ᠥᠪᠥᠷ ᠮᠣᠩᠭᠤᠯ ᠰᠢᠨ᠎ᠡ ᠲᠥᠷᠥ ᠶᠢᠨ ᠪᠣᠳᠣᠯᠭ᠎ᠠ ᠲᠣᠭᠲᠠᠭᠠᠵᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠪᠠᠯᠠ ᠲᠣᠬᠢᠷᠠᠭᠤᠯᠬᠤ ᠶᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ ᠪᠤᠢ
ᠨᠡᠶᠢᠲᠡᠯᠡᠭᠰᠡᠨ ᠴᠠᠭ᠄
2025/4/21
  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠦᠷᠭᠦᠯᠵᠢᠯᠡᠨ ᠠᠬᠢᠭᠤᠯᠵᠤ ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠪᠤᠶᠢᠵᠢᠭᠤᠯᠤᠨ ᠬᠥᠭᠵᠢᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠪᠡᠯᠡ ᠲᠣᠬᠢᠷᠠᠭᠤᠯᠬᠤ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠬᠤ ᠶᠢᠨ ᠲᠥᠯᠥᠭᠡ ᠂ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠯᠪᠠᠨ ᠭᠡᠷ ᠵᠡᠷᠭᠡ ᠵᠢᠷᠭᠤᠭᠠᠨ ᠰᠠᠯᠠᠭ᠎ᠠ ᠮᠥᠴᠢᠷ ᠬᠠᠮᠲᠤᠷᠠᠨ ︽ᠡᠳ᠋ ᠤᠨ ᠵᠠᠰᠠᠭ ᠮᠥᠩᠭᠦᠨ ᠭᠦᠢᠯᠭᠡᠭᠡᠨ ᠤ ᠬᠠᠮᠵᠢᠯᠴᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︿ᠪᠦᠰᠡᠯᠡᠯᠲᠡ ᠰᠢᠪᠲᠤᠯᠬᠤ﹀ ᠢᠨᠵᠧᠨᠧᠷᠢᠩ ᠲᠤ ᠦᠢᠯᠡᠴᠢᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠨᠠᠯ︾ ᠢ ᠲᠠᠷᠬᠠᠭᠠᠵᠤ ᠂ ᠤᠯᠠᠨ ᠲᠡᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠳᠡᠮᠵᠢᠯᠭᠡ ᠶᠢ ᠲᠡᠭᠦᠯᠳᠡᠷᠵᠢᠭᠦᠯᠬᠦ ᠲᠤᠬᠠᠢ 4 ᠲᠠᠯ᠎ᠠ ᠶᠢᠨ ᠪᠣᠳᠠᠲᠠᠢ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠳᠤᠷᠠᠳᠴᠠᠢ ᠃  ᠨᠢᠭᠡ ᠳᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠵᠢᠭᠡᠯᠡᠯᠭᠡ ᠲᠠᠷᠬᠠᠭᠠᠬᠤ ᠲᠥᠷᠥᠯ ᠵᠦᠢᠯ ᠤᠨ ᠪᠡᠯᠡᠳᠬᠡᠯ ᠬᠥᠮᠥᠷᠭᠡ ᠶᠢ ᠪᠠᠶᠢᠭᠤᠯᠤᠨ᠎ᠠ ᠃ ︽ᠠᠵᠢᠯ ᠲᠥᠷᠥᠯ ᠢ ᠬᠠᠮᠢᠶᠠᠷᠴᠤ ᠪᠠᠯᠠ ᠲᠣᠬᠢᠷᠠᠭᠤᠯᠬᠤ︾ ᠣᠨᠣᠯᠵᠢᠬᠤᠨ ᠢ ᠪᠣᠶ ᠪᠣᠯᠭᠠᠵᠤ ᠂ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠪᠠᠷ ᠪᠠᠶᠢᠭ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠤᠶᠢᠯᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠵᠢᠭᠡᠯᠡᠯᠭᠡ ᠲᠠᠷᠬᠠᠭᠠᠬᠤ ᠲᠥᠷᠥᠯ ᠵᠦᠢᠯ ᠤᠨ ᠨᠥᠭᠡᠴᠡᠯᠡᠬᠦ ᠬᠥᠮᠥᠷᠭᠡ ᠶᠢ ᠪᠠᠶᠢᠭᠤᠯᠤᠨ ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠂ ᠵᠠᠭᠤᠴᠢ ᠪᠠᠶᠢᠭᠤᠯᠤᠮᠵᠢ ᠳᠤ ᠬᠦᠷᠲᠡᠯ᠎ᠡ ᠭᠤᠤᠯᠳᠠᠯᠭ᠎ᠠ ᠲᠠᠢ ᠪᠤᠶᠢᠵᠢᠭᠤᠯᠬᠤ ᠂ ᠮᠥᠷᠳᠡᠨ ᠦᠢᠯᠡᠴᠢᠯᠡᠬᠦ ᠶᠢ ᠬᠡᠷᠡᠭᠵᠢᠭᠦᠯᠦᠨ᠎ᠡ ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠣᠷᠣᠨ ᠪᠦᠰᠡ ᠶᠢᠨ ᠴᠢᠨᠠᠷᠲᠠᠶ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠣᠷᠣᠬᠤ ᠶᠢ ᠢᠳᠡᠪᠬᠢᠲᠡᠶ ᠪᠠᠷ ᠬᠥᠲᠥᠯᠥᠨ ᠵᠢᠯᠤᠭᠤᠳᠴᠣ ︵ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ︶ ᠨᠡᠪᠴᠢᠭᠦᠯᠦᠨ ᠪᠤᠶᠢᠵᠢᠭᠤᠯᠬᠤ ᠶᠢ ᠬᠦᠯᠢᠶᠡᠨ ᠠᠪᠴᠤ ᠂ ᠵᠢᠷᠤᠮᠵᠢᠭᠤᠯᠤᠨ ᠠᠵᠢᠯᠯᠠᠭᠤᠯᠤᠨ ᠬᠥᠭᠵᠢᠭᠦᠯᠵᠦ ᠂ ᠢᠷᠡᠭᠡᠳᠦᠶ ᠶᠢᠨ ᠵᠠᠬ᠎ᠠ ᠳᠡᠯᠭᠡᠭᠦᠷ ᠲᠤ ᠭᠠᠷᠬᠤ ᠰᠠᠭᠤᠷᠢ ᠶᠢ ᠲᠠᠯᠪᠢᠨ᠎ᠠ ᠃  ᠬᠤᠶᠠᠷ ᠲᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠪᠡᠯᠡ ᠲᠣᠬᠢᠷᠠᠭᠤᠯᠬᠤ ᠶᠢ ᠲᠡᠳᠬᠦᠬᠦ ᠡᠷᠴᠢᠮ ᠢ ᠴᠢᠩᠭᠠᠷᠠᠭᠤᠯᠤᠨ᠎ᠠ ᠃ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ︽ᠲᠢᠶᠠᠨ ᠵᠢᠶᠦ᠋ᠨ ᠲᠥᠯᠥᠪᠯᠡᠭᠡ︾ ᠶᠢ ᠭᠦᠨᠵᠡᠭᠡᠶ ᠠᠬᠢᠭᠤᠯᠵᠤ ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠭᠤᠤᠯᠯᠠᠨ ᠡᠷᠭᠢᠯᠡᠵᠦ ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠬᠠᠮᠲᠤᠷᠠᠨ ᠣᠨᠣᠰᠢᠯᠠᠬᠤ ᠂ ᠠᠶᠢᠮᠠᠭ ᠬᠤᠲᠠ ᠶᠢᠨ ᠵᠠᠰᠠᠭ ᠤᠨ ᠣᠷᠳᠣᠨ ᠬᠢᠭᠡᠳ ᠲᠦᠷᠦᠭᠦᠦ ᠬᠡᠰᠡᠭ ᠤᠨ ᠲᠡᠮᠳᠡᠭᠲᠦ ᠶᠢᠨ ᠬᠤᠳᠠᠯᠳᠤᠭᠠᠴᠢᠨ ᠤ ᠵᠥᠪᠯᠡᠭᠴᠢ ᠶᠢᠨ ᠬᠠᠮᠲᠤᠷᠠᠯᠴᠠᠭ᠎ᠠ ᠵᠡᠷᠭᠡ ᠠᠵᠢᠯ ᠤᠨ ᠲᠣᠭᠲᠠᠴᠠ ᠶᠢ ᠭᠦᠢᠴᠡᠳ ᠠᠰᠢᠭᠯᠠᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠵᠠᠬ᠎ᠠ ᠳᠡᠯᠭᠡᠭᠦᠷ ᠲᠤ ᠭᠠᠷᠭᠠᠬᠤ ᠪᠠᠷ ᠪᠠᠶᠢᠨ᠎ᠠ ᠃ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠠᠵᠢᠯ ᠤᠨ ᠡᠬᠡ ᠲᠠᠩᠰᠠ ᠶᠢ ᠪᠠᠶᠢᠭᠤᠯᠵᠤ ᠂ ᠵᠠᠬ᠎ᠠ ᠳᠡᠯᠭᠡᠭᠦᠷ ᠲᠤ ᠭᠠᠷᠬᠤ ᠪᠡᠯᠡᠳᠬᠡᠯ ᠠᠵᠤ ᠠᠬᠤᠶᠢᠯᠠᠯ ᠢ ᠪᠠᠶᠢᠩᠭᠤᠵᠢᠭᠤᠯᠤᠨ ᠵᠢᠭᠰᠠᠭᠠᠨ ᠪᠠᠶᠢᠴᠠᠭᠠᠵᠤ ᠂ ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠂ ᠨᠢᠭᠡ ᠠᠰᠠᠭᠤᠳᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠵᠦ ᠂ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠲᠤ ᠭᠠᠷᠭᠠᠬᠤ ᠬᠠᠷᠰᠢ ᠰᠠᠭᠠᠳ ᠢ ᠠᠷᠢᠯᠭᠠᠨ᠎ᠠ ᠃  ᠭᠤᠷᠪᠠ ᠳᠤ ᠂ ᠲᠡᠮᠳᠡᠭᠲᠦ ᠠᠷᠠᠯᠵᠢᠶᠠᠯᠠᠬᠤ ᠭᠠᠵᠠᠷ ᠯᠤᠭ᠎ᠠ ᠵᠣᠯᠭᠠᠭᠤᠯᠵᠤ ᠬᠠᠮᠲᠤᠷᠠᠯᠴᠠᠬᠤ ᠶᠢ ᠭᠦᠨᠵᠡᠭᠡᠶᠢᠷᠡᠭᠦᠯᠦᠨ᠎ᠡ ᠃ ᠱᠠᠩᠬᠠᠶ ᠂ ᠱᠧᠨᠵᠧᠨ ᠂ ᠪᠡᠭᠡᠵᠢᠩ ᠤᠨ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ ᠯᠤᠭ᠎ᠠ ᠶᠢᠨ ᠪᠥᠬᠦ ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ ᠂ ᠠᠷᠠᠯᠵᠢᠶᠠᠨ ᠤ ᠭᠠᠵᠠᠷ ᠤᠨ ᠲᠤᠰᠬᠠᠶ ᠬᠦᠴᠦᠨ ᠢ ᠠᠰᠢᠭᠯᠠᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠬᠥᠷᠥᠩᠭᠡ ᠶᠢᠨ ᠵᠠᠬ᠎ᠠ ᠳᠡᠯᠭᠡᠭᠦᠷ ᠲᠤ ᠣᠷᠣᠬᠤ ᠳᠤ ᠦᠢᠯᠡᠴᠢᠯᠡᠨ᠎ᠡ ᠃ ᠲᠡᠮᠳᠡᠭᠲᠦ ᠶᠢᠨ ᠠᠷᠠᠯᠵᠢᠶᠠᠨ ᠤ ᠭᠠᠵᠠᠷ ᠲᠠᠢ ᠬᠠᠮᠲᠤᠷᠠᠨ ᠬᠥᠷᠥᠩᠭᠡ ᠶᠢᠨ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠰᠠᠷ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠬᠢᠭᠡᠳ ᠠᠷᠠᠯᠵᠢᠶᠠᠨ ᠤ ᠭᠠᠵᠠᠷ ᠤᠨ ᠲᠤᠰᠬᠠᠶ ᠮᠡᠷᠭᠡᠵᠢᠯᠲᠡᠳ ᠤᠨ ︽ᠨᠢᠭᠤᠷ ᠲᠤᠯᠭᠠᠬᠤ︾ ᠶᠢ ᠴᠢᠩᠭᠠᠳᠬᠠᠵᠤ ᠂ ᠠᠶᠢᠮᠠᠭ ᠬᠤᠲᠠ ᠂ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠠᠵᠤ ᠠᠬᠤᠶᠢᠯᠠᠯ ᠢ ᠵᠢᠯᠣᠭᠤᠳᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠤᠬᠠᠶ ᠣᠶᠢᠯᠠᠭᠠᠯᠲᠠ ᠶᠢ ᠭᠦᠨᠵᠡᠭᠡᠶᠢᠷᠡᠭᠦᠯᠵᠦ ᠂ ᠬᠥᠷᠥᠩᠭᠡ ᠶᠢᠨ ᠵᠠᠬ᠎ᠠ ᠳᠡᠯᠭᠡᠭᠦᠷ ᠢ ᠠᠰᠢᠭᠯᠠᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ ᠃  ᠳᠥᠷᠪᠡ ᠳᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠳᠠᠬᠢᠨ ᠪᠠᠯᠠ ᠴᠤᠭᠯᠠᠭᠤᠯᠬᠤ ᠵᠢᠴᠢ ᠨᠡᠶᠢᠯᠡᠭᠦᠯᠦᠨ ᠬᠤᠳᠠᠯᠳᠤᠨ ᠠᠪᠴᠤ ᠳᠠᠬᠢᠨ ᠵᠣᠬᠢᠶᠠᠨ ᠪᠠᠶᠢᠭᠤᠯᠬᠤ ᠶᠢ ᠳᠡᠮᠵᠢᠨ᠎ᠡ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠵᠠᠬ᠎ᠠ ᠳᠡᠯᠭᠡᠭᠦᠷ ᠲᠤ ᠭᠠᠷᠬᠤ ᠺᠣᠮᠫᠠᠨᠢ ᠶᠢ ᠵᠣᠷᠢᠭᠵᠢᠭᠤᠯᠵᠤ ᠪᠠᠶᠢᠭᠠᠳ ︽ᠪᠠᠭ᠎ᠠ ᠲᠣᠭᠠᠨ ᠤ ᠲᠦᠷᠭᠡᠨ︾ ᠵᠡᠷᠭᠡ ᠪᠡᠯᠡ ᠲᠣᠬᠢᠷᠠᠭᠤᠯᠬᠤ ᠬᠡᠪᠴᠢᠶ᠎ᠡ ᠶᠢ ᠵᠣᠬᠢᠰᠲᠠᠶ ᠂ ᠪᠡᠯᠡ ᠲᠤᠬᠢᠷᠠᠭᠤᠯᠭ᠎ᠠ ᠶᠢᠨ ᠦᠷ᠎ᠡ ᠪᠦᠲᠦᠮᠵᠢ ᠪᠠᠷ ᠥᠨᠳᠥᠷ ᠳᠠᠬᠢᠨ ᠪᠡᠯᠡ ᠲᠣᠬᠢᠷᠠᠭᠤᠯᠬᠤ ᠠᠷᠭ᠎ᠠ ᠬᠡᠯᠪᠡᠷᠢ ᠶᠢ ᠠᠪᠴᠤ ᠂ ᠠᠵᠤ ᠠᠬᠤᠶᠢᠯᠠᠯ ᠤᠨ ᠬᠡᠷᠡᠭᠰᠡᠬᠦ ᠪᠡᠯᠡ ᠮᠥᠩᠭᠦ ᠶᠢᠨ ᠳᠤᠲᠠᠭᠳᠠᠯ ᠢ ᠰᠢᠢᠳᠪᠦᠷᠢᠯᠡᠬᠦ ᠬᠡᠷᠡᠭᠲᠡᠶ ᠃ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ ᠂ ᠬᠡᠯᠬᠢᠶ᠎ᠡ ᠶᠢ ᠴᠢᠩᠭᠠᠳᠬᠠᠬᠤ ᠂ ᠬᠡᠯᠬᠢᠶ᠎ᠡ ᠶᠢ ᠤᠷᠲᠤᠳᠬᠠᠬᠤ ᠂ ᠬᠡᠯᠬᠢᠶ᠎ᠡ ᠶᠢ ᠨᠥᠬᠦᠪᠦᠷᠢᠯᠡᠬᠦ ᠲᠣᠭᠤᠷᠢᠨ ᠳᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠦᠵᠦᠭᠦᠷ ᠤᠨ ᠪᠠ ᠵᠠᠬ᠎ᠠ ᠳᠡᠯᠭᠡᠭᠦᠷ ᠤᠨ ᠦᠵᠦᠭᠦᠷ ᠵᠡᠷᠭᠡ ᠥᠨᠳᠥᠷ ᠨᠡᠮᠡᠯᠲᠡ ᠦᠷᠳᠡᠭ ᠪᠦᠬᠦᠢ ᠬᠦᠷᠢᠶ᠎ᠡ ᠲᠡᠶᠢᠰᠢ ᠤᠷᠲᠤᠳᠬᠠᠬᠤ ᠶᠢ ᠳᠡᠮᠵᠢᠵᠦ ᠂ ᠠᠵᠢᠯ ᠲᠦᠷᠦᠯ ᠤᠨ ᠬᠥᠲᠥᠴᠢ ᠠᠵᠤ ᠠᠬᠤᠶᠢᠯᠠᠯ ᠢ ᠪᠤᠢ ᠪᠣᠯᠭᠠᠨ᠎ᠠ ᠃ ᠪᠠᠩᠬᠢ ᠂ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠬᠢᠬᠦ ᠵᠡᠷᠭᠡ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠳᠤ ᠨᠡᠶᠢᠯᠡᠭᠦᠯᠦᠨ ᠬᠤᠳᠠᠯᠳᠤᠨ ᠠᠪᠬᠤ ᠵᠢᠭᠡᠯᠡᠯᠭᠡ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠠᠯᠲᠠ ᠵᠡᠷᠭᠡ ᠦᠢᠯᠡᠴᠢᠯᠡᠭᠡᠨ ᠬᠠᠩᠭᠠᠵᠤ ᠂ ᠨᠡᠶᠢᠯᠡᠭᠦᠯᠦᠨ ᠬᠤᠳᠠᠯᠳᠤᠨ ᠠᠪᠴᠤ ᠳᠠᠬᠢᠨ ᠵᠣᠬᠢᠶᠠᠨ ᠪᠠᠶᠢᠭᠤᠯᠬᠤ ᠳᠤ ᠣᠯᠠᠨ ᠶᠠᠩᠵᠤ ᠶᠢᠨ ᠪᠡᠯᠡ ᠮᠥᠩᠭᠦ ᠶᠢᠨ ᠳᠡᠮᠵᠢᠯᠭᠡ ᠬᠠᠩᠭᠠᠨ᠎ᠠ ᠃ 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号