ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠡᠭᠦᠷᠭᠡ ᠴᠢᠳᠠᠪᠤᠷᠢ ᠵᠢᠨ ᠲᠣᠬᠢᠷᠠᠭᠤᠯᠤᠯᠲᠠ᠂ ᠳᠣᠲᠣᠭ᠋ᠠᠳᠤ ᠪᠠᠶ᠋ᠢᠭᠤᠯᠤᠮᠵᠢ ᠪᠠ ᠠᠵᠢᠯᠲᠠᠨ᠎ᠤ ᠣᠷᠣᠨ ᠲᠣᠭ᠎ᠠ ᠵᠢᠨ ᠲᠣᠭᠲᠠᠭ᠋ᠠᠯ
ᠨᠢᠭᠡᠳᠦᠭᠡᠷ ᠵᠤᠷᠪᠤᠰ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ ᠵᠥᠪᠰᠢᠶᠡᠷᠡᠭᠰᠡᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠲᠥᠰᠦᠯ》 ᠪᠣᠯᠤᠨ ᠥᠪᠡᠷᠲᠡᠭᠡᠨ ᠵᠠᠰᠠᠬᠤ ᠣᠷᠣᠨ᠎ᠠᠴᠠ ᠳᠠᠷᠤᠮᠠᠯᠯᠠᠨ ᠲᠠᠷᠬᠠᠭ᠋ᠠᠭᠰᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠬᠡᠷᠡᠭᠵᠢᠭᠦᠯᠬᠦ ᠰᠠᠨᠠᠯ》᠎ᠢ ᠦᠨᠳᠦᠰᠦᠯᠡᠨ᠂ ᠲᠣᠰ ᠲᠣᠭᠲᠠᠭ᠋ᠠᠯ᠎ᠢ ᠲᠣᠭᠲᠠᠭ᠋ᠠᠪᠠ᠃
ᠬᠣᠶᠠᠳᠤᠭ᠋ᠠᠷ ᠵᠤᠷᠪᠤᠰ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠦᠷᠢᠯᠳᠦᠬᠦᠨ ᠰᠠᠯᠠᠭ᠎ᠠ ᠮᠥᠴᠢᠷ ᠪᠣᠯᠬᠤ ᠪᠥᠭᠡᠳ ᠵᠢᠩᠬᠢᠨᠢ ᠲᠢᠩᠬᠢᠮ᠎ᠤᠨ ᠲᠡᠰ ᠪᠣᠯᠤᠨ᠎ᠠ᠃
ᠭᠤᠷᠪᠠᠳᠤᠭ᠋ᠠᠷ ᠵᠤᠷᠪᠤᠰ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠷᠠᠯᠵᠢᠶ᠎ᠠ᠂ ᠤᠯᠠᠨ ᠤᠯᠤᠰ᠎ᠤᠨ ᠠᠵᠤ ᠠᠬᠤᠢ ᠵᠢᠨ ᠬᠠᠮᠲᠤᠷᠠᠯᠴᠠᠭ᠎ᠠ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ ᠪᠠ ᠪᠣᠭᠤᠮᠲᠠ ᠵᠢᠨ ᠬᠠᠮᠢᠶᠠᠷᠤᠯᠲᠠ ᠵᠢᠨ ᠠᠵᠢᠯ᠎ᠤᠨ ᠲᠤᠬᠠᠶ ᠨᠠᠮ᠎ᠤᠨ ᠲᠥᠪ ᠬᠤᠷᠢᠶ᠎ᠠ ᠵᠢᠨ ᠴᠢᠭᠯᠡᠯᠲᠡ ᠲᠥᠷᠥ ᠵᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠬᠣᠯᠪᠤᠭᠳᠠᠯ ᠪᠦᠬᠦᠢ ᠰᠢᠢ᠍ᠳᠪᠦᠷᠢᠳᠦ ᠪᠣᠳᠣᠯᠭ᠎ᠠ ᠵᠢᠨ ᠪᠠᠢ᠌ᠷᠢᠯᠠᠭᠤᠯᠤᠯᠳᠠ ᠵᠢ ᠲᠣᠭᠣᠰᠢᠯᠠᠭᠣᠯᠣᠨ ᠨᠠᠢ᠌ᠳᠠᠪᠦᠷᠢᠵᠢᠭᠤᠯᠵᠦ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠭᠡᠬᠦ ᠶᠠᠪᠤᠴᠠ᠎ᠳᠤ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠷᠠᠯᠵᠢᠶ᠎ᠠ᠂ ᠤᠯᠠᠨ ᠤᠯᠤᠰ᠎ᠤᠨ ᠠᠵᠤ ᠠᠬᠤᠢ ᠵᠢᠨ ᠬᠠᠮᠲᠤᠷᠠᠯᠴᠠᠭ᠎ᠠ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ ᠪᠠ ᠪᠣᠭᠤᠮᠲᠠ ᠵᠢᠨ ᠬᠠᠮᠢᠶᠠᠷᠤᠯᠲᠠ ᠵᠢᠨ ᠠᠵᠢᠯ᠎ᠳᠠᠬᠢ ᠨᠠᠮ᠎ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠨ᠎ᠠ᠃ ᠭᠣᠣᠯ ᠡᠭᠦᠷᠭᠡ ᠬᠠᠷᠢᠭᠤᠴᠠᠯᠭ᠎ᠠ᠄
(ᠨᠢᠭᠡ) ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠷᠠᠯᠵᠢᠶ᠎ᠠ᠂ ᠣᠯᠠᠨ ᠤᠯᠤᠰ᠎ᠤᠨ ᠠᠵᠤ ᠠᠬᠤᠶ ᠵᠢᠨ ᠬᠠᠮᠲᠤᠷᠠᠯᠴᠠᠭ᠎ᠠ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ ᠵᠢᠨ ᠠᠵᠢᠯ᠎ᠤᠨ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠤᠨ ᠲᠥᠰᠦᠯ᠎ᠢ ᠲᠤᠭᠤᠷᠪᠢᠵᠤ᠂ ᠬᠣᠯᠪᠤᠭᠳᠠᠯ ᠪᠦᠬᠦᠢ ᠲᠥᠷᠥ ᠵᠢᠨ ᠪᠣᠳᠣᠯᠭ᠎ᠠ ᠵᠢ ᠲᠤᠭᠤᠷᠪᠢᠨ ᠲᠣᠭᠲᠠᠭ᠋ᠠᠨ᠎ᠠ᠃ ᠬᠤᠳᠠᠯᠳᠤᠭ᠋ᠠᠨ᠎ᠤ ᠶᠠᠪᠤᠳᠠᠯ᠎ᠤᠨ ᠬᠥᠭᠵᠢᠯᠲᠡ ᠵᠢᠨ ᠬᠠᠨᠳᠤᠰᠢ ᠵᠢ ᠰᠤᠳᠤᠯᠵᠤ᠂ ᠬᠥᠭᠵᠢᠯᠲᠡ ᠵᠢᠨ ᠲᠥᠯᠥᠪᠵᠢᠭᠦᠯᠭᠡ ᠵᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃
(ᠬᠤᠶᠠᠷ) ᠭᠦᠢ᠍ᠯᠭᠡᠭᠡᠨ᠎ᠤ ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ ᠵᠢ ᠲᠦᠯᠬᠢᠨ ᠠᠬᠢᠭᠤᠯᠬᠤ ᠵᠢ ᠬᠠᠷᠢᠭᠤᠴᠠᠵᠤ᠂ ᠠᠷᠠᠯᠵᠢᠶ᠎ᠠ ᠬᠤᠳᠠᠯᠳᠤᠭ᠋ᠠᠨ᠎ᠤ ᠦᠢ᠍ᠯᠡᠴᠢᠯᠡᠭᠡᠨ᠎ᠤ ᠦᠢ᠍ᠯᠡᠰ ᠪᠣᠯᠤᠨ ᠨᠡᠶ᠋ᠢᠭᠡᠮ ᠲᠣᠭᠣᠷᠢᠭ᠎ᠤᠨ ᠬᠤᠳᠠᠯᠳᠤᠭ᠋ᠠᠨ᠎ᠤ ᠬᠥᠭᠵᠢᠯᠲᠡ ᠵᠢ ᠵᠢᠯᠣᠭᠣᠳᠴᠤ᠂ ᠳᠤᠮᠳᠠ ᠵᠢᠵᠢᠭ ᠠᠷᠠᠯᠵᠢᠶ᠎ᠠ ᠬᠤᠳᠠᠯᠳᠤᠭ᠋ᠠᠨ᠎ᠤ ᠠᠵᠤ ᠠᠬᠤᠶ᠋ᠢᠯᠠᠯ᠎ᠤᠨ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠰᠠᠨᠠᠭᠤᠯᠭ᠎ᠠ ᠳᠤᠷᠠᠳᠴᠤ᠂ ᠭᠦᠢ᠍ᠯᠭᠡᠭᠡᠨ᠎ᠤ ᠪᠠᠷᠢᠮᠵᠢᠶᠠᠵᠢᠭᠤᠯᠤᠯᠲᠠ ᠪᠣᠯᠤᠨ ᠬᠡᠯᠬᠢᠶ᠎ᠡ ᠡᠵᠡᠩᠨᠡᠯᠲᠡ᠂ ᠬᠤᠳᠠᠯᠳᠤᠭ᠋ᠠᠨ᠎ᠤ ᠣᠨᠴᠠ ᠵᠥᠪᠰᠢᠶᠡᠷᠡᠭᠰᠡᠨ ᠡᠵᠡᠩᠨᠡᠯᠲᠡ᠂ ᠪᠠᠷᠠᠭ᠎ᠠ ᠵᠢᠨ ᠭᠦᠢ᠍ᠯᠭᠡᠭᠡᠨ᠎ᠤ ᠲᠣᠬᠢᠷᠠᠭᠤᠯᠤᠨ ᠬᠦᠷᠭᠡᠬᠦ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ ᠵᠡᠷᠭᠡ ᠣᠳᠣ ᠦᠶ᠎ᠡ ᠵᠢᠨ ᠭᠦᠢ᠍ᠯᠭᠡᠭᠡᠨ᠎ᠤ ᠠᠷᠭ᠎ᠠ ᠬᠡᠯᠪᠡᠷᠢ ᠵᠢᠨ ᠬᠥᠭᠵᠢᠯᠲᠡ ᠵᠢ ᠲᠦᠯᠬᠢᠨ ᠠᠬᠢᠭᠤᠯᠤᠨ᠎ᠠ᠃
(ᠭᠤᠷᠪᠠ) ᠵᠠᠬ᠎ᠠ ᠳᠡᠯᠭᠡᠭᠦᠷ᠎ᠤᠨ ᠰᠢᠰᠲ᠋ᠧᠮ᠎ᠤᠨ ᠪᠠᠶ᠋ᠢᠭᠤᠯᠤᠯᠲᠠ ᠵᠢ ᠠᠬᠢᠭᠤᠯᠬᠤ ᠠᠷᠭ᠎ᠠ ᠬᠡᠮᠵᠢᠶ᠎ᠡ ᠵᠢ ᠰᠤᠳᠤᠯᠤᠨ ᠳᠤᠷᠠᠳᠴᠤ᠂ ᠬᠤᠳᠠ ᠬᠥᠳᠡᠭᠡ ᠵᠢᠨ ᠵᠠᠬ᠎ᠠ ᠳᠡᠯᠭᠡᠭᠦᠷ᠎ᠤᠨ ᠬᠥᠭᠵᠢᠯᠲᠡ ᠵᠢ ᠠᠬᠢᠭᠤᠯᠤᠨ᠎ᠠ᠃ ᠶᠡᠬᠡ ᠬᠡᠮᠵᠢᠶᠡᠨ᠎ᠤ ᠦᠢ᠍ᠯᠡᠳᠬᠦᠨ᠎ᠤ ᠪᠥᠭᠡᠮ ᠵᠶ᠋ᠠᠷ ᠬᠤᠳᠠᠯᠳᠤᠬᠤ ᠵᠠᠬ᠎ᠠ ᠳᠡᠯᠭᠡᠭᠦᠷ᠎ᠤᠨ ᠲᠥᠯᠥᠪᠵᠢᠭᠦᠯᠭᠡ ᠪᠣᠯᠤᠨ ᠬᠣᠲᠠ ᠵᠢᠨ ᠬᠤᠳᠠᠯᠳᠤᠭ᠋ᠠᠨ᠎ᠤ ᠲᠣᠤᠷ ᠴᠡᠭ᠎ᠤᠨ ᠲᠥᠯᠥᠪᠵᠢᠭᠦᠯᠭᠡ ᠵᠢ ᠵᠢᠯᠣᠭᠣᠳᠴᠤ᠂ ᠬᠤᠳᠠᠯᠳᠤᠭ᠋ᠠᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠵᠢᠨ ᠠᠵᠢᠯ᠎ᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠣᠨ᠎ᠤ ᠵᠠᠬ᠎ᠠ ᠳᠡᠯᠭᠡᠭᠦᠷ᠎ᠤᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠬᠥᠳᠡᠭᠡ ᠲᠣᠰᠬᠣᠨ᠎ᠤ ᠣᠳᠣ ᠦᠶ᠎ᠡ ᠵᠢᠨ ᠭᠦᠢ᠍ᠯᠭᠡᠭᠡᠨ᠎ᠤ ᠲᠣᠤᠷ ᠰᠦᠯᠵᠢᠶ᠎ᠡ ᠵᠢᠨ ᠢᠨᠵᠧᠨᠧᠷᠢᠩ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠢ ᠬᠥᠳᠡᠭᠡ ᠲᠣᠰᠬᠣᠨ᠎ᠳᠤ ᠣᠷᠣᠭᠤᠯᠬᠤ ᠠᠵᠢᠯ᠎ᠢ ᠲᠦᠯᠬᠢᠨ ᠠᠬᠢᠭᠤᠯᠤᠨ᠎ᠠ᠃
(ᠳᠥᠷᠪᠡ) ᠵᠠᠬ᠎ᠠ ᠳᠡᠯᠭᠡᠭᠦᠷ᠎ᠤᠨ ᠠᠵᠤ ᠠᠬᠤᠶ ᠵᠢᠨ ᠡᠮᠬᠢ ᠳᠢᠭᠯᠢᠮ᠎ᠢ ᠲᠦᠷᠦᠭᠦᠯᠡᠨ ᠵᠣᠬᠢᠴᠠᠭᠤᠯᠤᠨ ᠴᠡᠭᠴᠡᠯᠡᠨ ᠵᠢᠷᠤᠮᠵᠢᠭᠤᠯᠵᠤ᠂ ᠬᠤᠳᠠᠯᠳᠤᠭ᠋ᠠᠨ᠎ᠤ ᠢᠲᠡᠭᠡᠮᠵᠢ ᠵᠢᠨ ᠪᠣᠷᠣᠯᠠᠭᠤᠯᠭ᠎ᠠ ᠵᠢ ᠵᠢᠯᠣᠭᠤᠳᠤᠨ᠂ ᠵᠠᠬ᠎ᠠ ᠳᠡᠯᠭᠡᠭᠦᠷ᠎ᠤᠨ ᠦᠨᠡᠨᠴᠢ ᠢᠲᠡᠭᠡᠮᠵᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠪᠠᠶ᠋ᠢᠭᠤᠯᠤᠯᠲᠠ ᠵᠢ ᠠᠬᠢᠭᠤᠯᠤᠨ᠎ᠠ᠃ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠣᠨᠴᠠᠭ᠋ᠠᠢ ᠭᠦᠢ᠍ᠯᠭᠡᠭᠡᠨ᠎ᠤ ᠠᠵᠢᠯ ᠲᠥᠷᠥᠯ᠎ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠠᠷᠠᠯᠵᠢᠶ᠎ᠠ ᠬᠤᠳᠠᠯᠳᠤᠭ᠋ᠠᠨ᠎ᠤ ᠦᠢ᠍ᠯᠡᠴᠢᠯᠡᠭᠡᠨ᠎ᠤ ᠦᠢ᠍ᠯᠡᠰ᠂ ᠲᠣᠮᠣ ᠬᠡᠯᠪᠡᠷᠢ ᠵᠢᠨ ᠠᠷᠠᠯᠵᠢᠶ᠎ᠠ ᠬᠤᠳᠠᠯᠳᠤᠭ᠋ᠠᠨ (ᠦᠵᠡᠭᠦᠯᠭᠡ)᠎ᠤ ᠠᠵᠢᠯᠯᠠᠭ᠋ᠠᠨ᠎ᠤ ᠲᠠᠯᠠᠪᠤᠷ᠎ᠤᠨ ᠠᠶᠤᠯᠭᠦᠢ ᠦᠢ᠍ᠯᠡᠳᠪᠦᠷᠢᠯᠡᠯ᠎ᠢ ᠰᠢᠮᠳᠠᠭᠤᠯᠤᠨ ᠵᠢᠯᠤᠭᠤᠳᠬᠤ ᠠᠵᠢᠯ᠎ᠢ ᠬᠠᠷᠢᠭᠤᠴᠠᠨ᠎ᠠ᠃
(ᠲᠠᠪᠤ) ᠪᠦᠬᠦ ᠣᠷᠣᠨ᠎ᠤ ᠴᠢᠬᠤᠯᠠ ᠬᠡᠷᠡᠭᠯᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠲᠣᠬᠢᠷᠠᠭᠤᠯᠭ᠎ᠠ ᠡᠵᠡᠮᠳᠡᠯ ᠪᠠ ᠴᠢᠬᠤᠯᠠ ᠦᠢ᠍ᠯᠡᠳᠪᠦᠷᠢᠯᠡᠯ᠎ᠤᠨ ᠬᠡᠷᠡᠭᠰᠡᠯ᠎ᠤᠨ ᠭᠦᠢ᠍ᠯᠭᠡᠭᠡᠨ᠎ᠤ ᠬᠠᠮᠢᠶᠠᠷᠤᠯᠲᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠠᠮᠢᠳᠤᠷᠠᠯ᠎ᠤᠨ ᠴᠢᠬᠤᠯᠠ ᠬᠡᠷᠡᠭᠯᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠵᠣᠬᠢᠴᠠᠮᠵᠢ ᠵᠢ ᠪᠠᠶ᠋ᠢᠭᠤᠯᠤᠨ ᠪᠦᠷᠢᠨᠰᠢᠭᠦᠯᠦᠨ᠎ᠡ᠃ ᠵᠠᠬ᠎ᠠ ᠳᠡᠯᠭᠡᠭᠦᠷ᠎ᠤᠨ ᠠᠵᠢᠯᠯᠠᠭ᠋ᠠᠨ᠂ ᠲᠠᠸᠠᠷ᠎ᠤᠨ ᠬᠠᠩᠭ᠋ᠠᠯᠭ᠎ᠠ ᠬᠡᠷᠡᠭᠴᠡᠭᠡ ᠵᠢᠨ ᠪᠠᠶ᠋ᠢᠳᠠᠯ᠎ᠢ ᠬᠢᠨᠠᠨ ᠰᠢᠨᠵᠢᠯᠡᠵᠦ ᠵᠠᠳᠠᠯᠤᠨ᠎ᠠ᠃ ᠲᠠᠸᠠᠷ᠎ᠤᠨ ᠦᠨ᠎ᠡ ᠬᠠᠩᠰᠢ ᠵᠢᠨ ᠮᠡᠳᠡᠭᠡ ᠵᠠᠩᠭᠢ ᠵᠢ ᠪᠠᠶ᠋ᠢᠴᠠᠭ᠋ᠠᠨ ᠵᠠᠳᠠᠯᠵᠤ᠂ ᠤᠷᠢᠳᠴᠢᠯᠠᠨ ᠵᠢᠱ᠌ᠢᠵᠦ ᠰᠡᠷᠡᠮᠵᠢᠯᠡᠭᠦᠯᠬᠦ ᠪᠠ ᠮᠡᠳᠡᠭᠡ ᠵᠠᠩᠭᠢ᠎ᠪᠠᠷ ᠬᠥᠲᠥᠯᠥᠨ ᠵᠢᠯᠣᠭᠤᠳᠤᠨ᠎ᠠ᠃ ᠮᠢᠬᠠᠨ᠎ᠤ ᠵᠦᠢ᠍ᠯ ᠵᠡᠷᠭᠡ ᠴᠢᠬᠤᠯᠠ ᠬᠡᠷᠡᠭᠯᠡᠭᠡᠨ᠎ᠤ ᠵᠦᠢ᠍ᠯ᠎ᠤᠨ ᠨᠥᠭᠡᠴᠡᠯᠡᠯᠲᠡ ᠵᠢᠨ ᠬᠠᠮᠢᠶᠠᠷᠤᠯᠲᠠ ᠪᠣᠯᠤᠨ ᠵᠠᠬ᠎ᠠ ᠳᠡᠯᠭᠡᠭᠦᠷ᠎ᠤᠨ ᠲᠣᠬᠢᠷᠠᠭᠤᠯᠭ᠎ᠠ ᠡᠵᠡᠮᠳᠡᠯ᠎ᠢ ᠬᠠᠷᠢᠭᠤᠴᠠᠨ᠎ᠠ᠃ ᠪᠣᠯᠪᠠᠰᠤᠷᠠᠭᠤᠯᠤᠭᠰᠠᠨ ᠲᠣᠰᠣᠨ᠎ᠤ ᠭᠦᠢ᠍ᠯᠭᠡᠭᠡ ᠵᠢ ᠬᠠᠤᠯᠢ ᠶᠣᠰᠣᠭ᠋ᠠᠷ ᠬᠢᠨᠠᠨ ᠬᠠᠮᠢᠶᠠᠷᠤᠨ᠎ᠠ᠃
(ᠵᠢᠷᠭᠤᠭ᠎ᠠ) ᠭᠠᠳᠠᠭ᠋ᠠᠳᠤ ᠠᠷᠠᠯᠵᠢᠶᠠᠨ᠎ᠤ ᠨᠡᠮᠡᠭᠳᠡᠯ᠎ᠢ ᠠᠬᠢᠭᠤᠯᠬᠤ ᠠᠷᠭ᠎ᠠ ᠬᠡᠯᠪᠡᠷᠢ ᠵᠢ ᠬᠤᠪᠢᠷᠠᠭᠤᠯᠬᠤ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠲᠤᠭᠤᠷᠪᠢᠨ ᠲᠣᠭᠲᠠᠭ᠋ᠠᠵᠤ᠂ ᠠᠷᠠᠯᠵᠢᠶ᠎ᠠ ᠵᠢ ᠠᠬᠢᠭᠤᠯᠬᠤ ᠠᠵᠢᠯᠯᠠᠭ᠎ᠠ ᠪᠣᠯᠤᠨ ᠭᠠᠳᠠᠭ᠋ᠠᠳᠤ ᠠᠷᠠᠯᠵᠢᠶ᠎ᠠ ᠵᠢ ᠠᠬᠢᠭᠤᠯᠬᠤ ᠰᠢᠰᠲᠸᠮᠵᠢ ᠵᠢᠨ ᠪᠠᠶ᠋ᠢᠭᠤᠯᠤᠯᠲᠠ ᠵᠢ ᠵᠢᠯᠣᠭᠤᠳᠴᠤ᠂ ᠤᠯᠤᠰ᠎ᠤᠨ ᠭᠠᠳᠠᠭ᠋ᠠᠳᠤ ᠠᠷᠠᠯᠵᠢᠶᠠᠨ᠎ᠤ ᠬᠣᠯᠪᠤᠭᠳᠠᠯ ᠪᠦᠬᠦᠢ ᠲᠠᠸᠠᠷ᠂ ᠮᠡᠷᠭᠡᠵᠢᠯ᠎ᠢ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠲᠥᠯᠥᠪᠯᠡᠭᠡ ᠵᠢᠨ ᠬᠠᠮᠢᠶᠠᠷᠤᠯᠲᠠ ᠵᠢ ᠬᠠᠤᠯᠢ ᠶᠣᠰᠣᠭ᠋ᠠᠷ ᠵᠣᠬᠢᠶᠠᠨ ᠪᠠᠶ᠋ᠢᠭᠤᠯᠤᠨ᠎ᠠ᠃ ᠤᠯᠤᠰ᠎ᠤᠨ ᠭᠠᠳᠠᠭ᠋ᠠᠳᠤ ᠮᠡᠷᠭᠡᠵᠢᠯ᠎ᠤᠨ ᠠᠷᠠᠯᠵᠢᠶ᠎ᠠ᠂ ᠭᠠᠳᠠᠭ᠋ᠠᠳᠤ ᠭᠠᠷᠭ᠋ᠠᠯᠲᠠ ᠵᠢᠨ ᠵᠠᠬᠢᠷᠤᠨ ᠬᠠᠮᠢᠶᠠᠷᠬᠤ ᠵᠢᠴᠢ ᠮᠡᠷᠭᠡᠵᠢᠯ᠂ ᠢᠵᠢ ᠪᠦᠷᠢᠨ ᠲᠥᠬᠥᠭᠡᠷᠦᠮᠵᠢ ᠵᠢ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠵᠢ ᠵᠣᠷᠢᠭᠵᠢᠭᠤᠯᠬᠤ ᠠᠷᠠᠯᠵᠢᠶᠠᠨ᠎ᠤ ᠲᠥᠷᠥ ᠵᠢᠨ ᠪᠣᠳᠣᠯᠭ᠎ᠠ ᠪᠣᠯᠤᠨ ᠡᠳ᠋ᠰᠢᠭᠦᠯᠭᠡ ᠵᠢᠨ ᠠᠷᠠᠯᠵᠢᠶᠠᠨ᠎ᠤ ᠬᠠᠮᠢᠶᠠᠷᠤᠯᠲᠠ ᠵᠢᠨ ᠠᠷᠭ᠎ᠠ ᠵᠢ ᠬᠡᠷᠡᠭᠵᠢᠭᠦᠯᠬᠦ ᠬᠡᠷᠡᠭᠲᠡᠶ᠃ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠠᠷᠠᠯᠵᠢᠶ᠎ᠠ ᠵᠢ ᠪᠠᠷᠢᠮᠵᠢᠶᠠᠵᠢᠭᠤᠯᠬᠤ ᠠᠵᠢᠯ᠎ᠢ ᠠᠬᠢᠭᠤᠯᠤᠨ᠎ᠠ᠃ ᠮᠡᠷᠭᠡᠵᠢᠯ᠎ᠢ ᠣᠷᠣᠭᠤᠯᠵᠤ ᠢᠷᠡᠬᠦ᠂ ᠲᠥᠬᠥᠭᠡᠷᠦᠮᠵᠢ ᠵᠢ ᠭᠠᠳᠠᠭ᠋ᠠᠳᠤ᠎ᠠᠴᠠ ᠣᠷᠣᠭᠤᠯᠬᠤ᠂ ᠤᠯᠤᠰ᠎ᠠᠴᠠ ᠭᠠᠳᠠᠭ᠋ᠠᠳᠤ᠎ᠳᠤ ᠭᠠᠷᠭ᠋ᠠᠬᠤ ᠵᠢ ᠬᠢᠵᠠᠭ᠋ᠠᠷᠯᠠᠬᠤ ᠮᠡᠷᠭᠡᠵᠢᠯ᠎ᠤᠨ ᠠᠵᠢᠯ᠎ᠳᠤ ᠬᠠᠤᠯᠢ ᠶᠣᠰᠣᠭ᠋ᠠᠷ ᠬᠢᠨᠠᠯᠲᠠ ᠲᠠᠯᠪᠢᠨ᠎ᠠ᠃ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠠᠴᠠ ᠡᠷᠬᠡ ᠣᠯᠭᠤᠭᠰᠠᠨ ᠥᠷᠭᠡᠳᠬᠡᠨ ᠲᠠᠷᠬᠠᠬᠤ ᠵᠢ ᠰᠡᠷᠭᠡᠶ᠋ᠢᠯᠡᠬᠦ ᠵᠡᠷᠭᠡ ᠤᠯᠤᠰ᠎ᠤᠨ ᠠᠮᠤᠷ ᠲᠦᠪᠰᠢᠨ᠎ᠲᠠᠢ ᠬᠤᠯᠪᠣᠭᠳᠠᠬᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠵᠥᠪᠰᠢᠶᠡᠷᠡᠯ᠎ᠤᠨ ᠦᠨᠡᠮᠯᠡᠯ᠎ᠤᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
(ᠳᠤᠯᠤᠭ᠎ᠠ) ᠤᠯᠤᠰ᠎ᠤᠨ ᠦᠢ᠍ᠯᠡᠴᠢᠯᠡᠭᠡᠨ᠎ᠤ ᠠᠷᠠᠯᠵᠢᠶᠠᠨ᠎ᠤ ᠬᠥᠭᠵᠢᠯᠲᠡ ᠵᠢᠨ ᠲᠥᠯᠥᠪᠵᠢᠭᠦᠯᠭᠡ ᠵᠢ ᠬᠡᠷᠡᠭᠵᠢᠭᠦᠯᠬᠦ ᠵᠢᠨ ᠬᠠᠮᠲᠤ ᠬᠠᠮᠢᠶ᠎ᠠ ᠪᠦᠬᠦᠢ ᠠᠵᠢᠯ᠎ᠢ ᠥᠷᠨᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠤᠯᠤᠰ᠎ᠤᠨ ᠦᠢ᠍ᠯᠡᠴᠢᠯᠡᠭᠡᠨ᠎ᠤ ᠭᠠᠳᠠᠭ᠋ᠠᠳᠤ ᠭᠠᠷᠭ᠋ᠠᠯᠲᠠ ᠵᠢ ᠠᠬᠢᠭᠤᠯᠬᠤ ᠪᠠ ᠦᠢ᠍ᠯᠡᠴᠢᠯᠡᠭᠡᠨ᠎ᠢ ᠭᠠᠳᠠᠭᠰᠢ ᠳᠠᠭ᠋ᠠᠭ᠋ᠠᠴᠢᠯᠠᠭᠤᠯᠬᠤ ᠬᠥᠭᠵᠢᠯᠲᠡ ᠵᠢᠨ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠨ ᠨᠠᠶ᠋ᠢᠳᠠᠪᠤᠷᠢᠵᠢᠭᠤᠯᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠦᠢ᠍ᠯᠡᠴᠢᠯᠡᠭᠡᠨ᠎ᠢ ᠭᠠᠳᠠᠭᠰᠢ ᠳᠠᠭ᠋ᠠᠭ᠋ᠠᠴᠢᠯᠠᠭᠤᠯᠬᠤ ᠲᠠᠪᠴᠠᠩ᠎ᠤᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ᠃ ᠪᠦᠬᠦ ᠣᠷᠣᠨ᠎ᠤ ᠬᠤᠷᠠᠯ ᠦᠵᠡᠰᠬᠦᠯᠡᠩ᠎ᠤᠨ ᠦᠢ᠍ᠯᠡᠰ᠎ᠢ ᠠᠬᠢᠭᠤᠯᠬᠤ ᠪᠠ ᠬᠠᠮᠢᠶᠠᠷᠬᠤ ᠠᠵᠢᠯ᠎ᠢ ᠬᠠᠷᠢᠭᠤᠴᠠᠵᠤ᠂ ᠨᠠᠮ ᠵᠠᠰᠠᠭ᠎ᠤᠨ ᠪᠠᠶ᠋ᠢᠭᠤᠯᠭ᠎ᠠ ᠵᠢᠨ ᠬᠢᠯᠢ ᠳᠣᠲᠣᠷ᠎ᠠ ᠦᠵᠡᠰᠬᠦᠯᠡᠩ ᠴᠤᠭᠯᠠᠭ᠋ᠠᠨ ᠡᠷᠬᠢᠯᠡᠬᠦ ᠠᠵᠢᠯᠯᠠᠭ᠎ᠠ ᠵᠢ ᠬᠠᠮᠢᠶᠠᠷᠤᠨ᠎ᠠ᠃
(ᠨᠠᠢ᠍ᠮᠠ) ᠡᠷᠬᠡ ᠣᠯᠭᠣᠭᠰᠠᠨ ᠪᠠᠶ᠋ᠢᠳᠠᠯ᠎ᠢ ᠦᠨᠳᠦᠰᠦᠯᠡᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢ ᠲᠥᠯᠥᠭᠡᠯᠡᠵᠦ ᠭᠠᠳᠠᠭ᠋ᠠᠳᠤ ᠤᠯᠤᠰ᠎ᠲᠠᠢ ᠠᠵᠤ ᠠᠬᠤᠶ ᠠᠷᠠᠯᠵᠢᠶᠠᠨ᠎ᠤ ᠬᠡᠯᠡᠯᠴᠡᠭᠡᠷ ᠬᠢᠬᠦ ᠵᠢᠨ ᠬᠠᠮᠲᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠳᠤ ᠭᠠᠷᠤᠨ ᠦᠰᠦᠭ ᠵᠢᠷᠤᠵᠤ᠂ ᠤᠯᠤᠰ᠎ᠤᠨ ᠠᠳᠠᠯᠢ ᠪᠤᠰᠤ ᠭᠠᠵᠠᠷ ᠣᠷᠣᠨ᠎ᠤ ᠣᠷᠣᠨ ᠨᠤᠲᠤᠭ᠎ᠤᠨ ᠬᠣᠭᠣᠷᠣᠨᠳᠣᠬᠢ ᠠᠵᠤ ᠠᠬᠤᠶ ᠠᠷᠠᠯᠵᠢᠶᠠᠨ᠎ᠤ ᠬᠠᠷᠢᠴᠠᠭ᠎ᠠ᠎ᠳᠠᠬᠢ ᠴᠢᠬᠤᠯᠠ ᠶᠠᠪᠤᠳᠠᠯ᠎ᠢ ᠰᠢᠢ᠍ᠳᠪᠦᠷᠢᠯᠡᠨ᠎ᠡ᠃ ᠳᠤᠮᠳᠠᠳᠤ ᠤᠯᠤᠰ᠎ᠲᠤ ᠰᠠᠭᠤᠭ᠎ᠠ ᠭᠠᠳᠠᠭ᠋ᠠᠳᠤ ᠤᠯᠤᠰ᠎ᠤᠨ ᠠᠯᠪᠠᠨ᠎ᠤ ᠬᠤᠳᠠᠯᠳᠤᠭ᠋ᠠᠨ᠎ᠤ ᠶᠠᠪᠤᠳᠠᠯ᠎ᠤᠨ ᠪᠠᠶ᠋ᠢᠭᠤᠯᠤᠮᠵᠢ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠲᠥᠯᠥᠭᠡᠯᠡᠬᠦ ᠪᠠᠶ᠋ᠢᠭᠤᠯᠤᠮᠵᠢ ᠪᠣᠯᠤᠨ ᠮᠠᠨ᠎ᠤ ᠤᠯᠤᠰ᠎ᠤᠨ ᠭᠠᠳᠠᠭ᠋ᠠᠳᠤ᠎ᠳᠤ ᠰᠠᠭᠤᠭ᠎ᠠ ᠡᠯᠴᠢᠨ ᠰᠠᠶ᠋ᠢᠳ (ᠺᠣᠨᠰᠦ᠋ᠯ)᠎ᠤᠨ ᠶᠠᠮᠤᠨ᠎ᠤ ᠬᠤᠳᠠᠯᠳᠤᠭ᠎ᠠ ᠡᠷᠬᠢᠯᠡᠬᠦ ᠭᠠᠵᠠᠷ᠎ᠲᠠᠢ ᠬᠠᠷᠢᠯᠴᠠᠨ᠎ᠠ᠃
(ᠶᠢᠰᠦ) ᠮᠠᠨ᠎ᠤ ᠤᠯᠤᠰ᠎ᠤᠨ ᠳᠡᠯᠡᠬᠡᠶ ᠵᠢᠨ ᠠᠷᠠᠯᠵᠢᠶᠠᠨ᠎ᠤ ᠵᠣᠬᠢᠶᠠᠨ ᠪᠠᠶ᠋ᠢᠭᠤᠯᠤᠯᠲᠠ᠎ᠳᠤ ᠣᠷᠣᠯᠴᠠᠭᠰᠠᠨ ᠬᠣᠯᠪᠤᠭᠳᠠᠯ ᠪᠦᠬᠦᠢ ᠲᠥᠷᠥ ᠵᠢᠨ ᠪᠣᠳᠣᠯᠭ᠎ᠠ ᠪᠣᠯᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠨᠠᠶ᠋ᠢᠳᠠᠪᠤᠷᠢᠵᠢᠭᠤᠯᠬᠤ ᠵᠢᠨ ᠬᠠᠮᠲᠤ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠢ ᠬᠠᠪᠰᠤᠷᠤᠨ ᠬᠣᠯᠪᠤᠭᠳᠠᠯ ᠪᠦᠬᠦᠢ ᠠᠵᠢᠯ᠎ᠢ ᠥᠷᠨᠢᠭᠦᠯᠦᠨ᠎ᠡ᠃ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠭᠤᠣᠯᠴᠢ ᠠᠷᠠᠯᠵᠢᠶᠠᠨ᠎ᠤ ᠬᠣᠯᠪᠤᠭᠳᠠᠯ ᠪᠦᠬᠦᠢ ᠠᠵᠢᠯ᠎ᠢ ᠵᠣᠬᠢᠴᠠᠭᠤᠯᠤᠨ ᠵᠢᠯᠣᠭᠤᠳᠤᠨ᠎ᠠ᠃ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠥᠪᠡᠷᠲᠡᠭᠡᠨ ᠵᠠᠰᠠᠬᠤ ᠣᠷᠣᠨ᠎ᠳᠤ ᠬᠣᠯᠪᠣᠭᠳᠠᠬᠤ ᠠᠵᠤ ᠠᠬᠤᠶ ᠠᠷᠠᠯᠵᠢᠶᠠᠨ᠎ᠤ ᠬᠡᠯᠡᠯᠴᠡᠭᠡᠷ᠎ᠲᠤ ᠣᠷᠣᠯᠴᠠᠨ᠎ᠠ᠃
(ᠠᠷᠪᠠ) ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ ᠠᠵᠤ ᠠᠬᠤᠶ ᠵᠢᠨ ᠬᠠᠮᠵᠢᠯᠴᠠᠭ᠋ᠠᠨ᠎ᠤ ᠠᠵᠢᠯ᠎ᠢ ᠬᠠᠷᠢᠭᠤᠴᠠᠵᠤ᠂ ᠣᠷᠣᠰ᠂ ᠮᠣᠩᠭᠣᠯ ᠤᠯᠤᠰ ᠪᠣᠯᠤᠨ 《ᠨᠢᠭᠡ ᠪᠦᠰᠡ ᠨᠢᠭᠡ ᠵᠠᠮ》 ᠳᠠᠭ᠋ᠠᠤ ᠵᠢᠨ ᠤᠯᠤᠰ᠎ᠲᠠᠢ ᠠᠵᠤ ᠠᠬᠤᠶ ᠠᠷᠠᠯᠵᠢᠶ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠨ᠎ᠠ᠃ ᠤᠯᠤᠰ᠎ᠤᠨ ᠭᠠᠳᠠᠭ᠋ᠠᠳᠤ ᠠᠵᠤ ᠠᠬᠤᠢ ᠵᠢᠨ ᠬᠠᠮᠲᠤᠷᠠᠯᠴᠠᠭ᠋ᠠᠨ᠎ᠤ ᠲᠦᠷᠦ ᠵᠢᠨ ᠪᠤᠳᠤᠯᠭ᠎ᠠ ᠵᠢ ᠬᠡᠷᠡᠭᠵᠢᠭᠦᠯᠵᠦ᠂ ᠭᠠᠳᠠᠭ᠋ᠠᠳᠤ᠎ᠳᠤ ᠪᠠᠷᠢᠯᠭ᠎ᠠ ᠳᠠᠭ᠋ᠠᠭ᠋ᠠᠴᠢᠯᠠᠭᠤᠯᠬᠤ᠂ ᠭᠠᠳᠠᠭ᠋ᠠᠳᠤ᠎ᠳᠤ ᠬᠥᠳᠡᠯᠮᠦᠷᠢ ᠦᠢ᠍ᠯᠡᠴᠢᠯᠡᠭᠡ ᠲᠤᠮᠢᠯᠠᠬᠤ᠂ ᠬᠢᠯᠢ ᠵᠢᠨ ᠭᠠᠳᠠᠨᠠᠬᠢ ᠡᠬᠢ ᠪᠠᠶᠠᠯᠢᠭ᠎ᠤᠨ ᠲᠠᠯ᠎ᠠ᠎ᠪᠠᠷ ᠬᠠᠮᠳᠤᠷᠠᠯᠴᠠᠬᠤ᠂ ᠭᠠᠳᠠᠭ᠋ᠠᠳᠤ᠎ᠳᠤ ᠪᠡᠯᠡ ᠤᠷᠤᠭᠤᠯᠤᠨ ᠠᠵᠤ ᠠᠬᠤᠶ᠋ᠢᠯᠠᠯ (ᠮᠦᠩᠭᠦᠨ ᠭᠦᠢ᠍ᠯᠭᠡᠭᠡᠨ᠎ᠤ ᠠᠵᠤ ᠠᠬᠤᠶ᠋ᠢᠯᠠᠯ᠎ᠠᠴᠠ ᠪᠤᠰᠤᠳ) ᠡᠷᠬᠢᠯᠡᠬᠦ ᠵᠢ ᠬᠠᠤᠯᠢ ᠶᠤᠰᠤᠭ᠋ᠠᠷ ᠬᠠᠮᠢᠶᠠᠷᠤᠨ᠎ᠠ᠃ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ᠎ᠳᠤ ᠲᠤᠰᠠᠯᠠᠮᠵᠢ ᠦᠵᠡᠭᠦᠯᠬᠦ ᠠᠵᠢᠯ᠎ᠤᠨ ᠡᠭᠦᠷᠭᠡ ᠬᠠᠷᠢᠭᠤᠴᠠᠯᠭ᠎ᠠ ᠪᠣᠯᠤᠨ ᠤᠯᠤᠰ᠎ᠤᠨ ᠭᠠᠳᠠᠭ᠋ᠠᠳᠤ᠎ᠳᠤ ᠲᠤᠰᠠᠯᠠᠮᠵᠢ ᠦᠵᠡᠭᠦᠯᠬᠦ ᠲᠥᠷᠥᠯ ᠵᠦᠢ᠍ᠯ᠎ᠢ ᠡᠭᠦᠷᠭᠡᠯᠡᠨ᠎ᠡ᠃
(ᠠᠷᠪᠠᠨ ᠨᠢᠭᠡ) ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠬᠤ ᠠᠵᠢᠯ᠎ᠢ ᠵᠢᠯᠣᠭᠣᠳᠬᠤ ᠪᠠ ᠬᠠᠮᠢᠶᠠᠷᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ ᠵᠢ ᠠᠰᠢᠭᠯᠠᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠪᠠ ᠬᠥᠭᠵᠢᠭᠦᠯᠦᠯᠲᠡ ᠵᠢᠨ ᠲᠥᠯᠥᠪᠵᠢᠭᠦᠯᠭᠡ ᠵᠢ ᠲᠣᠭᠳᠠᠭ᠋ᠠᠨ᠎ᠠ᠃ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠢ ᠪᠠᠶ᠋ᠢᠭᠤᠯᠬᠤ᠂ ᠬᠤᠪᠢᠷᠠᠭᠤᠯᠬᠤ ᠵᠡᠷᠭᠡ ᠵᠦᠢ᠍ᠯᠡᠰ᠎ᠢ ᠬᠢᠨᠠᠨ ᠵᠥᠪᠰᠢᠶᠡᠷᠡᠬᠦ ᠪᠠ ᠳᠠᠩᠰᠠᠯᠠᠭᠤᠯᠬᠤ ᠠᠵᠢᠯ᠎ᠢ ᠬᠠᠤᠯᠢ ᠶᠣᠰᠣᠭ᠋ᠠᠷ ᠡᠭᠦᠷᠭᠡᠯᠡᠨ᠎ᠡ᠃ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ ᠵᠢ ᠠᠬᠢᠭᠤᠯᠬᠤ ᠬᠣᠯᠪᠤᠭᠳᠠᠯ ᠪᠦᠬᠦᠢ ᠠᠵᠢᠯ᠎ᠢ ᠬᠠᠷᠢᠭᠤᠴᠠᠨ᠎ᠠ᠃ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠤᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠭᠡᠷ᠎ᠡ ᠵᠢᠨ ᠲᠦᠷᠢᠮ᠎ᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠢ ᠬᠠᠤᠯᠢ ᠶᠣᠰᠣᠭ᠋ᠠᠷ ᠬᠢᠨᠠᠨ ᠪᠠᠶ᠋ᠢᠴᠠᠭ᠋ᠠᠬᠤ ᠵᠢᠨ ᠬᠠᠮᠲᠤ ᠬᠠᠮᠢᠶ᠎ᠠ ᠪᠦᠬᠦᠢ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠨ᠎ᠡ᠃ ᠤᠯᠤᠰ᠎ᠤᠨ ᠲᠠᠰ᠎ᠤᠨ ᠠᠵᠤ ᠠᠬᠤᠶ ᠮᠡᠷᠭᠡᠵᠢᠯ᠎ᠤᠨ ᠨᠡᠭᠡᠭᠡᠯᠲᠡ ᠵᠢᠨ ᠣᠷᠣᠨ᠂ ᠬᠢᠯᠢ (ᠬᠢᠯᠢ ᠠᠯᠤᠰᠯᠠᠭᠰᠠᠨ) ᠵᠢᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠣᠷᠣᠨ᠎ᠤ ᠬᠠᠮᠢᠶ᠎ᠠ ᠪᠦᠬᠦᠢ ᠠᠵᠢᠯ᠎ᠢ ᠵᠢᠯᠤᠭᠤᠳᠤᠨ᠎ᠠ᠃
(ᠠᠷᠪᠠᠨ ᠬᠣᠶᠠᠷ) ᠥᠪᠡᠷᠲᠡᠭᠡᠨ ᠵᠠᠰᠠᠬᠤ ᠣᠷᠣᠨ᠎ᠤ ᠪᠣᠭᠣᠮᠲᠠ ᠵᠢᠨ ᠬᠠᠮᠢᠶᠠᠷᠤᠯᠲᠠ ᠵᠢᠨ ᠠᠯᠪᠠᠨ ᠭᠡᠷ᠎ᠢ ᠬᠠᠮᠢᠶᠠᠷᠤᠨ᠎ᠠ᠃
(ᠠᠷᠪᠠᠨ ᠭᠤᠷᠪᠠ) ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ᠃
(ᠠᠷᠪᠠᠨ ᠳᠥᠷᠪᠡ) ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠵᠢ ᠬᠤᠪᠢᠶᠠᠷᠢᠯᠠᠨ᠎ᠠ᠃
1. ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠲᠠᠢ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠡᠮᠬᠢ ᠳᠢᠭᠯᠢᠮ᠂ ᠠᠷᠢᠬᠢᠨ᠎ᠤ ᠲᠥᠷᠥᠯ᠎ᠤᠨ ᠭᠦᠢ᠍ᠯᠭᠡᠭᠡ ᠵᠡᠷᠭᠡ ᠲᠠᠯ᠎ᠠ᠎ᠪᠠᠷ᠎ᠬᠢ ᠡᠭᠦᠷᠭᠡ ᠬᠠᠷᠢᠭᠤᠴᠠᠯᠭ᠎ᠠ ᠵᠢ ᠬᠤᠪᠢᠶᠠᠷᠢᠯᠠᠨ᠎ᠠ᠃
(1) ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠨᠢ ᠵᠠᠬ᠎ᠠ ᠳᠡᠯᠭᠡᠭᠦᠷ᠎ᠤᠨ ᠦᠨᠡᠨᠴᠢ ᠢᠲᠡᠭᠡᠮᠵᠢ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠪᠠᠶ᠋ᠢᠭᠤᠯᠤᠯᠲᠠ ᠵᠡᠷᠭᠡ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠡᠮᠬᠢ ᠳᠢᠭᠯᠢᠮ᠎ᠤᠨ ᠬᠣᠯᠪᠤᠭᠳᠠᠯ ᠪᠦᠬᠦᠢ ᠠᠵᠢᠯ᠎ᠢ ᠲᠦᠷᠦᠭᠦᠯᠡᠨ ᠠᠬᠢᠭᠤᠯᠬᠤ ᠵᠢ ᠬᠠᠷᠢᠭᠤᠴᠠᠨ᠎ᠠ᠃ ᠠᠷᠢᠬᠢᠨ᠎ᠤ ᠲᠦᠷᠦᠯ᠎ᠤᠨ ᠭᠦᠢ᠍ᠯᠭᠡᠭᠡᠨ᠎ᠤ ᠬᠥᠭᠵᠢᠯᠲᠡ ᠵᠢᠨ ᠲᠥᠯᠥᠪᠵᠢᠭᠦᠯᠭᠡ ᠪᠣᠯᠤᠨ ᠲᠥᠷᠥ ᠵᠢᠨ ᠪᠣᠳᠣᠯᠭ᠎ᠠ ᠵᠢ ᠲᠤᠭᠤᠷᠪᠢᠨ ᠲᠣᠭᠲᠠᠭ᠋ᠠᠬᠤ ᠵᠢ ᠬᠠᠷᠢᠭᠤᠴᠠᠨ᠎ᠠ᠃
(2) ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠡᠵᠡᠩᠨᠡᠭᠴᠢᠳ᠎ᠢ ᠲᠥᠪᠯᠡᠷᠡᠭᠦᠯᠦᠨ ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠵᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶ᠋ᠢᠯᠡᠭᠰᠡᠨ ᠠᠵᠤ ᠠᠬᠤᠶ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠮᠡᠳᠡᠯᠭᠡ ᠵᠢᠨ ᠥᠮᠴᠢᠯᠡᠯ᠎ᠤᠨ ᠡᠷᠬᠡ᠎ᠳᠤ ᠬᠠᠯᠳᠠᠭᠰᠠᠨ ᠪᠠ ᠬᠠᠭᠤᠷᠮᠠᠭ ᠮᠠᠭᠤ ᠲᠠᠸᠠᠷ ᠦᠢ᠍ᠯᠡᠳᠴᠦ ᠪᠣᠷᠣᠯᠠᠭᠤᠯᠬᠤ᠎ᠳᠤ ᠴᠣᠬᠢᠯᠲᠠ ᠥᠭᠬᠦ ᠲᠤᠰᠬᠠᠶ ᠠᠵᠢᠯ᠎ᠤᠨ ᠵᠣᠬᠢᠴᠠᠭᠤᠯᠬᠤ ᠠᠯᠪᠠᠨ ᠭᠡᠷ᠎ᠤᠨ ᠡᠳᠦᠷ ᠲᠤᠲᠤᠮ᠎ᠤᠨ ᠠᠵᠢᠯ᠎ᠢ ᠡᠭᠦᠷᠭᠡᠯᠡᠨ᠎ᠡ᠃ ᠠᠷᠢᠬᠢᠨ᠎ᠤ ᠲᠥᠷᠥᠯ᠎ᠤᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠪᠣᠯᠤᠨ ᠠᠷᠢᠬᠢᠨ᠎ᠤ ᠲᠥᠷᠥᠯ᠎ᠤᠨ ᠢᠳᠡᠭᠡᠨ᠎ᠤ ᠠᠮᠤᠷ ᠲᠦᠪᠰᠢᠨ᠎ᠢ ᠬᠠᠷᠢᠭᠤᠴᠠᠨ᠎ᠠ᠃
2. ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠲᠠᠢ ᠡᠮ᠎ᠤᠨ ᠵᠦᠢ᠍ᠯ᠎ᠤᠨ ᠭᠦᠢ᠍ᠯᠭᠡᠭᠡᠨ᠎ᠤ ᠬᠠᠮᠢᠶᠠᠷᠤᠯᠲᠠ ᠵᠢᠨ ᠲᠠᠯ᠎ᠠ᠎ᠪᠠᠷ᠎ᠬᠢ ᠡᠭᠦᠷᠭᠡ ᠬᠠᠷᠢᠭᠤᠴᠠᠯᠭ᠎ᠠ ᠵᠢ ᠬᠤᠪᠢᠶᠠᠷᠢᠯᠠᠨ᠎ᠠ᠃
(1) ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠨᠢ ᠡᠮ᠎ᠤᠨ ᠵᠦᠢ᠍ᠯ᠎ᠤᠨ ᠭᠦᠢ᠍ᠯᠭᠡᠭᠡᠨ᠎ᠤ ᠬᠦᠷᠢᠶᠡᠨ᠎ᠳᠠᠬᠢ ᠬᠥᠭᠵᠢᠯᠲᠡ ᠵᠢᠨ ᠲᠥᠯᠥᠪᠵᠢᠭᠦᠯᠭᠡ ᠪᠠ ᠲᠥᠷᠥ ᠵᠢᠨ ᠪᠣᠳᠣᠯᠭ᠎ᠠ ᠵᠢ ᠬᠠᠷᠢᠭᠤᠴᠠᠨ ᠵᠣᠬᠢᠶᠠᠨ ᠪᠠᠶ᠋ᠢᠭᠤᠯᠵᠤ ᠲᠤᠭᠤᠷᠪᠢᠨ ᠲᠣᠭᠲᠠᠭ᠋ᠠᠨ᠎ᠠ᠃
(2) ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ ᠡᠮ᠎ᠤᠨ ᠵᠦᠢ᠍ᠯ᠎ᠤᠨ ᠭᠦᠢ᠍ᠯᠭᠡᠭᠡᠨ᠎ᠤ ᠬᠥᠭᠵᠢᠯᠲᠡ ᠵᠢᠨ ᠲᠥᠯᠥᠪᠵᠢᠭᠦᠯᠭᠡ ᠪᠣᠯᠤᠨ ᠲᠥᠷᠥ ᠵᠢᠨ ᠪᠣᠳᠣᠯᠭ᠎ᠠ ᠵᠢ ᠬᠠᠮᠵᠢᠯᠴᠠᠨ ᠬᠡᠷᠡᠭᠵᠢᠭᠦᠯᠬᠦ ᠵᠢ ᠬᠠᠷᠢᠭᠤᠴᠠᠵᠤ᠂ ᠡᠯ᠎ᠡ ᠱᠠᠲᠤᠨ᠎ᠤ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠡᠮ᠎ᠤᠨ ᠵᠦᠢ᠍ᠯ᠎ᠤᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃
3. ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ᠂ ᠬᠠᠩᠭ᠋ᠠᠨ ᠪᠣᠷᠣᠯᠠᠭᠤᠯᠬᠤ ᠬᠤᠷᠰᠢᠶ᠎ᠠ ᠵᠢᠨ ᠬᠤᠯᠪᠣᠭ᠋ᠠᠲᠤ ᠬᠤᠷᠰᠢᠶ᠎ᠠ ᠵᠢᠨ ᠴᠢᠬᠤᠯᠠ ᠬᠡᠷᠡᠭᠯᠡᠭᠡᠨ᠎ᠤ ᠵᠦᠢ᠍ᠯ᠎ᠤᠨ ᠨᠥᠭᠡᠴᠡᠯᠡᠯᠲᠡ ᠵᠢᠨ ᠬᠠᠮᠢᠶᠠᠷᠤᠯᠲᠠ ᠵᠢᠨ ᠲᠠᠯ᠎ᠠ᠎ᠪᠠᠷ᠎ᠬᠢ ᠡᠭᠦᠷᠭᠡ ᠬᠠᠷᠢᠭᠤᠴᠠᠯᠭ᠎ᠠ ᠵᠢ ᠬᠤᠪᠢᠶᠠᠷᠢᠯᠠᠨ᠎ᠠ᠃
(1) ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠮᠢᠬᠠᠨ᠎ᠤ ᠲᠥᠷᠥᠯ᠎ᠤᠨ ᠨᠥᠭᠡᠴᠡ ᠵᠢᠨ ᠬᠠᠮᠢᠶᠠᠷᠤᠯᠲᠠ ᠵᠢ ᠬᠠᠷᠢᠭᠤᠴᠠᠨ᠎ᠠ᠃
(2) ᠬᠠᠩᠭ᠋ᠠᠨ ᠪᠣᠷᠣᠯᠠᠭᠤᠯᠬᠤ ᠬᠤᠷᠰᠢᠶ᠎ᠠ ᠵᠢᠨ ᠬᠤᠯᠪᠣᠭ᠋ᠠᠲᠤ ᠬᠤᠷᠰᠢᠶ᠎ᠠ᠎ᠨᠢ ᠵᠠᠬ᠎ᠠ ᠬᠢᠵᠠᠭ᠋ᠠᠷ ᠣᠷᠣᠨ᠎ᠤ ᠴᠠᠶ ᠵᠢᠨ ᠨᠥᠭᠡᠴᠡ ᠵᠢᠨ ᠬᠠᠮᠢᠶᠠᠷᠤᠯᠲᠠ ᠵᠢ ᠬᠠᠷᠢᠭᠤᠴᠠᠨ᠎ᠠ᠃
(3) ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠪᠤᠰᠤᠳ ᠴᠢᠬᠤᠯᠠ ᠬᠡᠷᠡᠭᠯᠡᠭᠡᠨ᠎ᠤ ᠵᠦᠢ᠍ᠯ᠎ᠤᠨ ᠨᠥᠭᠡᠴᠡ ᠵᠢᠨ ᠬᠠᠮᠢᠶᠠᠷᠤᠯᠲᠠ ᠵᠢ ᠬᠠᠷᠢᠭᠤᠴᠠᠨ᠎ᠠ᠃
ᠳᠥᠷᠪᠡᠳᠦᠭᠡᠷ ᠵᠣᠷᠪᠤᠰ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠳᠣᠤᠷᠠᠬᠢ ᠳᠣᠲᠣᠭ᠋ᠠᠳᠤ ᠪᠠᠶ᠋ᠢᠭᠤᠯᠤᠮᠵᠢ ᠵᠢ ᠲᠣᠬᠢᠷᠠᠭᠤᠯᠤᠨ᠎ᠠ᠄
(ᠨᠢᠭᠡ) ᠠᠯᠪᠠᠨ ᠭᠡᠷ᠃ ᠪᠠᠶ᠋ᠢᠭᠤᠯᠭ᠎ᠠ ᠵᠢᠨ ᠡᠳᠦᠷ ᠲᠤᠲᠤᠮ᠎ᠤᠨ ᠠᠵᠢᠯ᠎ᠢ ᠬᠠᠷᠢᠭᠤᠴᠠᠵᠤ᠂ ᠮᠡᠳᠡᠭᠡ ᠵᠠᠩᠭᠢ᠂ ᠨᠢᠭᠤᠴᠠ ᠵᠢ ᠬᠠᠮᠠᠭ᠋ᠠᠯᠠᠬᠤ᠂ ᠵᠠᠬᠢᠳᠠᠯ ᠰᠤᠷᠪᠤᠯᠵᠢᠯᠠᠭ᠎ᠠ᠂ ᠰᠣᠨᠢᠨ ᠮᠡᠳᠡᠭᠡᠨ᠎ᠤ ᠤᠬᠠᠭᠤᠯᠭ᠎ᠠ ᠪᠣᠯᠤᠨ ᠪᠠᠶ᠋ᠢᠭᠤᠯᠭ᠎ᠠ ᠵᠢᠨ ᠬᠡᠷᠡᠭ ᠶᠠᠪᠤᠳᠠᠯ᠎ᠤᠨ ᠬᠠᠮᠢᠶᠠᠷᠤᠯᠲᠠ ᠵᠡᠷᠭᠡ ᠠᠵᠢᠯ᠎ᠢ ᠬᠠᠷᠢᠭᠤᠴᠠᠨ᠎ᠠ᠃
(ᠬᠤᠶᠠᠷ) ᠠᠵᠢᠯᠲᠠᠨ᠎ᠤ ᠶᠠᠪᠤᠳᠠᠯ᠎ᠤᠨ ᠭᠠᠵᠠᠷ᠃ ᠪᠠᠶ᠋ᠢᠭᠤᠯᠭ᠎ᠠ ᠵᠢᠴᠢ ᠬᠠᠷᠢᠶ᠎ᠠ ᠨᠢᠭᠡᠴᠢ ᠵᠢᠨ ᠠᠵᠢᠯᠲᠠᠨ᠎ᠤ ᠶᠠᠪᠤᠳᠠᠯ᠂ ᠪᠠᠶ᠋ᠢᠭᠤᠯᠤᠮᠵᠢ ᠵᠢᠨ ᠣᠷᠣᠨ ᠲᠤᠭ᠎ᠠ᠂ ᠺᠠᠳ᠋ᠷ᠎ᠤᠨ ᠪᠣᠯᠪᠠᠰᠤᠷᠠᠯ ᠪᠣᠯᠤᠨ ᠬᠠᠷᠠᠯᠲᠠ ᠵᠢᠨ ᠬᠢᠨᠠᠨ ᠰᠢᠯᠭ᠋ᠠᠯᠲᠠ ᠵᠡᠷᠭᠡ ᠠᠵᠢᠯ᠎ᠢ ᠬᠠᠷᠢᠭᠤᠴᠠᠨ᠎ᠠ᠃ ᠪᠠᠶ᠋ᠢᠭᠤᠯᠭ᠎ᠠ ᠵᠢᠴᠢ ᠬᠠᠷᠢᠶ᠎ᠠ ᠨᠢᠭᠡᠴᠢ ᠵᠢᠨ ᠠᠯᠪᠠᠨ ᠶᠠᠪᠤᠳᠠᠯ ᠵᠶ᠋ᠠᠷ ᠭᠠᠳᠠᠭ᠋ᠠᠳᠤ᠎ᠳᠤ ᠭᠠᠷᠬᠤ ᠪᠦᠯᠬᠦᠮ ᠳᠤᠭᠤᠶ᠋ᠢᠯᠠᠩ᠎ᠢ ᠬᠢᠨᠠᠨ ᠬᠠᠷᠭᠤᠭᠤᠯᠬᠤ ᠪᠠ ᠭᠠᠳᠠᠭ᠋ᠠᠳᠤ ᠵᠢᠨ ᠬᠥᠮᠦᠨ᠎ᠤ ᠳᠤᠮᠳᠠᠳᠤ ᠤᠯᠤᠰ᠎ᠲᠤ ᠢᠷᠡᠵᠦ ᠬᠤᠳᠠᠯᠳᠤᠭ᠋ᠠᠨ᠎ᠤ ᠶᠠᠪᠤᠳᠠᠯ᠎ᠤᠨ ᠠᠵᠢᠯᠯᠠᠭ᠎ᠠ ᠵᠢᠨ ᠤᠷᠢᠯᠭ᠎ᠠ ᠵᠢᠨ ᠵᠠᠬᠢᠳᠠᠯ᠎ᠢ ᠬᠢᠨᠠᠨ ᠬᠠᠷᠭᠤᠭᠤᠯᠬᠤ ᠠᠵᠢᠯ᠎ᠢ ᠬᠠᠷᠢᠭᠤᠴᠠᠨ ᠭᠦᠢ᠍ᠴᠡᠳᠭᠡᠨ᠎ᠡ᠃
(ᠭᠤᠷᠪᠠ) ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ᠃ ᠬᠤᠳᠠᠯᠳᠤᠭ᠋ᠠᠨ᠎ᠤ ᠶᠠᠪᠤᠳᠠᠯ᠎ᠤᠨ ᠬᠦᠷᠢᠶ᠎ᠡ ᠴᠠᠷᠠᠭ᠎ᠠ ᠵᠢᠨ ᠬᠤᠯᠪᠤᠭᠳᠠᠯ ᠪᠦᠬᠦᠢ ᠲᠥᠷᠥ ᠵᠢᠨ ᠪᠣᠳᠣᠯᠭ᠎ᠠ ᠪᠠ ᠬᠤᠳᠠᠯᠳᠤᠭ᠋ᠠᠨ᠎ᠤ ᠶᠠᠪᠤᠳᠠᠯ᠎ᠤᠨ ᠬᠥᠭᠵᠢᠯᠲᠡ ᠵᠢᠨ ᠬᠠᠨᠳᠤᠰᠢ ᠵᠢ ᠰᠤᠳᠤᠯᠬᠤ ᠵᠢᠨ ᠬᠠᠮᠲᠤ ᠴᠢᠬᠤᠯᠠ ᠶᠡᠭᠡ ᠠᠰᠠᠭᠤᠳᠠᠯ᠎ᠤᠨ ᠲᠤᠬᠠᠶ ᠲᠥᠷᠥ ᠵᠢᠨ ᠪᠣᠳᠣᠯᠭ᠎ᠠ ᠵᠢᠨ ᠰᠠᠨᠠᠭᠤᠯᠭ᠎ᠠ ᠳᠤᠷᠠᠳᠤᠨ᠎ᠠ᠃ ᠬᠠᠮᠢᠶ᠎ᠠ ᠪᠦᠬᠦᠢ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠤᠨ ᠲᠥᠰᠦᠯ᠎ᠢ ᠲᠤᠭᠤᠷᠪᠢᠨ᠎ᠠ᠃ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ᠂ ᠵᠠᠰᠠᠭ ᠵᠠᠬᠢᠷᠭ᠋ᠠᠨ᠎ᠤ ᠵᠠᠷᠭᠤ ᠬᠦᠯᠢᠶᠡᠬᠦ ᠠᠵᠢᠯ᠎ᠢ ᠡᠭᠦᠷᠭᠡᠯᠡᠨ᠎ᠡ᠃ ᠪᠠᠶ᠋ᠢᠭᠤᠯᠭ᠎ᠠ ᠵᠢᠨ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠠᠵᠢᠯ᠎ᠢ ᠬᠠᠷᠢᠭᠤᠴᠠᠨ᠎ᠠ᠃ ᠲᠢᠩᠬᠢᠮ᠎ᠤᠨ ᠳᠣᠲᠣᠷᠠᠬᠢ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠳᠦᠷᠢᠮ᠎ᠤᠨ ᠥᠭᠡᠷᠡᠴᠢᠯᠡᠯᠲᠡ ᠵᠢᠨ ᠠᠵᠢᠯ᠎ᠢ ᠬᠠᠷᠢᠭᠤᠴᠠᠨ᠎ᠠ᠃
(ᠲᠦᠷᠪᠡ) ᠲᠦᠯᠦᠪᠵᠢᠭᠦᠯᠭᠡ ᠵᠢᠨ ᠡᠳ᠋᠎ᠤᠨ ᠶᠠᠪᠤᠳᠠᠯ᠎ᠤᠨ ᠭᠠᠵᠠᠷ᠃ ᠪᠦᠬᠦ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠤᠨ ᠲᠤᠭᠤᠷᠪᠢᠨ ᠲᠣᠭᠲᠠᠭ᠋ᠠᠨ᠎ᠠ᠃ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠷᠠᠯᠵᠢᠶ᠎ᠠ᠂ ᠭᠠᠳᠠᠭ᠋ᠠᠳᠤ ᠠᠵᠤ ᠠᠬᠤᠶ ᠵᠢᠨ ᠬᠠᠮᠲᠤᠷᠠᠯᠴᠠᠭ᠎ᠠ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ ᠵᠢᠨ ᠠᠵᠢᠯᠯᠠᠭ᠋ᠠᠨ᠎ᠤ ᠪᠠᠶ᠋ᠢᠳᠠᠯ᠎ᠢ ᠬᠤᠷᠢᠶᠠᠩᠭᠤᠶ᠋ᠢᠯᠠᠨ ᠵᠠᠳᠠᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠎ᠤ ᠰᠢᠰᠲ᠋ᠧᠮᠵᠢᠭᠦᠯᠦᠨ ᠬᠠᠮᠢᠶᠠᠷᠴᠤ ᠪᠠᠶ᠋ᠢᠭ᠎ᠠ ᠡᠯ᠎ᠡ ᠲᠥᠷᠥᠯ᠎ᠤᠨ ᠲᠤᠰᠬᠠᠶ ᠪᠡᠯᠡ ᠮᠥᠩᠭᠦ ᠵᠢᠨ ᠬᠡᠷᠡᠭᠯᠡᠯᠲᠡ ᠬᠢᠭᠡᠳ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
(ᠲᠠᠪᠤ) ᠵᠠᠬ᠎ᠠ ᠳᠡᠯᠭᠡᠭᠦᠷ᠎ᠤᠨ ᠰᠢᠰᠲᠸᠮᠵᠢ ᠵᠢᠨ ᠪᠠᠶ᠋ᠢᠭᠤᠯᠤᠯᠲᠠ ᠵᠢᠨ ᠭᠠᠵᠠᠷ (ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠤᠨ ᠭᠠᠵᠠᠷ)᠃ ᠵᠠᠬ᠎ᠠ ᠳᠡᠯᠭᠡᠭᠦᠷ᠎ᠤᠨ ᠰᠢᠰᠲᠸᠮᠵᠢ ᠵᠢᠨ ᠪᠠᠶ᠋ᠢᠭᠤᠯᠤᠯᠲᠠ ᠪᠠ ᠬᠤᠲᠠ ᠬᠥᠳᠡᠭᠡ ᠵᠢᠨ ᠵᠠᠬ᠎ᠠ ᠳᠡᠯᠭᠡᠭᠦᠷ᠎ᠤᠨ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠦᠷᠦᠭᠦᠯᠡᠨ ᠨᠠᠶ᠋ᠢᠳᠠᠪᠤᠷᠢᠵᠢᠭᠤᠯᠤᠨ᠎ᠠ᠃ ᠨᠡᠶ᠋ᠢᠭᠡᠮ ᠲᠣᠭᠤᠷᠢᠭ᠎ᠤᠨ ᠬᠤᠳᠠᠯᠳᠤᠭ᠋ᠠᠨ᠎ᠤ ᠦᠢ᠍ᠯᠡᠰ᠎ᠤᠨ ᠬᠥᠭᠵᠢᠯᠲᠡ ᠵᠢ ᠵᠢᠯᠣᠭᠤᠳᠴᠤ᠂ ᠬᠤᠳᠠᠯᠳᠤᠭ᠋ᠠᠨ᠎ᠤ ᠦᠢ᠍ᠯᠡᠰ᠎ᠤᠨ ᠲᠣᠣᠷ ᠴᠡᠭ᠎ᠤᠨ ᠲᠥᠯᠥᠪᠵᠢᠭᠦᠯᠭᠡ ᠵᠢᠨ ᠰᠠᠨᠠᠭᠤᠯᠭ᠎ᠠ ᠳᠤᠷᠠᠳᠤᠨ᠎ᠠ᠃ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠭᠦᠢ᠍ᠯᠭᠡᠭᠡ᠂ ᠬᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡ ᠵᠡᠷᠭᠡ ᠰᠠᠭᠤᠷᠢ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠦᠢ᠍ᠯᠡᠳᠪᠦᠷᠢᠯᠡᠯ ᠪᠣᠷᠣᠯᠠᠭᠤᠯᠭ᠎ᠠ ᠵᠢ ᠵᠣᠯᠭ᠋ᠠᠭᠤᠯᠬᠤ ᠪᠠ ᠲᠠᠷᠢᠶᠠᠯᠠᠩ᠎ᠢ ᠬᠡᠲᠦ ᠳᠡᠯᠭᠡᠭᠦᠷ᠎ᠲᠠᠢ ᠵᠣᠯᠭ᠋ᠠᠭᠤᠯᠬᠤ ᠵᠢ ᠠᠬᠢᠭᠤᠯᠵᠤ᠂ ᠡᠯᠸᠺᠲᠷᠣᠨ ᠬᠤᠳᠠᠯᠳᠤᠭ᠋ᠠᠨ᠎ᠤ ᠶᠠᠪᠤᠳᠠᠯ᠎ᠢ ᠬᠥᠳᠡᠭᠡ ᠲᠣᠰᠬᠤᠨ᠎ᠳᠤ ᠣᠷᠣᠭᠤᠯᠬᠤ ᠠᠵᠢᠯ᠎ᠢ ᠠᠬᠢᠭᠤᠯᠤᠨ᠎ᠠ᠃ ᠮᠠᠰᠢᠨ ᠲᠡᠷᠭᠡᠨ᠎ᠤ ᠭᠦᠢ᠍ᠯᠭᠡᠭᠡᠨ᠎ᠤ ᠠᠵᠢᠯ ᠲᠥᠷᠥᠯ᠎ᠢ ᠬᠢᠨᠠᠨ ᠬᠠᠮᠢᠶᠠᠷᠤᠨ᠎ᠠ᠃ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠡᠮᠬᠢ ᠳᠢᠭᠯᠢᠮ᠎ᠢ ᠴᠡᠭᠴᠡᠯᠡᠨ ᠵᠢᠷᠤᠮᠵᠢᠭᠤᠯᠬᠤ ᠠᠵᠢᠯ᠎ᠢ ᠲᠦᠷᠦᠭᠦᠯᠡᠨ ᠬᠢᠵᠦ᠂ ᠬᠤᠳᠠᠯᠳᠤᠭ᠋ᠠᠨ᠎ᠤ ᠶᠠᠪᠤᠳᠠᠯ᠎ᠤᠨ ᠬᠦᠷᠢᠶᠡᠨ᠎ᠳᠠᠬᠢ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢ ᠠᠬᠢᠭᠤᠯᠤᠨ᠂ ᠢᠲᠡᠭᠡᠮᠵᠢ ᠵᠢᠨ ᠪᠣᠷᠣᠯᠠᠭᠤᠯᠭ᠎ᠠ ᠵᠢ ᠠᠬᠢᠭᠤᠯᠵᠤ᠂ ᠬᠤᠳᠠᠯᠳᠤᠭ᠋ᠠᠨ᠎ᠤ ᠶᠠᠪᠤᠳᠠᠯ᠎ᠤᠨ ᠬᠦᠷᠢᠶᠡᠨ᠎ᠳᠠᠬᠢ ᠦᠨᠡᠨᠴᠢ ᠢᠲᠡᠭᠡᠮᠵᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠪᠠᠶ᠋ᠢᠭᠤᠯᠤᠯᠲᠠ ᠵᠢ ᠠᠬᠢᠭᠤᠯᠤᠨ᠎ᠠ᠃ ᠬᠤᠳᠠᠯᠳᠤᠭ᠋ᠠᠨ᠎ᠤ ᠶᠠᠪᠤᠳᠠᠯ᠎ᠤᠨ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠢᠯᠣᠭᠤᠳᠤᠨ᠎ᠠ᠃ ᠠᠷᠠᠯᠵᠢᠶ᠎ᠠ ᠬᠤᠳᠠᠯᠳᠤᠭ᠋ᠠᠨ᠎ᠤ ᠠᠵᠤ ᠠᠬᠤᠶ᠋ᠢᠯᠠᠯ᠎ᠤᠨ ᠠᠷᠠᠯᠵᠢᠶᠠᠨ᠎ᠤ ᠠᠵᠢᠯᠯᠠᠭ᠎ᠠ ᠵᠢ ᠵᠢᠷᠤᠮᠵᠢᠭᠤᠯᠵᠤ᠂ ᠰᠢᠭᠤᠳ ᠪᠣᠷᠣᠯᠠᠭᠤᠯᠬᠤ ᠬᠠᠮᠢᠶᠠᠷᠤᠯᠲᠠ ᠵᠢ ᠬᠠᠷᠢᠭᠤᠴᠠᠨ᠎ᠠ᠃ ᠡᠮ᠎ᠤᠨ ᠵᠦᠢ᠍ᠯ᠎ᠤᠨ ᠭᠦᠢ᠍ᠯᠭᠡᠭᠡᠨ᠎ᠤ ᠬᠥᠭᠵᠢᠯᠲᠡ ᠵᠢᠨ ᠲᠥᠯᠥᠪᠵᠢᠭᠦᠯᠭᠡ ᠪᠣᠯᠤᠨ ᠲᠥᠷᠥ ᠵᠢᠨ ᠪᠣᠳᠣᠯᠭ᠎ᠠ ᠵᠢ ᠵᠣᠬᠢᠶᠠᠨ ᠪᠠᠶ᠋ᠢᠭᠤᠯᠤᠨ ᠲᠤᠭᠤᠷᠪᠢᠨ ᠲᠣᠭᠲᠠᠭ᠋ᠠᠨ᠎ᠠ᠃
(ᠵᠢᠷᠭᠤᠭ᠎ᠠ) ᠭᠦᠢ᠍ᠯᠭᠡᠭᠡᠨ᠎ᠤ ᠦᠢ᠍ᠯᠡᠰ᠎ᠤᠨ ᠬᠥᠭᠵᠢᠯᠲᠡ ᠵᠢᠨ ᠭᠠᠵᠠᠷ᠃ ᠳᠣᠲᠣᠭ᠋ᠠᠳᠤ ᠠᠷᠠᠯᠵᠢᠶᠠᠨ᠎ᠤ ᠭᠦᠢ᠍ᠯᠭᠡᠭᠡᠨ᠎ᠤ ᠬᠥᠭᠵᠢᠯᠲᠡ ᠵᠢᠨ ᠲᠦᠷᠦ ᠵᠢᠨ ᠪᠤᠳᠤᠯᠭ᠎ᠠ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠠᠬᠢᠭᠤᠯᠤᠨ ᠬᠡᠷᠡᠭᠵᠢᠭᠦᠯᠦᠨ᠎ᠡ᠃ ᠳᠣᠲᠣᠭ᠋ᠠᠳᠤ ᠠᠷᠠᠯᠵᠢᠶᠠᠨ᠎ᠤ ᠭᠦᠢ᠍ᠯᠭᠡᠭᠡ ᠵᠢ ᠠᠬᠢᠭᠤᠯᠬᠤ ᠰᠢᠰᠲ᠋ᠧᠮᠵᠢ ᠵᠢᠨ ᠪᠠᠶ᠋ᠢᠭᠤᠯᠤᠯᠲᠠ ᠪᠠ ᠪᠠᠷᠢᠮᠵᠢᠶᠠᠵᠢᠭᠤᠯᠬᠤ ᠠᠵᠢᠯ᠎ᠢ ᠬᠠᠷᠢᠭᠤᠴᠠᠨ᠎ᠠ᠃ ᠬᠤᠳᠠᠯᠳᠤᠭ᠋ᠠᠨ᠎ᠤ ᠶᠠᠪᠤᠳᠠᠯ᠎ᠤᠨ ᠬᠦᠷᠢᠶᠡᠨ᠎ᠳᠠᠬᠢ ᠳᠠᠬᠢᠨ ᠡᠭᠦᠰᠬᠦᠢ᠌ᠴᠡ ᠡᠬᠢ ᠪᠠᠶᠠᠯᠢᠭ᠎ᠢ ᠡᠭᠡᠭᠦᠯᠦᠨ ᠬᠤᠷᠢᠶᠠᠬᠤ ᠪᠠ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠵᠢᠯ᠎ᠢ ᠵᠢᠯᠣᠭᠤᠳᠤᠨ᠎ᠠ᠃ ᠬᠡᠯᠬᠢᠶ᠎ᠡ ᠡᠵᠡᠩᠨᠡᠯᠲᠡ᠂ ᠪᠠᠷᠠᠭ᠋ᠠᠨ᠎ᠤ ᠭᠦᠢ᠍ᠯᠭᠡᠭᠡᠨ᠎ᠢ ᠲᠣᠬᠢᠷᠠᠭᠤᠯᠤᠨ ᠬᠦᠷᠭᠡᠬᠦ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ ᠵᠡᠷᠭᠡ ᠣᠳᠣ ᠦᠶ᠎ᠡ ᠵᠢᠨ ᠭᠦᠢ᠍ᠯᠭᠡᠭᠡᠨ᠎ᠤ ᠠᠷᠭ᠎ᠠ ᠬᠡᠯᠪᠡᠷᠢ ᠵᠢᠨ ᠬᠥᠭᠵᠢᠯᠲᠡ ᠵᠢ ᠲᠦᠯᠬᠢᠨ ᠠᠬᠢᠭᠤᠯᠤᠨ᠎ᠠ᠃ ᠦᠨ᠎ᠡ ᠬᠠᠶᠠᠨ ᠬᠤᠳᠠᠯᠳᠤᠬᠤ᠂ ᠬᠤᠳᠠᠯᠳᠤᠭ᠋ᠠᠨ᠎ᠤ ᠣᠨᠴᠠ ᠵᠥᠪᠰᠢᠶᠡᠷᠡᠯ᠎ᠤᠨ ᠡᠵᠡᠩᠨᠡᠯᠲᠡ ᠵᠡᠷᠭᠡ ᠵᠢ ᠬᠠᠤᠯᠢ ᠶᠣᠰᠣᠭ᠋ᠠᠷ ᠬᠠᠮᠢᠶᠠᠷᠤᠨ᠎ᠠ᠃
(ᠳᠤᠯᠤᠭ᠎ᠠ) ᠡᠯᠸᠺᠲᠷᠣᠨ ᠬᠤᠳᠠᠯᠳᠤᠭ᠋ᠠᠨ᠎ᠤ ᠶᠠᠪᠤᠳᠠᠯ ᠪᠠ ᠮᠡᠳᠡᠭᠡ ᠵᠠᠩᠭᠢᠵᠢᠯᠲᠠ ᠵᠢᠨ ᠭᠠᠵᠠᠷ᠃ ᠡᠯᠸᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠬᠥᠭᠵᠢᠯᠲᠡ ᠵᠢᠨ ᠲᠥᠷᠥ ᠵᠢᠨ ᠪᠣᠳᠣᠯᠭ᠎ᠠ ᠵᠢ ᠲᠤᠭᠤᠷᠪᠢᠨ ᠲᠣᠭᠲᠠᠭ᠋ᠠᠵᠤ᠂ ᠬᠥᠭᠵᠢᠯᠲᠡ ᠵᠢᠨ ᠲᠥᠯᠥᠪᠵᠢᠭᠦᠯᠭᠡ ᠪᠠ ᠬᠣᠯᠪᠤᠭᠳᠠᠯ ᠪᠦᠬᠦᠢ ᠮᠡᠷᠭᠡᠵᠢᠯ᠎ᠤᠨ ᠪᠠᠷᠢᠮᠵᠢᠶ᠎ᠠ ᠵᠢ ᠲᠣᠭᠲᠠᠭ᠋ᠠᠨ᠎ᠠ᠃ ᠰᠦᠯᠵᠢᠶ᠎ᠡ᠎ᠪᠠᠷ ᠵᠢᠵᠢᠭᠯᠡᠨ ᠬᠤᠳᠠᠯᠳᠤᠬᠤ ᠵᠢ ᠪᠦᠷᠢᠳᠬᠡᠬᠦ ᠪᠠ ᠦᠨᠡᠯᠡᠬᠦ ᠰᠢᠰᠲ᠋ᠧᠮᠵᠢ ᠵᠢ ᠪᠠᠶ᠋ᠢᠭᠤᠯᠤᠨ ᠪᠦᠷᠢᠨᠰᠢᠭᠦᠯᠦᠨ᠎ᠡ᠃ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠵᠢ ᠠᠬᠢᠭᠤᠯᠤᠨ᠎ᠠ᠃ ᠬᠤᠳᠠᠯᠳᠤᠭ᠋ᠠᠨ᠎ᠤ ᠶᠠᠪᠤᠳᠠᠯ᠎ᠤᠨ ᠲᠣᠮᠣ ᠲᠣᠭ᠎ᠠ ᠪᠠᠷᠢᠮᠲᠠ ᠵᠢ ᠡᠮᠬᠢᠳᠬᠡᠬᠦ ᠪᠠ ᠮᠡᠳᠡᠭᠡ ᠵᠠᠩᠭᠢ ᠨᠡᠶ᠋ᠢᠲᠡᠯᠡᠬᠦ ᠵᠢ ᠬᠠᠷᠢᠭᠤᠴᠠᠨ᠎ᠠ᠃ ᠪᠠᠶ᠋ᠢᠭᠤᠯᠭ᠎ᠠ ᠵᠢᠨ ᠫᠣᠷᠲᠸᠯ ᠰᠦᠯᠵᠢᠶ᠎ᠡ᠂ ᠡᠯᠸᠺᠲᠷᠣᠨ ᠵᠠᠰᠠᠭ᠎ᠤᠨ ᠶᠠᠪᠤᠳᠠᠯ ᠪᠠ ᠮᠡᠳᠡᠭᠡ ᠵᠠᠩᠭᠢᠵᠢᠯᠲᠠ ᠵᠢᠨ ᠬᠠᠮᠢᠶᠠᠷᠤᠯᠲᠠ ᠵᠢ ᠬᠠᠷᠢᠭᠤᠴᠠᠨ᠎ᠠ᠃
(ᠨᠠᠢ᠍ᠮᠠ) ᠵᠠᠬ᠎ᠠ ᠳᠡᠯᠭᠡᠭᠦᠷ᠎ᠤᠨ ᠠᠵᠢᠯᠯᠠᠭ᠋ᠠᠨ ᠪᠠ ᠬᠡᠷᠡᠭᠯᠡᠭᠡ ᠵᠢ ᠠᠬᠢᠭᠤᠯᠬᠤ ᠭᠠᠵᠠᠷ᠃ ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠢ ᠲᠣᠬᠢᠷᠠᠭᠤᠯᠤᠨ ᠡᠵᠡᠮᠳᠡᠬᠦ ᠪᠠ ᠬᠡᠷᠡᠭᠯᠡᠭᠡ ᠵᠢ ᠠᠬᠢᠭᠤᠯᠬᠤ ᠲᠠᠯ᠎ᠠ ᠵᠢᠨ ᠲᠥᠷᠥ ᠵᠢᠨ ᠪᠣᠳᠣᠯᠭ᠎ᠠ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠪᠦᠬᠦ ᠣᠷᠣᠨ᠎ᠤ ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠢ ᠬᠢᠨᠠᠨ ᠬᠡᠮᠵᠢᠬᠦ ᠪᠠ ᠳᠣᠲᠣᠭ᠋ᠠᠳᠤ ᠠᠷᠠᠯᠵᠢᠶᠠᠨ᠎ᠤ ᠲᠤᠭ᠎ᠠ ᠪᠦᠷᠢᠳᠬᠡᠯ᠎ᠤᠨ ᠠᠵᠢᠯ᠎ᠢ ᠬᠠᠷᠢᠭᠤᠴᠠᠨ᠎ᠠ᠃ ᠴᠢᠬᠤᠯᠠ ᠬᠡᠷᠡᠭᠯᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠲᠣᠬᠢᠷᠠᠭᠤᠯᠭ᠎ᠠ ᠡᠵᠡᠮᠳᠡᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠠᠮᠢᠳᠤᠷᠠᠯ᠎ᠤᠨ ᠴᠢᠬᠤᠯᠠ ᠬᠡᠷᠡᠭᠯᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠵᠣᠬᠢᠴᠠᠮᠵᠢ ᠵᠢ ᠪᠠᠶ᠋ᠢᠭᠤᠯᠤᠨ ᠪᠦᠷᠢᠨᠰᠢᠭᠦᠯᠦᠨ᠎ᠡ᠃ ᠮᠢᠬᠠᠨ᠎ᠤ ᠵᠦᠢ᠍ᠯ ᠵᠡᠷᠭᠡ ᠴᠢᠬᠤᠯᠠ ᠲᠠᠸᠠᠷ᠎ᠤᠨ ᠨᠥᠭᠡᠴᠡ ᠬᠠᠮᠢᠶᠠᠷᠤᠯᠲᠠ ᠵᠢ ᠬᠠᠷᠢᠭᠤᠴᠠᠨ᠎ᠠ᠃ ᠴᠢᠬᠤᠯᠠ ᠲᠠᠸᠠᠷ (ᠪᠣᠯᠪᠠᠰᠤᠷᠠᠭᠤᠯᠤᠭᠰᠠᠨ ᠲᠣᠰᠣ᠂ ᠬᠦᠷᠢ ᠵᠢᠨ ᠰᠢᠷᠬᠡᠭ᠎ᠤᠨ ᠲᠣᠷᠭ᠎ᠠ) ᠪᠠ ᠦᠢ᠍ᠯᠡᠳᠪᠦᠷᠢᠯᠡᠯ᠎ᠤᠨ ᠬᠡᠷᠡᠭᠰᠡᠯ᠎ᠤᠨ ᠭᠦᠢ᠍ᠯᠭᠡᠭᠡᠨ᠎ᠤ ᠬᠠᠮᠢᠶᠠᠷᠤᠯᠲᠠ ᠵᠢᠴᠢ ᠠᠵᠢᠯ ᠲᠥᠷᠥᠯ᠎ᠤᠨ ᠵᠣᠬᠢᠴᠠᠭᠤᠯᠬᠤ ᠠᠵᠢᠯ᠎ᠢ ᠬᠠᠷᠢᠭᠤᠴᠠᠨ᠎ᠠ᠃ ᠠᠷᠢᠬᠢᠨ᠎ᠤ ᠲᠦᠷᠦᠯ᠎ᠤᠨ ᠭᠦᠢ᠍ᠯᠭᠡᠭᠡᠨ᠎ᠤ ᠬᠥᠭᠵᠢᠯᠲᠡ ᠵᠢ ᠠᠬᠢᠭᠤᠯᠬᠤ ᠲᠥᠯᠥᠪᠵᠢᠭᠦᠯᠭᠡ ᠪᠣᠯᠤᠨ ᠲᠥᠷᠥ ᠵᠢᠨ ᠪᠣᠳᠣᠯᠭ᠎ᠠ ᠵᠢ ᠵᠣᠬᠢᠶᠠᠨ ᠪᠠᠶ᠋ᠢᠭᠤᠯᠤᠨ ᠲᠤᠭᠤᠷᠪᠢᠨ ᠲᠣᠭᠲᠠᠭ᠋ᠠᠵᠤ᠂ ᠬᠤᠳᠠᠯᠳᠤᠭ᠋ᠠᠨ᠎ᠤ ᠶᠠᠪᠤᠳᠠᠯ᠎ᠤᠨ ᠬᠦᠷᠢᠶᠡᠨ᠎ᠳᠠᠬᠢ ᠬᠡᠷᠡᠭᠯᠡᠭᠡ ᠵᠢ ᠠᠬᠢᠭᠤᠯᠬᠤ ᠠᠵᠢᠯ᠎ᠢ ᠬᠠᠷᠢᠭᠤᠴᠠᠨ᠎ᠠ᠃
