4 ᠳ᠋ᠦ᠋ᠭᠡᠷ ᠰᠠᠷ᠎ᠠ ᠶᠢᠨ 10 ᠤ ᠡᠳᠦᠷ ᠤᠨ 10 ᠴᠠᠭ ᠲᠤ᠂ ᠪᠠᠷᠠᠭᠤᠨ ᠯᠢᠶᠣᠤᠾᠧ ᠭᠤᠤᠯ ᠤᠨ ᠬᠠᠪᠤᠷ ᠤᠨ | ᠤᠯᠠᠷᠢᠯ ᠤᠨ ᠠᠮᠢ ᠠᠬᠤᠶ ᠶᠢᠨ ᠤᠰᠤ ᠨᠥᠬᠦᠪᠥᠷᠢᠯᠡᠬᠦ ᠲᠣᠬᠢᠷᠠᠭᠤᠯᠤᠯᠲᠠ ᠴᠢᠬᠤᠯᠠ ᠠᠬᠢᠴᠠ ᠲᠠᠢ ᠪᠣᠯᠵᠣ᠂ ᠭᠤᠤᠯ | ᠤᠷᠤᠰᠬᠠᠯ ᠤᠨ ᠤᠰᠤᠨ ᠤᠷᠤᠰᠬᠠᠯ ᠨᠠᠷᠢᠳ ᠤᠨ ᠭᠤᠤᠯ ᠤᠨ ᠠᠮᠠᠨ ᠳᠤ ᠬᠦᠷᠴᠦ᠂ ᠳᠣᠤᠷᠠᠳᠤ ᠤᠷᠤᠰᠬᠠᠯ ᠤᠨ | ᠤᠰᠤ ᠭᠤᠤᠯ ᠤᠨ ᠵᠠᠮ ᠲᠠᠢ ᠤᠷᠤᠭᠰᠢᠲᠠᠶ ᠵᠣᠯᠭᠠᠭᠤᠯᠵᠤ᠂ ᠡᠨᠡ ᠨᠢ ᠪᠠᠷᠠᠭᠤᠨ ᠯᠢᠶᠣᠤᠾᠧ ᠭᠤᠤᠯ ᠤᠷᠤᠰᠬᠠᠯ | ᠲᠠᠰᠤᠷᠠᠭᠠᠳ 27 ᠵᠢᠯ ᠪᠤᠯᠤᠭᠰᠠᠨ ᠤ ᠳᠠᠷᠠᠭ᠎ᠠ ᠠᠩᠬ᠎ᠠ ᠤᠳᠠᠭ᠎ᠠ ᠪᠦᠬᠦ ᠱᠤᠭᠤᠮ ᠢᠶᠠᠷ ᠤᠷᠤᠰᠬᠠᠯ ᠰᠡᠷᠭᠦᠵᠦ᠂ | ᠲᠤᠰ ᠰᠠᠪᠠ ᠭᠠᠵᠠᠷ ᠤᠨ ᠠᠷᠠᠳ ᠲᠦᠮᠡᠨ ᠤ ᠬᠦᠨ ᠵᠤᠵᠠᠭᠠᠨ ᠬᠠᠶᠢᠷ᠎ᠠ ᠰᠡᠳᠭᠢᠯᠭᠡ ᠶᠢ ᠠᠴᠢᠶᠠᠯᠠᠭᠰᠠᠨ ᠡᠵᠢ ᠭᠤᠤᠯ | ᠶᠠᠭ ᠰᠢᠨ᠎ᠡ ᠠᠮᠢᠵᠢᠷᠠᠯ ᠤᠨ ᠬᠦᠴᠦᠨ ᠲᠠᠢ ᠪᠤᠯᠤᠭᠰᠠᠨ ᠪᠡᠯᠭᠡ ᠲᠡᠮᠳᠡᠭ ᠤᠨ ᠴᠢᠨᠠᠷᠲᠠᠶ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠪᠡ᠃ | ᠪᠠᠷᠠᠭᠤᠨ ᠯᠢᠶᠣᠤᠾᠧ ᠭᠤᠣᠯ ᠪᠣᠯ ᠯᠢᠶᠣᠤᠾᠧ ᠭᠤᠣᠯ ᠤᠨ ᠭᠤᠣᠯ ᠤᠷᠤᠰᠬᠠᠯ ᠤᠨ ᠴᠢᠬᠤᠯᠠ ᠪᠦᠷᠢᠯᠳᠦᠬᠦᠨ | ᠬᠡᠰᠡᠭ ᠮᠥᠨ᠂ ᠰᠠᠪᠠ ᠭᠠᠵᠠᠷ ᠤᠨ ᠠᠷᠠᠳ ᠲᠦᠮᠡᠨ ᠤ ᠡᠵᠢ ᠭᠤᠣᠯ ᠮᠥᠨ᠂ 1998 ᠣᠨ ᠤ ᠦᠶᠡᠷ ᠤᠨ | ᠬᠤᠭᠤᠴᠠᠭᠠᠨ ᠤ ᠳᠠᠷᠠᠭ᠎ᠠ ᠶᠡᠷᠦ ᠨᠢ ᠤᠷᠤᠰᠬᠠᠯ ᠲᠠᠰᠤᠷᠠᠬᠤ ᠪᠠᠶᠢᠳᠠᠯ ᠳᠤ ᠤᠷᠤᠰᠢᠵᠦ ᠪᠠᠶᠢᠪᠠ᠂ ᠲᠤᠰ ᠭᠤᠤᠯ ᠨᠢ | ᠮᠦᠨ ᠴᠤ ᠪᠦᠬᠦ ᠤᠯᠤᠰ ᠤᠨ ᠲᠤᠯᠤᠭᠠᠨ ᠶᠡᠭᠡ ᠭᠤᠣᠯ ᠮᠥᠷᠡᠨ ᠤ ᠳᠣᠲᠣᠷᠠᠬᠢ ᠴᠤᠷ ᠤᠨ ᠭᠠᠭᠴᠠ ᠤᠷᠤᠰᠬᠠᠯ | ᠲᠠᠰᠤᠷᠠᠭᠰᠠᠨ ᠶᠡᠭᠡ ᠭᠤᠣᠯ ᠪᠣᠯᠤᠨ᠎ᠠ᠃ ᠤᠰᠤᠨ ᠠᠰᠢᠭᠯᠠᠯᠲᠠ ᠶᠢᠨ ᠶᠠᠮᠤᠨ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ ᠶᠢ ᠢᠳᠡᠪᠬᠢᠲᠡᠢ ᠦᠢᠯᠡᠳᠦᠯᠭᠡᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ︽ | ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ | ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠰᠡᠳᠬᠢᠴᠡ ᠪᠣᠯᠤᠨ ᠤᠰᠤ ᠶᠢ ᠵᠠᠰᠠᠬᠤ ᠲᠤᠬᠠᠢ | ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠷᠠᠭᠤᠨ | ᠯᠢᠶᠣᠤᠾᠧ ᠭᠤᠣᠯ ᠤᠨ ᠡᠷᠡᠭᠦᠯ ᠠᠮᠢ ᠨᠠᠰᠤ ᠶᠢ ᠰᠡᠷᠭᠦᠭᠡᠬᠦ᠂ ᠰᠠᠪᠠ ᠭᠠᠵᠠᠷ ᠤᠨ ᠠᠮᠢᠵᠢᠷᠠᠯ ᠤᠨ ᠬᠦᠴᠦᠨ ᠢ ᠲᠠᠬᠢᠨ | ᠢᠯᠡᠷᠡᠭᠦᠯᠬᠦ ᠪᠠᠷ ᠴᠢᠬᠤᠯᠠ ᠶᠡᠭᠡ ᠡᠭᠦᠷᠭᠡ ᠬᠠᠷᠢᠭᠤᠴᠠᠯᠭ᠎ᠠ ᠪᠣᠯᠭᠠᠪᠠ᠃ 2020 ᠣᠨ ᠠᠴᠠ ᠡᠬᠢᠯᠡᠨ᠂ ᠰᠠᠪᠠ | ᠭᠠᠵᠠᠷ ᠤᠨ ᠤᠰᠤᠨ ᠤ ᠡᠬᠢ ᠪᠠᠶᠠᠯᠢᠭ ᠢ ᠨᠢᠭᠡᠳᠦᠯᠲᠡᠶ ᠲᠣᠬᠢᠷᠠᠭᠤᠯᠬᠤ ᠶᠢ ᠥᠷᠨᠢᠭᠦᠯᠬᠦ ᠪᠠᠷ ᠳᠠᠮᠵᠢᠭᠤᠯᠤᠨ᠂ ᠬᠠᠪᠤᠷ | ᠵᠤᠨ ᠤ ᠤᠯᠠᠷᠢᠯ ᠤᠨ ᠠᠮᠢ ᠠᠬᠤᠶ ᠶᠢᠨ ᠤᠰᠤ ᠨᠥᠬᠦᠪᠥᠷᠢᠯᠡᠬᠦ ᠶᠢ ᠬᠡᠷᠡᠭᠵᠢᠭᠦᠯᠵᠦ᠂ ᠪᠠᠷᠠᠭᠤᠨ ᠯᠢᠶᠣᠤᠾᠧ | ᠭᠤᠤᠯ ᠤᠨ ᠭᠤᠤᠯ ᠤᠷᠤᠰᠬᠠᠯ ᠤᠨ ᠤᠰᠤ ᠲᠠᠢ ᠭᠤᠤᠯ ᠤᠨ ᠬᠡᠰᠡᠭ ᠢ ᠵᠢᠯ ᠳᠠᠷᠠᠭᠠᠯᠠᠨ ᠤᠷᠲᠤᠳᠬᠠᠵᠤ᠂ | ᠲᠣᠬᠢᠷᠠᠭᠤᠯᠤᠯᠲᠠ ᠶᠢᠨ ᠦᠷ᠎ᠡ ᠪᠦᠲᠦᠮᠵᠢ ᠢᠯᠡᠳᠲᠡ ᠪᠣᠯᠪᠠ᠃ ᠢᠯᠠᠩᠭᠤᠶ᠎ᠠ 2024 ᠣᠨ ᠳᠤ ᠬᠠᠪᠤᠷ ᠤᠨ | ᠤᠯᠠᠷᠢᠯ᠂ ᠦᠶᠡᠷ ᠤᠨ ᠬᠤᠭᠤᠴᠠᠭᠠᠨ ᠤ ᠲᠣᠬᠢᠷᠠᠭᠤᠯᠤᠯᠲᠠ ᠶᠢ ᠦᠷᠭᠦᠯᠵᠢᠯᠡᠨ ᠬᠡᠷᠡᠭᠵᠢᠭᠦᠯᠵᠦ᠂ ᠭᠤᠤᠯ ᠤᠨ | ᠵᠠᠮ ᠤᠨ ᠨᠡᠪᠴᠢᠯᠲᠡ ᠶᠢᠨ ᠬᠡᠪᠴᠢᠶ᠎ᠡ ᠶᠢ ᠠᠯᠢ ᠴᠢᠳᠠᠬᠤ ᠪᠠᠷ ᠥᠷᠭᠡᠳᠬᠡᠨ᠂ ᠭᠤᠤᠯ ᠮᠥᠷᠡᠨ ᠤ ᠤᠰᠤ ᠨᠡᠪᠲᠡᠷᠡᠬᠦ | ᠨᠥᠬᠦᠴᠡᠯ ᠢ ᠰᠠᠶᠢᠵᠢᠷᠠᠭᠤᠯᠵᠤ᠂ 2025 ᠣᠨ ᠤ ᠬᠠᠪᠤᠷ ᠤᠨ ᠤᠯᠠᠷᠢᠯ ᠳᠤ ᠪᠠᠷᠠᠭᠤᠨ ᠯᠢᠶᠣᠤᠾᠧ ᠭᠤᠤᠯ ᠤᠨ | ᠭᠤᠤᠯ ᠤᠷᠤᠰᠬᠠᠯ ᠤᠨ ᠪᠥᠬᠦ ᠱᠤᠭᠤᠮ ᠢᠶᠠᠷ ᠨᠡᠪᠲᠡᠷᠡᠬᠦ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ | ᠥᠭᠴᠡᠶ᠃ | ᠡᠨᠡ ᠵᠢᠯ ᠠᠴᠠ ᠨᠠᠭᠠᠰᠢ᠂ ᠤᠰᠤᠨ ᠠᠰᠢᠭᠯᠠᠯᠲᠠ ᠶᠢᠨ ᠶᠠᠮᠤᠨ ᠠᠴᠠ ᠰᠤᠩᠭᠠᠷᠢ ᠮᠦᠷᠡᠨ ᠪᠠ ᠯᠢᠶᠣᠤᠾᠧ | ᠭᠤᠣᠯ ᠤᠨ ᠤᠰᠤᠨ ᠠᠰᠢᠭᠯᠠᠯᠲᠠ ᠶᠢᠨ ᠵᠥᠪᠯᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠢ ᠵᠣᠬᠢᠶᠠᠨ ᠪᠠᠶᠢᠭᠤᠯᠤᠨ ︽ᠪᠦᠬᠦ ᠬᠦᠴᠦᠨ ᠢᠶᠠᠷ ᠪᠠᠷᠠᠭᠤᠨ ᠯᠢᠶᠣᠤᠾᠧ ᠭᠤᠣᠯ ᠤᠨ | ᠭᠤᠣᠯ ᠤᠷᠤᠰᠬᠠᠯ ᠢ ᠪᠦᠬᠦ ᠱᠤᠭᠤᠮ ᠢᠶᠠᠷ ᠨᠡᠪᠲᠡᠷᠡᠬᠦᠯᠭᠦ︾ ᠠᠵᠢᠯ ᠤᠨ ᠬᠠᠷᠠᠯᠲᠠ ᠶᠢᠨ ᠲᠣᠭᠤᠷᠢᠨ ᠳᠤ | ᠤᠷᠢᠳᠴᠢᠯᠠᠨ ᠲᠥᠯᠥᠪᠵᠢᠭᠦᠯᠵᠦ᠂ ᠨᠠᠷᠢᠨ ᠨᠢᠮᠪᠠᠢ ᠪᠠᠶᠢᠷᠢᠯᠠᠭᠤᠯᠵᠤ᠂ ᠪᠠᠷᠠᠭᠤᠨ ᠯᠢᠶᠣᠤᠾᠧ ᠭᠤᠣᠯ ᠤᠨ | 2025-2026 ᠣᠨ ᠤ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠲᠥᠯᠥᠪᠯᠡᠭᠡ ᠪᠣᠯᠣᠨ ᠬᠠᠪᠤᠷ ᠤᠨ | ᠤᠯᠠᠷᠢᠯ ᠤᠨ ᠲᠣᠬᠢᠷᠠᠭᠤᠯᠬᠤ ᠲᠥᠰᠥᠯ ᠢ ᠨᠠᠶᠢᠷᠠᠭᠤᠯᠤᠨ ᠲᠠᠷᠬᠠᠭᠠᠵᠤ᠂ ᠭᠤᠣᠯ ᠤᠨ ᠵᠠᠮ ᠳᠤ ᠲᠠᠷᠢᠶᠠᠯᠠᠬᠤ ᠶᠢ ᠪᠥᠬᠦ | ᠲᠠᠯ᠎ᠠ ᠪᠠᠷ ᠴᠠᠭᠠᠵᠠᠯᠠᠬᠤ ᠶᠢᠨ ᠬᠠᠮᠲᠤ ᠤᠷᠤᠰᠬᠠᠯ ᠨᠡᠪᠲᠡᠷᠡᠬᠦ ᠶᠢ ᠰᠢᠯᠤᠭᠤᠳᠬᠠᠵᠤ᠂ ᠭᠤᠣᠯ ᠮᠥᠷᠡᠨ ᠢᠶᠠᠷ | ᠢᠨᠵᠧᠨᠧᠷᠢᠩ ᠳᠠᠷᠠᠭᠠᠯᠠᠨ ᠨᠠᠷᠢᠯᠢᠭ ᠪᠣᠳᠠᠲᠠᠢ ᠬᠢᠵᠦ ᠰᠢᠯᠢᠳᠡᠭᠵᠢᠭᠦᠯᠦᠨ ᠲᠣᠬᠢᠷᠠᠭᠤᠯᠬᠤ ᠲᠥᠰᠥᠯ ᠢ ᠲᠤᠭᠲᠠᠭᠠᠪᠠ᠃ | ᠲᠣᠰ ᠤᠳᠠᠭᠠᠨ ᠤ ᠬᠠᠪᠤᠷ ᠤᠨ ᠤᠯᠠᠷᠢᠯ ᠤᠨ ᠲᠣᠬᠢᠷᠠᠭᠤᠯᠤᠯᠲᠠ ᠶᠢ 3 