ᠠᠷᠠᠯᠵᠢᠶᠠᠨ ᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠬᠢᠨᠠᠯᠲᠠ ᠬᠠᠮᠢᠶᠠᠷᠤᠯᠲᠠ ᠶᠢᠨ ︽ᠨᠢᠭᠡ ᠰᠦᠯᠵᠢᠶ᠎ᠡ ᠪᠠᠷ ᠬᠠᠮᠵᠢᠯᠴᠠᠬᠤ︾ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠬᠤᠷᠠᠮᠳᠤᠭᠤᠯᠬᠤ︾ ᠡᠬᠢ ᠪᠠᠶᠠᠯᠢᠭ ᠤᠨ ︽ᠨᠢᠭᠡ ᠰᠦᠯᠵᠢᠶ᠎ᠡ ᠪᠠᠷ ᠬᠠᠮᠲᠤ ᠡᠳ᠋ᠯᠡᠬᠦ︾ ᠥᠪᠥᠷ ᠮᠣᠩᠭᠤᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ ᠰᠢᠯᠢᠳᠡᠭᠵᠢᠭᠦᠯᠬᠦ ᠠᠷᠠᠯᠵᠢᠶᠠᠨ ᠤ ︽ᠨᠢᠭᠡ ᠰᠦᠯᠵᠢᠶ᠎ᠡ ︾ ᠪᠠᠷ ᠠᠵᠦ ᠠᠬᠤᠶᠢᠯᠠᠯ ᠢ ᠳᠡᠮᠵᠢᠬᠦ ᠠᠵᠢᠯᠯᠠᠭ᠎ᠠ ᠳᠠᠬᠢᠨ ᠬᠤᠷᠳᠤᠴᠠ ᠪᠠᠨ ᠲᠦᠷᠭᠡᠳᠭᠡᠪᠡ
ᠨᠡᠶᠢᠲᠡᠯᠡᠭᠰᠡᠨ ᠴᠠᠭ᠄
2025/4/9
  ᠡᠨᠡ ᠵᠢᠯ ᠤᠨ 3 ᠳ᠋ᠤᠭᠠᠷ ᠰᠠᠷ᠎ᠠ ᠶᠢᠨ ᠰᠡᠭᠦᠯᠴᠢ ᠪᠠᠷ ᠂ ᠪᠥᠬᠦ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ︽ᠨᠢᠭᠡ ᠰᠦᠯᠵᠢᠶ᠎ᠡ︾ ᠶᠢᠨ ᠰᠢᠰᠲ᠋ᠧᠮ ᠪᠠ ᠳᠠᠭᠠᠭᠠᠴᠢᠯᠠᠯᠲᠠ ᠦᠨᠡᠯᠡᠨ ᠬᠢᠨᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠳᠤ ᠲᠦᠰᠢᠭᠯᠡᠨ ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠠᠶᠢᠮᠠᠭ ᠬᠤᠲᠠ ᠶᠢᠨ ᠬᠤᠭᠤᠷᠣᠨᠳᠣᠬᠢ ᠠᠯᠤᠰ ᠠᠴᠠ ᠣᠨᠳᠣᠤ ᠭᠠᠵᠠᠷ ᠲᠤ ᠲᠠᠷᠠᠬᠠᠢ ᠳᠠᠭᠠᠭᠠᠴᠢᠯᠠᠯᠲᠠ ᠦᠨᠡᠯᠡᠨ ᠵᠢᠱᠢᠬᠦ ᠲᠥᠷᠥᠯ ᠵᠦᠢᠯ — ᠤᠯᠠᠭᠠᠨᠬᠠᠳᠠ ᠶᠢᠨ ᠰᠢᠨ᠎ᠡ ᠬᠤᠲᠠ ᠶᠢᠨ ᠲᠤᠷᠰᠢᠯᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠤᠷᠤᠭᠰᠢᠲᠠᠶ ᠪᠡᠶᠡᠯᠡᠭᠦᠯᠪᠡ ᠃ ᠲᠣᠰ ᠲᠥᠷᠥᠯ ᠵᠦᠢᠯ ᠳᠠᠭᠤᠰᠤᠭᠰᠠᠨ ᠤ ᠳᠠᠷᠠᠭ᠎ᠠ ᠂ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠥᠪᠥᠷ ᠮᠣᠩᠭᠤᠯ ᠤᠨ ᠵᠧᠩ ᠢ ᠢᠨᠵᠧᠨᠧᠷᠢᠩ ᠤᠨ ᠲᠥᠷᠥᠯ ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠸᠠᠩ ᠯᠢ ᠫᠢᠩ᠄ ︽ᠠᠯᠤᠰ ᠠᠴᠠ ᠣᠨᠳᠣᠣ ᠭᠠᠵᠠᠷ ᠲᠤ ᠲᠠᠷᠠᠬᠠᠢ ᠳᠠᠭᠠᠭᠠᠴᠢᠯᠠᠯᠲᠠ ᠦᠨᠡᠯᠡᠬᠦ ᠵᠠᠭᠪᠤᠷ ᠨᠢ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠠᠪᠤᠴᠠ ᠶᠢᠨ ᠡᠷᠬᠡ ᠲᠡᠭᠰᠢ ᠲᠥᠪ ᠭᠤᠤᠯᠴᠢ ᠪᠠᠶᠢᠬᠤ ᠶᠢ ᠨᠠᠩ ᠪᠠᠲᠤᠯᠠᠵᠤ ᠂ ᠠᠵᠢᠯ ᠲᠥᠷᠥᠯ ᠳᠤ ᠰᠢᠨ᠎ᠡ ᠬᠡᠪ ᠳᠠᠭᠤᠷᠢᠶᠠᠯ ᠪᠣᠯᠤᠭᠰᠠᠨ ᠪᠠᠶᠢᠨ᠎ᠠ︾ ᠭᠡᠵᠦ ᠦᠨᠡᠯᠡᠪᠡ ᠃  ᠵᠠᠯᠭᠠᠭᠠᠳ ᠤᠯᠠᠭᠠᠨᠬᠤᠲᠠ ᠶᠢᠨ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠂ ᠮᠠᠨᠵᠤᠤᠷ ᠬᠤᠲᠠ ᠶᠢᠨ ᠥᠨᠳᠥᠷ ᠳᠠᠪᠬᠤᠷᠭᠠᠲᠤ ᠣᠷᠣᠨ ᠰᠠᠭᠤᠴᠠ ᠶᠢᠨ ᠪᠠᠷᠢᠯᠭ᠎ᠠ ᠶᠢᠨ ᠰᠢᠲᠠᠮᠠᠬᠠᠶ ᠬᠡᠶ ᠶᠢᠨ ᠬᠤᠭᠤᠯᠠᠶ ᠶᠢᠨ ᠲᠣᠤᠷ ᠢ ᠥᠭᠡᠷᠡᠴᠢᠯᠡᠬᠦ ᠲᠥᠷᠥᠯ ᠵᠦᠢᠯ ᠂ ᠤᠷᠠᠳ ᠤᠨ ᠳᠤᠮᠳᠠᠳᠤ ᠬᠤᠰᠢᠭᠤᠨ ᠤ ᠤᠩᠭᠤᠨ ᠪᠠᠯᠭᠠᠰᠤᠨ ᠤ ᠢ ᠫᠢᠨ ᠤᠨᠴᠠᠯᠢᠬᠳᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠁ ᠪᠥᠬᠦ ᠣᠷᠣᠨ ᠤ ᠡᠯ᠎ᠡ ᠠᠶᠢᠮᠠᠭ ᠬᠤᠲᠠ ᠨᠤᠭᠤᠳ ᠲᠤᠬᠠᠶ ᠶᠢᠨ ᠭᠠᠵᠠᠷ ᠤᠨ ᠠᠩᠬᠠᠨ ᠤ ᠪᠦᠯᠦᠭ ᠠᠯᠤᠰ ᠠᠴᠠ ᠣᠨᠳᠣᠤ ᠭᠠᠵᠠᠷ ᠲᠤ ᠲᠠᠷᠠᠬᠠᠢ ᠳᠠᠭᠠᠭᠠᠴᠢᠯᠠᠯᠲᠠ ᠦᠨᠡᠯᠡᠬᠦ ᠲᠥᠷᠥᠯ ᠵᠦᠢᠯ ᠢ ᠵᠠᠯᠭᠠᠭ᠎ᠠ ᠪᠠᠷ ᠪᠡᠶᠡᠯᠡᠭᠦᠯᠵᠦ ᠂ ᠮᠠᠨ ᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ ᠲᠣᠭᠠᠴᠢᠯᠠᠬᠤ ᠂ ᠵᠢᠷᠤᠮᠵᠢᠭᠤᠯᠬᠤ ᠂ ᠢᠯᠡ ᠲᠣᠳᠣ ᠪᠣᠯᠭᠠᠬᠤ ᠰᠢᠨ᠎ᠡ ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠨ᠎ᠠ ᠃  ︽ᠡᠨᠡ ᠬᠦ ᠵᠠᠭᠪᠤᠷ ᠨᠢ ᠪᠥᠬᠦ ᠶᠠᠪᠤᠴᠠ ᠶᠢᠨ ᠡᠯᠧᠺᠲᠷᠤᠨᠴᠢᠯᠠᠭᠰᠠᠨ ᠰᠢᠰᠲ᠋ᠧᠮ ᠢ ᠠᠰᠢᠭᠯᠠᠨ ᠂ ᠪᠥᠬᠦ ᠣᠷᠣᠨ ᠤ ᠡᠯ᠎ᠡ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠬᠠᠮᠲᠤ ᠪᠠᠷ ᠬᠠᠮᠲᠤᠷᠠᠯᠴᠠᠬᠤ ᠂ ᠣᠷᠣᠨ ᠪᠦᠰᠡ ᠠᠯᠤᠰᠯᠠᠭᠰᠠᠨ ᠲᠤᠰᠬᠠᠶ ᠮᠡᠷᠭᠡᠵᠢᠯᠲᠡᠨ ᠤ ᠬᠠᠮᠵᠢᠯᠴᠠᠨ ᠬᠢᠨᠠᠨ ᠲᠣᠭᠲᠠᠭᠠᠬᠤ ᠶᠢ ᠪᠡᠶᠡᠯᠡᠭᠦᠯᠵᠦ ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠶᠢᠨ ᠡᠷᠬᠡ ᠲᠡᠭᠰᠢ ᠲᠥᠪ ᠭᠤᠤᠯᠴᠢ ᠠᠷᠠᠯᠵᠢᠶᠠᠨ ᠳᠤ ᠠᠮᠢᠳᠤᠯᠢᠭ ᠥᠯᠢᠭᠡᠷ ᠵᠢᠱᠢᠶ᠎ᠡ ᠬᠠᠩᠭᠠᠭᠰᠠᠨ ᠪᠥᠭᠡᠳ ᠪᠠᠰᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠂ ᠠᠵᠤ ᠠᠬᠤᠶᠢᠯᠠᠯ ᠢ ᠲᠦᠷᠭᠡᠨ ᠲᠤᠰᠠᠯᠠᠬᠤ ᠠᠵᠢᠯᠯᠠᠭ᠎ᠠ ᠶᠢᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠮᠥᠨ︾ ᠭᠡᠵᠡᠶ ᠃ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠡᠷᠬᠢᠯᠡᠭᠴᠢ ᠴᠢᠦ ᠶᠤᠸᠠᠨ ᠬᠤᠢ ᠲᠠᠨᠢᠯᠴᠠᠭᠤᠯᠪᠠ ᠃  ᠣᠶᠢᠷ᠎ᠠ ᠶᠢᠨ ᠵᠢᠯ ᠠᠴᠠ ᠂ ᠥᠪᠥᠷ ᠮᠣᠩᠭᠤᠯ ᠣᠯᠠᠨ ᠨᠡᠶᠢᠲᠡ ᠶᠢᠨ ᠡᠬᠢ ᠪᠠᠶᠠᠯᠢᠭ ᠤᠨ ︽ᠨᠢᠭᠡ ᠰᠦᠯᠵᠢᠶ᠎ᠡ ᠪᠠᠷ ᠠᠷᠠᠯᠵᠢᠶᠠᠯᠠᠬᠤ︾ ᠥᠭᠡᠷᠡᠴᠢᠯᠡᠯᠲᠡ ᠶᠢᠨ ᠦᠢᠯᠡᠳᠦᠯᠭᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ︽ᠲᠤᠭ᠎ᠠ ᠪᠠᠷᠢᠮᠲᠠ ᠶᠢᠨ ᠬᠡᠯᠪᠡᠷᠢ ᠶᠢᠨ ᠬᠤᠪᠢᠷᠠᠭᠤᠯᠤᠯᠲᠠ︾ ᠪᠠᠷ ᠵᠢᠯᠣᠭᠤᠳᠤᠮᠵᠢ ᠪᠣᠯᠭᠠᠵᠤ ᠂ ︽ᠣᠷᠣᠨ ᠤ ᠲᠠᠰ ᠤᠨ ᠨᠢᠭᠡᠳᠦᠯᠲᠡᠶ ᠪᠠᠶᠢᠭᠤᠯᠤᠯᠲᠠ ᠂ ᠭᠤᠷᠪᠠᠨ ᠱᠠᠲᠤᠨ ᠤ ᠬᠠᠮᠲᠤ ᠪᠠᠷ ᠬᠡᠷᠡᠭᠯᠡᠬᠦ︾ ᠵᠠᠷᠴᠢᠮ ᠶᠣᠰᠣᠭᠠᠷ ᠂ ᠪᠥᠬᠦ ᠣᠷᠣᠨ ᠤ ᠠᠷᠠᠯᠵᠢᠶᠠᠨ ᠤ ︽ᠨᠢᠭᠡ ᠰᠦᠯᠵᠢᠶ᠎ᠡ︾ ᠶᠢᠨ ᠰᠢᠰᠲ᠋ᠧᠮ ᠢ ᠪᠠᠶᠢᠭᠤᠯᠬᠤ ᠶᠢᠨ ᠬᠠᠮᠲᠤ ᠪᠥᠬᠦ ᠣᠷᠣᠨ ᠳᠤ ᠬᠡᠷᠡᠭᠯᠡᠬᠦ ᠶᠢ ᠬᠡᠷᠡᠭᠵᠢᠭᠦᠯᠵᠦ ᠂ ᠨᠢᠭᠡᠳᠦᠯᠲᠡᠶ ᠵᠢᠷᠤᠮᠵᠢᠭᠰᠠᠨ ᠂ ᠠᠵᠤ ᠠᠬᠤᠶᠢᠯᠠᠯ ᠳᠤ ᠠᠰᠢᠭᠲᠠᠶ ᠠᠷᠠᠳ ᠲᠤ ᠲᠥᠬᠦᠮ ᠦᠵᠡᠭᠦᠯᠬᠦ ᠂ ᠦᠢᠯᠡᠴᠢᠯᠡᠭᠡ ᠨᠢ ᠥᠨᠳᠥᠷ ᠪᠦᠲᠦᠮᠵᠢᠲᠡᠶ ᠂ ᠬᠢᠨᠠᠯᠲᠠ ᠬᠠᠮᠢᠶᠠᠷᠤᠯᠲᠠ ᠨᠢ ᠬᠠᠮᠵᠢᠯᠴᠠᠭᠰᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠰᠢᠨ᠎ᠡ ᠠᠮᠢ ᠠᠬᠤᠶ ᠶᠢ ᠪᠠᠶᠢᠭᠤᠯᠵᠤ ᠂ ᠠᠷᠠᠯᠵᠢᠶᠠᠨ ᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠂ ᠬᠢᠨᠠᠯᠲᠠ ᠬᠠᠮᠢᠶᠠᠷᠤᠯᠲᠠ ᠶᠢᠨ ︽ᠨᠢᠭᠡ ᠰᠦᠯᠵᠢᠶ᠎ᠡ ᠪᠠᠷ ᠬᠠᠮᠵᠢᠯᠴᠠᠬᠤ︾ ᠂ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠬᠤᠷᠠᠮᠳᠤᠭᠤᠯᠬᠤ︾ ᠂ ᠡᠬᠢ ᠪᠠᠶᠠᠯᠢᠭ ᠢ ︽ᠨᠢᠭᠡ ᠰᠦᠯᠵᠢᠶ᠎ᠡ ᠪᠠᠷ ᠬᠠᠮᠲᠤ ᠡᠳ᠋ᠯᠡᠬᠦ︾ ᠶᠢ ᠪᠡᠶᠡᠯᠡᠭᠦᠯᠪᠡ ᠃ ᠪᠥᠬᠦ ᠣᠷᠣᠨ ᠤ ︽ᠨᠢᠭᠡ ᠰᠦᠯᠵᠢᠶ᠎ᠡ︾ ᠶᠢᠨ ᠠᠷᠠᠯᠵᠢᠶᠠᠨ ᠤ ᠰᠢᠰᠲ᠋ᠧᠮ ᠢ ᠰᠦᠯᠵᠢᠶᠡᠨ ᠳᠤ ᠣᠷᠣᠭᠤᠯᠤᠭᠰᠠᠨ ᠠᠴᠠ ᠨᠠᠭᠠᠰᠢ ᠂ ᠨᠢᠭᠡᠨᠲᠡ ᠲᠠᠯᠠᠪᠤᠷ ᠲᠤ ᠣᠷᠣᠵᠤ ᠠᠷᠠᠯᠵᠢᠶ᠎ᠠ ᠬᠢᠭᠰᠡᠨ 3126 ᠲᠥᠷᠥᠯ ᠵᠦᠢᠯ ︵ᠪᠠᠷᠢᠮᠵᠢᠶᠠᠲᠤ ᠬᠡᠰᠡᠭ︶ ᠪᠠᠶᠢᠵᠤ ᠂ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ ᠨᠢ ᠨᠡᠶᠢᠲᠡ 334.48 ᠳ᠋ᠦᠩᠰᠢᠭᠤᠷ ᠲᠥᠭᠦᠷᠢᠭ ᠲᠤ ᠬᠦᠷᠴᠡᠶ ᠃  ᠡᠵᠡᠩᠨᠡᠨ ᠬᠤᠳᠠᠯᠳᠤᠭᠠᠯᠠᠬᠤ ︽ᠵᠥᠭᠡᠯᠡᠨ︾ ᠣᠷᠴᠢᠨ ᠨᠥᠬᠦᠴᠡᠯ ᠢ ᠲᠦᠷᠭᠡᠳᠬᠡᠨ ᠰᠢᠯᠢᠳᠡᠭᠵᠢᠭᠦᠯᠵᠦ ᠂ ᠬᠥᠭᠵᠢᠯᠲᠡ ᠶᠢᠨ ︽ᠬᠠᠲᠠᠭᠤ︾ ᠪᠣᠳᠠᠲᠤ ᠬᠦᠴᠦᠨ ᠢ ᠴᠢᠩᠭᠠᠳᠬᠠᠬᠤ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠪᠡ ᠃ ᠨᠢᠭᠡᠳᠦᠯᠲᠡᠶ ᠲᠠᠪᠴᠠᠩ ᠢ ᠪᠠᠶᠢᠭᠤᠯᠵᠤ ᠂ ᠪᠥᠬᠦ ᠣᠷᠣᠨ ᠤ ᠠᠷᠠᠯᠵᠢᠶᠠᠨ ᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠶᠢ ᠠᠬᠢᠭᠤᠯᠵᠤ ᠂ ᠪᠥᠬᠦ ᠣᠷᠣᠨ ᠤ ᠨᠢᠭᠡᠳᠦᠯᠲᠡᠶ ᠰᠦᠯᠵᠢᠶᠡᠨ ᠳᠡᠭᠡᠷ᠎ᠡ ᠠᠷᠠᠯᠵᠢᠶᠠᠯᠠᠬᠤ ᠦᠢᠯᠡᠴᠢᠯᠡᠭᠡᠨ ᠤ ᠲᠢᠩᠬᠢᠮ ᠢ ᠪᠠᠶᠢᠭᠤᠯᠵᠤ ᠂ ᠨᠢᠭᠡᠳᠦᠯᠲᠡᠶ ᠣᠷᠣᠵᠤ ᠭᠠᠷᠬᠤ ᠡᠭᠦᠳᠡ ᠂ ᠨᠢᠭᠡᠳᠦᠯᠲᠡᠶ ᠲᠥᠷᠥᠯ ᠵᠦᠢᠯ ᠢ ᠲᠠᠯᠠᠪᠠᠶ ᠳᠤ ᠣᠷᠣᠭᠤᠯᠬᠤ ᠂ ᠨᠢᠭᠡᠳᠦᠯᠲᠡᠶ ᠮᠡᠳᠡᠭᠡ ᠵᠠᠩᠭᠢ ᠨᠡᠶᠢᠲᠡᠯᠡᠬᠦ ᠶᠢ ᠠᠬᠢᠭᠤᠯᠵᠤ ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠂ ᠪᠠᠶᠢᠭᠠᠯᠢ ᠶᠢᠨ ᠡᠬᠢ ᠪᠠᠶᠠᠯᠢᠭ ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠡᠯ᠎ᠡ ᠲᠥᠷᠥᠯ ᠤᠨ ᠠᠷᠠᠯᠵᠢᠶ᠎ᠠ ᠶᠢ ᠪᠦᠬᠦᠨ ᠢ ︽ᠨᠢᠭᠡ ᠰᠦᠯᠵᠢᠶ᠎ᠡ ᠪᠠᠷ ᠠᠷᠠᠯᠵᠢᠶᠠᠯᠠᠬᠤ︾ ᠲᠠᠪᠴᠠᠩ ᠳᠤ ᠣᠷᠣᠭᠤᠯᠬᠤ ᠶᠢ ᠠᠬᠢᠭᠤᠯᠵᠤ ᠂ ᠪᠥᠬᠦ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ︽ᠨᠢᠭᠡ ᠡᠭᠦᠳᠡ ᠪᠠᠷ ᠣᠷᠣᠵᠤ ᠂ ᠨᠢᠭᠡ ᠰᠦᠯᠵᠢᠶ᠎ᠡ ᠪᠠᠷ ᠭᠦᠢᠴᠡᠳᠭᠡᠬᠦ︾ ᠶᠢ ᠪᠡᠶᠡᠯᠡᠭᠦᠯᠪᠡ ᠃ ᠪᠥᠬᠦ ᠶᠠᠪᠤᠴᠠ ᠶᠢ ᠡᠯᠧᠺᠲᠷᠤᠨᠴᠢᠯᠠᠨ ᠠᠷᠠᠯᠵᠢᠶᠠᠯᠠᠬᠤ ᠪᠠ ᠰᠦᠯᠵᠢᠶᠡᠨ ᠳᠡᠭᠡᠷ᠎ᠡ ᠨᠢᠭᠤᠷ ᠵᠣᠯᠭᠠᠬᠤ ᠥᠬᠡᠶ ᠪᠠᠷ ᠳᠠᠭᠠᠭᠠᠴᠢᠯᠠᠯᠲᠠ ᠨᠡᠶᠢᠲᠡᠯᠡᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠂ ᠳᠠᠭᠠᠭᠠᠴᠢᠯᠠᠯᠲᠠ ᠨᠡᠭᠡᠭᠡᠵᠦ ᠳᠠᠭᠠᠭᠠᠴᠢᠯᠠᠯᠲᠠ ᠦᠨᠡᠯᠡᠬᠦ ᠂ ᠲᠤᠰᠬᠠᠶ ᠮᠡᠷᠭᠡᠵᠢᠯᠲᠡᠨ ᠰᠣᠩᠭᠤᠨ ᠠᠪᠬᠤ ᠵᠡᠷᠭᠡ ᠡᠯ᠎ᠡ ᠵᠦᠢᠯ ᠤᠨ ᠠᠷᠠᠯᠵᠢᠶᠠᠨ ᠤ ᠭᠤᠭᠴᠤᠭ᠎ᠠ ᠶᠢ ᠪᠦᠬᠦᠨ ᠢ ᠰᠦᠯᠵᠢᠶᠡᠨ ᠳᠡᠭᠡᠷ᠎ᠡ ᠭᠦᠢᠴᠡᠳᠬᠡᠵᠦ ᠂ ᠠᠷᠠᠯᠵᠢᠶᠠᠨ ᠤ ᠴᠤᠪᠤᠷᠠᠯ ᠢ ᠪᠥᠬᠦ ᠲᠠᠯ᠎ᠠ ᠪᠠᠷ ᠰᠢᠯᠢᠳᠡᠭᠵᠢᠭᠦᠯᠦᠨ ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ︽ᠦᠯᠦ ᠭᠦᠶᠦᠯᠭᠡᠬᠦ︾ ᠂ ᠲᠤᠰᠬᠠᠶ ᠮᠡᠷᠭᠡᠵᠢᠯᠲᠡᠨ ᠤ ᠮᠡᠳᠡᠭᠡ ᠵᠠᠩᠭᠢ ᠶᠢᠨ ︽ᠤᠭᠲᠤ ᠵᠠᠳᠠᠷᠠᠭᠤᠯᠬᠤ ᠦᠭᠡᠢ︾ ᠂ ᠠᠷᠠᠯᠵᠢᠶᠠᠨ ᠤ ᠶᠠᠪᠤᠴᠠ ᠶᠢ ︽ᠪᠦᠷᠢᠨ ᠢᠯᠡ ᠪᠣᠯᠭᠠᠬᠤ︾ ᠶᠢ ᠪᠡᠶᠡᠯᠡᠭᠦᠯᠪᠡ ᠃  ᠬᠢᠨᠠᠯᠲᠠ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠵᠤ ᠂ ᠬᠢᠨᠠᠯᠲᠠ ᠬᠠᠮᠢᠶᠠᠷᠤᠯᠲᠠ ᠶᠢᠨ ᠬᠡᠯᠬᠢᠶ᠎ᠡ ᠶᠢᠨ ︽ᠨᠢᠭᠡ ᠰᠦᠯᠵᠢᠶ᠎ᠡ ᠪᠠᠷ ᠬᠠᠮᠵᠢᠯᠴᠠᠬᠤ︾ ᠶᠢ ᠠᠬᠢᠭᠤᠯᠪᠠ ᠃ ᠣᠶᠤᠨᠴᠢ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ ᠂ ︽ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠵᠢᠯᠴᠠᠨ ᠬᠢᠨᠠᠵᠤ ᠬᠠᠮᠢᠶᠠᠷᠬᠤ ᠠᠷᠭ᠎ᠠ︾ ᠂ ︽ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢᠨ ᠬᠡᠪ ᠤᠨ ᠪᠤᠰᠤ ᠲᠤᠭ᠎ᠠ ᠪᠠᠷᠢᠮᠲᠠ ᠶᠢ ᠬᠦᠷᠭᠡᠬᠦ ᠠᠵᠢᠯ ᠤᠨ ᠳᠦᠷᠢᠮ︾ ᠵᠡᠷᠭᠡ ᠳᠦᠷᠢᠮ ᠲᠣᠭᠲᠠᠭᠠᠯ ᠢ ᠲᠣᠭᠲᠠᠭᠠᠨ ᠨᠡᠶᠢᠲᠡᠯᠡᠵᠦ ᠂ ᠵᠠᠬ᠎ᠠ ᠳᠡᠯᠭᠡᠭᠦᠷ ᠤᠨ ᠭᠤᠤᠯ ᠴᠣᠭᠴᠠ ᠂ ᠵᠠᠭᠤᠴᠢ ᠪᠠᠶᠢᠭᠤᠯᠤᠮᠵᠢ ᠂ ᠠᠷᠠᠯᠵᠢᠶᠠᠨ ᠤ ᠶᠠᠪᠤᠴᠠ ᠶᠢᠨ ᠮᠡᠳᠡᠭᠡ ᠵᠠᠩᠭᠢ ᠶᠢ ᠪᠦᠬᠦ ᠲᠠᠯ᠎ᠠ ᠪᠠᠷ ᠲᠡᠮᠳᠡᠭᠯᠡᠵᠦ ᠂ ᠴᠠᠭ ᠲᠤᠬᠠᠶ ᠳᠤᠨᠢ ᠬᠠᠷᠢᠯᠴᠠᠨ ᠰᠣᠯᠢᠯᠴᠠᠬᠤ ᠶᠢ ᠪᠡᠶᠡᠯᠡᠭᠦᠯᠦᠨ᠎ᠡ ᠃ ᠢᠨᠵᠧᠨᠧᠷᠢᠩ ᠤᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ ᠶᠢ ᠤᠷᠢᠳᠴᠢᠯᠠᠨ ᠰᠡᠷᠡᠮᠵᠢᠯᠡᠭᠦᠯᠵᠦ ᠵᠠᠳᠠᠯᠬᠤ ᠰᠢᠰᠲ᠋ᠧᠮ ᠢ ᠰᠤᠳᠤᠯᠤᠨ ᠨᠡᠭᠡᠭᠡᠵᠦ ᠂ ᠪᠥᠬᠦ ᠲᠠᠯ᠎ᠠ ᠶᠢᠨ ᠪᠦᠰᠡᠯᠡᠨ ᠬᠡᠯᠬᠢᠶᠡᠵᠢᠭᠦᠯᠦᠨ ᠵᠠᠳᠠᠯᠬᠤ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠪᠠᠶᠢᠭᠤᠯᠤᠨ ᠂ ᠲᠤᠭ᠎ᠠ ᠪᠠᠷᠢᠮᠲᠠ ᠶᠢ ᠰᠢᠭᠰᠢᠨ ᠪᠠᠶᠢᠴᠠᠭᠠᠵᠤ ᠬᠢᠨᠠᠨ ᠰᠢᠨᠵᠢᠬᠦ ᠵᠠᠭᠪᠤᠷ ᠢ ᠪᠠᠶᠢᠭᠤᠯᠵᠤ ᠂ ᠪᠦᠰᠡᠯᠡᠨ ᠳᠠᠭᠠᠭᠠᠴᠢᠯᠠᠯᠲᠠ ᠬᠦᠯᠢᠶᠡᠬᠦ ᠂ ᠬᠡᠪ ᠳᠠᠭᠤᠷᠢᠶᠠᠯ ᠪᠣᠯᠬᠤ ᠂ ᠬᠡᠪ ᠤᠨ ᠪᠤᠰᠤ ᠦᠨ᠎ᠡ ᠮᠡᠳᠡᠭᠦᠯᠬᠦ ᠵᠡᠷᠭᠡ 71 ᠲᠥᠷᠥᠯ ᠤᠨ ᠬᠡᠪ ᠤᠨ ᠪᠤᠰᠤ ᠦᠢᠯᠡ ᠠᠵᠢᠯᠯᠠᠭ᠎ᠠ ᠶᠢᠨ ᠲᠤᠭ᠎ᠠ ᠪᠠᠷᠢᠮᠲᠠ ᠶᠢ ᠠᠦ᠋ᠲ᠋ᠣ᠋ ᠤᠷᠢᠳᠴᠢᠯᠠᠨ ᠰᠡᠷᠡᠮᠵᠢᠯᠡᠭᠦᠯᠵᠦ ᠬᠦᠷᠭᠡᠨ ᠬᠦᠷᠭᠡᠵᠦ ᠂ ᠪᠥᠬᠦ ᠬᠡᠯᠬᠢᠶ᠎ᠡ ᠶᠢᠨ ᠬᠠᠮᠵᠢᠯᠴᠠᠨ ᠬᠢᠨᠠᠨ ᠬᠠᠮᠢᠶᠠᠷᠬᠤ ᠪᠢᠲᠡᠭᠦᠦ ᠴᠠᠭᠠᠷᠢᠭ ᠢ ᠪᠣᠶ ᠪᠣᠯᠭᠠᠪᠠ ᠃  ᠲᠤᠭ᠎ᠠ ᠪᠠᠷᠢᠮᠲᠠ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ ᠂ ᠦᠢᠯᠡᠴᠢᠯᠡᠭᠡᠨ ᠤ ᠠᠬᠤᠢ ᠲᠠᠯᠠᠪᠠᠢ ᠶᠢᠨ ︽ᠨᠢᠭᠡ ᠰᠦᠯᠵᠢᠶ᠎ᠡ ᠪᠠᠷ ᠬᠤᠷᠠᠮᠳᠤᠭᠤᠯᠬᠤ︾ ᠶᠢ ᠲᠦᠯᠬᠢᠨ ᠠᠬᠢᠭᠤᠯᠪᠠ ᠃ ᠪᠥᠬᠦ ᠣᠷᠣᠨ ᠤ ᠠᠷᠠᠯᠵᠢᠶᠠᠨ ᠤ ︽ᠨᠢᠭᠡ ᠰᠦᠯᠵᠢᠶ᠎ᠡ︾ ᠶᠢᠨ ᠰᠢᠰᠲ᠋ᠧᠮ ᠳᠤ ᠲᠦᠰᠢᠭᠯᠡᠨ ᠂ ᠮᠥᠩᠭᠦᠨ ᠭᠦᠢᠯᠭᠡᠭᠡᠨ ᠤ ᠦᠢᠯᠡᠴᠢᠯᠡᠭᠡ ᠂ CA ᠬᠠᠷᠢᠯᠴᠠᠨ ᠮᠡᠳᠡᠷᠡᠬᠦ ᠂ ᠡᠯᠧᠺᠲᠷᠣᠨ ᠳᠠᠭᠠᠳᠬᠠᠯ ᠤᠨ ᠵᠠᠬᠢᠳᠠᠯ ᠂ ᠲᠥᠷᠥ ᠶᠢᠨ ᠪᠣᠳᠣᠯᠭ᠎ᠠ ᠬᠦᠷᠭᠡᠬᠦ ᠵᠡᠷᠭᠡ ᠥᠨᠳᠥᠷ ᠳᠠᠪᠲᠠᠮᠵᠢᠲᠤ ᠦᠢᠯᠡᠴᠢᠯᠡᠭᠡᠨ ᠤ ᠵᠦᠢᠯᠡᠰ ᠢ ᠪᠥᠬᠦ ᠲᠠᠯ᠎ᠠ ᠪᠠᠷ ᠬᠤᠷᠠᠮᠳᠤᠭᠤᠯᠵᠤ ᠂ ᠠᠷᠠᠯᠵᠢᠶᠠᠨ ᠤ ᠥᠪᠡᠷ ᠤᠨ ᠥᠷᠲᠡᠭ ᠢ ᠦᠷᠭᠦᠯᠵᠢᠯᠡᠨ ᠪᠠᠭᠤᠷᠠᠭᠤᠯᠤᠨ᠎ᠠ ᠃ ︽ᠮᠠᠰᠢᠨ ᠲᠡᠷᠭᠡᠨ ᠤ ᠬᠠᠮᠢᠶᠠᠷᠤᠯᠲᠠ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ︾ ᠥᠭᠡᠷᠡᠴᠢᠯᠡᠯᠲᠡ ᠶᠢ ᠬᠠᠶᠢᠨ ᠰᠦᠪᠡᠭᠴᠢᠯᠡᠵᠦ ᠂ ᠲᠣᠭᠠᠨ ᠤ ᠤᠶᠤᠨᠴᠢᠯᠠᠭᠰᠠᠨ ᠮᠡᠷᠭᠡᠵᠢᠯ ᠢ ᠶᠡᠷᠦᠩᠬᠡᠶᠢᠯᠡᠨ ᠬᠡᠷᠡᠭᠯᠡᠵᠦ ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠡᠯ᠎ᠡ ᠵᠠᠩᠭᠢᠯᠠᠭ᠎ᠠ ᠶᠢᠨ ᠵᠠᠭᠪᠤᠷ ᠤᠨ ᠬᠤᠪᠢᠰᠤᠯᠲᠠ ᠂ ᠦᠷ᠎ᠡ ᠪᠦᠲᠦᠮᠵᠢ ᠶᠢᠨ ᠬᠤᠪᠢᠰᠤᠯᠲᠠ ᠶᠢ ᠠᠬᠢᠭᠤᠯᠵᠤ ᠂ ᠮᠠᠰᠢᠨ ᠢᠶᠠᠷ ︽ᠦᠯᠢᠭᠡᠷ ᠳᠡᠪᠲᠡᠷ ᠢ ᠬᠠᠮᠢᠶᠠᠷᠬᠤ︾ ᠂ ︽ᠳᠠᠭᠠᠭᠠᠴᠢᠯᠠᠯᠲᠠ ᠵᠠᠷᠯᠠᠬᠤ ᠶᠢ ᠬᠠᠮᠢᠶᠠᠷᠬᠤ︾ ᠂ ︽ᠳᠠᠭᠠᠭᠠᠴᠢᠯᠠᠯᠲᠠ ᠦᠨᠡᠯᠡᠬᠦ ᠶᠢ ᠬᠠᠮᠢᠶᠠᠷᠬᠤ︾ ᠂ ︽ᠬᠢᠨᠠᠯᠲᠠ ᠲᠠᠯᠪᠢᠬᠤ ᠶᠢ ᠬᠠᠮᠢᠶᠠᠷᠬᠤ︾ ᠂ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ︽ᠫᠠᠶᠢᠰᠠ ᠡᠯᠭᠦᠬᠦ︾ ᠂ ︽ᠰᠠᠭᠰᠤ ᠳᠡᠭᠦᠵᠢᠯᠡᠬᠦ︾ ᠵᠡᠷᠭᠡ ᠢᠯᠵᠠᠷᠠᠯ ᠠᠮᠠᠷᠬᠠᠨ ᠡᠭᠦᠰᠬᠦ ᠤᠯᠠᠨ ᠡᠭᠦᠰᠬᠦ ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠳᠠᠯᠳᠠ ᠪᠠᠬᠢᠯᠡᠯᠲᠡ ᠵᠡᠷᠭᠡ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ ᠂ ᠠᠶᠤᠯ ᠲᠦᠭᠰᠢᠭᠦᠷᠢ ᠶᠢᠨ ᠬᠠᠰᠢᠯᠭ᠎ᠠ ᠶᠢ ᠦᠨᠡᠨ ᠬᠦ ᠪᠠᠬᠢᠵᠢᠭᠦᠯᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ︽ᠡᠷᠬᠡ ᠲᠡᠭᠰᠢ ᠪᠠᠷ ᠲᠠᠯᠠᠪᠠᠢ ᠳᠤ ᠤᠷᠤᠬᠤ ᠲᠡᠮᠲᠡᠭᠲᠦ︾ ᠶᠢ ᠣᠯᠭᠤᠨ᠎ᠠ ᠃ ︽ᠲᠤᠭ᠎ᠠ ᠪᠠᠷᠢᠮᠲᠠ ᠶᠢᠨ ᠠᠷᠠᠯᠵᠢᠶ᠎ᠠ︾ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢ ᠥᠷᠨᠢᠭᠦᠯᠵᠦ ᠂ AI ᠬᠢᠭᠡᠳ ᠠᠷᠠᠯᠵᠢᠶᠠᠨ ᠤ ᠦᠢᠯᠡᠴᠢᠯᠡᠭᠡᠨ ᠤ ᠠᠭᠤᠰᠤᠯᠴᠠᠯ ᠤᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ ᠂ ᠣᠶᠤᠨᠴᠢ ᠲᠣᠮᠣ ᠵᠠᠭᠪᠤᠷ ᠤᠨ DeepSeek ᠪᠥᠬᠦ ᠲᠠᠯ᠎ᠠ ᠪᠠᠷ ᠪᠠᠶᠢᠷᠢᠯᠠᠭᠤᠯᠬᠤ ᠶᠢ ᠬᠠᠶᠢᠨ ᠰᠦᠪᠡᠭᠴᠢᠯᠡᠵᠦ ᠂ ᠭᠤᠤᠯ ᠠᠬᠤᠶ ᠪᠠᠶᠢᠳᠠᠯ ᠢ ᠨᠡᠭᠡᠭᠡᠨ ᠬᠡᠷᠡᠭᠯᠡᠬᠦ ᠶᠢ ᠲᠦᠷᠭᠡᠳᠬᠡᠨ ᠂ ᠠᠷᠠᠯᠵᠢᠶᠠᠨ ᠤ ᠪᠥᠬᠦ ᠶᠠᠪᠤᠴᠠ ᠶᠢᠨ ᠣᠶᠤᠨᠴᠢ ᠰᠠᠯᠬᠢᠨ ᠤ ᠡᠵᠡᠮᠳᠡᠯ ᠪᠠ ᠣᠶᠤᠨᠴᠢ ᠬᠢᠨᠠᠯᠲᠠ ᠬᠠᠮᠢᠶᠠᠷᠤᠯᠲᠠ ᠶᠢ ᠣᠯᠭᠤᠵᠤ ᠂ ᠬᠦᠴᠦᠨ ᠵᠦᠢᠯ ᠤᠨ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠳᠣᠭᠢᠷᠠᠭᠤᠯᠬᠤ ᠳᠤ ᠬᠦᠴᠦᠨ ᠨᠡᠮᠡᠷᠢᠯᠡᠪᠡ ᠃  ᠠᠵᠢᠯ ᠲᠥᠷᠥᠯ ᠤᠨ ᠠᠮᠢ ᠠᠬᠤᠶ ᠶᠢ ᠬᠠᠮᠲᠤᠪᠠᠷ ᠪᠠᠶᠢᠭᠤᠯᠵᠤ ᠂ ᠡᠬᠢ ᠪᠠᠶᠠᠯᠢᠭ ᠤᠨ ᠡᠯᠧᠮᠧᠨ᠋ᠲ ᠢ ︽ᠨᠢᠭᠡ ᠰᠦᠯᠵᠢᠶ᠎ᠡ ᠪᠠᠷ ᠬᠠᠮᠲᠦ ᠡᠳ᠋ᠯᠡᠬᠦ︾ ᠶᠢ ᠠᠬᠢᠭᠤᠯᠪᠠ ᠃ ᠲᠤᠰᠬᠠᠶ ᠮᠡᠷᠭᠡᠵᠢᠯᠲᠡᠨ ᠂ ᠲᠠᠯᠠᠪᠤᠷ ᠭᠠᠵᠠᠷ ᠤᠨ ᠡᠬᠢ ᠪᠠᠶᠠᠯᠢᠭ ᠤᠨ ᠲᠡᠩᠴᠡᠭᠦᠷᠢ ᠥᠬᠡᠶ ᠂ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ︽ᠲᠤᠬᠠᠢ ᠶᠢᠨ ᠭᠠᠵᠠᠷ ᠤᠨ ᠬᠦᠷᠢᠶ᠎ᠡ ᠬᠡᠪᠴᠢᠶ᠎ᠡ ᠂ ᠲᠠᠨᠢᠯ ᠳᠠᠰᠤᠯ ᠳᠦᠷᠢ︾ ᠂ ᠲᠤᠰᠬᠠᠢ ᠮᠡᠷᠭᠡᠵᠢᠯᠲᠡᠨ ᠤ ︽ᠲᠠᠨᠢᠯ ᠬᠥᠮᠥᠨ ᠤ ᠬᠤᠪᠢ ᠂ ᠬᠠᠶᠢᠷ᠎ᠠ ᠰᠡᠳᠬᠢᠯᠭᠡ ᠶᠢᠨ ᠬᠤᠪᠢ ᠂ ᠠᠰᠢᠭ ᠲᠤᠰᠠ ᠶᠢᠨ ᠬᠤᠪᠢ︾ ᠵᠡᠷᠭᠡ ᠠᠰᠠᠭᠤᠳᠠᠯ ᠳᠤ ᠂ ᠠᠷᠠᠯᠵᠢᠶᠠᠨ ᠤ ᠰᠢᠰᠲ᠋ᠧᠮ ᠂ ᠲᠠᠯᠠᠪᠤᠷ ᠭᠠᠵᠠᠷ ᠤᠨ ᠦᠢᠯᠡᠴᠢᠯᠡᠭᠡ ᠂ ᠳᠣᠲᠣᠭᠠᠳᠤ ᠡᠵᠡᠮᠳᠡᠯ ᠤᠨ ᠬᠠᠮᠢᠶᠠᠷᠤᠯᠲᠠ ᠵᠡᠷᠭᠡ ᠭᠤᠷᠪᠠᠨ ᠪᠠᠷᠢᠮᠵᠢᠶᠠᠵᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ ᠂ ᠨᠢᠭᠡᠳᠦᠯᠲᠡᠶ ᠳᠠᠭᠠᠭᠠᠴᠢᠯᠠᠯᠲᠠ ᠦᠨᠡᠯᠡᠬᠦ ᠲᠤᠰᠬᠠᠶ ᠮᠡᠷᠭᠡᠵᠢᠯᠲᠡᠨ ᠂ ᠲᠠᠯᠠᠪᠤᠷ ᠭᠠᠵᠠᠷ ᠤᠨ ᠠᠵᠢᠯ ᠤᠨ ᠪᠠᠶᠢᠷᠢ ᠶᠢᠨ ︽ᠡᠬᠢ ᠪᠠᠶᠠᠯᠢᠭ ᠤᠨ ᠲᠠᠲᠠᠭᠠᠯ︾ ᠢ ᠪᠠᠶᠢᠭᠤᠯᠵᠤ ᠂ ᠪᠥᠬᠦ ᠣᠷᠣᠨ ᠤ ᠲᠤᠰᠬᠠᠶ ᠮᠡᠷᠭᠡᠵᠢᠯᠲᠡᠨ ᠂ ᠲᠠᠯᠠᠪᠤᠷ ᠭᠠᠵᠠᠷ ᠤᠨ ᠡᠬᠢ ᠪᠠᠶᠠᠯᠢᠭ ᠢ ᠲᠥᠪᠯᠡᠷᠡᠭᠦᠯᠦᠨ ᠨᠡᠪᠲᠡᠷᠡᠭᠦᠯᠵᠦ ᠂ ᠬᠡᠷᠡᠭᠯᠡᠬᠦ ᠶᠢ ᠠᠬᠢᠭᠤᠯᠤᠨ ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠪᠠ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠭᠦᠨᠵᠡᠭᠡᠶᠢᠷᠡᠭᠦᠯᠵᠦ ᠂ ᠠᠷᠠᠯᠵᠢᠶᠠᠨ ᠤ ᠲᠤᠬᠠᠶᠢᠯᠠᠭᠰᠠᠨ ᠠᠵᠢᠯ ᠢ ᠨᠢᠭᠡ ᠰᠦᠯᠵᠢᠶ᠎ᠡ ᠪᠠᠷ ᠬᠠᠮᠤᠷᠬᠤ ᠂ ᠡᠬᠢ ᠪᠠᠶᠠᠯᠢᠭ ᠤᠨ ᠡᠯᠧᠮᠧᠨ᠋ᠲ ᠢ ᠪᠥᠬᠦ ᠣᠷᠣᠨ ᠳᠤ ᠨᠡᠶᠢᠳᠡᠮ ᠬᠡᠷᠡᠭᠯᠡᠬᠦ ᠶᠢ ᠪᠡᠶᠡᠯᠡᠭᠦᠯᠪᠡ ᠃ ︽100% ᠪᠠᠷ ᠳᠡᠳ᠋ ᠲᠠᠯᠠᠪᠤᠷ ᠪᠠ 100% ᠪᠠᠷ ᠮᠠᠰᠢᠨ ᠤ ᠣᠷᠣᠨ ᠪᠠᠶᠢᠷᠢ ᠂ 100% ᠪᠠᠷ ᠲᠠᠰᠢᠷᠠᠮ ᠳᠠᠭᠠᠤ ᠲᠤᠰᠬᠠᠶ ᠮᠡᠷᠭᠡᠵᠢᠯᠲᠡᠨ︾ ᠤ ︽ᠭᠤᠷᠪᠠ ᠶᠢ ᠲᠣᠬᠢᠶᠠᠯᠳᠤᠯ ᠢᠶᠠᠷ ᠰᠣᠩᠭᠤᠬᠤ︾ ᠪᠠ ︽1 +          N︾ ᠣᠯᠠᠨ ᠴᠡᠭ ᠲᠤ ᠠᠯᠤᠰ ᠠᠴᠠ ᠣᠨᠳᠣᠤ ᠭᠠᠵᠠᠷ ᠲᠤ ᠳᠠᠭᠠᠭᠠᠴᠢᠯᠠᠯᠲᠠ ᠦᠨᠡᠯᠡᠬᠦ ᠵᠠᠭᠪᠤᠷ ᠢ ᠬᠡᠷᠡᠭᠵᠢᠭᠦᠯᠵᠦ ᠂ ᠠᠯᠤᠰ ᠠᠴᠠ ᠣᠨᠳᠣᠤ ᠭᠠᠵᠠᠷ ᠲᠤ ᠳᠠᠭᠠᠭᠠᠴᠢᠯᠠᠯᠲᠠ ᠦᠨᠡᠯᠡᠬᠦ ᠣᠷᠣᠨ ᠪᠦᠰᠡ ᠶᠢ ᠨᠢᠭᠡ ᠴᠤᠭᠴᠠᠵᠢᠭᠤᠯᠬᠤ ᠶᠢ ᠪᠡᠶᠡᠯᠡᠭᠦᠯᠵᠦ ᠂ ᠳᠠᠭᠠᠭᠠᠴᠢᠯᠠᠯᠲᠠ ᠦᠨᠡᠯᠡᠨ ᠬᠢᠨᠠᠨ ᠲᠣᠭᠲᠠᠭᠠᠬᠤ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ ᠂ ᠠᠷᠠᠯᠵᠢᠶᠠᠨ ᠤ ᠲᠥᠷᠥᠯ ᠵᠦᠢᠯ ᠤᠨ ᠬᠢᠨᠠᠨ ᠲᠣᠭᠲᠠᠭᠠᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠪᠡ ᠃ 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号