(ᠶᠢᠰᠦ) ᠭᠠᠳᠠᠭ᠋ᠠᠳᠤ ᠠᠷᠠᠯᠵᠢᠶᠠᠨ᠎ᠤ ᠭᠠᠵᠠᠷ᠃ ᠭᠠᠳᠠᠭ᠋ᠠᠳᠤ ᠠᠷᠠᠯᠵᠢᠶᠠᠨ᠎ᠤ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠦᠷᠦᠭᠦᠯᠡᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠨ᠎ᠠ᠃ ᠴᠢᠬᠤᠯᠠ ᠠᠵᠤ ᠦᠢ᠍ᠯᠡᠳᠪᠦᠷᠢ ᠵᠢᠨ ᠦᠢ᠍ᠯᠡᠳᠬᠦᠨ᠂ ᠲᠦᠭᠦᠬᠡᠢ ᠮᠠᠲ᠋ᠧᠷᠢᠶᠠᠯ᠂ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠢ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠶᠡᠷᠦᠩᠬᠡᠢ ᠬᠡᠮᠵᠢᠶ᠎ᠡ ᠪᠠ ᠭᠠᠳᠠᠭ᠋ᠠᠳᠤ᠎ᠳᠤ ᠭᠠᠷᠭ᠋ᠠᠬᠤ ᠲᠠᠸᠠᠷ᠎ᠤᠨ ᠳᠤᠬᠢᠷᠠᠭᠤᠯᠤᠯᠳᠠ ᠵᠢᠨ ᠲᠤᠭ᠎ᠠ᠂ ᠪᠣᠭᠤᠮᠲᠠ ᠵᠢᠨ ᠭᠠᠶ᠋ᠢᠯᠢ ᠵᠢᠨ ᠳᠤᠬᠢᠷᠠᠭᠤᠯᠤᠯᠳᠠ ᠵᠢᠨ ᠲᠤᠭ᠎ᠠ ᠵᠢᠨ ᠣᠨ᠎ᠤ ᠲᠥᠯᠥᠪᠯᠡᠭᠡ ᠵᠢ ᠬᠡᠷᠡᠭᠵᠢᠭᠦᠯᠦᠨ᠎ᠡ᠃ ᠤᠯᠤᠰ᠎ᠤᠨ ᠮᠠᠰᠢᠨ ᠴᠠᠬᠢᠯᠭ᠋ᠠᠨ᠎ᠤ ᠦᠢ᠍ᠯᠡᠳᠭᠦᠨ (ᠣᠯᠠᠨ ᠤᠯᠤᠰ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠪᠠᠭᠲᠠᠭ᠋ᠠᠨ᠎ᠠ) ᠪᠣᠯᠤᠨ ᠳᠡᠭᠡᠳᠦ ᠰᠢᠨ᠎ᠡ ᠮᠡᠷᠭᠡᠵᠢᠯ᠎ᠤᠨ ᠦᠢ᠍ᠯᠡᠳᠬᠦᠨ᠎ᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ᠂ ᠢᠵᠢ ᠪᠦᠷᠢᠳᠦᠭᠰᠡᠨ ᠲᠥᠬᠥᠭᠡᠷᠦᠮᠵᠢ ᠵᠢ ᠭᠠᠳᠠᠭ᠋ᠠᠳᠤ᠎ᠳᠤ ᠭᠠᠷᠭ᠋ᠠᠬᠤ᠂ ᠥᠷᠭᠡᠵᠢᠯ᠎ᠢ ᠰᠡᠷᠭᠡᠶ᠋ᠢᠯᠡᠬᠦ ᠵᠡᠷᠭᠡ ᠤᠯᠤᠰ᠎ᠤᠨ ᠠᠮᠤᠷ ᠲᠦᠪᠰᠢᠨ᠎ᠲᠠᠢ ᠬᠣᠯᠪᠣᠭᠳᠠᠬᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠵᠢᠨ ᠬᠠᠮᠢᠶᠠᠷᠤᠯᠲᠠ ᠵᠡᠷᠭᠡ ᠲᠥᠷᠥ ᠵᠢᠨ ᠪᠣᠳᠣᠯᠭ᠎ᠠ ᠪᠣᠯᠤᠨ ᠬᠠᠮᠢᠶ᠎ᠠ ᠪᠦᠬᠦᠢ ᠭᠠᠷᠴᠠᠭ᠎ᠢ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠠᠴᠠ ᠡᠷᠬᠡ ᠣᠯᠭᠣᠭᠰᠠᠨ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠲᠠᠸᠠᠷ᠎ᠤᠨ ᠵᠥᠪᠰᠢᠶᠡᠷᠡᠯ᠎ᠤᠨ ᠦᠨᠡᠮᠯᠡᠯ᠎ᠤᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃ ᠪᠥᠬᠦ ᠣᠷᠣᠨ᠎ᠤ ᠭᠠᠳᠠᠭ᠋ᠠᠳᠤ ᠠᠷᠠᠯᠵᠢᠶᠠᠨ᠎ᠤ ᠰᠢᠨ᠎ᠡ ᠡᠵᠡᠩᠨᠡᠯᠲᠡ ᠵᠢᠨ ᠪᠠᠶ᠋ᠢᠳᠠᠯ᠎ᠤᠨ ᠬᠥᠭᠵᠢᠯᠲᠡ ᠵᠢᠨ ᠠᠵᠢᠯ᠎ᠢ ᠲᠦᠷᠦᠭᠦᠯᠡᠨ ᠠᠬᠢᠭᠤᠯᠤᠨ᠎ᠠ᠃ ᠳᠡᠯᠡᠬᠡᠢ ᠵᠢᠨ ᠠᠷᠠᠯᠵᠢᠶᠠᠨ᠎ᠤ ᠵᠣᠬᠢᠶᠠᠨ ᠪᠠᠶ᠋ᠢᠭᠤᠯᠤᠯᠲᠠ᠎ᠲᠠᠢ ᠬᠤᠯᠪᠣᠭᠳᠠᠬᠤ ᠠᠵᠢᠯ᠎ᠢ ᠬᠠᠷᠢᠭᠤᠴᠠᠨ᠎ᠠ᠃
(ᠠᠷᠪᠠ) ᠦᠢ᠍ᠯᠡᠴᠢᠯᠡᠭᠡᠨ᠎ᠤ ᠠᠷᠠᠯᠵᠢᠶ᠎ᠠ ᠪᠣᠯᠣᠨ ᠠᠷᠠᠯᠵᠢᠶ᠎ᠠ ᠬᠤᠳᠠᠯᠳᠤᠭ᠋ᠠᠨ᠎ᠤ ᠦᠢ᠍ᠯᠡᠴᠢᠯᠡᠭᠡᠨ᠎ᠤ ᠭᠠᠵᠠᠷ᠃ ᠪᠦᠬᠦ ᠣᠷᠣᠨ᠎ᠤ ᠦᠢ᠍ᠯᠡᠴᠢᠯᠡᠭᠡᠨ᠎ᠤ ᠠᠷᠠᠯᠵᠢᠶ᠎ᠠ᠂ ᠮᠡᠷᠭᠡᠵᠢᠯ᠎ᠤᠨ ᠠᠷᠠᠯᠵᠢᠶ᠎ᠠ᠂ ᠦᠢ᠍ᠯᠡᠴᠢᠯᠡᠭᠡ ᠵᠢ ᠭᠠᠳᠠᠭᠰᠢ ᠳᠠᠭ᠋ᠠᠭ᠋ᠠᠴᠢᠯᠠᠭᠤᠯᠬᠤ ᠲᠥᠷᠥ ᠵᠢᠨ ᠪᠣᠳᠣᠯᠭ᠎ᠠ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃ ᠪᠦᠬᠦ ᠣᠷᠣᠨ᠎ᠤ ᠬᠤᠷᠠᠯ ᠦᠵᠡᠰᠬᠦᠯᠡᠩ᠎ᠤᠨ ᠦᠢ᠍ᠯᠡᠰ᠎ᠢ ᠠᠬᠢᠭᠤᠯᠬᠤ ᠪᠠ ᠬᠠᠮᠢᠶᠠᠷᠬᠤ ᠠᠵᠢᠯ᠎ᠢ ᠬᠠᠷᠢᠭᠤᠴᠠᠵᠤ᠂ ᠨᠠᠮ ᠵᠠᠰᠠᠭ᠎ᠤᠨ ᠪᠠᠶ᠋ᠢᠭᠤᠯᠭ᠎ᠠ ᠵᠢᠨ ᠬᠢᠯᠢ ᠳᠣᠲᠣᠷ᠎ᠠ ᠦᠵᠡᠰᠬᠦᠯᠡᠩ ᠴᠤᠭᠯᠠᠭ᠋ᠠᠨ ᠡᠷᠬᠢᠯᠡᠬᠦ ᠠᠵᠢᠯᠯᠠᠭ᠎ᠠ ᠵᠢ ᠬᠠᠮᠢᠶᠠᠷᠤᠨ᠎ᠠ᠃ ᠣᠯᠠᠨ ᠤᠯᠤᠰ᠎ᠤᠨ ᠪᠠᠷᠠᠭ᠋ᠠᠨ᠎ᠤ ᠣᠷᠣᠯᠠᠬᠤ ᠠᠵᠤ ᠠᠬᠤᠶ᠋ᠢᠯᠠᠯ᠎ᠤᠨ ᠳᠠᠩᠰᠠᠯᠠᠯ᠎ᠢ ᠨᠠᠶ᠋ᠢᠳᠠᠯᠭ᠎ᠠ᠎ᠪᠠᠷ ᠭᠦᠢ᠍ᠴᠡᠳᠬᠡᠨ᠎ᠡ᠃ ᠠᠷᠠᠯᠵᠢᠶ᠎ᠠ ᠬᠤᠳᠠᠯᠳᠤᠭ᠋ᠠᠨ᠎ᠤ ᠦᠢ᠍ᠯᠡᠴᠢᠯᠡᠭᠡᠨ᠎ᠤ ᠦᠢ᠍ᠯᠡᠰ (ᠢᠳᠡᠭᠡᠨ ᠤᠮᠳᠠᠭ᠋ᠠᠨ᠂ ᠬᠤᠨᠤᠭ᠎ᠤᠨ ᠦᠢ᠍ᠯᠡᠰ᠎ᠢ ᠪᠠᠭᠲᠠᠭ᠋ᠠᠨ᠎ᠠ)᠎ᠤᠨ ᠠᠵᠢᠯ ᠲᠥᠷᠥᠯ᠎ᠤᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
(ᠠᠷᠪᠠᠨ ᠨᠢᠭᠡ) ᠭᠠᠳᠠᠭ᠋ᠠᠳᠤ ᠤᠯᠤᠰ᠎ᠤᠨ ᠪᠡᠯᠡ ᠣᠷᠣᠭᠣᠯᠣᠯᠲᠠ ᠵᠢᠨ ᠬᠠᠮᠢᠶᠠᠷᠤᠯᠲᠠ ᠵᠢᠨ ᠭᠠᠵᠠᠷ᠃ ᠤᠯᠤᠰ᠎ᠤᠨ ᠭᠠᠳᠠᠭ᠋ᠠᠳᠤ ᠪᠡᠯᠡ ᠵᠢ ᠠᠰᠢᠭᠯᠠᠬᠤ ᠲᠥᠷᠥ ᠵᠢᠨ ᠪᠣᠳᠣᠯᠭ᠎ᠠ ᠵᠢ ᠲᠤᠭᠤᠰᠢᠯᠠᠭᠤᠯᠵᠤ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ ᠵᠢ ᠠᠰᠢᠭᠯᠠᠬᠤ ᠲᠥᠯᠥᠪᠵᠢᠭᠦᠯᠭᠡ᠂ ᠪᠡᠯᠡ ᠣᠷᠣᠭᠤᠯᠤᠯᠲᠠ ᠵᠢ ᠠᠬᠢᠭᠤᠯᠬᠤ ᠪᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ ᠵᠢ ᠬᠠᠤᠯᠢ ᠶᠣᠰᠣᠭ᠋ᠠᠷ ᠬᠠᠮᠢᠶᠠᠷᠴᠤ᠂ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠢ ᠪᠠᠶ᠋ᠢᠭᠤᠯᠬᠤ ᠪᠠ ᠬᠤᠪᠢᠷᠠᠭᠤᠯᠬᠤ ᠶᠠᠪᠤᠳᠠᠯ᠎ᠢ ᠬᠠᠤᠯᠢ ᠶᠣᠰᠣᠭ᠋ᠠᠷ ᠬᠢᠨᠠᠨ ᠵᠥᠪᠰᠢᠶᠡᠷᠡᠵᠦ ᠪᠦᠷᠢᠳᠬᠡᠨ ᠳᠠᠩᠰᠠᠯᠠᠨ᠎ᠠ᠃ ᠤᠯᠤᠰ᠎ᠤᠨ ᠲᠠᠰ᠎ᠤᠨ ᠠᠵᠤ ᠠᠬᠤᠶ ᠮᠡᠷᠭᠡᠵᠢᠯ᠎ᠤᠨ ᠨᠡᠭᠡᠭᠡᠯᠲᠡ ᠵᠢᠨ ᠣᠷᠣᠨ᠂ ᠬᠢᠯᠢ (ᠬᠢᠯᠢ ᠠᠯᠤᠰᠯᠠᠭᠰᠠᠨ) ᠵᠢᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠣᠷᠣᠨ᠎ᠤ ᠬᠣᠯᠪᠤᠭᠳᠠᠯ ᠪᠦᠬᠦᠢ ᠠᠵᠢᠯ᠎ᠢ ᠵᠢᠯᠤᠭᠤᠳᠤᠨ᠎ᠠ᠃
