ᠤᠢᠢᠷ᠎ᠠ ᠶᠢᠨ ᠡᠳᠦᠷ ᠤᠳ ᠲᠤ ᠂ ᠪᠦᠬᠦ ᠣᠷᠣᠨ ᠤ ᠡᠯ᠎ᠡ ᠭᠠᠵᠠᠷ ᠤᠨ ᠬᠢᠨ ᠶᠡᠷᠦᠩᠬᠡᠢ ᠱᠦᠵᠢ ᠰᠢ ᠶᠢᠨ | ᠫᠢᠩ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠲᠤᠬᠠᠢ ᠴᠢᠬᠤᠯᠠ | ᠶᠠᠷᠢᠶ᠎ᠠ ᠪᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠂ ᠰᠤᠷᠤᠯᠴᠠᠯᠭ᠎ᠠ ᠬᠥᠮᠦᠵᠢᠯ ᠤᠨ | ᠠᠵᠢᠯ ᠢ ᠰᠤᠳᠤᠯᠤᠨ ᠪᠠᠶᠢᠷᠢᠯᠠᠭᠤᠯᠪᠠ ᠃ ᠬᠥᠬᠡᠬᠤᠲᠠ ᠂ ᠪᠤᠭᠤᠲᠤ ᠬᠤᠳᠠ ᠂ ᠲᠦᠩᠯᠢᠶᠣᠤ ᠬᠤᠳᠠ ᠂ ᠤᠷᠳᠤᠰ | ᠬᠤᠳᠠ ᠶᠢᠨ ᠬᠢᠨ ᠦᠳᠲᠡᠷ ᠲᠦᠷᠭᠡᠨ ᠡᠬᠢᠯᠡᠨ ᠪᠠᠶᠢᠷᠢᠯᠠᠭᠤᠯᠵᠤ ᠂ ᠬᠦᠴᠦᠲᠡᠢ ᠡᠮᠬᠢ ᠵᠢᠷᠤᠮ ᠲᠠᠢ ᠥᠷᠨᠢᠭᠦᠯᠵᠦ ᠂ | ᠥᠷᠭᠡᠨ ᠤᠯᠠᠨ ᠨᠠᠮ ᠤᠨ ᠭᠡᠰᠢᠭᠦᠨ ᠂ ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠲᠤᠭᠤᠰᠢᠯᠠᠭᠤᠯᠵᠤ ᠂ ᠨᠠᠮ ᠤᠨ | ᠰᠤᠷᠲᠠᠯ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠤ ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠃ | 3 ᠳ᠋ᠤᠭᠠᠷ ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ ᠂ ᠬᠥᠬᠡᠬᠤᠲᠠ ᠶᠢᠨ ᠨᠠᠮ ᠤᠨ ᠬᠤᠷᠢᠶ᠎ᠠ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠤᠨ ᠨᠣᠮ ᠤᠩᠰᠢᠬᠤ ᠠᠩᠭᠢ ᠡᠷᠬᠢᠯᠡᠵᠦ ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ ᠂ | ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠣᠶᠢᠯᠠᠭᠠᠵᠤ ᠂ ᠪᠦᠬᠦ ᠬᠤᠲᠠ ᠶᠢᠨ ᠰᠤᠷᠤᠯᠴᠠᠯᠭ᠎ᠠ ᠬᠥᠮᠦᠵᠢᠯ ᠤᠨ ᠯᠠᠪᠳᠠᠭᠤᠨ ᠪᠠᠲᠤᠲᠠᠢ ᠥᠷᠨᠢᠬᠦ ᠶᠢ | ᠠᠬᠢᠭᠤᠯᠵᠤ ᠂ ᠰᠢᠯᠢᠳᠡᠭ ᠰᠤᠷᠲᠠᠯ ᠢᠶᠠᠷ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠂ ᠠᠵᠢᠯ ᠬᠢᠵᠦ ᠦᠢᠯᠡᠰ | ᠪᠤᠰᠬᠠᠬᠤ ᠬᠡᠷᠡᠭᠲᠡᠢ ᠃ ᠨᠣᠮ ᠤᠩᠰᠢᠬᠤ ᠠᠩᠭᠢ ᠨᠢ ᠲᠥᠪᠯᠡᠷᠡᠭᠦᠯᠦᠨ ᠰᠤᠷᠤᠯᠴᠠᠬᠤ ᠂ ᠬᠤᠪᠢ ᠬᠥᠮᠦᠨ ᠥᠪᠡᠰᠦᠪᠡᠨ | ᠰᠤᠷᠤᠯᠴᠠᠬᠤ ᠪᠠ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ | ᠶᠠᠪᠤᠭᠳᠠᠭᠤᠯᠤᠨ᠎ᠠ ᠃ ᠨᠣᠮ ᠤᠩᠰᠢᠬᠤ ᠠᠩᠬᠢ ᠠᠴᠠ ᠂ ᠰᠤᠷᠤᠯᠴᠠᠯᠭ᠎ᠠ ᠬᠥᠮᠦᠵᠢᠯ ᠢᠶᠠᠷ ᠪᠠᠲᠤ ᠴᠢᠩᠭ᠎ᠠ ᠨᠠᠮᠴᠢ | ᠴᠢᠨᠠᠷ ᠢ ᠳᠠᠪᠲᠠᠨ ᠪᠣᠯᠪᠠᠰᠤᠷᠠᠭᠤᠯᠵᠤ ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠭᠤᠣᠯ ᠴᠢᠮᠥᠭᠡ | ᠴᠢᠬᠤᠯᠠ ᠠᠭᠤᠯᠭ᠎ᠠ ᠶᠢ ᠣᠨᠣᠪᠴᠢᠲᠠᠢ ᠡᠵᠡᠮᠳᠡᠵᠦ ᠂ ᠦᠵᠡᠯ ᠰᠠᠨᠠᠭᠠᠨ ᠤ ᠲᠠᠯ᠎ᠠ ᠪᠠᠷ ᠤᠯᠠᠭᠠᠨ ᠱᠤᠭᠤᠮ | ᠲᠣᠭᠲᠠᠭᠠᠵᠤ ᠂ ᠠᠵᠢᠯᠯᠠᠭ᠎ᠠ ᠶᠢᠨ ᠲᠠᠯ᠎ᠠ ᠪᠠᠷ ᠵᠠᠭᠠᠭ ᠱᠤᠭᠤᠮ ᠢ ᠲᠣᠳᠣᠷᠬᠠᠶᠢᠯᠠᠵᠤ ᠂ ᠳᠡᠷᠭᠡᠳᠡᠬᠢ ᠶᠠᠪᠤᠳᠠᠯ ᠢᠶᠠᠷ ᠢᠶᠠᠨ | ᠳᠡᠷᠭᠡᠳᠡᠬᠢ ᠬᠥᠮᠦᠨ ᠢᠶᠠᠨ ᠢᠯᠡᠭᠦᠬᠡᠨ ᠬᠥᠮᠦᠵᠢᠭᠦᠯᠵᠦ ᠂ ᠬᠡᠷᠡᠭ ᠢᠶᠠᠷ ᠲᠤᠯᠢ ᠪᠣᠯᠭᠠᠵᠤ ᠂ ᠰᠡᠷᠡᠮᠵᠢ ᠶᠢᠨ ᠬᠤᠩᠬᠤ ᠶᠢ | ᠪᠠᠶᠢᠩᠭᠤ ᠳᠤᠤᠭᠠᠷᠭᠠᠬᠤ ᠬᠡᠷᠡᠭᠲᠡᠢ ᠭᠡᠵᠦ ᠳᠤᠷᠠᠳᠪᠠ ᠃ ᠨᠣᠮ ᠤᠩᠰᠢᠬᠤ ᠠᠩᠬᠢ ᠳᠤ ᠣᠷᠣᠯᠴᠠᠭᠰᠠᠨ ᠨᠠᠮ ᠤᠨ | ᠭᠡᠰᠢᠭᠦᠨ ᠺᠠᠳ᠋ᠷᠴᠤᠳ ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠨᠢ ᠮᠠᠨ ᠤ ᠨᠠᠮ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ ᠂ ᠮᠦᠩᠬᠡ ᠶᠢᠨ ᠰᠡᠳᠦᠪ ᠪᠣᠯᠭᠠᠬᠤ ᠳᠡᠭᠡᠳᠦ ᠬᠡᠮᠵᠢᠶᠡᠨ ᠤ | ᠤᠬᠠᠮᠰᠠᠷ ᠪᠣᠯᠭᠠᠵᠤ ᠂ ᠪᠦᠬᠦ ᠨᠠᠮ ᠳᠤ ᠰᠤᠷᠲᠠᠯ ᠤᠨ ᠪᠠᠶᠢᠭᠤᠯᠤᠯᠲᠠ ᠡᠭᠦᠷᠢᠳᠡ ᠵᠤᠬᠰᠤᠰᠢ ᠦᠭᠡᠢ ᠭᠡᠳᠡᠭ ᠢ | ᠳᠠᠬᠢᠨᠲᠠ ᠲᠤᠩᠬᠠᠯᠠᠪᠠ ᠃ ᠪᠢᠳᠡ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠦᠷᠦ ᠶᠢᠨ ᠦᠨᠳᠦᠷᠴᠡ ᠠᠴᠠ ᠨᠠᠮ ᠤᠨ ᠲᠥᠪ ᠬᠤᠷᠢᠶᠠᠨ ᠤ | ᠪᠠᠶᠢᠯᠳᠤᠬᠤ ᠪᠤᠳᠤᠯᠭ᠎ᠠ ᠶᠢᠨ ᠪᠣᠳᠣᠯᠬᠢᠯᠠᠯ ᠢ ᠭᠦᠨᠵᠡᠭᠡᠢ ᠣᠶᠢᠯᠠᠭᠠᠵᠤ ᠂ ᠰᠤᠷᠤᠯᠴᠠᠯᠭ᠎ᠠ ᠬᠥᠮᠦᠵᠢᠯ ᠤᠨ ᠡᠯ᠎ᠡ | ᠵᠦᠢᠯ ᠤᠨ ᠪᠠᠶᠢᠷᠢᠯᠠᠭᠤᠯᠤᠯᠲᠠ ᠶᠢ ᠴᠢᠨᠠᠷ ᠰᠠᠶᠢᠲᠠᠢ ᠨᠠᠶᠢᠳᠠᠪᠤᠷᠢᠵᠢᠭᠤᠯᠬᠤ ᠬᠡᠷᠡᠭᠲᠡᠢ ᠃ | 3 ᠳ᠋ᠤᠭᠠᠷ ᠰᠠᠷ᠎ᠠ ᠶᠢᠨ 30 ᠤ ᠡᠳᠦᠷ ᠠᠴᠠ 31 ᠤ ᠡᠳᠦᠷ ᠪᠣᠯᠲᠠᠯ᠎ᠠ ᠂ ᠪᠤᠭᠤᠲᠤ ᠬᠤᠲᠠ ᠶᠢᠨ ᠨᠠᠮ ᠤᠨ | ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠤᠨ ᠲᠤᠰᠬᠠᠶ ᠰᠡᠳᠦᠪᠲᠦ ᠨᠣᠮ ᠤᠩᠰᠢᠬᠤ ᠠᠩᠭᠢ ᠡᠷᠭᠢᠯᠡᠵᠦ ᠂ ᠶᠡᠷᠦᠩᠬᠡᠶ ᠱᠦᠵᠢ ᠰᠢ ᠶᠢᠨ ᠫᠢᠩ ᠤᠨ | ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠪᠠ ᠲᠥᠪ ᠤᠨ ᠨᠠᠢᠮᠠᠨ | ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ ᠂ ᠪᠥᠬᠦ ᠬᠤᠲᠠ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠵᠢᠱᠢᠶ᠎ᠡ | ᠦᠵᠡᠭᠦᠯᠦᠨ ᠳᠠᠶᠢᠴᠢᠯᠠᠪᠠ ᠃ ᠨᠣᠮ ᠤᠩᠰᠢᠬᠤ ᠠᠩᠭᠢ ᠶᠢ ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠂ ᠲᠤᠰᠬᠠᠶ | ᠰᠡᠳᠦᠪ ᠢᠶᠠᠷ ᠬᠠᠪᠰᠤᠷᠤᠨ ᠵᠢᠯᠣᠭᠤᠳᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ | ᠬᠡᠯᠪᠡᠷᠢ ᠪᠠᠷ ᠶᠠᠪᠤᠭᠳᠠᠭᠤᠯᠵᠤ ᠂ 11 ᠨᠥᠬᠦᠳ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠳᠡᠭᠡᠷ᠎ᠡ | ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ ᠃ ᠬᠤᠷᠠᠯ ᠠᠴᠠ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠲᠤᠬᠠᠢ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠨᠠᠮ ᠤᠨ ᠭᠡᠰᠢᠭᠦᠨ ᠺᠠᠳ᠋ᠷ ᠤᠨ ᠰᠤᠷᠲᠠᠯ ᠤᠨ | ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠤ ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ | ᠵᠠᠬ᠎ᠠ ᠳᠡᠯᠭᠡᠭᠦᠷ ᠤᠨ ᠭᠤᠣᠯ ᠴᠣᠭᠴᠠ ᠂ ᠠᠷᠠᠳ ᠤᠯᠠᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠢᠲᠡᠭᠡᠯ ᠢ | ᠤᠯᠬᠤ ᠬᠡᠷᠡᠭᠲᠡᠢ ᠭᠡᠵᠦ ᠳᠤᠷᠠᠳᠪᠠ ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠲᠥᠪ ᠬᠤᠷᠢᠶᠠᠨ ᠤ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠦᠨᠡᠨ ᠰᠡᠳᠬᠢᠯ ᠠᠴᠠ ᠪᠠᠨ ᠰᠠᠨᠠᠭᠠᠴᠢᠯᠠᠭ᠎ᠠ ᠠᠴᠠ ᠪᠠᠨ ᠰᠤᠷᠤᠯᠴᠠᠨ | ᠣᠶᠢᠯᠠᠭᠠᠵᠤ ᠂ ᠰᠤᠷᠤᠯᠴᠠᠬᠤ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ ᠂ ᠬᠥᠮᠦᠨ ᠪᠤᠯᠵᠤ ᠠᠵᠢᠯ ᠬᠢᠬᠦ | ᠦᠵᠡᠯ ᠰᠠᠨᠠᠭᠠᠨ ᠤ ᠠᠬᠤᠢ ᠪᠠᠶᠢᠳᠠᠯ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ ᠂ ᠡᠷᠡᠭᠦᠯ ᠮᠡᠨᠳᠤ ᠶᠢ | ᠤᠬᠠᠮᠰᠠᠷ ᠠᠴᠠ ᠪᠠᠨ ᠬᠥᠭᠡᠭᠡᠴᠡᠯᠳᠦᠵᠦ ᠂ ᠲᠥᠪ ᠤᠨ ᠨᠠᠢᠮᠠᠨ ᠲᠣᠭᠲᠠᠭᠠᠯ ᠤᠨ ᠭᠠᠳᠠᠨᠠᠬᠢ ᠬᠢᠵᠠᠭᠠᠷᠯᠠᠯ ᠢ | ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ ᠃ ᠡᠯ᠎ᠡ ᠱᠠᠲᠤᠨ ᠤ ᠤᠳᠤᠷᠢᠳᠬᠤ ᠺᠠᠳ᠋ᠷ ᠲᠦᠷᠦᠭᠦᠯᠡᠨ | ᠰᠤᠷᠲᠠᠯ ᠢᠶᠠᠨ ᠬᠤᠪᠢᠷᠠᠭᠤᠯᠵᠤ ᠂ ᠤᠬᠠᠮᠰᠠᠷ ᠠᠴᠠ ᠪᠠᠨ ᠲᠥᠪ ᠭᠤᠣᠯᠴᠢ ᠴᠢᠨᠠᠷ ᠲᠠᠢ ᠂ ᠢᠯᠵᠢᠷᠡᠬᠦ ᠶᠢ ᠲᠡᠪᠴᠢᠵᠦ ᠂ | ᠬᠤᠮᠣᠷᠭᠠᠯᠠᠨ ᠠᠩᠨᠠᠬᠤ ᠶᠢ ᠰᠡᠷᠭᠡᠶᠢᠯᠡᠵᠦ ᠂ ᠭᠡᠷ ᠤᠨ ᠰᠤᠷᠲᠠᠯ ᠢᠶᠠᠨ ᠲᠥᠪ ᠴᠢᠩᠭ᠎ᠠ ᠪᠣᠯᠭᠠᠵᠤ ᠂ ︽ᠲᠦᠷᠦᠭᠦᠴᠢ | ᠭᠠᠯᠠᠭᠤ ᠶᠢᠨ ᠦᠢᠯᠡᠳᠦᠯ︾ ᠢ ᠰᠠᠶᠢᠲᠤᠷ ᠪᠠᠳᠠᠷᠠᠭᠤᠯᠬᠤ ᠬᠡᠷᠡᠭᠲᠡᠢ ᠃ | 3 ᠳ᠋ᠤᠭᠠᠷ ᠰᠠᠷ᠎ᠠ ᠶᠢᠨ 20 ᠤ ᠡᠳᠦᠷ ᠂ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠵᠤ ᠂ ︽ᠪᠥᠬᠦ ᠬᠤᠲᠠ ᠳᠤ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠲᠤᠬᠠᠶ ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠢ | ᠬᠢᠨᠠᠨ ᠵᠥᠪᠯᠡᠵᠦ ᠂ ᠬᠠᠮᠢᠶ᠎ᠠ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ ᠃ ᠲᠦᠩᠯᠢᠶᠣᠤ ᠬᠤᠲᠠ ᠶᠢᠨ ᠨᠠᠮ ᠤᠨ | ᠬᠤᠷᠢᠶ᠎ᠠ ᠠᠴᠠ ︽ᠰᠤᠷᠤᠯᠴᠠᠯᠭ᠎ᠠ︾ ᠶᠢ ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠵᠤ ᠂ ᠰᠤᠷᠤᠯᠴᠠᠵᠤ ᠰᠤᠳᠤᠯᠤᠨ | ᠶᠠᠷᠢᠯᠴᠠᠬᠤ ᠶᠢ ᠪᠣᠳᠠᠲᠠᠶ ᠠᠳᠬᠤᠵᠤ ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ ᠶᠢ ᠦᠨᠡᠨ ᠬᠦ ᠪᠡᠶᠡᠯᠡᠭᠦᠯᠬᠦ | ᠬᠡᠷᠡᠭᠲᠡᠶ ᠭᠡᠵᠦ ᠳᠤᠷᠠᠳᠤᠨ ᠭᠠᠷᠭᠠᠪᠠ ᠃ ︽ᠪᠠᠶᠢᠴᠠᠭᠠᠬᠤ︾ ᠪᠠᠷ ᠵᠠᠩᠭᠢᠯᠠᠭ᠎ᠠ ᠪᠣᠯᠭᠠᠬᠤ ᠶᠢ ᠪᠠᠷᠢᠮᠲᠠᠯᠠᠵᠤ ᠂ | ᠰᠠᠨᠠᠭᠠᠴᠢᠯᠠᠭ᠎ᠠ ᠠᠴᠠ ᠪᠠᠨ ︽ᠣᠷᠣ ᠣᠷᠣᠨ ᠳᠤ ᠪᠠᠨ ᠰᠠᠭᠤᠬᠤ︾ ᠂ ᠴᠢᠩᠭ᠎ᠠ ᠪᠠᠶᠢᠴᠠᠭᠠᠨ ᠦᠵᠡᠵᠦ ᠲᠤᠩᠭᠠᠨ | ᠪᠣᠳᠣᠯᠬᠢᠯᠠᠨ᠎ᠠ ᠃ ︽ᠥᠭᠡᠷᠡᠴᠢᠯᠡᠬᠦ︾ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ ᠂ ᠠᠰᠠᠭᠤᠳᠠᠯ ᠤᠨ ᠨᠠᠷᠢᠨ | ᠲᠠᠩᠰᠠ ᠶᠢ ᠵᠢᠭᠰᠠᠭᠠᠵᠤ ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ ᠂ ᠦᠨᠡᠨ ᠬᠦ | ᠬᠠᠲᠠᠭᠤ ᠲᠠᠢ ᠨᠢ ᠬᠠᠯᠳᠠᠵᠤ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠠᠬᠢᠭᠤᠯᠤᠨ᠎ᠠ ᠃ ᠲᠦᠷᠢᠮ ᠲᠣᠭᠲᠠᠭᠠᠯ | ᠲᠣᠭᠲᠠᠭᠠᠬᠤ ᠶᠢ ᠰᠠᠶᠢᠲᠤᠷ ᠠᠳᠬᠤᠵᠤ ᠂ ᠲᠦᠷᠢᠮ ᠤᠨ ᠳᠤᠲᠠᠭᠳᠠᠯ ᠪᠠ ᠬᠤᠭᠤᠰᠣᠨ ᠢ ᠴᠠᠭ ᠲᠤᠬᠠᠶ ᠳᠤᠨᠢ | ᠨᠥᠬᠦᠪᠥᠷᠢᠯᠡᠵᠦ ᠂ ᠰᠤᠷᠲᠠᠯ ᠤᠨ ᠪᠠᠶᠢᠭᠤᠯᠤᠯᠲᠠ ᠶᠢᠨ ᠨᠠᠩ ᠵᠢᠷᠤᠮᠯᠠᠬᠤ ᠲᠦᠷᠢᠮ ᠲᠠᠢ ᠪᠠᠶᠢᠬᠤ ᠶᠢ ᠦᠨᠡᠨ ᠬᠦ | ᠪᠠᠲᠤᠯᠠᠨ᠎ᠠ ᠃ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ ᠂ ᠳᠡᠷᠭᠡᠳᠡᠬᠢ ᠨᠡᠶᠢᠲᠡᠯᠢᠭ ᠬᠡᠷᠡᠭ ᠤᠨ ᠵᠢᠱᠢᠶ᠎ᠡ ᠶᠢ | ᠭᠦᠨᠵᠡᠭᠡᠶ ᠵᠠᠳᠠᠯᠵᠤ ᠂ ᠰᠤᠷᠭᠠᠨ ᠬᠥᠮᠦᠵᠢᠯ ᠤᠨ ᠪᠣᠳᠠᠲᠤ ᠦᠷ᠎ᠡ ᠪᠦᠲᠦᠮᠵᠢ ᠶᠢ ᠦᠨᠡᠨ ᠬᠦ ᠴᠢᠩᠭᠠᠳᠬᠠᠨ᠎ᠠ ᠃ | ᠡᠭᠦᠳᠡ ᠪᠠᠨ ᠨᠡᠭᠡᠭᠡᠵᠦ ᠰᠤᠷᠭᠠᠨ ᠬᠥᠮᠦᠵᠢᠯ ᠬᠢᠬᠦ ᠶᠢ ᠪᠠᠷᠢᠮᠲᠠᠯᠠᠵᠤ ᠂ ᠠᠷᠠᠳ ᠤᠨ ᠪᠠᠶᠢᠳᠠᠯ ᠢ ᠥᠷᠭᠡᠨ ᠳᠡᠯᠭᠡᠷ | ᠭᠦᠨᠵᠡᠭᠡᠢ ᠣᠶᠢᠯᠠᠭᠠᠵᠤ ᠂ ᠠᠷᠠᠳ ᠤᠨ ᠰᠠᠨᠠᠭ᠎ᠠ ᠶᠢ ᠰᠣᠨᠣᠰᠴᠤ ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ | ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠬᠦᠴᠦᠯᠡᠨ ᠰᠢᠢᠳᠪᠦᠷᠢᠯᠡᠬᠦ ᠬᠡᠷᠡᠭᠲᠡᠢ ᠃ | ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠨᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠰᠠᠶᠢᠲᠤᠷ ᠠᠳᠬᠤᠵᠤ ᠂ ᠡᠯ᠎ᠡ ᠱᠠᠲᠤᠨ ᠤ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠷᠢᠨ ᠨᠢᠮᠪᠠᠶ ᠵᠣᠬᠢᠶᠠᠨ ᠪᠠᠶᠢᠭᠤᠯᠤᠨ ᠥᠷᠨᠢᠭᠦᠯᠵᠦ ᠂ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ | ᠬᠠᠷᠢᠭᠤᠴᠠᠯᠭ᠎ᠠ ᠪᠠᠨ ᠡᠭᠦᠷᠭᠡᠯᠡᠬᠦ ᠬᠡᠷᠡᠭᠲᠡᠶ ᠃ ᠲᠥᠷᠥᠯ ᠬᠤᠪᠢᠶᠠᠨ ᠵᠢᠯᠣᠭᠤᠳᠬᠤ ᠶᠢ ᠴᠢᠩᠭᠠᠳᠬᠠᠵᠤ ᠂ ᠤᠬᠠᠭᠤᠯᠵᠤ | ᠬᠥᠲᠥᠯᠥᠨ ᠵᠢᠯᠣᠭᠤᠳᠬᠤ ᠶᠢ ᠰᠠᠶᠢᠲᠤᠷ ᠬᠢᠵᠦ ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ ᠂ ᠬᠡᠯᠪᠡᠷᠢᠴᠢ ᠦᠵᠡᠯ ᠢ | ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠶ ᠃ | 3 ᠳ᠋ᠤᠭᠠᠷ ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ ᠂ ᠣᠷᠳᠣᠰ ᠬᠤᠲᠠ ᠶᠢᠨ ᠨᠠᠮ ᠤᠨ | ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠤᠨ ᠨᠣᠮ ᠤᠩᠰᠢᠬᠤ ᠠᠩᠭᠢ ᠵᠢᠴᠢ ᠣᠷᠳᠣᠰ ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ | ᠭᠤᠤᠯ ᠳᠤᠭᠤᠶᠢᠯᠠᠩ 2025 ᠣᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠡᠷᠭᠢᠯᠡᠪᠡ ᠃ | ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ | ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ ᠂ ᠬᠤᠳᠠ ᠶᠢᠨ ᠱᠠᠲᠤᠨ ᠤ | ᠤᠳᠤᠷᠢᠳᠬᠤ ᠺᠠᠳ᠋ᠷ ᠤᠨ ᠤᠷᠢᠳᠠᠪᠠᠷ ᠰᠤᠷᠤᠯᠴᠠᠵᠤ ᠤᠷᠢᠳᠠᠪᠠᠷ ᠬᠡᠷᠡᠭᠵᠢᠭᠦᠯᠵᠦ ᠵᠢᠱᠢᠶ᠎ᠡ ᠦᠵᠡᠭᠦᠯᠬᠦ ᠪᠠᠷ ᠪᠦᠬᠦ | ᠬᠤᠳᠠ ᠶᠢᠨ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠯᠭ᠎ᠠ | ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢ ᠳᠠᠶᠢᠴᠢᠯᠠᠬᠤ ᠬᠡᠷᠡᠭᠲᠡᠢ ᠃ ᠨᠣᠮ ᠤᠩᠰᠢᠬᠤ ᠠᠩᠬᠢ ᠶᠢ ᠲᠤᠰᠬᠠᠢ | ᠰᠡᠳᠦᠪᠲᠦ ᠲᠠᠶᠢᠯᠤᠮᠵᠢ ᠬᠢᠬᠦ ᠪᠠ ᠲᠥᠪᠯᠡᠷᠡᠭᠦᠯᠦᠨ ᠰᠤᠷᠤᠯᠴᠠᠬᠤ ᠶᠢ ᠤᠶᠠᠯᠳᠤᠭᠤᠯᠬᠤ ᠠᠷᠭ᠎ᠠ ᠪᠠᠷ ᠶᠠᠪᠤᠭᠳᠠᠭᠤᠯᠪᠠ ᠃ | ᠨᠣᠮ ᠤᠩᠰᠢᠬᠤ ᠠᠩᠬᠢ ᠠᠴᠠ ᠂ ᠡᠯ᠎ᠡ ᠱᠠᠲᠤᠨ ᠤ ᠤᠳᠤᠷᠢᠳᠬᠤ ᠺᠠᠳ᠋ᠷ ᠲᠥᠪ ᠤᠨ ᠨᠠᠢᠮᠠᠨ ᠲᠣᠭᠲᠠᠭᠠᠯ ᠵᠢᠴᠢ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠦᠨᠡᠨ ᠬᠦ ᠰᠡᠳᠬᠢᠯ ᠳᠡᠭᠡᠨ ᠰᠢᠩᠭᠡᠭᠡᠵᠦ ᠂ ᠦᠢᠯᠡ | ᠠᠵᠢᠯᠯᠠᠭ᠎ᠠ ᠳᠠᠭᠠᠨ ᠰᠢᠩᠭᠡᠭᠡᠵᠦ ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠵᠦ ᠂ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ | ᠡᠵᠡᠮᠳᠡᠵᠦ ᠂ ᠰᠤᠷᠤᠯᠴᠠᠵᠤ ᠪᠠᠶᠢᠴᠠᠭᠠᠨ ᠥᠭᠡᠷᠡᠴᠢᠯᠡᠬᠦ ᠶᠢ ᠨᠢᠭᠡ ᠴᠤᠭᠴᠠᠵᠢᠭᠤᠯᠤᠨ ᠠᠬᠢᠭᠤᠯᠵᠤ ᠂ | ᠰᠤᠷᠤᠯᠴᠠᠬᠤ ᠳᠠᠭᠠᠨ ᠶᠠᠰᠤ ᠴᠢᠨᠠᠷ ᠲᠠᠢ ᠂ ᠪᠠᠶᠢᠴᠠᠭᠠᠬᠤ ᠳᠤ ᠡᠷᠴᠢᠮ ᠲᠠᠢ ᠂ ᠰᠠᠶᠢᠵᠢᠷᠠᠭᠤᠯᠬᠤ ᠳᠤ ᠦᠷ᠎ᠡ | ᠪᠦᠲᠦᠮᠵᠢ ᠲᠠᠢ ᠪᠠᠶᠢᠬᠤ ᠶᠢ ᠪᠠᠲᠤᠯᠠᠵᠤ ᠂ ᠰᠢᠯᠢᠳᠡᠭ ᠰᠤᠷᠲᠠᠯ ᠢᠶᠠᠷ ᠪᠦᠬᠦ ᠬᠤᠳᠠ ᠶᠢᠨ ᠴᠢᠨᠠᠷ ᠰᠠᠶᠢᠲᠠᠢ | ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠦ ᠳᠤᠷᠠᠳᠪᠠ ᠃ ᠬᠤᠶᠠᠷ ᠡᠳᠦᠷ ᠤᠨ ᠲᠤᠷᠰᠢ ᠂ ᠨᠣᠮ ᠤᠩᠰᠢᠬᠤ | ᠠᠩᠭᠢ ᠳᠤ ᠣᠷᠣᠯᠴᠠᠭᠰᠠᠨ ᠤᠳᠤᠷᠢᠳᠬᠤ ᠺᠠᠳ᠋ᠷᠴᠤᠳ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠤ ᠬᠠᠪᠰᠤᠷᠤᠨ | ᠵᠢᠯᠣᠭᠤᠳᠬᠤ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ ᠂ ︽ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾ ᠶᠢ ᠨᠠᠷᠢᠨ ᠬᠢᠨᠠᠮᠠᠭᠠᠢ ᠰᠤᠳᠤᠯᠤᠨ | ᠤᠩᠰᠢᠵᠤ ᠂ ᠲᠥᠪᠯᠡᠷᠡᠭᠦᠯᠦᠨ ᠰᠤᠷᠤᠯᠴᠠᠬᠤ ᠪᠠᠷ ᠳᠠᠮᠵᠢᠨ ᠂ ᠤᠯᠠᠨ ᠢᠶᠠᠷ ᠢᠶᠠᠨ ᠲᠥᠪ ᠤᠨ ᠨᠠᠢᠮᠠᠨ ᠲᠣᠭᠲᠠᠭᠠᠯ ᠵᠢᠴᠢ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢᠨ ᠲᠤᠬᠠᠢ ᠨᠡᠩ ᠪᠦᠬᠦ ᠲᠠᠯ᠎ᠠ ᠶᠢᠨ ᠭᠦᠨᠵᠡᠭᠡᠢ | ᠣᠶᠢᠯᠠᠭᠠᠯᠲᠠ ᠲᠠᠢ ᠪᠤᠯᠵᠤ ᠂ ᠦᠵᠡᠯ ᠰᠠᠨᠠᠭᠠᠨ ᠤ ᠤᠬᠠᠮᠰᠠᠷ ᠂ ᠤᠯᠤᠰ ᠲᠦᠷᠦ ᠶᠢᠨ ᠤᠬᠠᠮᠰᠠᠷ ᠂ ᠠᠵᠢᠯᠯᠠᠭᠠᠨ ᠤ | ᠤᠬᠠᠮᠰᠠᠷ ᠢᠶᠠᠨ ᠤᠯᠠᠮ ᠴᠢᠨᠠᠭᠰᠢᠳᠠ ᠴᠢᠩᠭᠠᠳᠬᠠᠪᠠ ᠃ | |