ᠥᠪᠡᠷᠲᠡᠭᠡᠨ ᠵᠠᠰᠠᠬᠤ ᠣᠷᠣᠨ ᠠᠴᠠ 1334 ᠲᠦᠮᠡᠨ ᠲᠥᠭᠦᠷᠢᠭ ᠪᠠᠭᠤᠯᠭᠠᠵᠤ ︽ᠴᠢᠨᠠᠷ ᠰᠠᠶᠢᠲᠠᠶ ᠠᠮᠤ ᠪᠤᠳᠠᠭᠠᠨ ᠤ ᠢᠨᠵᠧᠨᠧᠷᠢᠩ︾ ᠢ ᠳᠡᠮᠵᠢᠪᠡ
ᠨᠡᠶᠢᠲᠡᠯᠡᠭᠰᠡᠨ ᠴᠠᠭ᠄
2025/4/15
  ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ ᠢᠶᠠᠷ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠣᠶᠢᠷ᠎ᠠ ᠳᠤ 2025 ᠣᠨ ᠤ ᠠᠮᠤ ᠪᠤᠳᠠᠭ᠎ᠠ ᠬᠥᠮᠥᠷᠭᠡᠯᠡᠨ ᠬᠠᠳᠠᠭᠠᠯᠠᠬᠤ ᠪᠡᠯᠡᠳᠬᠡᠮᠵᠢ ᠶᠢ ᠰᠡᠯᠪᠢᠨ ᠵᠠᠰᠠᠵᠤ ᠥᠭᠡᠷᠡᠴᠢᠯᠡᠬᠦ ᠪᠠᠯᠠ ᠮᠥᠩᠭᠦ ᠶᠢ 1334 ᠲᠦᠮᠡᠨ ᠲᠥᠭᠦᠷᠢᠭ ᠪᠠᠭᠤᠯᠭᠠᠵᠤ᠂ ︽ᠴᠢᠨᠠᠷ ᠰᠠᠶᠢᠲᠠᠶ ᠠᠮᠤ ᠪᠤᠳᠠᠭᠠᠨ ᠤ ᠢᠨᠵᠧᠨᠧᠷᠢᠩ︾ ᠢ ᠬᠡᠷᠡᠭᠵᠢᠭᠦᠯᠬᠦ ᠳᠤ ᠲᠤᠰᠬᠠᠶᠢᠯᠠᠨ ᠬᠡᠷᠡᠭᠯᠡᠨ᠎ᠡ᠃  ᠳᠡᠭᠡᠷ᠎ᠡ ᠳᠤᠷᠠᠳᠤᠭᠰᠠᠨ ᠪᠠᠯᠠ ᠮᠥᠩᠭᠦ ᠶᠢ ᠪᠥᠬᠦ ᠣᠷᠣᠨ ᠤ ︽ᠠᠮᠤ ᠪᠤᠳᠠᠭᠠᠨ ᠤ ᠪᠣᠬᠢᠷᠲᠤᠯ ᠥᠬᠡᠶ ᠬᠥᠮᠥᠷᠭᠡᠯᠡᠨ ᠬᠠᠳᠠᠭᠠᠯᠠᠬᠤ ᠠᠵᠢᠯᠯᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ︾᠂ ︽ᠠᠮᠤ ᠪᠤᠳᠠᠭ᠎ᠠ ᠶᠢ ᠠᠷᠪᠢᠯᠠᠨ ᠭᠠᠮᠨᠠᠵᠤ ᠬᠤᠬᠢᠷᠠᠯ ᠢ ᠪᠠᠭᠠᠰᠬᠠᠬᠤ ᠡᠷᠡᠭᠦᠯ ᠮᠡᠨᠳᠦ ᠶᠢᠨ ᠬᠡᠷᠡᠭᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ︾᠂ ︽ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ︾ ᠶᠢᠨ ᠲᠥᠷᠥᠯ ᠵᠦᠢᠯ ᠢ ᠳᠡᠮᠵᠢᠬᠦ ᠳᠤ ᠭᠤᠤᠯᠳᠠᠯᠭ᠎ᠠ ᠲᠠᠢ ᠬᠡᠷᠡᠭᠯᠡᠵᠦ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠥᠲᠥᠯᠦᠨ ᠵᠢᠯᠣᠭᠤᠳᠴᠤ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠨᠡᠶᠢᠭᠡᠮ ᠤᠨ ᠬᠦᠴᠦᠨ ᠤ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ᠂ ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠢ ᠪᠠᠭᠠᠰᠬᠠᠬᠤ ᠶᠢ ᠠᠬᠢᠭᠤᠯᠬᠤ ᠵᠡᠷᠭᠡ ᠲᠠᠯ᠎ᠠ ᠪᠠᠷ ᠢᠳᠡᠪᠬᠢᠲᠡᠶ ᠪᠠᠷ ᠲᠤᠷᠰᠢᠬᠤ ᠪᠠ ᠠᠰᠢᠭᠲᠠᠶ ᠰᠦᠪᠡᠭᠴᠢᠯᠡᠬᠦ ᠶᠢ ᠵᠣᠷᠢᠭᠵᠢᠭᠤᠯᠵᠤ᠂ ᠪᠥᠬᠦ ᠣᠷᠣᠨ ᠤ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠬᠢᠷᠢ ᠲᠦᠪᠰᠢᠨ ᠪᠠ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃  ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠥᠨᠳᠥᠷ ᠪᠠᠷᠢᠮᠵᠢᠶᠠᠲᠤ ᠠᠮᠤ ᠪᠤᠳᠠᠭ᠎ᠠ ᠬᠥᠮᠥᠷᠭᠡᠯᠡᠨ ᠬᠠᠳᠠᠭᠠᠯᠠᠬᠤ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠠᠴᠠ ᠰᠠᠯᠵᠤ ᠴᠢᠳᠠᠬᠤ ᠦᠭᠡᠢ ᠶᠤᠮ᠃ ᠣᠶᠢᠷ᠎ᠠ ᠶᠢᠨ ᠵᠢᠯ ᠤᠳ ᠲᠤ᠂ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠡᠳ᠋ ᠤᠨ ᠵᠠᠰᠠᠭ ᠤᠨ ᠪᠠᠯᠠ ᠮᠥᠩᠭᠦ ᠶᠢᠨ ᠬᠥᠲᠥᠯᠦᠨ ᠵᠢᠯᠣᠭᠤᠳᠴᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠪᠠ ᠨᠡᠶᠢᠭᠡᠮ ᠤᠨ ᠬᠦᠴᠦᠨ ᠢ ᠬᠥᠲᠥᠯᠦᠨ ᠵᠢᠯᠣᠭᠤᠳᠴᠤ ᠪᠠᠶᠢᠭᠠᠳ ᠠᠮᠤ ᠪᠤᠳᠠᠭ᠎ᠠ ᠬᠥᠮᠥᠷᠭᠡᠯᠡᠨ ᠬᠠᠳᠠᠭᠠᠯᠠᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠵᠤ᠂ ︽ᠠᠮᠤ ᠪᠤᠳᠠᠭ᠎ᠠ ᠬᠥᠮᠥᠷᠭᠡᠯᠡᠨ ᠬᠤᠷᠢᠶᠠᠬᠤ︾ ᠳᠤ ᠪᠠᠲᠤ ᠪᠠᠬᠢ ᠪᠠᠯᠠ ᠮᠥᠩᠭᠦ ᠶᠢᠨ ᠪᠠᠲᠤᠯᠠᠭ᠎ᠠ ᠬᠠᠩᠭᠠᠪᠠ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠠᠮᠢᠶᠠᠷᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ ᠪᠠᠯᠠ ᠮᠥᠩᠭᠦ ᠶᠢᠨ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠦᠷᠢᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠠᠶᠢᠮᠠᠭ ᠬᠤᠲᠠ ᠶᠢᠨ ᠬᠠᠮᠢᠶ᠎ᠠ ᠪᠥᠬᠦᠶ ᠠᠵᠢᠯ ᠥᠷᠨᠢᠭᠦᠯᠬᠦ ᠶᠢ ᠦᠷᠭᠦᠯᠵᠢᠯᠡᠨ ᠳᠡᠮᠵᠢᠵᠦ᠂ ︽ᠴᠢᠨᠠᠷ ᠰᠠᠶᠢᠲᠠᠶ ᠠᠮᠤ ᠪᠤᠳᠠᠭᠠᠨ ᠤ ᠢᠨᠵᠧᠨᠧᠷᠢᠩ︾ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠤᠮᠠᠷᠠᠲᠤ ᠶᠢᠨ ᠠᠮᠤ ᠪᠤᠳᠠᠭᠠᠨ ᠤ ᠬᠥᠮᠥᠷᠭᠡ︾ ᠶᠢ ᠲᠦᠷᠭᠡᠳᠬᠡᠨ ᠪᠠᠶᠢᠭᠤᠯᠬᠤ ᠳᠤ ᠡᠳ᠋ ᠤᠨ ᠵᠠᠰᠠᠭ ᠤᠨ ᠬᠦᠴᠦᠨ ᠴᠢᠳᠠᠯ ᠢᠶᠠᠨ ᠡᠷᠭᠦᠨ᠎ᠡ ᠃ 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号