ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ | ᠨᠠᠭᠠᠰᠢ ᠂ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠵᠤ ᠂ ᠲᠥᠪ ᠤᠨ ᠨᠠᠢᠮᠠᠨ | ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ ᠂ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠤᠬᠠᠮᠰᠠᠷ ᠠᠴᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ | ᠤᠶᠠᠯᠳᠤᠭᠤᠯᠵᠤ ᠂ ᠨᠢᠭᠡ ᠭᠤᠤᠯ ᠱᠤᠭᠤᠮ ᠢ ᠲᠤᠭᠤᠰᠢᠯᠠᠭᠤᠯᠬᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ︽ | ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠂ ︽ᠵᠢᠷᠭᠤᠭᠠᠨ | ᠠᠵᠢᠯᠯᠠᠭ᠎ᠠ︾ ᠶᠢ ᠥᠷᠨᠢᠭᠦᠯᠬᠦ ᠲᠠᠢ ᠤᠶᠠᠯᠳᠤᠭᠤᠯᠵᠤ ᠂ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ | ᠤᠯᠬᠤ ᠪᠠᠷ ᠴᠢᠷᠮᠠᠶᠢᠪᠠ ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠭᠤᠯᠭ᠎ᠠ ᠶᠢᠨ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠲᠤᠬᠠᠶ ᠰᠤᠷᠤᠯᠴᠠᠯᠭ᠎ᠠ | ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠣᠰᠣᠭᠠᠷ ᠂ ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠭᠤᠯᠭ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠶᠢ ᠡᠷᠭᠢᠯᠡᠪᠡ ᠃ ᠨᠣᠮ | ᠤᠩᠰᠢᠬᠤ ᠠᠩᠭᠢ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ | ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠬᠤ ᠪᠠᠷ ᠭᠤᠤᠯ ᠰᠡᠳᠦᠪ ᠪᠣᠯᠭᠠᠵᠤ ᠂ ᠲᠤᠰᠬᠠᠶ ᠰᠡᠳᠦᠪ ᠢᠶᠠᠷ | ᠬᠠᠪᠰᠤᠷᠤᠨ ᠵᠢᠯᠣᠭᠤᠳᠬᠤ ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ | ᠳᠠᠮᠵᠢᠭᠤᠯᠤᠨ ᠂ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠰᠢᠨᠲᠠᠷᠠᠰᠢ ᠥᠬᠡᠶ ᠨᠠᠶᠢᠳᠠᠪᠤᠷᠢᠵᠢᠭᠤᠯᠵᠤ ᠂ ᠲᠠᠨᠢᠯᠲᠠ ᠶᠢ ᠨᠢ ᠳᠡᠭᠡᠭᠰᠢᠯᠡᠭᠦᠯᠦᠨ ᠂ | ᠢᠲᠡᠭᠡᠯ ᠵᠣᠷᠢᠭ ᠢ ᠨᠢ ᠨᠡᠮᠡᠭᠳᠡᠭᠦᠯᠵᠦ ᠂ ᠨᠠᠶᠢᠳᠠᠪᠤᠷᠢᠵᠢᠭᠤᠯᠤᠯᠲᠠ ᠶᠢ ᠡᠷᠡᠰ ᠭᠤᠶᠢᠪᠢᠰᠢ ᠥᠬᠡᠶ ᠰᠠᠶᠢᠲᠤᠷ | ᠠᠳᠬᠤᠨ᠎ᠠ ᠃ ᠤᠯᠠᠨ ᠢᠶᠠᠷ ᠢᠶᠠᠨ ᠂ ᠤᠬᠠᠮᠰᠠᠷ ᠠᠴᠠ ᠪᠠᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ ᠂ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠡᠨᠡ ᠵᠢᠯ ᠤᠨ ᠪᠠᠶᠢᠭᠤᠯᠭ᠎ᠠ ᠶᠢᠨ ᠨᠠᠮ ᠤᠨ | ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠪᠣᠯᠭᠠᠵᠤ ᠂ ᠰᠤᠷᠤᠯᠴᠠᠬᠤ ᠶᠢᠨ ᠳᠠᠭᠠᠤ ᠪᠠᠶᠢᠴᠠᠭᠠᠵᠤ ᠂ | ᠪᠠᠶᠢᠴᠠᠭᠠᠬᠤ ᠶᠢᠨ ᠳᠠᠭᠠᠤ ᠰᠠᠶᠢᠵᠢᠷᠠᠭᠤᠯᠵᠤ ᠂ ᠰᠤᠷᠲᠠᠯ ᠢ ᠰᠠᠶᠢᠵᠢᠷᠠᠭᠤᠯᠤᠭᠰᠠᠨ ᠪᠣᠳᠠᠲᠠᠢ ᠦᠷ᠎ᠡ ᠪᠦᠲᠦᠮᠵᠢ ᠪᠠᠷ ︽ | ᠬᠤᠶᠠᠷ ᠢ ᠲᠣᠭᠲᠠᠭᠠᠬᠤ︾ ᠶᠢ ᠬᠦᠷᠢᠶᠡᠯᠡᠵᠦ ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠦᠨ᠎ᠡ ᠭᠡᠵᠦ | ᠰᠠᠨᠠᠯ ᠨᠢᠭᠡᠲᠡᠢ ᠢᠯᠡᠳᠬᠡᠪᠡ ᠃ ᠶᠠᠮᠤᠨ ᠤ ᠤᠳᠤᠷᠢᠳᠤᠯᠭ᠎ᠠ ᠂ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠲᠠᠰᠤᠭ ᠂ | ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ ᠨᠣᠮ ᠤᠩᠰᠢᠬᠤ ᠠᠩᠭᠢ ᠳᠤ ᠰᠤᠷᠤᠯᠴᠠᠪᠠ ᠃ | ᠲᠦᠷᠦᠭᠦᠬᠡᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠵᠤ ᠂ ᠶᠠᠮᠤᠨ ᠤ | ᠪᠠᠶᠢᠭᠤᠯᠭ᠎ᠠ ᠶᠢᠨ ᠰᠤᠷᠤᠯᠴᠠᠯᠭ᠎ᠠ ᠬᠥᠮᠦᠵᠢᠯ ᠤᠨ ᠬᠦᠴᠦᠲᠡᠶ ᠪᠦᠲᠦᠮᠵᠢᠲᠡᠶ ᠯᠠᠪᠳᠠᠭᠤᠨ ᠪᠠᠲᠤᠲᠠᠶ ᠥᠷᠨᠢᠬᠦ ᠶᠢ | ᠠᠬᠢᠭᠤᠯᠪᠠ ᠃ ᠨᠣᠮ ᠤᠩᠰᠢᠬᠤ ᠠᠩᠭᠢ ᠶᠢ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ ᠂ ᠲᠥᠪᠯᠡᠷᠡᠭᠦᠯᠦᠨ | ᠥᠪᠡᠰᠦᠪᠡᠨ ᠰᠤᠷᠤᠯᠴᠠᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ | ᠶᠠᠪᠤᠭᠳᠠᠭᠤᠯᠪᠠ ᠃ ︽ᠨᠠᠮ ᠤᠨ ᠲᠥᠪ ᠬᠤᠷᠢᠶ᠎ᠠ ᠠᠴᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠪᠠᠶᠢᠷᠢᠯᠠᠭᠤᠯᠤᠨ ᠥᠷᠨᠢᠭᠦᠯᠵᠦ ᠂ ᠰᠤᠷᠲᠠᠯ ᠤᠨ | ᠪᠠᠶᠢᠭᠤᠯᠤᠯᠲᠠ ᠡᠭᠦᠷᠢᠳᠡ ᠵᠤᠬᠰᠤᠰᠢ ᠦᠭᠡᠢ ᠭᠡᠳᠡᠭ ᠢᠶᠠᠨ ᠪᠦᠬᠦ ᠨᠠᠮ ᠳᠤ ᠳᠠᠬᠢᠨᠲᠠ ᠨᠡᠶᠢᠲᠡᠯᠡᠵᠦ ᠂ ᠵᠠᠯᠭᠠᠭ᠎ᠠ ᠪᠠᠷ | ᠨᠢᠭᠡ ᠨᠢᠭᠡ ᠠᠯᠤᠬ᠎ᠠ ᠪᠠᠷ ᠲᠣᠭᠰᠢᠵᠤ ᠂ ᠡᠴᠦᠰ ᠲᠤᠨᠢ ᠲᠤᠯᠲᠠᠯ᠎ᠠ ᠠᠳᠬᠤᠬᠤ ᠡᠷᠡᠰ ᠪᠠᠲᠦ ᠵᠤᠷᠢᠭ ᠢ ᠬᠠᠷᠠᠭᠤᠯᠵᠤ | ᠪᠠᠶᠢᠨ᠎ᠠ︾ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ | ᠲᠠᠶᠢᠸᠠᠨ ᠤ ᠠᠵᠢᠯ ᠪᠣᠯᠤᠨ ᠬᠡᠷᠡᠭ ᠶᠠᠪᠤᠳᠠᠯ ᠤᠨ ᠭᠠᠵᠠᠷ ᠤᠨ ᠳᠠᠷᠤᠭ᠎ᠠ ᠵᠦ ᠵᠢᠶᠧ ᠢᠯᠡᠷᠬᠡᠶᠢᠯᠡᠪᠡ ᠂ ᠦᠵᠡᠯ ᠰᠠᠨᠠᠭ᠎ᠠ | ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ | ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ ᠂ | ᠰᠤᠷᠤᠯᠴᠠᠬᠤ ᠳᠤᠮᠳᠠ ᠪᠠᠨ ᠪᠢᠰᠢᠷᠡᠨ ᠵᠢᠷᠦᠬᠡᠰᠢᠶᠡᠬᠦ ᠂ ᠪᠠᠶᠢᠴᠠᠭᠠᠬᠤ ᠳᠤᠮᠳᠠ ᠪᠠᠨ ᠵᠥᠷᠢᠶ᠎ᠡ ᠪᠠᠨ ᠡᠷᠢᠵᠦ ᠂ | ᠥᠭᠡᠷᠡᠴᠢᠯᠡᠬᠦ ᠳᠤᠮᠳᠠ ᠪᠣᠳᠠᠲᠤ ᠦᠷ᠎ᠡ ᠪᠦᠲᠦᠮᠵᠢ ᠣᠯᠵᠤ ᠂ ᠨᠠᠮ ᠳᠠᠭᠠᠨ ᠦᠨᠡᠨᠴᠢ ᠰᠢᠳᠤᠷᠭᠤ ᠂ ᠲᠤᠬᠠᠶᠢᠯᠠᠭᠰᠠᠨ | ᠠᠵᠢᠯ ᠤᠨ ᠲᠤᠰᠬᠠᠢ ᠨᠠᠷᠢᠯᠢᠭ ᠂ ᠰᠠᠬᠢᠯᠭ᠎ᠠ ᠪᠠᠲᠤ ᠴᠢᠩᠭ᠎ᠠ ᠨᠢᠭᠡᠳᠦᠮᠡᠯ ᠹᠷᠣᠨᠲ ᠤᠨ ᠺᠠᠳ᠋ᠷ ᠪᠤᠯᠵᠤ ᠂ | ᠣᠳᠣᠬᠢᠴᠢᠯᠠᠭᠰᠠᠨ ᠥᠪᠥᠷ ᠮᠣᠩᠭᠤᠯ ᠤᠨ ᠪᠦᠳᠦᠭᠡᠨ ᠪᠠᠶᠢᠭᠤᠯᠤᠯᠲᠠ ᠳᠤ ᠤᠶᠤᠨ ᠤᠬᠠᠭᠠᠨ ᠪᠣᠯᠤᠨ ᠬᠦᠴᠦᠨ | ᠴᠢᠳᠠᠯ ᠢ ᠨᠢᠭᠲᠠᠷᠠᠭᠤᠯᠤᠨ᠎ᠠ ᠭᠡᠵᠦ ᠢᠯᠡᠳᠬᠡᠪᠡ ᠃ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ | ᠠᠩᠭᠢ ᠶᠢ ᠡᠷᠭᠢᠯᠡᠪᠡ ᠃ ᠲᠣᠰ ᠤᠳᠠᠭᠠᠨ ᠤ ᠨᠣᠮ ᠤᠩᠰᠢᠬᠤ ᠠᠩᠭᠢ ᠶᠢ ᠲᠤᠰᠬᠠᠶ ᠮᠡᠷᠭᠡᠵᠢᠯᠲᠡᠨ ᠬᠠᠪᠰᠤᠷᠤᠨ | ᠵᠢᠯᠣᠭᠤᠳᠬᠤ ᠂ ᠸᠢᠳᠢᠣ᠋ ᠦᠵᠡᠬᠦ ᠂ ᠲᠥᠪᠯᠡᠷᠡᠭᠦᠯᠦᠨ ᠰᠤᠷᠤᠯᠴᠠᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ | ᠠᠷᠭ᠎ᠠ ᠮᠠᠶ᠋ᠢᠭ ᠢᠶᠠᠷ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠰᠢᠰᠲ᠋ᠧᠮ ᠲᠠᠢ ᠰᠤᠷᠤᠯᠴᠠᠵᠤ ᠂ ︽ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾ ᠶᠢ ᠲᠥᠪᠯᠡᠷᠡᠭᠦᠯᠦᠨ | ᠵᠣᠬᠢᠶᠠᠨ ᠪᠠᠶᠢᠭᠤᠯᠤᠨ ᠰᠤᠷᠤᠯᠴᠠᠵᠤ ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ | ᠵᠣᠷᠢᠭ ᠰᠠᠨᠠᠭ᠎ᠠ ᠵᠡᠷᠭᠡ ᠠᠭᠤᠯᠭ᠎ᠠ ᠶᠢ ᠭᠦᠨᠵᠡᠭᠡᠶ ᠰᠤᠷᠤᠯᠴᠠᠪᠠ ᠃ ᠨᠣᠮ ᠤᠩᠰᠢᠬᠤ ᠠᠩᠬᠢ ᠳᠤ ᠣᠷᠣᠯᠴᠠᠭᠰᠠᠨ | ᠨᠠᠮ ᠤᠨ ᠭᠡᠰᠢᠭᠦᠨ ᠺᠠᠳ᠋ᠷᠴᠤᠳ ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ | ᠴᠢᠩᠭᠠᠳᠬᠠᠵᠤ ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ | ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠨᠡᠨ ᠬᠦ ᠠᠬᠢᠭᠤᠯᠵᠤ ᠂ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠰᠤᠷᠲᠠᠯ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠦᠷ᠎ᠡ ᠪᠦᠲᠦᠮᠵᠢ | ᠪᠣᠯᠭᠠᠨ ᠬᠤᠪᠢᠷᠠᠭᠤᠯᠵᠤ ᠂ ᠪᠣᠳᠠᠲᠤ ᠦᠷ᠎ᠡ ᠪᠦᠲᠦᠮᠵᠢ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ | ᠬᠦᠷᠢᠶᠡᠯᠡᠵᠦ ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ ᠭᠡᠵᠦ ᠢᠯᠡᠳᠬᠡᠵᠡᠭᠡᠪᠡ ᠃ | ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯ ᠬᠤᠷᠠᠯᠳᠤᠭᠤᠯᠵᠤ ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠥᠰᠦᠯ ᠢ ᠬᠢᠨᠠᠨ ᠵᠥᠪᠯᠡᠵᠦ ᠪᠠᠲᠤᠯᠠᠪᠠ ᠃ ᠰᠤᠷᠭᠠᠨ | ᠬᠥᠮᠦᠵᠢᠯ ᠤᠨ ᠲᠢᠩᠬᠢᠮ ᠠᠴᠠ ᠂ ᠲᠥᠷᠥᠯ ᠬᠤᠪᠢᠶᠠᠨ ᠣᠯᠠᠨ ᠲᠦᠮᠡᠨ ᠰᠤᠷᠤᠯᠴᠠᠵᠤ ᠰᠤᠳᠤᠯᠤᠨ ᠶᠠᠷᠢᠯᠴᠠᠵᠤ ᠂ | ᠰᠤᠷᠲᠠᠯ ᠤᠨ ᠪᠠᠶᠢᠭᠤᠯᠤᠯᠲᠠ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ ᠂ ᠪᠠᠷᠢᠮᠵᠢᠶᠠᠯᠠᠨ ᠬᠠᠷᠭᠤᠭᠤᠯᠵᠤ | ᠠᠰᠠᠭᠤᠳᠠᠯ ᠢ ᠪᠠᠶᠢᠴᠠᠭᠠᠨ ᠳᠡᠯᠭᠡᠵᠦ ᠂ ᠪᠥᠬᠦ ᠲᠠᠯ᠎ᠠ ᠪᠠᠷ ᠪᠠᠶᠢᠴᠠᠭᠠᠵᠤ ᠦᠨᠳᠦᠰᠦ ᠰᠤᠷᠪᠤᠯᠵᠢ ᠶᠢ ᠨᠢ ᠣᠨᠣᠪᠴᠢᠲᠠᠶ | ᠡᠷᠢᠵᠦ ᠂ ᠭᠤᠤᠯᠳᠠᠯᠭ᠎ᠠ ᠶᠢ ᠳᠣᠪᠤᠶᠢᠯᠭᠠᠨ ᠲᠥᠪᠯᠡᠷᠡᠭᠦᠯᠦᠨ ᠴᠡᠭᠴᠡᠯᠡᠨ ᠵᠠᠰᠠᠵᠤ ᠂ ᠬᠠᠷᠠᠯᠲᠠ ᠲᠠᠢ ᠪᠠᠷ ᠬᠦᠴᠦᠯᠡᠨ | ᠰᠤᠷᠲᠠᠯ ᠤᠨ ᠠᠷᠬᠠᠭ ᠬᠡᠮ ᠢ ᠠᠷᠢᠯᠭᠠᠵᠤ ᠂ ᠪᠣᠳᠠᠲᠤ ᠦᠷ᠎ᠡ ᠪᠦᠲᠦᠮᠵᠢ ᠪᠠᠷ ᠤᠯᠠᠨ ᠲᠦᠮᠡᠨ ᠳᠤ ᠲᠥᠷᠥᠭᠳᠡᠯ | ᠣᠯᠭᠤᠨ᠎ᠠ ᠃ ᠰᠤᠷᠤᠯᠴᠠᠯᠭ᠎ᠠ ᠬᠥᠮᠦᠵᠢᠯ ᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠂ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠂ | ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ︽ᠨᠠᠮ ᠤᠨ ᠠᠴᠢ ᠳᠤ ᠲᠠᠯᠠᠷᠬᠠᠵᠦ ᠂ ᠨᠠᠮ ᠤᠨ ᠦᠭᠡ ᠶᠢ ᠰᠤᠨᠤᠰᠴᠦ ᠂ | ᠨᠠᠮ ᠢᠶᠠᠨ ᠲᠠᠭᠠᠨ ᠤᠷᠤᠭᠰᠢᠯᠠᠬᠤ︾ ᠤᠯᠠᠨ ᠲᠦᠮᠡᠨ ᠤ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠬᠦ ᠲᠠᠢ | ᠤᠶᠠᠯᠳᠤᠭᠤᠯᠵᠤ ᠂ ᠰᠤᠷᠭᠠᠨ ᠬᠥᠮᠦᠵᠢᠯ ᠤᠨ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢᠨ ᠬᠥᠲᠥᠯᠪᠦᠷᠢ ᠶᠢ ᠨᠠᠶᠢᠳᠠᠪᠤᠷᠢᠵᠢᠭᠤᠯᠬᠤ ᠂ ᠰᠤᠷᠭᠠᠨ ᠬᠥᠮᠦᠵᠢᠯ ᠢᠶᠠᠷ ᠣᠷᠣᠨ ᠢᠶᠠᠨ | ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ ᠶᠢᠨ ᠰᠠᠨᠠᠯ ᠲᠠᠢ ᠤᠶᠠᠯᠳᠤᠭᠤᠯᠵᠤ ᠂ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠠᠵᠢᠯ ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ | ᠠᠰᠠᠭᠤᠳᠠᠯ ᠢ ᠴᠡᠭᠴᠡᠯᠡᠨ ᠵᠠᠰᠠᠬᠤ ᠲᠠᠢ ᠨᠢᠭᠡ ᠴᠤᠬᠴᠠᠵᠢᠭᠤᠯᠤᠨ ᠠᠬᠢᠭᠤᠯᠬᠤ ᠲᠠᠢ ᠤᠶᠠᠯᠳᠤᠭᠤᠯᠵᠤ ᠂ ᠰᠤᠷᠤᠯᠴᠠᠬᠤ | ᠶᠠᠰᠤ ᠴᠢᠨᠠᠷ ᠲᠠᠢ ᠂ ᠪᠠᠶᠢᠴᠠᠭᠠᠬᠤ ᠡᠷᠴᠢᠮ ᠲᠠᠢ ᠂ ᠰᠠᠶᠢᠵᠢᠷᠠᠭᠤᠯᠬᠤ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ | ᠬᠡᠷᠡᠭᠲᠡᠢ ᠃ | ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ | ᠤᠩᠰᠢᠬᠤ ᠠᠩᠭᠢ ᠡᠷᠭᠢᠯᠡᠵᠦ ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ | ᠵᠣᠷᠢᠭ ᠰᠠᠨᠠᠭᠠᠨ ᠤ ᠭᠤᠤᠯ ᠠᠭᠤᠯᠭ᠎ᠠ ᠂ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠬᠤ ᠪᠠᠷ | ᠳᠠᠮᠵᠢᠭᠤᠯᠤᠨ ᠂ ᠨᠠᠮ ᠤᠨ ᠭᠡᠰᠢᠭᠦᠨ ᠺᠠᠳ᠋ᠷᠴᠤᠳ ᠤᠨ ᠰᠤᠷᠲᠠᠯ ᠤᠨ ᠪᠠᠶᠢᠭᠤᠯᠤᠯᠲᠠ ᠶᠢᠨ ᠦᠵᠡᠯ ᠰᠠᠨᠠᠭᠠᠨ ᠤ | ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠲᠤᠳᠬᠠᠬᠤ ᠶᠢ ᠠᠬᠢᠭᠤᠯᠪᠠ ᠃ ᠲᠢᠩᠬᠢᠮ ᠤᠨ ᠨᠠᠮ ᠤᠨ | ᠬᠤᠷᠢᠶᠠᠨ ᠤ ᠤᠳᠤᠷᠢᠳᠬᠤ ᠪᠠᠭ ᠤᠨ ᠭᠡᠰᠢᠭᠦᠨ ᠲᠦᠷᠦᠭᠦᠯᠡᠨ ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠶᠢ | ᠥᠷᠨᠢᠭᠦᠯᠵᠦ ᠂ ᠦᠨᠡᠨ ᠬᠦ ᠤᠷᠢᠳ ᠢᠶᠠᠷ ᠰᠤᠷᠤᠯᠴᠠᠵᠤ ᠂ ᠨᠢᠭᠡ ᠠᠯᠬᠤᠮ ᠭᠦᠨᠵᠡᠭᠡᠢ ᠰᠤᠷᠤᠯᠴᠠᠵᠠᠢ ᠃ ᠨᠣᠮ | ᠤᠩᠰᠢᠬᠤ ᠠᠩᠬᠢ ᠳᠤ ᠪᠠᠰᠠ ᠲᠤᠰᠬᠠᠢ ᠮᠡᠷᠭᠡᠵᠢᠯᠲᠡᠨ ᠡᠷᠳᠡᠮᠲᠡᠳ ᠤᠨ ᠵᠢᠭᠠᠨ ᠰᠤᠷᠭᠠᠯᠲᠠ ᠶᠢ ᠴᠢᠩᠭᠠᠳᠬᠠᠵᠤ ᠂ | ᠰᠢᠨ᠎ᠡ ᠴᠠᠭ ᠦᠶ᠎ᠡ ᠶᠢᠨ ᠰᠤᠷᠲᠠᠯ ᠤᠨ ᠪᠠᠶᠢᠭᠤᠯᠤᠯᠲᠠ ᠶᠢ ᠶᠠᠭᠤᠨ ᠳᠤ ᠠᠳᠬᠤᠬᠤ ᠂ ᠶᠠᠭᠤ ᠶᠢ ᠠᠳᠬᠤᠬᠤ ᠂ ᠬᠡᠷᠬᠢᠨ | ᠠᠳᠬᠤᠬᠤ ᠵᠡᠷᠭᠡ ᠴᠢᠬᠤᠯᠠ ᠠᠰᠠᠭᠤᠳᠠᠯ ᠤᠨ ᠲᠣᠭᠤᠷᠢᠨ ᠳᠤ ᠪᠦᠬᠦ ᠨᠠᠮ ᠤᠨ ᠭᠡᠰᠢᠭᠦᠨ ᠺᠠᠳ᠋ᠷᠴᠤᠳ ᠲᠤ ᠲᠤᠰᠬᠠᠢ | ᠰᠡᠳᠦᠪᠲᠦ ᠬᠠᠪᠰᠤᠷᠤᠨ ᠵᠢᠯᠤᠭᠤᠳᠤᠯᠭ᠎ᠠ ᠬᠢᠵᠦ ᠂ ᠲᠡᠳᠡᠨ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ | ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠵᠤ ᠂ ᠰᠤᠷᠲᠠᠯ ᠤᠨ ᠪᠣᠯᠪᠠᠰᠤᠷᠠᠯ ᠢ ᠴᠢᠩᠭᠠᠳᠬᠠᠪᠠ ᠃ ᠥᠪᠡᠷᠲᠡᠭᠡᠨ | ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠰᠢᠰᠲ᠋ᠧᠮ ᠤᠨ ᠬᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠡᠮᠬᠢ ᠵᠢᠷᠤᠮ ᠲᠠᠢ ᠪᠦᠲᠦᠮᠵᠢᠲᠡᠶ ᠥᠷᠨᠢᠭᠦᠯᠬᠦ ᠶᠢ ᠯᠠᠪᠳᠠᠭᠤᠨ | ᠪᠠᠲᠤᠲᠠᠶ ᠠᠬᠢᠭᠤᠯᠵᠤ ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠨᠠᠩ ᠰᠢᠯᠢᠳᠡᠭ | ᠰᠤᠷᠲᠠᠯ ᠢᠶᠠᠷ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠦᠢᠯᠡᠰ ᠤᠨ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠶᠢ ᠠᠬᠢᠭᠤᠯᠵᠤ ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ | ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠬᠡᠷᠡᠭᠲᠡᠶ ᠭᠡᠵᠡᠢ ᠃ | ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠬᠡᠷᠡᠭᠵᠢᠭᠦᠯᠬᠦ ᠲᠥᠰᠦᠯ ᠵᠢᠴᠢ | ᠡᠭᠦᠷᠭᠡ ᠶᠢᠨ ᠨᠠᠷᠢᠨ ᠬᠠᠭᠤᠳᠠᠰᠤ ᠶᠢ ᠲᠣᠭᠲᠠᠭᠠᠵᠤ ᠂ 17 ᠵᠦᠢᠯ ᠤᠨ ᠪᠣᠳᠠᠲᠠᠶ ᠡᠭᠦᠷᠭᠡ ᠶᠢ ᠳᠤᠷᠠᠳᠴᠤ ᠂ | ᠲᠦᠷᠦᠭᠦᠯᠡᠨ ᠬᠢᠬᠦ ᠰᠠᠯᠠᠭ᠎ᠠ ᠮᠥᠴᠢᠷ ︵ᠨᠢᠭᠡᠴᠢ︶ ᠪᠣᠯᠤᠨ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠪᠠ ᠃ | ᠲᠦᠷᠦᠭᠦᠬᠡᠨ ᠂ ᠬᠠᠮᠲᠤ ᠪᠠᠷ ᠰᠤᠷᠤᠯᠴᠠᠬᠤ ᠂ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ ᠂ ᠲᠥᠪᠯᠡᠷᠡᠭᠦᠯᠦᠨ | ᠰᠤᠳᠤᠯᠤᠨ ᠶᠠᠷᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ ᠂ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠶᠢ | ᠡᠷᠭᠢᠯᠡᠵᠦ ᠂ ᠤᠳᠤᠷᠢᠳᠬᠤ ᠪᠠᠭ ᠤᠨ ᠭᠡᠰᠢᠭᠦᠨ ᠨᠡᠷ ᠲᠣᠰ ᠲᠣᠰ ︽ᠰᠢ ᠶᠢᠨ ᠫᠢᠩ ᠤᠨ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠶ ᠥᠭᠦᠯᠡᠯᠲᠡ ᠶᠢᠨ ᠲᠡᠭᠦᠪᠦᠷᠢ︾ ᠶᠢ ᠪᠦᠯᠦᠭ ᠳᠠᠷᠠᠭᠠᠯᠠᠨ ᠳᠠᠭᠠᠭᠠᠨ | ᠰᠤᠷᠤᠯᠴᠠᠪᠠ ᠃ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠴᠠ ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ ᠂ ︽ᠨᠠᠮ ᠤᠨ ᠠᠴᠢ ᠳᠤ ᠲᠠᠯᠠᠷᠬᠠᠬᠤ ᠂ ᠨᠠᠮ ᠤᠨ ᠦᠭᠡ ᠶᠢ | ᠰᠤᠨᠤᠰᠴᠦ ᠂ ᠨᠠᠮ ᠢᠶᠠᠨ ᠲᠠᠭᠠᠨ ᠤᠷᠤᠭᠰᠢᠯᠠᠬᠤ︾ ᠤᠯᠠᠨ ᠲᠦᠮᠡᠨ ᠤ ᠬᠥᠮᠦᠵᠢᠯ ᠂ ︽ᠰᠤᠷᠲᠠᠯ ᠤᠨ | ᠪᠠᠶᠢᠭᠤᠯᠤᠯᠲᠠ ᠶᠢ ᠥᠷᠭᠡᠳᠬᠡᠬᠦ ᠣᠨ︾ ᠤ ᠠᠵᠢᠯᠯᠠᠭ᠎ᠠ ᠶᠢ ᠪᠠᠶᠢᠩᠭᠤ ᠥᠷᠨᠢᠭᠦᠯᠬᠦ ᠲᠠᠢ ᠤᠶᠠᠯᠳᠤᠭᠤᠯᠵᠤ ᠂ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠠᠵᠢᠯᠴᠢᠨ ᠤ ᠡᠪᠯᠡᠯ ᠤᠨ ︽ᠵᠢᠷᠭᠤᠭᠠᠨ ᠠᠵᠢᠯᠯᠠᠭ᠎ᠠ︾ | ᠳᠤ ᠬᠦᠴᠦᠨ ᠨᠡᠮᠡᠷᠢᠯᠡᠵᠦ ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ | ᠲᠠᠯ᠎ᠠ ᠳᠤ ᠦᠢᠯᠡᠴᠢᠯᠡᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ | ᠱᠠᠭᠠᠷᠳᠠᠪᠠ ᠃ | |