ᠳ᠋ᠤᠭᠠᠷ ᠰᠠᠷ᠎ᠠ ᠶᠢᠨ 4 ᠤ ᠡᠳᠦᠷ ᠠᠴᠠ | ᠡᠬᠢᠯᠡᠭᠦᠯᠵᠦ᠂ ᠴᠣᠩᠬᠤᠨ ᠤ ᠬᠤᠭᠤᠴᠠᠭ᠎ᠠ ᠶᠢ ᠴᠢᠩᠭ᠎ᠠ ᠠᠳᠬᠤᠵᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠶᠢ | ᠴᠢᠩᠭᠠᠳᠬᠠᠵᠤ᠂ ᠳ᠋ᠠ ᠱᠢ ᠮᠧᠨ᠂ ᠵᠡᠭᠦᠨ ᠲᠠᠶᠢᠰᠠ᠂ ᠳᠡᠷᠡᠰᠦᠨ ᠪᠤᠯᠠᠭ᠂ ᠬᠤᠩᠱᠠᠨ ᠵᠡᠷᠭᠡ ᠤᠰᠤᠨ ᠴᠥᠭᠦᠷᠥᠮ | ᠪᠣᠯᠤᠨ ᠴᠢᠬᠤᠯᠠ ᠭᠤᠤᠯ ᠤᠨ ᠬᠦᠢᠰᠦ ᠶᠢ ᠰᠢᠨᠵᠢᠯᠡᠬᠦ ᠤᠬᠠᠭᠠᠨᠴᠢ ᠪᠠᠷ ᠬᠠᠮᠲᠤᠷᠠᠨ ᠲᠣᠬᠢᠷᠠᠭᠤᠯᠵᠤ᠂ ᠤᠰᠤᠨ | ᠴᠥᠭᠦᠷᠥᠮ ᠤᠨ ᠤᠰᠤ ᠬᠠᠳᠠᠭᠠᠯᠠᠬᠤ ᠪᠠᠷ ᠭᠤᠤᠯ ᠬᠦᠴᠦᠨ ᠪᠣᠯᠭᠠᠵᠤ᠂ ᠮᠥᠰᠥ ᠬᠠᠶᠢᠯᠠᠭᠰᠠᠨ ᠤᠰᠤ ᠪᠠ | ᠭᠤᠤᠯ ᠤᠨ ᠬᠤᠩᠭᠢᠯ ᠤᠨ ᠤᠰᠤ ᠬᠠᠳᠠᠭᠠᠯᠠᠬᠤ ᠶᠢ ᠭᠦᠢᠴᠡᠳ ᠠᠰᠢᠭᠯᠠᠵᠤ᠂ ᠭᠠᠳᠠᠭᠰᠢ ᠤᠰᠤ ᠲᠠᠲᠠᠬᠤ ᠪᠠ | ᠳᠠᠬᠢᠯᠲᠠ ᠤᠰᠤ ᠶᠢ ᠰᠢᠯᠢᠳᠡᠭᠵᠢᠭᠦᠯᠦᠨ ᠨᠥᠬᠦᠪᠥᠷᠢᠯᠡᠵᠦ᠂ ᠤᠰᠤᠨ ᠤ ᠡᠬᠢ ᠪᠠᠶᠠᠯᠢᠭ ᠨᠢᠭᠡᠪᠦᠷᠢ ᠶᠢ ᠨᠠᠷᠢᠨ ᠪᠤᠳᠤᠵᠤ | ᠰᠠᠶᠢᠲᠤᠷ ᠳᠣᠭᠢᠷᠠᠭᠤᠯᠬᠤ ᠶᠢᠨ ᠬᠠᠮᠲᠤ ︽ᠪᠥᠬᠦ ᠱᠤᠭᠤᠮ ᠤᠨ ᠰᠠᠯᠪᠤᠷᠢ ᠤᠷᠤᠰᠬᠠᠯ ᠢ ᠬᠤᠷᠢᠵᠦ ᠪᠢᠲᠡᠭᠦᠮᠵᠢᠯᠡᠬᠦ᠂ | ᠲᠥᠪᠯᠡᠷᠡᠭᠦᠯᠦᠨ ᠳᠤᠷᠤᠭᠰᠢ ᠤᠷᠤᠰᠬᠠᠬᠤ︾ ᠠᠷᠭ᠎ᠠ ᠪᠤᠳᠤᠯᠭ᠎ᠠ ᠶᠢ ᠴᠢᠩᠭ᠎ᠠ ᠬᠡᠷᠡᠭᠵᠢᠭᠦᠯᠵᠦ᠂ ᠤᠰᠤ ᠨᠥᠬᠦᠬᠦ | ᠤᠰᠤᠨ ᠲᠦᠷᠢᠯᠭᠡ ᠨᠢ 38 ᠡᠳᠦᠷ ᠥᠩᠭᠡᠷᠡᠭᠡᠳ ᠳᠣᠣᠷᠠᠳᠤ ᠤᠷᠤᠰᠬᠠᠯ ᠤᠨ ᠪᠠᠶᠢᠭ᠎ᠠ ᠤᠰᠤᠨ ᠴᠣᠭᠴᠠ ᠲᠠᠢ | ᠨᠡᠶᠢᠯᠡᠭᠰᠡᠨ ᠪᠠᠶᠢᠨ᠎ᠠ᠂ ᠪᠠᠷᠠᠭᠤᠨ ᠯᠢᠶᠣᠤᠾᠧ ᠭᠤᠤᠯ ᠤᠨ ᠭᠤᠤᠯ ᠤᠷᠤᠰᠬᠠᠯ ᠤᠨ ᠪᠥᠬᠦ ᠱᠤᠭᠤᠮ ᠢᠶᠠᠷ ᠤᠷᠤᠰᠬᠠᠯ | ᠨᠡᠪᠲᠡᠷᠡᠬᠦ ᠳᠤ ᠪᠠᠲᠤ ᠪᠠᠬᠢ ᠪᠠᠲᠤᠯᠠᠭ᠎ᠠ ᠬᠠᠩᠭᠠᠪᠠ᠃ | ᠳᠠᠷᠠᠭᠠᠴᠢ ᠶᠢᠨ ᠠᠯᠬᠤᠮ ᠳᠤ᠂ ᠤᠰᠤᠨ ᠠᠰᠢᠭᠯᠠᠯᠲᠠ ᠶᠢᠨ ᠶᠠᠮᠤᠨ ᠠᠴᠠ ᠬᠥᠬᠡᠮᠳᠦᠭ ᠨᠣᠭᠤᠭᠠᠨ ᠠᠭᠤᠯᠠ | ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠨ | ᠦᠢᠯᠡᠳᠦᠯᠭᠡᠵᠢᠭᠦᠯᠵᠦ᠂ ᠬᠥᠮᠥᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠣᠷᠣᠰᠢᠬᠤ ᠥᠨᠳᠥᠷᠴᠡ ᠳᠤ | ᠵᠣᠭᠰᠣᠵᠤ᠂ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠨᠢᠭᠡᠳᠦᠯᠲᠡᠢ ᠲᠣᠬᠢᠷᠠᠭᠤᠯᠤᠯᠲᠠ ᠶᠢ ᠦᠷᠭᠦᠯᠵᠢᠯᠡᠨ | ᠴᠢᠩᠭᠠᠳᠬᠠᠵᠤ᠂ ᠭᠤᠣᠯ ᠮᠥᠷᠡᠨ ᠤ ᠶᠣᠰᠣ ᠰᠤᠷᠲᠠᠬᠤᠨ ᠢ ᠲᠦᠷᠭᠡᠳᠬᠡᠨ ᠪᠠᠶᠢᠭᠤᠯᠵᠤ᠂ ᠡᠬᠡ ᠭᠤᠣᠯ ᠢ ᠰᠡᠷᠭᠦᠭᠡᠬᠦ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠠᠷᠠᠭᠤᠨ ᠯᠢᠶᠣᠤᠾᠧ ᠭᠤᠣᠯ ᠤᠨ ᠡᠷᠡᠭᠦᠯ ᠮᠡᠨᠳᠦ ᠠᠮᠢ ᠨᠠᠰᠤ ᠶᠢ | ᠡᠷᠡᠰ ᠭᠤᠶᠢᠪᠢᠰᠢ ᠦᠭᠡᠢ ᠰᠡᠷᠭᠦᠭᠡᠬᠦ ᠪᠣᠯᠣᠨ᠎ᠠ᠃ | |