2025 ᠣᠨ ᠳᠤ ᠂ ᠠᠯᠠᠱᠠ ᠠᠶᠢᠮᠠᠭ ᠤᠨ ᠤᠰᠤᠨ ᠤ ᠶᠠᠪᠤᠳᠠᠯ ᠤᠨ ᠲᠣᠪᠴᠢᠶ᠎ᠠ ︽ᠲᠤᠯᠤᠭᠠᠨ ᠵᠦᠢᠯ ᠤᠨ | ᠠᠷᠭ᠎ᠠ ᠬᠡᠮᠵᠢᠶ᠎ᠡ︾ ᠪᠠᠷ ᠤᠰᠤ ᠠᠷᠪᠢᠯᠠᠬᠤ ᠠᠵᠢᠯᠯᠠᠭ᠎ᠠ ᠶᠢ ᠠᠬᠢᠭᠤᠯᠵᠤ ᠂ ᠵᠢᠯ ᠤᠨ ᠤᠰᠤ ᠬᠡᠷᠡᠭᠯᠡᠬᠦ ᠶᠡᠷᠦᠩᠬᠡᠶ | ᠬᠡᠮᠵᠢᠶ᠎ᠡ ᠶᠢ 3.63 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ︵ᠡᠵᠡᠨ᠎ᠡ ᠭᠤᠤᠯ ᠤᠨ ᠠᠮᠢ | ᠠᠬᠤᠶ ᠶᠢᠨ ᠲᠣᠬᠢᠷᠠᠭᠤᠯᠤᠯᠲᠠ ᠶᠢᠨ ᠤᠰᠤᠨ ᠤ ᠬᠡᠮᠵᠢᠶ᠎ᠡ ᠶᠢ ᠪᠠᠭᠲᠠᠭᠠᠬᠤ ᠥᠬᠡᠶ︶ ᠬᠢᠵᠠᠭᠠᠷᠯᠠᠵᠤ ᠂ ᠤᠰᠤ | ᠠᠷᠪᠢᠯᠠᠬᠤ ᠳᠤ 1005 ᠲᠦᠮᠡᠨ ᠪᠣᠰᠤᠭ᠎ᠠ ᠳᠥᠷᠪᠡᠯᠵᠢᠨ ᠮᠧᠲᠷ ᠨᠡᠮᠡᠵᠦ ᠬᠠᠩᠭᠠᠬᠤ ᠪᠠᠷ ᠴᠢᠷᠮᠠᠶᠢᠨ᠎ᠠ ᠃ | ᠤᠰᠤᠨ ᠤ ᠡᠬᠢ ᠪᠠᠶᠠᠯᠢᠭ ᠤᠨ ᠬᠠᠳᠠᠭᠤ ᠬᠢᠵᠠᠭᠠᠷᠯᠠᠯ ᠢ ᠴᠢᠩᠭᠠᠳᠬᠠᠨ᠎ᠠ | ᠲᠠᠷᠢᠶᠠᠯᠠᠩ ᠤᠨ ᠤᠰᠤ ᠬᠠᠩᠭᠠᠬᠤ ᠬᠡᠮᠵᠢᠯᠲᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ ᠂ 2025 ᠣᠨ ᠳᠤ ᠂ ᠭᠠᠵᠠᠷ ᠳᠡᠭᠡᠷᠡᠬᠢ ᠤᠰᠤᠨ ᠤ ᠤᠰᠤᠯᠠᠯᠲᠠ ᠶᠢᠨ ᠣᠷᠣᠨ ᠢ 1 ᠲᠦᠮᠡᠨ | ᠮᠦ ᠠᠴᠠ ᠳᠡᠭᠡᠭᠰᠢᠬᠢ ᠰᠤᠪᠠᠭ ᠤᠨ ᠡᠬᠢᠨ ᠤ ᠤᠰᠤ ᠲᠠᠲᠠᠬᠤ ᠬᠡᠮᠵᠢᠭᠦᠷ ᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠵᠦ ᠂ | 5 ᠲᠦᠮᠡᠨ ᠮᠦ ᠠᠴᠠ ᠳᠡᠭᠡᠭᠰᠢᠬᠢ ᠰᠤᠪᠠᠭ ᠤᠨ ᠡᠬᠢᠨ ᠤ ᠤᠰᠤ ᠲᠠᠲᠠᠬᠤ ᠬᠡᠮᠵᠢᠭᠦᠷ ᠢ ᠰᠦᠯᠵᠢᠶᠡᠨ ᠳᠡᠭᠡᠷ᠎ᠡ | ᠬᠡᠮᠵᠢᠬᠦ ᠶᠢ ᠪᠡᠶᠡᠯᠡᠭᠦᠯᠵᠦ ᠂ ᠵᠠᠷᠴᠢᠮ ᠳᠡᠭᠡᠷ᠎ᠡ ᠪᠠᠨ ︽ᠨᠢᠭᠡ ᠬᠤᠳᠳᠤᠭ ︵ᠬᠥᠭᠡᠷᠭᠡ︶ ᠲᠤ ᠨᠢᠭᠡ ᠬᠦᠰᠦᠨᠦᠭᠲᠦ ᠂ | ᠨᠢᠭᠡ ᠡᠷᠦᠬᠡ ᠳᠤ ᠨᠢᠭᠡ ᠺᠠᠷᠲ︾ ᠢ ᠪᠡᠶᠡᠯᠡᠭᠦᠯᠦᠨ᠎ᠡ ᠃ ᠬᠠᠲᠤᠨ ᠭᠤᠣᠯ ᠤᠨ ᠰᠠᠪᠠ ᠭᠠᠵᠠᠷ ᠤᠨ ᠠᠯᠠᠱᠠ | ᠠᠶᠢᠮᠠᠭ ᠤᠨ ᠬᠡᠰᠡᠭ ᠤᠨ ᠭᠠᠵᠠᠷ ᠳᠡᠭᠡᠷᠡᠬᠢ ᠤᠰᠤᠨ ᠤ ᠳᠠᠭᠠᠭᠠᠴᠠ ᠶᠢᠨ ᠬᠡᠮᠵᠢᠶ᠎ᠡ ᠪᠠ ᠠᠯᠠᠱᠠ ᠵᠡᠭᠦᠨ ᠬᠤᠰᠢᠭᠤ ᠂ | ᠠᠯᠠᠱᠠ ᠪᠠᠷᠠᠭᠤᠨ ᠬᠤᠰᠢᠭᠤ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠤ ᠭᠠᠵᠠᠷ ᠳᠣᠣᠷᠠᠬᠢ ᠤᠰᠤ ᠶᠢ | ᠬᠡᠲᠦᠷᠡᠲᠡᠯ᠎ᠡ ᠲᠠᠲᠠᠵᠤ ᠶᠡᠷᠦᠩᠬᠡᠶᠢᠯᠡᠨ ᠵᠠᠰᠠᠬᠤ ᠶᠢ ᠠᠬᠢᠭᠤᠯᠤᠨ᠎ᠠ ᠃ | ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠠᠬᠢᠭᠤᠯᠤᠨ᠎ᠠ | ᠴᠢᠨᠠᠷ ᠰᠠᠶᠢᠲᠠᠶ ᠥᠨᠳᠥᠷ ᠦᠷ᠎ᠡ ᠠᠰᠢᠭ ᠲᠠᠢ ᠠᠮᠤ ᠪᠤᠳᠠᠭ᠎ᠠ ᠶᠢ ᠨᠡᠮᠡᠭᠳᠡᠭᠦᠯᠬᠦ ᠂ ᠪᠣᠬᠢᠷᠲᠤᠯ ᠦᠭᠡᠢ ᠥᠨᠳᠥᠷ | ᠤᠨᠠᠯᠲᠠ ᠲᠠᠢ ᠥᠨᠳᠥᠷ ᠦᠷ᠎ᠡ ᠠᠰᠢᠭ ᠲᠠᠢ ᠪᠠ ᠲᠠᠷᠢᠶᠠᠨ ᠭᠠᠵᠠᠷ ᠢ ᠡᠭᠡᠯᠵᠢᠯᠡᠨ ᠳᠠᠷᠢᠬᠤ ᠵᠡᠷᠭᠡ ᠤᠰᠤ ᠠᠷᠪᠢᠯᠠᠵᠤ | ᠦᠷ᠎ᠡ ᠠᠰᠢᠭ ᠢ ᠨᠡᠮᠡᠭᠳᠡᠭᠦᠯᠬᠦ ᠲᠥᠷᠥᠯ ᠵᠦᠢᠯ ᠢ ᠬᠡᠷᠡᠭᠵᠢᠭᠦᠯᠵᠦ ᠂ ᠲᠠᠷᠢᠶᠠᠯᠠᠩ ᠤᠨ ᠤᠰᠤ ᠠᠷᠪᠢᠯᠠᠬᠤ ᠵᠢᠱᠢᠶ᠎ᠡ | ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠶᠡᠬᠡᠪᠡᠷ ᠠᠬᠢᠭᠤᠯᠵᠤ ᠂ 2025 ᠣᠨ ᠳᠤ 40 ᠲᠦᠮᠡᠨ ᠪᠣᠰᠤᠭ᠎ᠠ | ᠳᠥᠷᠪᠡᠯᠵᠢᠨ ᠮᠧᠲᠷ ᠤᠰᠤ ᠠᠷᠪᠢᠯᠠᠬᠤ ᠶᠢ ᠪᠡᠶᠡᠯᠡᠭᠦᠯᠦᠨ᠎ᠡ ᠃ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢ | ᠰᠢᠯᠢᠳᠡᠭᠵᠢᠭᠦᠯᠦᠨ ᠲᠣᠬᠢᠷᠠᠭᠤᠯᠵᠤ ᠂ ᠪᠥᠬᠦ ᠠᠶᠢᠮᠠᠭ ᠤᠨ ᠤᠰᠤ ᠠᠷᠪᠢᠯᠠᠬᠤ ᠲᠠᠷᠢᠮᠠᠯ ᠤᠨ ᠲᠠᠯᠠᠪᠠᠶ ᠶᠢ 17.5 | ᠲᠦᠮᠡᠨ ᠮᠥ ᠳᠤ ᠬᠦᠷᠦᠭᠦᠯᠵᠦ ᠂ ᠡᠵᠡᠯᠡᠬᠦ ᠬᠠᠷᠢᠴᠠᠯ ᠢ 33% ᠠᠴᠠ ᠳᠡᠭᠡᠭᠰᠢ ᠳᠤ ᠬᠦᠷᠦᠭᠦᠯᠵᠦ ᠂ 60 ᠲᠦᠮᠡᠨ | ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠬᠤ ᠶᠢ ᠪᠡᠶᠡᠯᠡᠭᠦᠯᠦᠨ᠎ᠡ ᠃ | ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠳᠤᠯ ᠪᠤᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠶᠢ ᠭᠦᠨᠵᠡᠭᠡᠶᠢᠷᠡᠭᠦᠯᠦᠨ ᠠᠬᠢᠭᠤᠯᠤᠨ᠎ᠠ | ᠠᠵᠤ ᠦᠢᠯᠡᠳᠪᠦᠷᠢ ᠶᠢᠨ ᠤᠰᠤ ᠠᠷᠪᠢᠯᠠᠬᠤ ᠥᠭᠡᠷᠡᠴᠢᠯᠡᠯᠲᠡ ᠶᠢ ᠶᠡᠬᠡᠪᠡᠷ ᠠᠬᠢᠭᠤᠯᠵᠤ ᠂ 2025 ᠣᠨ ᠳᠤ | ᠱᠠᠩᠬᠠᠶ ᠦᠪᠦᠷ ᠮᠤᠩᠭᠤᠯ ᠤᠨ ᠡᠨᠧᠷᠭᠢ ᠵᠡᠷᠭᠡ ᠬᠡᠦᠷᠰᠢᠭᠦᠯᠬᠦ ᠲᠥᠷᠥᠯ ᠵᠦᠢᠯ ᠢ ᠭᠤᠤᠯᠳᠠᠯᠭ᠎ᠠ ᠲᠠᠢ ᠲᠦᠯᠬᠢᠨ | ᠠᠬᠢᠭᠤᠯᠵᠤ ᠬᠡᠦᠷᠰᠢᠭᠦᠯᠬᠦ ᠠᠷᠭ᠎ᠠ ᠮᠠᠶ᠋ᠢᠭ ᠤᠨ ᠴᠢᠭᠢᠭ ᠢ ᠬᠤᠪᠢᠷᠠᠭᠤᠯᠤᠨ ᠬᠠᠭᠤᠷᠠᠶ ᠤᠰᠤ ᠠᠷᠪᠢᠯᠠᠬᠤ | ᠥᠭᠡᠷᠡᠴᠢᠯᠡᠯᠲᠡ ᠶᠢ ᠥᠷᠨᠢᠭᠦᠯᠵᠦ ᠂ 140 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠬᠤ ᠶᠢ | ᠪᠡᠶᠡᠯᠡᠭᠦᠯᠦᠨ᠎ᠡ ᠃ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠂ ᠬᠤᠶᠠᠷᠬᠤᠳᠳᠤᠭ ᠤᠨ ᠵᠢᠱᠢᠶ᠎ᠡ | ᠦᠵᠡᠭᠦᠯᠬᠦ ᠣᠷᠣᠨ ᠤ ᠬᠤᠶᠠᠷ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠴᠢᠯ ᠬᠥᠷᠥᠭᠡᠬᠦ | ᠤᠰᠤᠨ ᠤ ᠰᠢᠰᠲ᠋ᠧᠮ ᠤᠨ ᠥᠭᠡᠷᠡᠴᠢᠯᠡᠯᠲᠡ ᠥᠷᠨᠢᠭᠦᠯᠬᠦ ᠶᠢ ᠵᠢᠯᠣᠭᠤᠳᠤᠨ᠎ᠠ ᠃ ᠤᠰᠤ ᠶᠡᠭᠡ ᠬᠤᠷᠣᠭᠳᠠᠭᠤᠯᠬᠤ | ᠠᠵᠤ ᠠᠬᠤᠶᠢᠯᠠᠯ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠤᠰᠤ ᠠᠷᠪᠢᠯᠠᠬᠤ ᠬᠡᠯᠪᠡᠷᠢ ᠶᠢᠨ ᠠᠵᠤ | ᠠᠬᠤᠶᠢᠯᠠᠯ ᠢ ᠡᠭᠦᠳᠦᠨ ᠪᠠᠶᠢᠭᠤᠯᠬᠤ ᠨᠠᠷᠢᠨ ᠲᠠᠩᠰᠠ ᠳᠠᠬᠢ 9 ᠠᠵᠤ ᠠᠬᠤᠶᠢᠯᠠᠯ ᠤᠨ ᠤᠰᠤ ᠠᠷᠪᠢᠯᠠᠬᠤ | ᠬᠡᠯᠪᠡᠷᠢ ᠶᠢᠨ ᠠᠵᠤ ᠠᠬᠤᠶᠢᠯᠠᠯ ᠢ ᠭᠤᠶᠤᠴᠢᠯᠠᠨ ᠮᠡᠳᠡᠭᠦᠯᠬᠦ ᠶᠢ ᠵᠢᠯᠣᠭᠤᠳᠤᠨ ᠡᠭᠦᠳᠦᠨ ᠪᠠᠶᠢᠭᠤᠯᠤᠨ᠎ᠠ ᠃ | ᠬᠤᠲᠠ ᠪᠠᠯᠭᠠᠰᠤᠨ ᠤ ᠤᠰᠤ ᠠᠷᠪᠢᠯᠠᠬᠤ ᠬᠤᠭᠢᠷᠠᠯ ᠢ ᠪᠠᠭᠠᠰᠬᠠᠬᠤ ᠶᠢ ᠲᠦᠷᠭᠡᠳᠭᠡᠨ ᠠᠬᠢᠭᠤᠯᠤᠨ᠎ᠠ | ᠠᠯᠠᠱᠠ ᠠᠶᠢᠮᠠᠭ ᠤᠨ ᠬᠤᠲᠠ ᠪᠠᠯᠭᠠᠰᠤ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ | ᠲᠣᠣᠷ ᠤᠨ ᠭᠤᠭᠤᠵᠢᠵᠤ ᠰᠦᠢᠳᠬᠦ ᠨᠣᠷᠮ᠎ᠠ ᠶᠢ ᠤᠯᠤᠰ ᠤᠨ ᠲᠣᠭᠲᠠᠭᠠᠭᠰᠠᠨ ᠪᠠᠷᠢᠮᠵᠢᠶ᠎ᠠ ᠶᠢᠨ ᠳᠣᠲᠣᠷ᠎ᠠ | ᠬᠢᠵᠠᠭᠠᠷᠯᠠᠬᠤ ᠪᠠᠷ ᠴᠢᠷᠮᠠᠶᠢᠵᠤ ᠂ 310 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠬᠤ ᠶᠢ | ᠪᠡᠶᠡᠯᠡᠭᠦᠯᠦᠨ᠎ᠡ ᠃ ᠤᠰᠤ ᠶᠡᠭᠡ ᠬᠤᠷᠣᠭᠳᠠᠭᠤᠯᠬᠤ ᠦᠢᠯᠡᠴᠢᠯᠡᠭᠡᠨ ᠤ ᠦᠢᠯᠡᠰ ᠪᠠ ᠣᠨᠴᠠ ᠲᠥᠷᠥᠯ ᠤᠨ ᠠᠵᠢᠯ | ᠲᠥᠷᠥᠯ ᠤᠨ ᠤᠰᠤ ᠬᠡᠷᠡᠭᠯᠡᠬᠦ ᠶᠢ ᠴᠢᠩᠭ᠎ᠠ ᠬᠢᠵᠠᠭᠠᠷᠯᠠᠨ᠎ᠠ ᠃ ᠲᠠᠷᠢᠶᠠᠯᠠᠬᠤ ᠮᠠᠯᠵᠢᠬᠤ ᠣᠷᠣᠨ ᠤ ᠤᠰᠤ ᠬᠠᠩᠭᠠᠬᠤ | ᠪᠠᠲᠤᠯᠠᠭ᠎ᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ ᠂ | ᠮᠠᠯᠵᠢᠬᠤ ᠣᠷᠣᠨ ᠤ ᠤᠰᠤ ᠬᠠᠩᠭᠠᠬᠤ ᠨᠣᠷᠮ᠎ᠠ ᠶᠢ ᠡᠷᠦᠬᠡ ᠳᠤ ᠬᠦᠷᠦᠭᠦᠯᠬᠦ ᠨᠣᠷᠮ᠎ᠠ ᠶᠢ 92% ᠪᠣᠯᠲᠠᠯ᠎ᠠ | ᠳᠡᠭᠡᠭᠰᠢᠯᠡᠭᠦᠯᠦᠨ᠎ᠡ ᠃ ᠬᠤᠲᠠ ᠪᠠᠯᠭᠠᠰᠤ ᠶᠢᠨ ᠰᠠᠭᠤᠭᠠᠯᠢ ᠠᠷᠠᠳ ᠪᠣᠯᠤᠨ ᠰᠠᠭᠤᠭᠠᠯᠢ ᠠᠷᠠᠳ ᠤᠨ ᠪᠤᠰᠤ ᠤᠰᠤ | ᠬᠡᠷᠡᠭᠯᠡᠬᠦ ᠤᠰᠤᠨ ᠤ ᠦᠨ᠎ᠡ ᠶᠢ ᠰᠢᠯᠢᠳᠡᠭᠵᠢᠭᠦᠯᠵᠦ ᠂ ᠤᠰᠤᠨ ᠤ ᠡᠬᠢ ᠪᠠᠶᠠᠯᠢᠭ ᠢ ᠠᠷᠪᠢᠲᠠᠶ ᠪᠥᠭᠡᠳ | ᠳᠣᠷᠪᠢᠯᠢᠭ ᠢᠶᠠᠷ ᠠᠰᠢᠭᠯᠠᠬᠤ ᠶᠢ ᠠᠬᠢᠭᠤᠯᠤᠨ᠎ᠠ ᠃ | ᠠᠮᠢ ᠠᠬᠤᠢ ᠶᠢᠨ ᠤᠰᠤ ᠠᠷᠪᠢᠯᠠᠬᠤ ᠠᠵᠢᠯ ᠢ ᠢᠳᠡᠪᠬᠢᠲᠡᠢ ᠪᠠᠷ ᠠᠬᠢᠭᠤᠯᠤᠨ᠎ᠠ | ᠣᠶ ᠰᠢᠭᠤᠶ ᠪᠠ ᠨᠤᠲᠤᠭ ᠪᠡᠯᠴᠢᠭᠡᠷ ᠤᠨ ᠤᠰᠤ ᠠᠷᠪᠢᠯᠠᠬᠤ ᠤᠰᠤᠯᠠᠯᠲᠠ ᠶᠢᠨ ᠰᠠᠭᠤᠷᠢ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ ᠂ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ | ᠠᠷᠭ᠎ᠠ ᠮᠠᠶ᠋ᠢᠭ ᠪᠠ ᠤᠰᠤ ᠠᠷᠪᠢᠯᠠᠬᠤ ᠣᠶ ᠰᠢᠭᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠪᠦᠲᠦᠭᠡᠭᠳᠡᠬᠦᠨ ᠤ | ᠬᠡᠷᠡᠭᠯᠡᠯᠲᠡ ᠶᠢ ᠳᠡᠯᠭᠡᠷᠡᠭᠦᠯᠦᠨ᠎ᠡ ᠃ ᠨᠣᠭᠤᠭᠠᠷᠠᠭᠤᠯᠤᠯᠲᠠ ᠶᠢᠨ ᠬᠡᠷᠡᠭᠯᠡᠬᠦ ᠤᠰᠤ ᠶᠢ ᠵᠦᠢ ᠵᠣᠬᠢᠰᠲᠠᠶ ᠲᠣᠬᠢᠷᠠᠭᠤᠯᠵᠤ ᠂ | ᠪᠠᠷᠢᠮᠵᠢᠶ᠎ᠠ ᠳᠤ ᠨᠡᠶᠢᠴᠡᠭᠰᠡᠨ ᠳᠡᠭᠢᠯᠳᠡ ᠤᠰᠤ ᠂ ᠪᠣᠷᠣᠭᠠᠨ ᠤ ᠤᠰᠤ ᠂ ᠠᠭᠤᠷᠬᠠᠶ ᠶᠢᠨ ᠬᠤᠳᠳᠤᠭ ᠤᠨ ᠤᠰᠤ | ᠵᠡᠷᠭᠡ ᠬᠡᠪ ᠤᠨ ᠪᠤᠰᠤ ᠤᠰᠤᠨ ᠰᠤᠷᠪᠤᠯᠵᠢ ᠶᠢ ᠡᠩ ᠲᠡᠷᠢᠭᠦᠨ ᠳᠤ ᠬᠡᠷᠡᠭᠯᠡᠬᠦ ᠬᠡᠷᠡᠭᠲᠡᠶ ᠃ ᠳᠠᠬᠢᠯᠲᠠ ᠤᠰᠤᠨ ᠤ | ᠬᠤᠭᠤᠯᠠᠶ ᠶᠢᠨ ᠲᠣᠣᠷ ᠤᠨ ᠪᠦᠷᠬᠦᠴᠡ ᠶᠢᠨ ᠬᠡᠪᠴᠢᠶᠡᠨ ᠳᠠᠬᠢ ᠨᠣᠭᠤᠭᠠᠷᠠᠭᠤᠯᠤᠯᠲᠠ ᠶᠢᠨ ᠤᠰᠤᠨ ᠤ ᠡᠬᠢ | ᠰᠤᠷᠪᠤᠯᠵᠢ ᠶᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ ᠃ | ᠡᠩ ᠤᠨ ᠪᠣᠰᠤ ᠤᠰᠤᠨ ᠤ ᠠᠰᠢᠭᠯᠠᠯᠲᠠ ᠶᠢ ᠠᠬᠢᠭᠤᠯᠤᠨ᠎ᠠ | ᠡᠩ ᠤᠨ ᠪᠤᠰᠤ ᠤᠰᠤᠨ ᠰᠤᠷᠪᠤᠯᠵᠢ ᠶᠢ ᠤᠷᠢᠳ ᠢᠶᠠᠷ ᠲᠣᠬᠢᠷᠠᠭᠤᠯᠵᠤ ᠂ 2025 ᠣᠨ ᠳᠤ ᠂ ᠠᠯᠠᠱᠠ | ᠠᠶᠢᠮᠠᠭ ᠤᠨ ᠡᠩ ᠤᠨ ᠪᠤᠰᠤ ᠤᠰᠤᠨ ᠰᠤᠷᠪᠤᠯᠵᠢ ᠶᠢᠨ ᠠᠰᠢᠭᠯᠠᠯᠲᠠ ᠶᠢᠨ ᠬᠡᠮᠵᠢᠶ᠎ᠡ ᠶᠢ 2200 ᠲᠦᠮᠡᠨ ᠪᠣᠰᠤᠭ᠎ᠠ | ᠳᠥᠷᠪᠡᠯᠵᠢᠨ ᠮᠧᠲᠷ ᠠᠴᠠ ᠳᠡᠭᠡᠭᠰᠢ ᠳᠤ ᠬᠦᠷᠦᠭᠦᠯᠵᠦ ᠂ ᠪᠥᠬᠦ ᠠᠶᠢᠮᠠᠭ ᠤᠨ ᠠᠭᠤᠷᠬᠠᠢ ᠶᠢᠨ ᠬᠤᠳᠳᠤᠭ ᠤᠨ | ᠤᠰᠤᠨ ᠤ ᠠᠰᠢᠭᠯᠠᠯᠲᠠ ᠶᠢᠨ ᠨᠣᠷᠮ᠎ᠠ ᠶᠢ 70% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ ᠃ ᠳᠠᠬᠢᠨ | ᠡᠭᠦᠰᠴᠦ ᠪᠣᠯᠬᠤ ᠤᠰᠤᠨ ᠠᠰᠢᠭᠯᠠᠯᠲᠠ ᠶᠢᠨ ᠬᠡᠷᠡᠭᠯᠡᠬᠦ ᠬᠡᠮᠵᠢᠶ᠎ᠡ ᠶᠢ 160 ᠲᠦᠮᠡᠨ ᠪᠣᠰᠤᠭ᠎ᠠ ᠳᠥᠷᠪᠡᠯᠵᠢᠨ ᠮᠧᠲᠷ | ᠰᠢᠨ᠎ᠡ ᠪᠠᠷ ᠨᠡᠮᠡᠭᠳᠡᠭᠦᠯᠵᠦ ᠂ ᠪᠦᠬᠦ ᠠᠶᠢᠮᠠᠭ ᠤᠨ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ 85% ᠠᠴᠠ | ᠳᠡᠭᠡᠭᠰᠢ ᠪᠠᠶᠢᠯᠭᠠᠵᠤ ᠂ ᠬᠠᠲᠤᠨ ᠭᠤᠤᠯ ᠤᠨ ᠰᠠᠪᠠ ᠭᠠᠵᠠᠷ ᠤᠨ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ | ᠤᠰᠤᠨ ᠤ ᠳᠠᠬᠢᠯᠲᠠ ᠤᠰᠤ ᠶᠢ ᠬᠡᠷᠡᠭᠯᠡᠵᠦ ᠪᠣᠯᠬᠤ ᠶᠢ ᠪᠡᠶᠡᠯᠡᠭᠦᠯᠦᠨ᠎ᠡ ᠃ ᠠᠯᠠᠱᠠ ᠶᠢᠨ ᠳᠡᠭᠡᠳᠦ ᠰᠢᠨ᠎ᠡ | ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ ᠤ ᠪᠣᠷᠣᠭᠠᠨ ᠤ ᠤᠰᠤ ᠶᠢ ᠬᠤᠷᠢᠶᠠᠨ ᠴᠤᠭᠯᠠᠭᠤᠯᠵᠤ | ᠠᠰᠢᠭᠯᠠᠬᠤ ᠢᠨᠵᠧᠨᠧᠷᠢᠩ ᠂ ᠪᠠᠶᠠᠨᠬᠤᠲᠠ ᠪᠠᠯᠭᠠᠰᠤ ᠶᠢᠨ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ | ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠤᠤᠯᠳᠠᠯᠭ᠎ᠠ ᠲᠠᠢ ᠬᠡᠷᠡᠭᠵᠢᠭᠦᠯᠵᠦ ᠂ ᠪᠣᠷᠣᠭᠠᠨ ᠤ | ᠤᠰᠤᠨ ᠤ ᠤᠰᠤ ᠬᠠᠩᠭᠠᠬᠤ ᠴᠢᠳᠠᠪᠤᠷᠢ ᠶᠢ 295 ᠲᠦᠮᠡᠨ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ | ᠨᠡᠮᠡᠭᠳᠡᠭᠦᠯᠬᠦ ᠪᠠᠷ ᠴᠢᠷᠮᠠᠶᠢᠨ᠎ᠠ ᠃ | ᠤᠰᠤ ᠠᠷᠪᠢᠯᠠᠬᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠦᠭᠵᠢᠬᠡᠨ᠎ᠡ | ᠣᠷᠣᠨ ᠪᠦᠰᠡ ᠶᠢᠨ ᠤᠰᠤᠨ ᠤ ᠡᠷᠬᠡ ᠶᠢ ᠠᠷᠠᠯᠵᠢᠶᠠᠯᠠᠬᠤ ᠲᠣᠭᠲᠠᠴᠠ ᠶᠢ ᠲᠦᠷᠭᠡᠳᠬᠡᠨ ᠪᠠᠶᠢᠭᠤᠯᠤᠨ | ᠲᠡᠭᠦᠯᠳᠡᠷᠵᠢᠭᠦᠯᠵᠦ ᠂ ᠤᠰᠤᠨ ᠤ ᠡᠷᠬᠡ ᠶᠢ ᠤᠰᠤ ᠬᠡᠷᠡᠭᠯᠡᠬᠦ ᠨᠢᠭᠡᠴᠢ ᠶᠢᠨ ᠬᠤᠭᠤᠷᠣᠨᠳᠣ ᠡᠷᠭᠢᠯᠳᠦᠭᠦᠯᠬᠦ ᠶᠢ | ᠳᠡᠮᠵᠢᠵᠦ ᠂ ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠰᠢᠯᠢᠳᠡᠭᠵᠢᠭᠦᠯᠦᠨ | ᠲᠣᠬᠢᠷᠠᠭᠤᠯᠤᠨ᠎ᠠ ᠃ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ ᠂ | ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠤᠨ᠎ᠠ ᠃ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠶᠢ ᠪᠦᠬᠦ | ᠲᠠᠯ᠎ᠠ ᠪᠠᠷ ᠳᠡᠯᠭᠡᠷᠡᠭᠦᠯᠵᠦ ᠂ 2025 ᠣᠨ ᠠᠴᠠ ᠡᠬᠢᠯᠡᠨ ᠂ ᠵᠢᠯ ᠪᠦᠷᠢ 2 ᠭᠡᠷ᠎ᠡ ᠶᠢᠨ ᠤᠰᠤ ᠠᠷᠪᠢᠯᠠᠬᠤ ᠲᠥᠷᠥᠯ | ᠵᠦᠢᠯ ᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ ᠃ | |