶᠢᠨ ᠲᠡᠮᠳᠡᠭᠯᠡᠯ ᠬᠢᠬᠦ ᠶᠢᠨ ᠬᠠᠮᠲᠤ ᠂ ᠬᠠᠤᠯᠢ ᠬᠡᠷᠡᠭᠵᠢᠭᠦᠯᠦᠯᠲᠡ ᠶᠢ ᠲᠡᠮᠳᠡᠭᠯᠡᠬᠦ ᠮᠡᠳᠡᠭᠡ ᠵᠠᠩᠭᠢ ᠶᠢᠨ | ᠮᠠᠲ᠋ᠧᠷᠢᠶᠠᠯ ᠤᠨ ᠬᠡᠷᠡᠭ ᠤᠨ ᠡᠪᠬᠡᠮᠡᠯ ᠢ ᠦᠢᠯᠡᠳᠬᠦ ᠂ ᠬᠡᠷᠡᠭᠯᠡᠬᠦ ᠂ ᠬᠠᠮᠢᠶᠠᠷᠬᠤ ᠪᠠ ᠳᠠᠩᠰᠠ ᠡᠪᠬᠡᠮᠡᠯ ᠳᠤ ᠣᠷᠣᠭᠤᠯᠤᠨ | ᠬᠠᠳᠠᠭᠠᠯᠠᠬᠤ ᠶᠢ ᠰᠠᠶᠢᠲᠤᠷ ᠬᠢᠵᠦ ᠂ ᠪᠦᠬᠦ ᠶᠠᠪᠤᠴᠠ ᠳᠤ ᠣᠷᠣ ᠮᠥᠷ ᠦᠯᠡᠳᠡᠭᠡᠬᠦ ᠪᠠ ᠡᠭᠡᠭᠦᠯᠦᠨ ᠨᠡᠬᠡᠮᠵᠢᠯᠡᠵᠦ | ᠪᠣᠯᠬᠤ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠶ ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠪᠠ | ᠤᠰᠤᠨ ᠠᠰᠢᠭᠯᠠᠯᠲᠠ ᠶᠢᠨ ᠶᠠᠮᠤᠨ ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ | ᠲᠣᠭᠲᠠᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢᠨ ᠬᠡᠯᠪᠡᠷᠢ ᠂ ᠬᠡᠷᠡᠭ ᠤᠨ ᠡᠪᠬᠡᠮᠡᠯ | ᠵᠢᠴᠢ ᠦᠨᠡᠯᠡᠨ ᠪᠠᠶᠢᠴᠠᠭᠠᠬᠤ ᠪᠠᠷᠢᠮᠵᠢᠶ᠎ᠠ ᠶᠢᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠨ ᠂ ᠬᠠᠤᠯᠢ | ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠴᠤᠪᠤᠷᠠᠯ ᠂ ᠪᠢᠴᠢᠭ ᠬᠠᠷ᠎ᠠ ᠬᠡᠷᠡᠭ ᠤᠨ ᠡᠪᠬᠡᠮᠡᠯ ᠢ ᠵᠢᠷᠤᠮᠵᠢᠭᠤᠯᠬᠤ ᠂ | ᠪᠠᠷᠢᠮᠵᠢᠶᠠᠵᠢᠭᠤᠯᠬᠤ ᠂ ᠨᠠᠷᠢᠯᠢᠬᠵᠢᠭᠤᠯᠬᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ ᠃ ᠴᠢᠬᠤᠯᠠ | ᠶᠡᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠬᠤ | ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ ᠂ ᠬᠠᠤᠯᠢ ᠳᠦᠷᠢᠮ ᠤᠨ ᠬᠢᠨᠠᠨ ᠬᠠᠷᠭᠤᠭᠤᠯᠬᠤ ᠠᠵᠢᠯ ᠤᠨ | ᠬᠦᠴᠦᠨ ᠢ ᠪᠦᠷᠢᠨ ᠭᠦᠢᠴᠡᠳ ᠴᠢᠩᠭ᠎ᠠ ᠲᠣᠬᠢᠷᠠᠭᠤᠯᠵᠤ ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ | ᠭᠠᠷᠭᠠᠬᠤ ᠠᠴᠠ ᠡᠮᠦᠨ᠎ᠡ ᠬᠠᠤᠯᠢ ᠳᠦᠷᠢᠮ ᠤᠨ ᠬᠢᠨᠠᠨ ᠬᠠᠷᠭᠤᠭᠤᠯᠤᠯᠲᠠ ᠶᠢ ᠴᠢᠩᠭ᠎ᠠ ᠬᠢᠵᠦ ᠂ ᠬᠠᠤᠯᠢ ᠳᠦᠷᠢᠮ ᠤᠨ | ᠬᠢᠨᠠᠨ ᠬᠠᠷᠭᠤᠭᠤᠯᠤᠯᠲᠠ ᠬᠢᠭᠰᠡᠨ ᠦᠭᠡᠢ ᠪᠤᠶᠤ ᠬᠢᠨᠠᠨ ᠬᠠᠷᠭᠤᠭᠤᠯᠤᠯᠲᠠ ᠬᠢᠭᠰᠡᠨ ᠦᠭᠡᠢ ᠪᠣᠯ ᠲᠣᠭᠲᠠᠭᠠᠯ | ᠭᠠᠷᠭᠠᠵᠤ ᠪᠣᠯᠬᠤ ᠦᠭᠡᠢ ᠃ ᠬᠠᠤᠯᠢ ᠴᠠᠭᠠᠵᠠ ᠶᠢᠨ ᠵᠥᠪᠯᠡᠭᠴᠢ ᠪᠠ ᠠᠯᠪᠠᠨ ᠲᠤᠰᠢᠶᠠᠯᠲᠤ ᠬᠠᠤᠯᠢᠴᠢ ᠶᠢᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ ᠂ ᠬᠠᠤᠯᠢ ᠴᠠᠭᠠᠵᠠ ᠶᠢᠨ ᠵᠥᠪᠯᠡᠭᠴᠢ ᠂ ᠠᠯᠪᠠᠨ ᠲᠤᠰᠢᠶᠠᠯᠲᠤ | ᠬᠠᠤᠯᠢᠴᠢ ᠪᠠ ᠬᠤᠯᠪᠣᠭᠳᠠᠯ ᠪᠥᠬᠦᠶ ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠨ ᠤ ᠬᠠᠤᠯᠢ ᠲᠦᠷᠢᠮ ᠤᠨ ᠬᠢᠨᠠᠨ | ᠬᠠᠷᠭᠤᠭᠤᠯᠤᠯᠲᠠ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ ᠃ | ︵ᠶᠢᠰᠦ︶ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢᠨ ᠳᠦᠷᠢᠮ ᠢ ᠬᠢᠨᠠᠮᠠᠭᠠᠶ ᠨᠠᠶᠢᠳᠠᠪᠤᠷᠢᠵᠢᠭᠤᠯᠬᠤ | ᠬᠡᠷᠡᠭᠲᠡᠶ ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠬᠠᠤᠯᠢ ᠳᠦᠷᠢᠮ | ᠲᠣᠭᠲᠠᠭᠠᠯ ᠤᠨ ︽ᠲᠣᠭᠲᠠᠭᠠᠬᠤ ᠵᠠᠰᠠᠬᠤ ᠬᠦᠴᠦᠨ ᠦᠭᠡᠢ ᠪᠣᠯᠭᠠᠬᠤ︾ ᠪᠠᠶᠢᠳᠠᠯ ᠪᠠ ᠬᠠᠤᠯᠢ ᠬᠡᠷᠡᠭᠵᠢᠭᠦᠯᠬᠦ | ᠠᠵᠢᠯ ᠤᠨ ᠪᠣᠳᠠᠲᠠᠢ ᠪᠠᠶᠢᠳᠠᠯ ᠂ ᠬᠠᠤᠯᠢ ᠬᠡᠷᠡᠭᠵᠢᠭᠦᠯᠬᠦ ᠠᠵᠢᠯ ᠤᠨ ᠪᠣᠳᠠᠲᠤ ᠪᠠᠶᠢᠳᠠᠯ ᠢ ᠦᠨᠳᠦᠰᠦᠯᠡᠨ ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ | ᠡᠷᠬᠡ ᠶᠢᠨ ᠰᠠᠭᠤᠷᠢ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢ ᠬᠥᠳᠡᠯᠦᠩᠭᠦᠢ ᠪᠠᠷ ᠲᠣᠬᠢᠷᠠᠭᠤᠯᠵᠤ ᠂ ᠬᠠᠮᠢᠶ᠎ᠠ | ᠪᠦᠬᠦᠢ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ ᠂ ᠬᠠᠤᠯᠢ ᠬᠡᠷᠡᠭᠵᠢᠭᠦᠯᠬᠦ | ᠲᠠᠰᠤᠯᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ ᠂ ᠤᠰᠤᠨ ᠤ ᠵᠠᠰᠠᠭ | ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢᠨ ᠠᠭᠤᠯᠭ᠎ᠠ ᠶᠢ ᠤᠰᠤᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠶᠢᠨ ᠮᠡᠳᠡᠭᠡ ᠵᠠᠩᠭᠢᠵᠢᠯᠲᠠ ᠶᠢᠨ ᠰᠢᠰᠲ᠋ᠧᠮ ᠳᠤ ᠰᠢᠭᠢᠳᠬᠡᠵᠦ ᠂ ᠪᠥᠬᠦ ᠣᠷᠣᠨ ᠤ | ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠳᠤ ᠨᠠᠷᠢᠯᠢᠭ ᠣᠨᠣᠴᠠᠲᠠᠶ ᠳᠥᠭᠦᠮ ᠳᠥᠲᠡ | ᠵᠢᠯᠣᠭᠤᠳᠤᠮᠵᠢ ᠬᠠᠩᠭᠠᠨ᠎ᠠ ᠃ ᠡᠯ᠎ᠠ ᠱᠠᠳᠣᠨ ᠤ ᠣᠰᠣᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠡᠷᠬᠤ ᠰᠠᠯᠠᠭ᠎ᠠ | ᠮᠦᠴᠢᠷ ᠪᠤᠯᠥᠨ ᠣᠰᠣᠨ ᠤ ᠵᠠᠰᠠᠭ ᠵᠠᠬᠢᠷᠭᠠᠨ ᠤ ᠬᠠᠦᠯᠢ ᠭᠡᠷᠡᠭᠵᠢᠬᠦᠯᠬᠦ ᠡᠬᠦᠷᠭᠡ ᠴᠢᠳᠡᠪᠦᠷᠢ ᠶᠢ ᠳᠠᠭᠠᠭᠠᠨ | ᠡᠬᠦᠷᠭᠡᠯᠡᠭᠰᠡᠨ ᠶᠡᠷᠦᠩᠭᠡᠶᠢᠯᠡᠭᠰᠡᠨ ᠬᠠᠦᠯᠢ ᠭᠡᠷᠡᠭᠵᠢᠬᠦᠯᠬᠦ ᠪᠠᠶᠢᠭᠤᠯᠥᠮᠵᠢ ᠨᠢ ᠣᠰᠣᠨ ᠤ ᠵᠠᠰᠠᠭ ᠵᠠᠬᠢᠷᠭᠠᠨ ᠤ ᠰᠢᠢᠳᠭᠡᠯ | ᠲᠣᠷᠭᠠᠭᠤᠯᠢ ᠶᠢᠨ ᠲᠠᠰᠣᠯᠥᠯᠳᠡ ᠶᠢᠨ ᠰᠠᠭᠤᠷᠢ ᠪᠠᠷᠢᠮᠵᠢᠶ᠎ᠠ ᠶᠢ ᠵᠢᠷᠦᠮᠵᠢᠭᠤᠯᠵᠦ ᠂ ᠠᠵᠢᠯ ᠤᠨ ᠭᠡᠷᠡᠭᠴᠡᠭᠡ ᠪᠠᠨ | ᠦᠨᠳᠣᠰᠣᠯᠡᠨ ᠳᠡᠭᠡᠳᠦ ᠱᠠᠳᠣᠨ ᠤ ᠲᠣᠠᠠᠳᠠᠭᠠᠠᠠᠰᠠᠨ ᠲᠠᠰᠣᠯᠥᠯᠳᠡ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢᠨ | ᠲᠣᠬᠢᠷᠠᠬᠤ ᠪᠡᠷᠢᠮᠵᠢᠶ᠎ᠠ ᠂ ᠨᠦᠬᠦᠴᠡᠯ ᠂ ᠳᠥᠷᠦᠯ ᠵᠦᠢᠯ ᠂ ᠭᠡᠮᠵᠢᠶ᠎ᠠ ᠂ ᠠᠷᠭ᠎ᠠ ᠮᠠᠶ᠋ᠢᠭ ᠂ ᠴᠠᠭ ᠤᠨ ᠬᠢᠵᠠᠭᠠᠷ ᠢ ᠬᠠᠦᠯᠢ | ᠶᠣᠰᠣᠭᠠᠷ ᠵᠦᠢ ᠵᠣᠬᠢᠰᠳᠡᠢ ᠨᠠᠷᠢᠯᠢᠠᠠᠵᠢᠭᠤᠯᠥᠨ ᠪᠤᠳᠡᠳᠡᠶᠢᠵᠢᠭᠤᠯᠵᠦ ᠪᠤᠯᠥᠨ᠎ᠠ ᠃ ᠡᠯ᠎ᠡ ᠱᠠᠲᠤᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠱᠠᠲᠤᠨ ᠤ ᠤᠰᠤᠨ ᠤ | ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠲᠠᠰᠤᠯᠤᠯᠲᠠ ᠶᠢᠨ | ᠡᠷᠬᠡ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ ᠂ ᠵᠠᠰᠠᠪᠤᠷᠢ ᠣᠷᠣᠭᠤᠯᠬᠤ ᠂ ᠬᠡᠷᠡᠭᠯᠡᠬᠦ ᠳᠤ ᠳᠣᠭᠢᠷᠠᠬᠤ ᠪᠠ | ᠬᠢᠨᠠᠯᠲᠠ ᠲᠠᠯᠪᠢᠬᠤ ᠬᠡᠷᠡᠭᠲᠡᠶ ᠃ | ︵ᠠᠷᠪᠠ︶ ᠵᠣᠭᠤᠰ ᠢᠶᠠᠷ ᠲᠣᠷᠭᠠᠬᠤ ᠶᠢ ᠬᠡᠷᠡᠭᠵᠢᠭᠦᠯᠬᠦ ᠶᠠᠪᠤᠳᠠᠯ ᠢ ᠴᠢᠩᠭ᠎ᠠ ᠵᠢᠷᠤᠮᠵᠢᠭᠤᠯᠤᠨ᠎ᠠ ᠃ ᠡᠯ᠎ᠡ | ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠤᠰᠤᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠶᠢ ᠡᠭᠦᠷᠭᠡᠯᠡᠭᠰᠡᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠪᠠᠶᠢᠭᠤᠯᠤᠮᠵᠢ ᠨᠢ ᠤᠰᠤ ᠲᠠᠢ ᠬᠤᠯᠪᠣᠭᠳᠠᠭᠰᠠᠨ ᠬᠡᠷᠡᠭ ᠢ ᠰᠢᠢᠳᠪᠦᠷᠢᠯᠡᠬᠦ ᠳᠡᠭᠡᠨ ᠬᠠᠤᠯᠢ ᠴᠠᠭᠠᠵᠠ ᠶᠢᠨ ᠲᠣᠭᠲᠠᠭᠠᠯ | ᠪᠣᠯᠤᠨ ᠬᠠᠤᠯᠢ ᠠᠴᠠ ᠵᠥᠷᠢᠴᠡᠭᠰᠡᠨ ᠪᠣᠳᠠᠲᠤ ᠬᠡᠷᠡᠭ ᠢ ᠴᠢᠩᠭ᠎ᠠ ᠵᠢᠷᠤᠮᠯᠠᠨ ᠵᠣᠭᠤᠰ ᠢᠶᠠᠷ ᠲᠣᠷᠭᠠᠬᠤ ᠶᠢ | ᠬᠡᠷᠡᠭᠵᠢᠭᠦᠯᠵᠦ ᠂ ᠠᠯᠳᠠᠭ᠎ᠠ ᠪᠤᠷᠤᠭᠤ ᠪᠠᠶᠢᠪᠠᠯ ᠬᠥᠩᠭᠡᠨ ᠂ ᠬᠦᠨᠳᠦ ᠪᠠᠶᠢᠪᠠᠯ ᠬᠦᠨᠳᠦ ᠪᠠᠷ ᠰᠢᠢᠳᠭᠡᠨ ᠲᠣᠷᠭᠠᠬᠤ | ᠪᠤᠶᠤ ᠥᠨᠳᠥᠷ ᠲᠤᠭ᠎ᠠ ᠪᠠᠷ ᠵᠣᠭᠤᠰ ᠢᠶᠠᠷ ᠲᠣᠷᠭᠠᠵᠤ ᠪᠣᠯᠬᠤ ᠦᠭᠡᠶ ᠂ ︽ᠨᠢᠭᠡ ᠠᠳᠠᠯᠢ︾ ᠮᠠᠶ᠋ᠢᠭ ᠢᠶᠠᠷ ᠬᠠᠤᠯᠢ | ᠬᠡᠷᠡᠭᠵᠢᠭᠦᠯᠬᠦ ᠶᠢ ᠲᠠᠰᠤ ᠵᠣᠭᠰᠣᠭᠠᠬᠤ ᠬᠡᠷᠡᠭᠲᠡᠶ ᠃ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠪᠣᠳᠠᠲᠤ | ᠬᠡᠷᠡᠭ ᠂ ᠰᠢᠨᠵᠢ ᠴᠢᠨᠠᠷ ᠂ ᠦᠢᠯᠡ ᠪᠠᠶᠢᠳᠠᠯ ᠵᠢᠴᠢ ᠨᠡᠶᠢᠭᠡᠮ ᠳᠤ ᠬᠤᠤᠷ ᠬᠥᠨᠥᠭᠡᠯ ᠤᠨ ᠬᠡᠮᠵᠢᠶ᠎ᠡ ᠨᠢ | ᠦᠨᠳᠦᠰᠦᠨ ᠳᠡᠭᠡᠨ ᠠᠳᠠᠯᠢᠪᠲᠤᠷ ᠬᠡᠷᠡᠭ ᠢ ᠵᠣᠭᠤᠰ ᠢᠶᠠᠷ ᠲᠣᠷᠭᠠᠬᠤ ᠲᠠᠰᠤᠯᠤᠯᠲᠠ ᠶᠢᠨ ᠬᠡᠮᠵᠢᠶ᠎ᠡ ᠨᠢ ᠬᠠᠤᠯᠢ ᠪᠠᠷ | ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠵᠤ ᠂ ᠲᠥᠷᠥᠯ ᠤᠨ ᠬᠡᠷᠡᠭ ᠢ ᠠᠳᠠᠯᠢ ᠪᠤᠰᠤ | ᠲᠣᠷᠭᠠᠬᠤ ᠠᠴᠠ ᠵᠠᠶᠢᠯᠠᠰᠬᠢᠬᠦ ᠬᠡᠷᠡᠭᠲᠡᠶ ᠃ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠠᠤᠯᠢ ᠶᠢᠨ ᠭᠤᠴᠢᠨ | ᠬᠤᠶᠠᠳᠤᠭᠠᠷ ᠵᠦᠢᠯ ᠤᠨ ᠲᠣᠭᠲᠠᠭᠠᠯ ᠳᠤ ᠨᠡᠶᠢᠴᠡᠬᠦ ᠨᠢ ᠬᠥᠩᠭᠡᠨ ᠢᠶᠠᠷ ᠰᠢᠢᠳᠭᠡᠬᠦ ᠂ ᠬᠥᠩᠭᠡᠷᠡᠭᠦᠯᠦᠨ ᠰᠢᠢᠳᠭᠡᠨ | ᠲᠣᠷᠭᠠᠬᠤ ᠪᠤᠶᠤ ᠭᠤᠴᠢᠨ ᠭᠤᠷᠪᠠᠳᠤᠭᠠᠷ ᠵᠦᠢᠯ ᠵᠡᠷᠭᠡ ᠲᠣᠭᠲᠠᠭᠠᠯ ᠳᠤ ᠨᠡᠶᠢᠴᠡᠬᠦ ᠦᠭᠡᠶ ᠂ ᠰᠢᠢᠳᠭᠡᠨ ᠲᠣᠷᠭᠠᠬᠤ | ᠦᠭᠡᠶ ᠪᠠᠶᠢᠳᠠᠯ ᠪᠠᠶᠢᠪᠠᠯ ᠂ ᠵᠠᠰᠠᠭ ᠵᠠᠬᠢᠷᠭᠠᠨ ᠤ ᠰᠢᠢᠳᠭᠡᠨ ᠲᠣᠷᠭᠠᠬᠤ ᠬᠠᠤᠯᠢ ᠶᠢ ᠲᠣᠬᠢᠷᠠᠭᠤᠯᠤᠨ ᠬᠡᠷᠡᠭᠯᠡᠵᠦ | ᠪᠠᠶᠢᠭᠠᠳ ᠵᠣᠬᠢᠴᠠᠩᠭᠤᠶ ᠪᠦᠬᠦᠢ ᠰᠢᠢᠳᠪᠦᠷᠢᠯᠡᠯᠲᠡ ᠭᠠᠷᠭᠠᠬᠤ ᠬᠡᠷᠡᠭᠲᠡᠶ ᠃ ᠵᠣᠭᠤᠰ ᠢᠶᠠᠷ ᠲᠣᠷᠭᠠᠬᠤ ᠶᠢ | ᠬᠡᠷᠡᠭᠵᠢᠭᠦᠯᠬᠦ ᠳᠡᠭᠡᠨ ᠲᠤᠬᠠᠶᠢᠲᠠᠶ ᠬᠥᠮᠦᠨ ᠢ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠵᠠᠯᠠᠷᠠᠭᠤᠯᠬᠤ ᠪᠤᠶᠤ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠬᠡᠷᠡᠭᠲᠡᠶ ᠂ ᠵᠣᠭᠤᠰ ᠢᠶᠠᠷ | ᠲᠣᠷᠭᠠᠬᠤ ᠠᠴᠠ ᠪᠢᠰᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠯᠠᠷᠠᠭᠤᠯᠬᠤ ᠦᠭᠡᠶ ᠪᠠᠶᠢᠵᠤ ᠂ ︽ | ᠲᠣᠷᠭᠠᠬᠤ ᠪᠠᠷ ᠬᠠᠮᠢᠶᠠᠷᠬᠤ ᠶᠢ ᠣᠷᠣᠯᠠᠭᠤᠯᠬᠤ︾ ᠶᠢ ᠡᠷᠡᠰ ᠵᠣᠭᠰᠣᠭᠠᠬᠤ ᠬᠡᠷᠡᠭᠲᠡᠶ ᠃ ᠰᠢᠢᠳᠭᠡᠬᠦ ᠪᠠ ᠰᠤᠷᠭᠠᠨ | ᠬᠥᠮᠦᠵᠢᠭᠦᠯᠬᠦ ᠶᠢ ᠤᠶᠠᠯᠳᠤᠭᠤᠯᠬᠤ ᠂ ᠬᠠᠤᠯᠢ ᠬᠡᠷᠡᠭᠵᠢᠭᠦᠯᠬᠦ ᠪᠠ ᠦᠢᠯᠡᠴᠢᠯᠡᠬᠦ ᠶᠢ ᠤᠶᠠᠯᠳᠤᠭᠤᠯᠬᠤ ᠶᠢ | ᠪᠠᠷᠢᠮᠲᠠᠯᠠᠵᠤ ᠂ ᠬᠠᠤᠯᠢ ᠲᠦᠭᠡᠮᠡᠯᠵᠢᠭᠦᠯᠬᠦ ᠬᠥᠮᠦᠵᠢᠯ ᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠪᠦᠬᠦ | ᠶᠠᠪᠤᠴᠠ ᠳᠤ ᠲᠤᠭᠤᠰᠢᠯᠠᠭᠤᠯᠵᠤ ᠂ ᠰᠢᠭᠦᠮᠵᠢᠯᠡᠨ ᠰᠤᠷᠭᠠᠬᠤ ᠂ ᠵᠠᠷᠯᠢᠭᠳᠠᠵᠤ ᠪᠠᠶᠢᠭᠠᠳ ᠵᠠᠯᠠᠷᠠᠭᠤᠯᠬᠤ ᠂ ᠰᠤᠷᠭᠠᠵᠤ | ᠢᠳᠬᠠᠬᠤ ᠂ ᠪᠣᠯᠵᠣᠨ ᠶᠠᠷᠢᠯᠴᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠠᠵᠤ ᠠᠬᠤᠶᠢᠯᠠᠯ ᠪᠣᠯᠤᠨ ᠣᠯᠠᠨ | ᠲᠦᠮᠡᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠶᠣᠰᠣᠭᠠᠷ ᠡᠵᠡᠩᠨᠡᠭᠦᠯᠵᠦ ᠂ ᠬᠠᠤᠯᠢ ᠶᠢ | ᠤᠬᠠᠮᠰᠠᠷ ᠠᠴᠠ ᠨᠢ ᠰᠠᠬᠢᠭᠤᠯᠵᠤ ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠬᠦᠴᠢᠷᠳᠡᠯ ᠪᠣᠯᠤᠨ ᠠᠰᠠᠭᠤᠳᠠᠯ ᠢ | ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠵᠦ ᠂ ᠬᠠᠤᠯᠢ ᠬᠡᠷᠡᠭᠵᠢᠭᠦᠯᠬᠦ ᠳᠤ ᠡᠷᠴᠢᠮ ᠲᠠᠢ | ᠮᠥᠷᠲᠡᠭᠡᠨ ᠬᠠᠶᠢᠷ᠎ᠠ ᠰᠡᠳᠬᠢᠯᠭᠡ ᠲᠠᠢ ᠪᠣᠯᠭᠠᠬᠤ ᠬᠡᠷᠡᠭᠲᠡᠶ ᠃ | ᠳᠥᠷᠪᠡ ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠰᠢᠯᠭᠠᠨ | ᠬᠢᠨᠠᠬᠤ ᠶᠢ ᠴᠢᠩᠭᠠᠳᠬᠠᠨ᠎ᠠ | ︵ᠠᠷᠪᠠᠨ ᠨᠢᠭᠡ︶ ᠬᠡᠪᠰᠢᠭᠰᠡᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠥᠷᠨᠢᠭᠦᠯᠦᠨ᠎ᠡ ᠃ | ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ︽ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ ᠤᠨ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠪᠣᠯᠤᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ | ᠲᠠᠯᠪᠢᠬᠤ ᠲᠦᠷᠢᠮ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠂ ᠲᠣᠰ ᠰᠠᠯᠠᠭ᠎ᠠ ᠮᠥᠴᠢᠷ ᠤᠨ ᠢᠶᠠᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠳᠠᠭᠠᠭᠠᠨ ᠡᠭᠦᠷᠭᠡᠯᠡᠬᠦ | ᠪᠠᠶᠢᠭᠤᠯᠤᠮᠵᠢ ᠶᠢ ᠲᠣᠳᠣᠷᠬᠠᠶᠢᠯᠠᠵᠤ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ | ᠬᠦᠴᠦᠨ ᠤ ᠪᠠᠶᠢᠭᠤᠯᠤᠯᠲᠠ ᠶᠢ ᠴᠢᠩᠭᠠᠳᠬᠠᠨ ᠂ ᠲᠣᠰ ᠱᠠᠲᠤᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ | ᠵᠢᠯᠣᠭᠤᠳᠣᠯᠭ᠎ᠠ ᠳᠣᠤᠷ᠎ᠠ ᠂ ᠲᠣᠰ ᠨᠢᠭᠡᠴᠢ ᠶᠢᠨ ᠢᠶᠠᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠂ ᠬᠠᠷᠢᠶ᠎ᠠ | ᠪᠠᠶᠢᠭᠤᠯᠤᠮᠵᠢ ᠪᠣᠯᠤᠨ ᠳᠣᠤᠷᠠᠳᠤ ᠱᠠᠲᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠤᠰᠤᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠪᠠᠶᠢᠩᠭᠤ ᠶᠢᠨ ᠴᠢᠨᠠᠷᠲᠠᠶ ᠬᠢᠨᠠᠯᠲᠠ ᠲᠠᠯᠪᠢᠬᠤ ᠪᠠᠨ ᠴᠢᠩᠭᠠᠳᠬᠠᠵᠤ ᠂ | ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠵᠤ ᠪᠠᠶᠢᠴᠠᠭᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ ᠂ | ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠪᠠᠨ ᠪᠥᠬᠦ ᠲᠠᠯ᠎ᠠ ᠪᠠᠷ ᠭᠦᠢᠴᠡᠳᠭᠡᠬᠦ ᠶᠢ | ᠰᠢᠮᠳᠠᠭᠤᠯᠬᠤ ᠬᠡᠷᠡᠭᠲᠡᠶ ᠃ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ | ᠠᠵᠢᠯ ᠤᠨ ᠲᠦᠷᠢᠮ ᠢ ᠪᠦᠷᠢᠨᠰᠢᠭᠦᠯᠵᠦ ᠂ ᠬᠢᠨᠠᠯᠲᠠ ᠲᠠᠯᠪᠢᠬᠤ ᠵᠦᠢᠯᠡᠰ ᠤᠨ ᠨᠠᠷᠢᠨ ᠬᠠᠭᠤᠳᠠᠰᠤ ᠶᠢ ᠲᠣᠭᠲᠠᠭᠠᠵᠤ ᠂ | ᠬᠢᠨᠠᠯᠲᠠ ᠲᠠᠯᠪᠢᠵᠤ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ ᠂ ᠬᠢᠨᠠᠯᠲᠠ ᠲᠠᠯᠪᠢᠬᠤ ᠠᠵᠢᠯ ᠤᠨ ᠲᠡᠰ | ᠳᠠᠷᠠᠭᠠᠯᠠᠯ ᠢ ᠵᠢᠷᠤᠮᠵᠢᠭᠤᠯᠵᠤ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ | ᠪᠦᠬᠦᠨ ᠢ ᠪᠦᠷᠬᠦᠬᠦᠯᠬᠦ ᠶᠢ ᠠᠬᠢᠭᠤᠯᠬᠤ ᠬᠡᠷᠡᠭᠲᠡᠢ ᠃ ᠴᠢᠬᠤᠯᠠ ᠶᠡᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ | ᠬᠡᠷᠡᠭ ᠢ ᠬᠢᠨᠠᠨ ᠭᠦᠢᠴᠡᠳᠭᠡᠬᠦ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠭᠰᠡᠨ ᠳᠠᠩᠰᠠ ᠡᠪᠬᠡᠮᠡᠯ ᠢ ᠦᠨᠡᠯᠡᠨ ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠦᠨ᠎ᠡ ᠃ | ︵ᠠᠷᠪᠠᠨ ᠬᠤᠶᠠᠷ︶ ᠬᠠᠤᠯᠢ ᠬᠡᠷᠡᠭᠵᠢᠭᠦᠯᠬᠦ ᠳᠤ ᠲᠤᠰᠬᠠᠢ ᠬᠢᠨᠠᠯᠲᠠ ᠲᠠᠯᠪᠢᠬᠤ ᠶᠢ ᠰᠠᠶᠢᠲᠤᠷ ᠠᠳᠬᠤᠨ᠎ᠠ ᠃ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠵᠢᠯ ᠪᠦᠷᠢ ᠤᠰᠤᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠢ ᠴᠠᠭ ᠲᠤᠨᠢ ᠵᠣᠬᠢᠴᠠᠭᠤᠯᠵᠤ | ᠪᠠᠶᠢᠭᠠᠳ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ ᠂ ᠪᠥᠬᠦ ᠣᠷᠣᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠶᠡᠭᠡ ᠲᠠᠯ᠎ᠠ ᠂ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠤᠰᠤᠨ | ᠠᠰᠢᠭᠯᠠᠯᠲᠠ ᠶᠢᠨ ᠭᠤᠤᠯᠳᠠᠯᠭ᠎ᠠ ᠲᠠᠢ ᠬᠠᠤᠯᠢ ᠬᠡᠷᠡᠭᠵᠢᠭᠦᠯᠬᠦ ᠬᠦᠷᠢᠶ᠎ᠡ ᠴᠠᠷᠠᠭ᠎ᠠ ᠪᠣᠯᠤᠨ ᠨᠡᠶᠢᠭᠡᠮ ᠤᠨ ᠲᠤᠰᠬᠠᠯ | ᠴᠢᠩᠭ᠎ᠠ ᠪᠠᠶᠢᠭ᠎ᠠ ᠤᠰᠤᠨ ᠠᠰᠢᠭᠯᠠᠯᠲᠠ ᠶᠢᠨ ᠭᠤᠤᠯᠳᠠᠯᠭ᠎ᠠ ᠲᠠᠢ ᠬᠠᠤᠯᠢ ᠬᠡᠷᠡᠭᠵᠢᠭᠦᠯᠬᠦ ᠠᠰᠠᠭᠤᠳᠠᠯ ᠢ ᠰᠣᠩᠭᠤᠨ | ᠲᠤᠰᠬᠠᠶ ᠬᠢᠨᠠᠯᠲᠠ ᠲᠠᠯᠪᠢᠵᠤ ᠂ ᠠᠰᠠᠭᠤᠳᠠᠯ ᠢ ᠴᠠᠭ ᠲᠤᠬᠠᠶ ᠳᠤ ᠨᠢ ᠢᠯᠡᠷᠡᠭᠦᠯᠵᠦ ᠂ ᠴᠡᠭᠴᠡᠯᠡᠨ ᠰᠠᠶᠢᠵᠢᠷᠠᠭᠤᠯᠬᠤ ᠶᠢ | ᠰᠢᠮᠳᠠᠭᠤᠯᠤᠨ᠎ᠠ ᠃ | ︵ᠠᠷᠪᠠᠨ ᠭᠤᠷᠪᠠ︶ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠬᠠᠮᠵᠢᠯᠴᠠᠭ᠎ᠠ ᠶᠢ ᠠᠬᠢᠭᠤᠯᠤᠨ᠎ᠠ ᠃ | ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠭᠡᠳ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠵᠣᠬᠢᠴᠠᠭᠤᠯᠵᠤ ᠬᠠᠮᠲᠤᠷᠠᠨ | ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ ᠃ ᠡᠯ᠎ᠡ ᠱᠠᠲᠤᠨ ᠤ ᠤᠰᠤᠨ ᠤ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠮᠡᠳᠡᠭᠦᠯᠬᠦ ᠳᠦᠷᠢᠮ ᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ ᠠᠳᠠᠯᠢ ᠱᠠᠲᠤᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠳᠡᠭᠡᠳᠦ ᠱᠠᠲᠤᠨ ᠤ ᠤᠰᠤᠨ ᠤ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ | ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠬᠦ ᠬᠡᠷᠡᠭᠲᠡᠶ ᠃ ᠤᠰᠤᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠ ᠪᠤᠰᠤᠳ ᠡᠯ᠎ᠡ ᠲᠥᠷᠥᠯ ᠤᠨ ᠬᠢᠨᠠᠯᠲᠠ ᠲᠠᠯᠪᠢᠬᠤ ᠶᠢ | ᠣᠷᠭᠠᠨᠢᠭ ᠢᠶᠠᠷ ᠨᠡᠪᠲᠡᠷᠡᠯᠴᠡᠭᠦᠯᠬᠦ ᠂ ᠬᠠᠷᠢᠯᠴᠠᠨ ᠵᠣᠬᠢᠴᠠᠭᠤᠯᠬᠤ ᠶᠢ ᠠᠬᠢᠭᠤᠯᠤᠨ᠎ᠠ ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠷᠭ᠎ᠠ ᠵᠠᠮ ᠢ ᠥᠷᠭᠡᠳᠬᠡᠵᠦ ᠂ ᠤᠰᠤᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ | ᠳᠥᠭᠦᠮ ᠦᠵᠡᠭᠦᠯᠬᠦ ᠤᠲᠠᠰᠤ ᠂ ᠤᠰᠤᠨ ᠠᠰᠢᠭᠯᠠᠯᠲᠠ ᠶᠢᠨ ᠶᠠᠮᠤᠨ ᠤ 12314 ᠬᠢᠨᠠᠯᠲᠠ ᠲᠠᠯᠪᠢᠵᠤ ᠢᠯᠡᠴᠢᠯᠡᠨ | ᠮᠡᠳᠡᠭᠦᠯᠬᠦ ᠦᠢᠯᠡᠴᠢᠯᠡᠭᠡᠨ ᠤ ᠲᠠᠪᠴᠠᠩ ᠵᠢᠴᠢ ᠰᠦᠯᠵᠢᠶᠡᠨ ᠤ ᠵᠠᠭᠤᠴᠢᠯᠠᠭᠤᠷ ᠵᠡᠷᠭᠡ ᠬᠢᠨᠠᠯᠲᠠ ᠲᠠᠯᠪᠢᠬᠤ ᠠᠷᠭ᠎ᠠ | ᠵᠠᠮ ᠤᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠬᠠᠮᠲᠤᠷᠠᠯᠴᠠᠭ᠎ᠠ ᠶᠢ ᠴᠢᠩᠭᠠᠳᠬᠠᠨ᠎ᠠ ᠃ | ︵ᠠᠷᠪᠠᠨ ᠳᠦᠷᠪᠡ︶ ᠬᠠᠤᠯᠢ ᠬᠡᠷᠡᠭᠵᠢᠭᠦᠯᠦᠯᠲᠡ ᠶᠢ ᠬᠢᠨᠠᠵᠤ ᠦᠨᠡᠯᠡᠬᠦ ᠠᠵᠢᠯ ᠢ ᠴᠢᠩᠭᠠᠳᠬᠠᠨ᠎ᠠ ᠃ ᠡᠯ᠎ᠡ | ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠲᠣᠰ ᠤᠨ | ᠪᠣᠳᠠᠲᠠᠶ ᠲᠠᠢ ᠪᠠᠨ ᠤᠶᠠᠯᠳᠤᠭᠤᠯᠤᠨ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠤᠰᠤᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠶᠢ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠰᠤᠳᠤᠯᠤᠨ ᠲᠣᠭᠲᠠᠭᠠᠵᠤ ᠂ | ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠤᠰᠤᠨ ᠤ ᠡᠬᠢ ᠪᠠᠶᠠᠯᠢᠭ ᠂ ᠭᠤᠤᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠲᠦᠷᠢᠮ ᠤᠨ ᠰᠢᠯᠭᠠᠨ ᠬᠢᠨᠠᠬᠤ ᠳᠤ ᠣᠷᠣᠭᠤᠯᠤᠨ ᠂ ᠬᠠᠮᠢᠶ᠎ᠠ ᠪᠥᠬᠦᠶ ᠪᠣᠳᠠᠲᠠᠶ | ᠭᠦᠢᠴᠡᠳᠬᠡᠯ ᠲᠤᠭ᠎ᠠ ᠶᠢ ᠨᠠᠷᠢᠯᠢᠬᠵᠢᠭᠤᠯᠵᠤ ᠂ ᠰᠢᠯᠭᠠᠨ ᠬᠢᠨᠠᠬᠤ ᠳᠤ ᠢᠯᠡᠷᠡᠭᠦᠯᠦᠭᠰᠡᠨ ᠠᠰᠠᠭᠤᠳᠠᠯ ᠢᠶᠠᠷ ᠨᠡᠯᠢᠶᠡᠳ | ᠣᠯᠠᠨ ᠭᠠᠵᠠᠷ ᠣᠷᠣᠨ ᠪᠤᠶᠤ ᠬᠠᠮᠢᠶ᠎ᠠ ᠪᠥᠬᠦᠶ ᠰᠠᠯᠠᠭ᠎ᠠ ᠮᠥᠴᠢᠷ ᠢ ᠪᠣᠯᠵᠣᠨ ᠶᠠᠷᠢᠯᠴᠠᠬᠤ ᠂ ᠵᠠᠷᠯᠠᠨ ᠮᠡᠳᠡᠭᠳᠡᠬᠦ ᠵᠡᠷᠭᠡ | ᠠᠷᠭ᠎ᠠ ᠮᠠᠶ᠋ᠢᠭ ᠢᠶᠠᠷ ᠰᠢᠮᠳᠠᠭᠤᠯᠤᠨ ᠴᠡᠭᠴᠡᠯᠡᠨ ᠰᠠᠶᠢᠵᠢᠷᠠᠭᠤᠯᠵᠤ ᠂ ᠰᠢᠯᠭᠠᠨ ᠬᠢᠨᠠᠬᠤ ᠳᠤ ᠬᠢᠷᠢ ᠪᠦᠲᠦᠮᠵᠢ ᠪᠠᠷ | ᠲᠣᠪᠤᠶᠢᠮ᠎ᠠ ᠨᠢᠭᠡᠴᠢ ᠂ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠬᠡᠷᠡᠭᠲᠡᠶ ᠃ ᠬᠠᠤᠯᠢ ᠬᠡᠷᠡᠭᠵᠢᠭᠦᠯᠬᠦ | ᠠᠵᠢᠯᠲᠠᠨ ᠤ ᠡᠳᠦᠷ ᠲᠤᠲᠤᠮ ᠤᠨ ᠰᠢᠯᠭᠠᠨ ᠬᠢᠨᠠᠵᠤ ᠤᠷᠮᠠᠰᠢᠭᠤᠯᠬᠤ ᠡᠷᠴᠢᠮ ᠢᠶᠠᠨ ᠴᠢᠩᠭᠠᠷᠠᠭᠤᠯᠵᠤ ᠂ ᠦᠨᠳᠦᠰᠦᠨ | ᠱᠠᠲᠤ ᠪᠠ ᠨᠢᠭᠡᠳᠦᠭᠡᠷ ᠹᠷᠣᠨᠲ ᠲᠤ ᠣᠷᠳᠣ ᠬᠤᠭᠤᠴᠠᠭ᠎ᠠ ᠪᠠᠷ ᠠᠵᠢᠯᠯᠠᠵᠤ ᠪᠠᠶᠢᠭ᠎ᠠ ᠤᠰᠤᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯᠲᠠᠨ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠂ ᠰᠢᠯᠭᠠᠨ ᠬᠢᠨᠠᠵᠤ ᠱᠠᠩᠨᠠᠬᠤ ᠂ | ᠲᠤᠰᠢᠶᠠᠯ ᠤᠨ ᠲᠠᠰ ᠳᠡᠪᠰᠢᠭᠦᠯᠬᠦ ᠵᠡᠷᠭᠡ ᠲᠠᠯ᠎ᠠ ᠪᠠᠷ ᠬᠡᠯᠪᠠᠶᠢᠯᠭᠡᠵᠦ ᠂ ᠡᠩᠨᠡᠭᠡ ᠶᠢᠨ ᠠᠮᠢᠵᠢᠷᠠᠯ ᠤᠨ ᠬᠦᠴᠦᠨ ᠢ | ᠦᠷᠭᠦᠯᠵᠢᠯᠡᠨ ᠬᠥᠭᠵᠢᠭᠡᠬᠦ ᠬᠡᠷᠡᠭᠲᠡᠶ ᠃ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ | ᠲᠠᠯᠪᠢᠬᠤ ᠴᠢᠳᠠᠪᠤᠷᠢᠲᠠᠨ ᠤ ᠬᠥᠮᠥᠷᠭᠡ ᠶᠢ ᠰᠦᠪᠡᠭᠴᠢᠯᠡᠨ ᠪᠠᠶᠢᠭᠤᠯᠵᠤ ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ ᠠᠵᠢᠯ ᠳᠤ ᠣᠶᠤᠨ ᠤ ᠳᠡᠮᠵᠢᠯᠭᠡ ᠬᠠᠩᠭᠠᠬᠤ ᠬᠡᠷᠡᠭᠲᠡᠶ ᠃ | ᠲᠠᠪᠤ ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ | ︵ᠠᠷᠪᠠᠨ ᠲᠠᠪᠤ︶ ᠴᠢᠳᠠᠪᠤᠷᠢ ᠬᠡᠪ ᠴᠢᠨᠠᠷ ᠢᠶᠠᠨ ᠳᠡᠭᠡᠭᠰᠢᠯᠡᠭᠦᠯᠦᠨ᠎ᠡ ᠃ ᠤᠰᠤᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠭᠡᠮ ᠤᠨ ᠬᠠᠮᠢᠶᠠᠷᠤᠯᠲᠠ ᠪᠣᠯᠤᠨ ᠦᠨᠡᠮᠯᠡᠯ ᠢᠶᠠᠷ ᠠᠵᠢᠯ ᠤᠨ ᠪᠠᠶᠢᠷᠢ ᠳᠤ | ᠭᠠᠷᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ | ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ ᠃ ᠤᠰᠤᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯᠲᠠᠨ ᠤ ᠤᠯᠤᠰ ᠲᠥᠷᠥ ᠶᠢᠨ ᠴᠢᠳᠠᠪᠤᠷᠢ ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠣᠭᠤᠷᠢᠨ ᠳᠤ ᠂ | ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠷᠢᠮᠵᠢᠶᠠᠵᠢᠭᠤᠯᠤᠯᠲᠠ ᠳᠦᠷᠢᠮᠵᠢᠭᠰᠡᠨ ᠪᠣᠯᠪᠠᠰᠤᠷᠠᠯ ᠤᠨ | ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠮᠡᠳᠡᠯᠭᠡ ᠂ | ᠲᠤᠬᠠᠶᠢᠯᠠᠭᠰᠠᠨ ᠠᠵᠢᠯ ᠤᠨ ᠮᠡᠳᠡᠯᠭᠡ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠤᠷ᠎ᠠ ᠴᠢᠳᠠᠪᠤᠷᠢ ᠵᠡᠷᠭᠡ ᠶᠢ | ᠪᠣᠯᠪᠠᠰᠤᠷᠠᠯ ᠤᠨ ᠠᠭᠤᠯᠭ᠎ᠠ ᠳᠤ ᠣᠷᠣᠭᠤᠯᠵᠤ ᠂ ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠬᠤ ᠂ ᠣᠨᠣᠯ ᠤᠨ | ᠤᠬᠠᠭᠤᠯᠤᠨ ᠲᠠᠶᠢᠯᠪᠤᠷᠢᠯᠠᠬᠤ ᠂ ᠰᠦᠯᠵᠢᠶᠡᠨ ᠳᠡᠭᠡᠷ᠎ᠡ ᠰᠤᠷᠤᠯᠴᠠᠨ ᠪᠣᠯᠪᠠᠰᠤᠷᠠᠭᠤᠯᠬᠤ ᠵᠡᠷᠭᠡ ᠣᠯᠠᠨ ᠵᠦᠢᠯ ᠤᠨ | ᠠᠷᠭ᠎ᠠ ᠮᠠᠶ᠋ᠢᠭ ᠢ ᠠᠪᠴᠤ ᠂ ᠤᠯᠤᠰ ᠲᠥᠷᠥ ᠶᠢᠨ ᠣᠨᠣᠯ ᠤᠨ ᠬᠥᠮᠦᠵᠢᠯ ᠪᠠ ᠨᠠᠮᠴᠢ ᠴᠢᠨᠠᠷ ᠤᠨ ᠬᠥᠮᠦᠵᠢᠯ ᠤᠨ | ᠰᠤᠷᠤᠯᠴᠠᠯᠭ᠎ᠠ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯᠲᠠᠨ ᠤ ᠬᠥᠮᠦᠨ ᠪᠦᠷᠢ ᠵᠢᠯ ᠪᠦᠷᠢ 60 ᠬᠢᠴᠢᠶᠡᠯ ᠤᠨ ᠴᠠᠭ ᠠᠴᠠ ᠳᠤᠲᠠᠭᠤ ᠥᠬᠡᠶ ᠣᠯᠠᠨ ᠨᠡᠶᠢᠲᠡ ᠶᠢᠨ | ᠬᠠᠤᠯᠢ ᠴᠠᠭᠠᠵᠠ ᠶᠢᠨ ᠮᠡᠳᠡᠯᠭᠡ ᠂ ᠲᠤᠬᠠᠶᠢᠯᠠᠭᠰᠠᠨ ᠠᠵᠢᠯ ᠤᠨ ᠮᠡᠳᠡᠯᠭᠡ ᠪᠠ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠤᠷ᠎ᠠ ᠴᠢᠳᠠᠪᠤᠷᠢ ᠶᠢᠨ ᠪᠣᠯᠪᠠᠰᠤᠷᠠᠯ ᠢ ᠬᠦᠷᠲᠡᠬᠦ ᠶᠢ ᠦᠨᠡᠨ ᠬᠦ ᠪᠠᠲᠤᠯᠠᠵᠤ ᠂ ᠲᠤᠬᠠᠶ ᠶᠢᠨ | ᠲᠠᠯᠠᠪᠤᠷ ᠲᠤ ᠪᠠᠶᠢᠴᠠᠭᠠᠬᠤ ᠂ ᠪᠠᠶᠢᠴᠠᠭᠠᠵᠤ ᠭᠡᠷᠡᠴᠢ ᠠᠪᠬᠤ ᠂ ᠬᠡᠷᠡᠭ ᠦᠢᠯᠡᠳᠬᠦ ᠂ ᠬᠠᠤᠯᠢ ᠬᠡᠷᠡᠭᠵᠢᠭᠦᠯᠬᠦ ᠲᠣᠨᠤᠭ | ᠲᠥᠬᠦᠭᠡᠷᠦᠮᠵᠢ ᠶᠢ ᠬᠡᠷᠡᠭᠯᠡᠬᠦ ᠵᠡᠷᠭᠡ ᠪᠣᠳᠠᠲᠤ ᠪᠣᠯᠪᠠᠰᠤᠷᠠᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ | ᠳᠣᠪᠤᠶᠢᠯᠭᠠᠨ᠎ᠠ ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠡᠶᠢᠲᠡᠯᠢᠭ ᠬᠡᠷᠡᠭ ᠤᠨ | ᠵᠢᠱᠢᠶ᠎ᠡ ᠶᠢ ᠴᠤᠭᠯᠠᠭᠤᠯᠬᠤ ᠂ ᠵᠠᠳᠠᠯᠬᠤ ᠪᠠ ᠲᠣᠭᠲᠠᠮᠠᠯ ᠬᠤᠭᠤᠴᠠᠭ᠎ᠠ ᠲᠠᠢ ᠪᠠᠷ ᠲᠦᠷᠢᠮ ᠢ ᠨᠡᠶᠢᠲᠡᠯᠡᠵᠦ ᠂ ᠬᠠᠤᠯᠢ | ᠬᠡᠷᠡᠭᠵᠢᠭᠦᠯᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠂ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ ᠤᠨ ᠵᠢᠷᠤᠮᠵᠢᠯ ᠂ | ᠬᠡᠷᠡᠭ ᠤᠨ ᠡᠪᠬᠡᠮᠡᠯ ᠢ ᠶᠣᠰᠣ ᠤᠴᠢᠷ ᠲᠣᠳᠣᠷᠬᠠᠶ ᠪᠠᠶᠢᠯᠭᠠᠬᠤ ᠵᠡᠷᠭᠡ ᠲᠠᠯ᠎ᠠ ᠪᠠᠷ ᠨᠡᠶᠢᠲᠡᠯᠢᠭ ᠬᠡᠷᠡᠭ ᠤᠨ ᠵᠢᠱᠢᠶ᠎ᠡ ᠶᠢ | ᠢᠯᠡᠷᠡᠭᠦᠯᠵᠦ ᠂ ᠵᠢᠱᠢᠶ᠎ᠡ ᠦᠵᠡᠭᠦᠯᠵᠦ ᠵᠢᠯᠣᠭᠤᠳᠬᠤ ᠦᠢᠯᠡᠳᠦᠯ ᠢ ᠪᠠᠳᠠᠷᠠᠭᠤᠯᠤᠨ᠎ᠠ ᠃ | ︵ᠠᠷᠪᠠᠨ ᠵᠢᠷᠭᠤᠭ᠎ᠠ︶ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠᠲᠤᠯᠠᠭ᠎ᠠ ᠶᠢ ᠴᠢᠩᠭᠠᠳᠬᠠᠨ᠎ᠠ ᠃ ᠡᠯ᠎ᠡ | ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠴᠢᠩᠭ᠎ᠠ | ᠬᠡᠷᠡᠭᠵᠢᠭᠦᠯᠬᠦ ᠬᠡᠷᠡᠭᠲᠡᠢ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠬᠠᠷᠢᠭᠤᠴᠠᠯᠭ᠎ᠠ ᠶᠢᠨ ᠲᠦᠷᠢᠮ︾ ᠤᠨ ᠲᠣᠭᠲᠠᠭᠠᠯ ᠳᠤ ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠲᠤᠰᠢᠶᠠᠯ ᠳᠠᠭᠠᠨ ᠣᠰᠣᠯᠳᠠᠪᠠᠯ | ᠬᠠᠷᠢᠭᠤᠴᠠᠯᠭ᠎ᠠ ᠨᠡᠬᠡᠮᠵᠢᠯᠡᠬᠦ ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠨᠢ ᠬᠠᠷᠢᠭᠤᠴᠠᠯᠭ᠎ᠠ ᠠᠴᠠ | ᠬᠡᠯᠲᠦᠷᠢᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠤᠰᠤᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯᠲᠠᠨ ᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠠᠢ ᠃ | ᠬᠠᠤᠯᠢ ᠬᠡᠷᠡᠭᠵᠢᠭᠦᠯᠬᠦ ᠠᠵᠢᠯ ᠤᠨ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠵᠤ ᠂ ᠬᠠᠤᠯᠢ ᠬᠡᠷᠡᠭᠵᠢᠭᠦᠯᠬᠦ ᠳᠤ | ᠴᠢᠬᠤᠯᠠ ᠪᠦᠬᠦᠢ ᠵᠠᠮ ᠬᠠᠷᠢᠯᠴᠠᠭ᠎ᠠ ᠂ ᠴᠢᠮᠡᠭᠡ ᠬᠤᠯᠪᠣᠭ᠎ᠠ ᠂ ᠪᠠᠶᠢᠴᠠᠭᠠᠵᠤ ᠭᠡᠷᠡᠴᠢ ᠠᠪᠬᠤ ᠵᠡᠷᠭᠡ ᠲᠣᠨᠤᠭ | ᠲᠥᠬᠦᠭᠡᠷᠦᠮᠵᠢ ᠶᠢ ᠵᠦᠶ ᠵᠣᠬᠢᠰᠲᠠᠶ ᠲᠣᠬᠢᠷᠠᠭᠤᠯᠵᠤ ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯ ᠤᠨ ᠬᠡᠷᠡᠭᠴᠡᠭᠡ ᠶᠢ ᠬᠠᠩᠭᠠᠬᠤ ᠬᠡᠷᠡᠭᠲᠡᠶ ᠃ ︽ᠤᠶᠤᠨᠲᠤ ᠬᠠᠤᠯᠢ ᠬᠡᠷᠡᠭᠵᠢᠭᠦᠯᠬᠦ︾ ᠶᠢ ᠶᠡᠬᠡᠪᠡᠷ ᠠᠬᠢᠭᠤᠯᠵᠤ ᠂ | ᠥᠪᠡᠷᠲᠡᠭᠡᠨ ᠵᠠᠰᠠᠬᠤ ᠣᠷᠣᠨ ᠤ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠰᠠᠯᠠᠬᠤ ᠰᠢᠰᠲ᠋ᠧᠮ ᠢ | ᠪᠠᠶᠢᠭᠤᠯᠤᠨ ᠂ ᠰᠢᠯᠵᠢᠮᠡᠯ ᠬᠡᠷᠡᠭᠯᠡᠭᠡᠨ ᠤ ᠲᠠᠰ ᠳᠠᠷᠠᠭᠠᠯᠠᠯ ᠤᠨ ᠠᠯᠠᠭᠠᠨ ᠳᠡᠭᠡᠷ᠎ᠡ ᠬᠠᠤᠯᠢ ᠬᠡᠷᠡᠭᠵᠢᠭᠦᠯᠬᠦ ᠶᠢ | ᠬᠡᠷᠡᠭᠵᠢᠭᠦᠯᠵᠦ ᠂ ᠪᠥᠬᠦ ᠤᠯᠤᠰ ᠤᠨ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢᠨ | ᠮᠡᠳᠡᠭᠡ ᠵᠠᠩᠭᠢ ᠶᠢᠨ ᠰᠢᠰᠲ᠋ᠧᠮ ᠢ ᠵᠣᠯᠭᠠᠭᠤᠯᠤᠨ ᠂ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠬᠠᠭᠤᠳᠠᠰᠤ ᠂ | ᠬᠠᠤᠯᠢ ᠬᠡᠷᠡᠭᠵᠢᠭᠦᠯᠬᠦ ᠦᠨᠳᠦᠰᠦᠯᠡᠯ ᠂ ᠲᠤᠬᠠᠶᠢᠯᠠᠭᠰᠠᠨ ᠠᠵᠢᠯ ᠤᠨ ᠴᠤᠪᠤᠷᠠᠯ ᠵᠡᠷᠭᠡ ᠵᠢᠷᠤᠮᠵᠢᠭᠰᠠᠨ ᠪᠠ | ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ ᠃ | ︵ᠠᠷᠪᠠᠨ ᠳᠣᠯᠤᠭ᠎ᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠬᠤᠯᠠᠴᠢᠯᠠᠨ᠎ᠠ ᠃ ᠡᠯ᠎ᠡ ᠱᠠᠲᠤᠨ ᠤ | ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠰᠣᠨᠢᠨ ᠰᠡᠳᠬᠦᠯ ᠂ ᠷᠠᠳᠢᠣ᠋ | ᠨᠡᠪᠲᠡᠷᠡᠭᠦᠯᠭᠡ ᠂ ᠲᠧᠯᠸᠢᠰ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠪᠣᠯᠤᠨ ᠪᠢᠴᠢᠯ ᠪᠦᠷᠭᠡ ᠤᠨ ᠬᠡᠷᠡᠭᠯᠡᠭᠰᠡᠳ ᠂ | ᠰᠢᠭᠤᠳ ᠨᠡᠪᠲᠡᠷᠡᠭᠦᠯᠭᠡ ᠂ ᠣᠬᠤᠷ ᠸᠢᠳᠢᠣ᠋ ᠵᠡᠷᠭᠡ ᠰᠦᠯᠵᠢᠶᠡᠨ ᠤ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠨ ᠂ | ᠡᠯ᠎ᠡ ᠭᠠᠵᠠᠷ ᠤᠨ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠶᠢᠨ ᠠᠷᠭ᠎ᠠ ᠬᠡᠮᠵᠢᠶ᠎ᠡ ᠰᠠᠶᠢᠨ ᠠᠷᠭ᠎ᠠ | ᠬᠢᠳᠡᠯ ᠢ ᠥᠷᠭᠡᠨ ᠢᠶᠠᠷ ᠤᠬᠠᠭᠤᠯᠵᠤ ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠡᠷᠢᠭᠦᠨ ᠤ ᠬᠥᠮᠦᠰ ᠂ | ᠲᠡᠷᠢᠭᠦᠨ ᠤ ᠦᠢᠯᠡ ᠠᠵᠢᠯᠯᠠᠭ᠎ᠠ ᠶᠢ ᠢᠯᠡᠷᠡᠭᠦᠯᠬᠦ ᠂ ᠬᠥᠮᠦᠵᠢᠭᠦᠯᠬᠦ ᠪᠠ ᠤᠬᠠᠭᠤᠯᠬᠤ ᠶᠢ ᠴᠢᠬᠤᠯᠠᠴᠢᠯᠠᠵᠤ ᠂ ᠰᠢᠨ᠎ᠡ | ᠰᠣᠷᠭᠤᠭ ᠲᠤᠷᠰᠢᠯᠭ᠎ᠠ ᠶᠢ ᠭᠦᠨᠵᠡᠭᠡᠶ ᠠᠭᠤᠳᠠᠯᠤᠨ ᠳ᠋ᠦᠩᠨᠡᠵᠦ ᠂ ᠰᠠᠶᠢᠨ ᠰᠠᠶᠢᠬᠠᠨ ᠬᠠᠤᠯᠢ ᠬᠡᠷᠡᠭᠵᠢᠭᠦᠯᠬᠦ ᠳᠦᠷᠢ | ᠲᠥᠷᠬᠦ ᠶᠢ ᠪᠣᠶ ᠪᠣᠯᠭᠠᠨ ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠡᠷᠬᠡ ᠰᠦᠷᠲᠦ ᠴᠢᠨᠠᠷ ᠪᠠ | ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠨᠡᠮᠡᠭᠳᠡᠭᠦᠯᠬᠦ ᠬᠡᠷᠡᠭᠲᠡᠶ ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠤᠬᠠᠶ ᠬᠡᠷᠡᠭᠵᠢᠭᠦᠯᠬᠦ | ᠰᠠᠨᠠᠯ .pdf | | |