ᠱᠧᠩ ᠰᠢᠶᠣᠣ ᠶᠢᠥ ᠬᠥᠬᠡᠬᠤᠲᠠ ᠶᠢᠨ ᠤᠰᠤᠨ ᠠᠰᠢᠭᠯᠠᠯᠲᠠ ᠶᠢᠨ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/9
  ᠬᠥᠬᠡᠬᠤᠲᠠ ᠶᠢᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠂ ᠤᠰᠤᠨ ᠤ ᠡᠬᠢ ᠪᠠᠶᠠᠯᠢᠭ ᠪᠠ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ ᠂ 4 ᠳ᠋ᠦ᠋ᠭᠡᠷ ᠰᠠᠷ᠎ᠠ ᠶᠢᠨ 8 ᠤ ᠡᠳᠦᠷ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠢᠩᠬᠢᠮ ᠤᠨ ᠳᠠᠷᠤᠭ᠎ᠠ ᠱᠧᠩ ᠰᠢᠶᠣᠣ ᠶᠢᠥ ᠬᠥᠬᠡᠬᠤᠲᠠ ᠶᠢᠨ ᠴᠢᠩ ᠱᠦᠢ ᠾᠧ ᠰᠢᠶᠠᠨ ᠂ ᠬᠤᠷᠢᠨᠭᠡᠷ ᠰᠢᠶᠠᠨ ᠵᠡᠷᠭᠡ ᠭᠠᠵᠠᠷ ᠲᠤ ᠬᠦᠷᠴᠦ ᠂ ᠲᠤᠬᠠᠢ ᠶᠢᠨ ᠲᠠᠯᠠᠪᠤᠷ ᠲᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ︽ᠡᠷᠢᠨ ᠬᠠᠷᠠᠬᠤ︾ ᠳᠤ ᠬᠠᠷᠢᠭᠤ ᠲᠤᠰᠬᠠᠭᠰᠠᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠵᠢᠴᠢ ᠲᠣᠭᠲᠠᠭᠠᠯ ᠠᠴᠠ ᠵᠥᠷᠢᠴᠡᠨ ᠤᠰᠤ ᠠᠪᠴᠤ ᠬᠡᠷᠡᠭᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠰᠡᠷᠡᠮᠵᠢ ᠶᠢᠨ ᠹᠢᠯᠢᠮ ᠢ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠂ ᠱᠢ ᠰᠢᠶᠠ ᠺᠧᠦ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠂ ᠥᠨᠳᠥᠷ ᠡᠰᠢᠲᠦ ᠲᠠᠷᠢᠮᠠᠯ ᠢ ᠴᠠᠭᠠᠵᠠᠯᠠᠬᠤ ᠢᠨᠵᠧᠨᠧᠷᠢᠩ ᠂ ᠬᠠᠲᠤᠨ ᠭᠤᠣᠯ ᠤᠨ ᠤᠰᠤᠨ ᠤ ᠡᠬᠢ ᠰᠤᠷᠪᠤᠯᠵᠢ ᠶᠢ ᠰᠣᠯᠢᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠂ ᠶᠡᠭᠡ ᠲᠦᠷᠭᠡᠨ ᠭᠤᠣᠯ ᠤᠨ ᠡᠯᠡᠰᠦᠨ ᠨᠦᠬᠡ ᠶᠢ ᠵᠠᠰᠠᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ ᠃  ᠱᠧᠩ ᠰᠢᠶᠣᠣ ᠶᠢᠦ ᠠᠴᠠ ᠂ ᠬᠥᠬᠡᠬᠤᠲᠠ ᠤᠯᠤᠰ ᠲᠥᠷᠥ ᠶᠢᠨ ᠬᠠᠷᠢᠭᠤᠴᠠᠯᠭ᠎ᠠ ᠪᠠ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ ᠂ ᠲᠣᠭᠤᠷᠢᠨ ᠪᠠᠶᠢᠴᠠᠭᠠᠵᠤ ︽ᠡᠷᠬᠢᠨ ᠬᠠᠷᠠᠬᠤ︾ ᠳᠤ ᠬᠠᠷᠢᠭᠤ ᠲᠤᠰᠬᠠᠭᠰᠠᠨ ᠰᠠᠨᠠᠯ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠰᠡᠷᠡᠮᠵᠢ ᠶᠢᠨ ᠹᠢᠯᠢᠮ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠵᠡᠷᠭᠡ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠂ ᠶᠡᠭᠡ ᠬᠦᠴᠦ ᠣᠷᠣᠭᠤᠯᠤᠨ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠃ ᠴᠠᠭ ᠤᠨ ᠳᠠᠷᠠᠭᠠᠯᠠᠯ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠤᠷᠢᠳᠠᠪᠠᠷ ᠬᠢᠬᠦ ᠡᠰᠡᠭᠦᠯ᠎ᠡ ᠬᠤᠶᠢᠨ᠎ᠠ ᠨᠢ ᠬᠢᠬᠦ ᠬᠠᠮᠢᠶ᠎ᠠ ᠦᠭᠡᠢ ᠂ ᠲᠤᠭᠲᠠᠭᠰᠠᠨ ᠪᠠᠶᠢᠪᠠᠯ ᠲᠦᠷᠭᠡᠨ ᠬᠢᠬᠦ ᠬᠡᠷᠡᠭᠲᠡᠢ ᠃ ᠦᠨᠡᠨ ᠬᠦ ᠬᠠᠯᠠᠨ ᠰᠠᠶᠢᠵᠢᠷᠠᠭᠤᠯᠵᠤ ᠂ ᠪᠣᠳᠠᠲᠠᠶ ᠬᠠᠯᠠᠨ ᠰᠠᠶᠢᠵᠢᠷᠠᠭᠤᠯᠵᠤ ᠂ ᠭᠦᠨᠵᠡᠭᠡᠢ ᠬᠠᠯᠠᠨ ᠰᠠᠶᠢᠵᠢᠷᠠᠭᠤᠯᠵᠤ ᠂ ᠲᠦᠷᠭᠡᠨ ᠬᠠᠯᠠᠨ ᠰᠠᠶᠢᠵᠢᠷᠠᠭᠤᠯᠵᠤ ᠂ ᠳᠤᠲᠠᠭᠤ ᠳᠣᠷᠭᠤᠨ ᠬᠤᠪᠢᠷᠠᠭᠤᠯᠵᠤ ᠪᠣᠯᠬᠤ ᠦᠭᠡᠢ ᠃ ᠬᠠᠮᠢᠶ᠎ᠠ ᠪᠦᠬᠦᠢ ᠲᠤᠷᠰᠢᠯᠭ᠎ᠠ ᠶᠢ ᠳ᠋ᠦᠩᠨᠡᠬᠦ ᠪᠠ ᠤᠬᠠᠭᠤᠯᠵᠤ ᠬᠥᠲᠥᠯᠥᠨ ᠵᠢᠯᠣᠭᠤᠳᠬᠤ ᠶᠢ ᠰᠠᠶᠢᠲᠤᠷ ᠠᠳᠬᠤᠵᠤ ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠠᠰᠠᠭᠤᠳᠠᠯ ᠢ ᠲᠣᠬᠢᠲᠠᠶ ᠰᠢᠢᠳᠪᠦᠷᠢᠯᠡᠵᠦ ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ ᠃  ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠠᠮᠢᠶ᠎ᠠ ᠪᠦᠬᠦᠢ ᠭᠠᠵᠠᠷ ᠠᠯᠪᠠᠨ ᠲᠠᠰᠤᠭ ᠂ ᠬᠥᠬᠡᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠬᠤᠲᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号