(ᠠᠷᠪᠠᠨ ᠬᠣᠶᠠᠷ) ᠭᠠᠳᠠᠭ᠋ᠠᠳᠤ ᠬᠥᠷᠥᠩᠭᠡ ᠣᠷᠣᠭᠤᠯᠤᠯᠲᠠ ᠪᠣᠯᠤᠨ ᠡᠳ᠋᠎ᠤᠨ ᠵᠠᠰᠠᠭ᠎ᠤᠨ ᠬᠠᠮᠲᠤ ᠵᠢᠨ ᠠᠵᠢᠯᠯᠠᠭ᠋ᠠᠨ᠎ᠤ ᠭᠠᠵᠠᠷ᠃ ᠭᠠᠳᠠᠭ᠋ᠠᠳᠤ᠎ᠳᠤ ᠪᠡᠯᠡ ᠣᠷᠣᠭᠤᠯᠬᠤ᠂ ᠭᠠᠳᠠᠭ᠋ᠠᠳᠤ᠎ᠳᠤ ᠪᠠᠷᠢᠯᠭ᠎ᠠ ᠳᠠᠭ᠋ᠠᠭ᠋ᠠᠴᠢᠯᠠᠬᠤ᠂ ᠬᠥᠳᠡᠯᠮᠦᠷᠢ ᠦᠢ᠍ᠯᠡᠴᠢᠯᠡᠭᠡᠨ᠎ᠤ ᠬᠠᠮᠲᠤᠷᠠᠯᠴᠠᠭ᠎ᠠ ᠬᠢᠬᠦ᠂ ᠬᠢᠯᠢ ᠵᠢᠨ ᠭᠠᠳᠠᠨᠠᠬᠢ ᠡᠬᠢ ᠪᠠᠶᠠᠯᠢᠭ᠎ᠤᠨ ᠬᠠᠮᠲᠤᠷᠠᠯᠴᠠᠭ᠎ᠠ ᠵᠢᠴᠢ ᠲᠤᠭ᠎ᠠ ᠪᠦᠷᠢᠳᠬᠡᠯ᠎ᠤᠨ ᠠᠵᠢᠯ᠎ᠢ ᠬᠠᠤᠯᠢ ᠶᠣᠰᠣᠭ᠋ᠠᠷ ᠬᠢᠨᠠᠨ ᠬᠠᠮᠢᠶᠠᠷᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠋ᠢᠯᠠᠯ᠎ᠤᠨ ᠭᠠᠳᠠᠭ᠋ᠠᠳᠤ᠎ᠳᠤ ᠪᠡᠯᠡ ᠣᠷᠣᠭᠤᠯᠤᠨ ᠠᠵᠤ ᠠᠬᠤᠶ᠋ᠢᠯᠠᠯ (ᠮᠥᠩᠭᠥᠨ ᠭᠦᠢ᠍ᠯᠭᠡᠭᠡᠨ᠎ᠤ ᠠᠵᠤ ᠠᠬᠤᠶ᠋ᠢᠯᠠᠯ᠎ᠢ ᠪᠠᠭᠲᠠᠭ᠋ᠠᠬᠤ ᠦᠭᠡᠶ) ᠡᠷᠬᠢᠯᠡᠬᠦ ᠳᠠᠩᠰᠠᠯᠠᠯ ᠪᠠ ᠠᠩᠬᠠᠨ᠎ᠤ ᠬᠢᠨᠠᠯᠲᠠ ᠵᠢ ᠬᠠᠤᠯᠢ ᠶᠤᠰᠤᠭ᠋ᠠᠷ ᠬᠢᠨᠠᠨ᠎ᠠ᠃ ᠭᠠᠳᠠᠭ᠋ᠠᠳᠤ᠎ᠳᠤ ᠲᠣᠮᠢᠯᠠᠭᠰᠠᠨ ᠬᠥᠳᠡᠯᠮᠦᠷᠢ ᠬᠦᠴᠦᠨ ᠪᠣᠯᠤᠨ ᠬᠢᠯᠢ ᠵᠢᠨ ᠭᠠᠳᠠᠨ᠎ᠠ ᠠᠵᠢᠯ ᠣᠯᠤᠭᠰᠠᠳ᠎ᠤᠨ ᠡᠷᠬᠡ ᠠᠰᠢᠭ᠎ᠢ ᠬᠠᠮᠠᠭ᠋ᠠᠯᠠᠬᠤ ᠬᠣᠯᠪᠤᠭᠳᠠᠯ ᠪᠦᠬᠦᠢ ᠠᠵᠢᠯ᠎ᠢ ᠡᠭᠦᠷᠭᠡᠯᠡᠨ᠎ᠡ᠃ ᠭᠠᠳᠠᠭ᠋ᠠᠳᠤ ᠠᠵᠤ ᠠᠬᠤᠶ ᠠᠷᠠᠯᠵᠢᠶᠠᠨ᠎ᠤ ᠬᠡᠯᠡᠯᠴᠡᠭᠡᠷ ᠬᠢᠬᠦ ᠪᠠ ᠵᠥᠪᠳᠡᠯᠴᠡᠭᠡᠷ ᠬᠢᠬᠦ ᠵᠢ ᠬᠠᠷᠢᠭᠤᠴᠠᠵᠤ᠂ ᠬᠢᠯᠢ ᠵᠢᠨ ᠭᠠᠳᠠᠨᠠᠬᠢ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠋ᠠᠨ᠎ᠤ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠬᠣᠯᠪᠤᠭᠳᠠᠯ ᠪᠦᠬᠦᠢ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠤᠳᠴᠤ ᠵᠣᠬᠢᠴᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ᠎ᠳᠤ ᠲᠤᠰᠠᠯᠠᠮᠵᠢ ᠦᠵᠡᠭᠦᠯᠬᠦ ᠠᠵᠢᠯ᠎ᠤᠨ ᠡᠭᠦᠷᠭᠡ ᠬᠠᠷᠢᠭᠤᠴᠠᠯᠭ᠎ᠠ ᠪᠣᠯᠤᠨ ᠤᠯᠤᠰ᠎ᠤᠨ ᠭᠠᠳᠠᠭ᠋ᠠᠳᠤ᠎ᠳᠤ ᠲᠤᠰᠠᠯᠠᠮᠵᠢ ᠦᠵᠡᠭᠦᠯᠬᠦ ᠲᠥᠷᠥᠯ ᠵᠦᠢ᠍ᠯ᠎ᠢ ᠬᠡᠷᠡᠭᠵᠢᠭᠦᠯᠬᠦ ᠠᠵᠢᠯ᠎ᠢ ᠡᠭᠦᠷᠭᠡᠯᠡᠵᠦ᠂ ᠠᠵᠤ ᠠᠬᠤᠶ᠋ᠢᠯᠠᠯ᠎ᠤᠨ ᠭᠠᠳᠠᠭ᠋ᠠᠳᠤ᠎ᠳᠤ ᠲᠤᠰᠠᠯᠠᠮᠵᠢ ᠦᠵᠡᠭᠦᠯᠬᠦ ᠬᠢᠷᠢ ᠬᠡᠮ᠎ᠤᠨ ᠠᠩᠬᠠᠨ᠎ᠤ ᠬᠢᠨᠠᠯᠲᠠ ᠪᠠ ᠳᠡᠭᠡᠭᠰᠢ ᠮᠡᠳᠡᠭᠦᠯᠬᠦ ᠵᠢ ᠬᠠᠷᠢᠭᠤᠴᠠᠨ᠎ᠠ᠃
ᠪᠠᠢ᠌ᠭᠤᠯᠭ᠎ᠠ ᠵᠢᠨ ᠨᠠᠮ᠎ᠤᠨ ᠬᠤᠷᠢᠶ᠎ᠠ᠃ ᠪᠠᠶ᠋ᠢᠭᠤᠯᠭ᠎ᠠ ᠪᠣᠯᠤᠨ ᠬᠠᠷᠢᠶ᠎ᠠ ᠨᠢᠭᠡᠴᠢ ᠵᠢᠨ ᠵᠶ᠋ᠠᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶ᠋ᠢᠴᠠᠭ᠋ᠠᠬᠤ ᠵᠡᠷᠭᠡ ᠠᠵᠢᠯ᠎ᠢ ᠬᠠᠷᠢᠭᠤᠴᠠᠨ᠎ᠠ᠃
ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠳ᠎ᠤᠨ ᠠᠵᠢᠯ᠎ᠤᠨ ᠭᠠᠵᠠᠷ᠃ ᠪᠠᠶ᠋ᠢᠭᠤᠯᠭ᠎ᠠ ᠵᠢᠨ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠳ᠎ᠤᠨ ᠠᠵᠢᠯ᠎ᠢ ᠬᠠᠷᠢᠭᠤᠴᠠᠵᠤ᠂ ᠬᠠᠷᠢᠶ᠎ᠠ ᠨᠢᠭᠡᠴᠢ ᠵᠢᠨ ᠵᠶ᠋ᠠᠨ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠳ᠎ᠤᠨ ᠠᠵᠢᠯ᠎ᠢ ᠵᠢᠯᠣᠭᠤᠳᠤᠨ᠎ᠠ᠃
ᠲᠠᠪᠤᠳᠤᠭ᠋ᠠᠷ ᠵᠣᠷᠪᠤᠰ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠪᠠᠶ᠋ᠢᠭᠤᠯᠭ᠎ᠠ ᠵᠢᠨ ᠵᠠᠰᠠᠭ ᠵᠠᠬᠢᠷᠭ᠋ᠠᠨ᠎ᠤ ᠣᠷᠣᠨ ᠲᠣᠭ᠎ᠠ 67 ᠨᠡᠷ᠎ᠡ᠃ ᠲᠢᠩᠬᠢᠮ᠎ᠤᠨ ᠳᠠᠷᠤᠭ᠎ᠠ 1 ᠨᠡᠷ᠎ᠡ᠂ ᠲᠢᠩᠬᠢᠮ᠎ᠤᠨ ᠳᠡᠳ᠋ ᠳᠠᠷᠤᠭ᠎ᠠ 3 ᠨᠡᠷ᠎ᠡ᠂ ᠭᠠᠵᠠᠷ᠎ᠤᠨ ᠲᠠᠰ᠎ᠤᠨ ᠤᠳᠤᠷᠢᠳᠤᠯᠭ᠎ᠠ ᠵᠢᠨ ᠲᠤᠰᠢᠶᠠᠯ᠎ᠤᠨ ᠲᠣᠭ᠎ᠠ 29 ᠨᠡᠷ᠎ᠡ [14 ᠵᠢᠩᠬᠢᠨᠢ (ᠪᠠᠶ᠋ᠢᠭᠤᠯᠭ᠎ᠠ ᠵᠢᠨ ᠨᠠᠮ᠎ᠤᠨ ᠬᠣᠷᠢᠶᠠᠨ᠎ᠤ ᠲᠤᠰᠬᠠᠶ ᠲᠤᠰᠢᠶᠠᠯ᠎ᠤᠨ ᠳᠡᠳ᠋ ᠱᠦᠵᠢ 1 ᠨᠡᠷ᠎ᠡ᠂ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠳ᠎ᠤᠨ ᠠᠵᠢᠯ᠎ᠤᠨ ᠭᠠᠵᠠᠷ᠎ᠤᠨ ᠳᠠᠷᠤᠭ᠎ᠠ 1 ᠨᠡᠷ᠎ᠡ) 15 ᠳᠡᠳ᠋ (ᠪᠠᠶ᠋ᠢᠭᠤᠯᠭ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶᠠᠨ᠎ᠤ ᠱᠦᠵᠢ 1 ᠨᠡᠷ᠎ᠡ᠂ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠳ᠎ᠤᠨ ᠠᠵᠢᠯ᠎ᠤᠨ ᠭᠠᠵᠠᠷ᠎ᠤᠨ ᠳᠡᠳ᠋ ᠳᠠᠷᠤᠭ᠎ᠠ 1 ᠨᠡᠷ᠎ᠡ)] ᠵᠢ ᠲᠣᠬᠢᠷᠠᠭᠤᠯᠤᠨ᠎ᠠ᠃
ᠵᠢᠷᠭᠤᠳᠤᠭ᠋ᠠᠷ ᠵᠣᠷᠪᠤᠰ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠪᠠᠶ᠋ᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠣᠭ᠎ᠠ ᠵᠢᠨ ᠵᠦᠢ᠍ᠯᠡᠰ᠎ᠢ ᠠᠰᠲᠠᠭ᠋ᠠᠨ ᠲᠣᠭᠲᠠᠭ᠋ᠠᠨ᠎ᠠ᠃
ᠳᠣᠯᠣᠳᠤᠭ᠋ᠠᠷ ᠵᠣᠷᠪᠤᠰ᠂ ᠲᠤᠰ ᠲᠣᠭᠲᠠᠭ᠋ᠠᠯ᠎ᠤᠨ ᠲᠠᠶ᠋ᠢᠯᠪᠤᠷᠢᠯᠠᠯᠲᠠ ᠵᠢ ᠭᠦᠢ᠍ᠴᠡᠳᠬᠡᠬᠦ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠶ᠋ᠢᠭᠤᠯᠤᠮᠵᠢ ᠵᠢᠨ ᠣᠷᠣᠨ ᠲᠣᠭ᠋ᠠᠨ᠎ᠤ ᠬᠣᠷᠢᠶᠠᠨ᠎ᠤ ᠠᠯᠪᠠᠨ ᠭᠡᠷ᠎ᠠᠴᠠ ᠬᠠᠷᠢᠭᠤᠴᠠᠵᠤ᠂ ᠲᠣᠬᠢᠷᠠᠭᠤᠯᠤᠯᠲᠠ ᠬᠢᠬᠦ ᠵᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠶ᠋ᠢᠭᠤᠯᠤᠮᠵᠢ ᠵᠢᠨ ᠣᠷᠣᠨ ᠲᠣᠭ᠋ᠠᠨ᠎ᠤ ᠵᠥᠪᠯᠡᠯ᠎ᠤᠨ ᠠᠯᠪᠠᠨ ᠭᠡᠷ᠎ᠠᠴᠠ ᠲᠣᠭᠲᠠᠭ᠋ᠠᠭᠰᠠᠨ ᠳᠡᠰ ᠳᠠᠷᠠᠭ᠋ᠠᠯᠠᠯ᠎ᠤᠨ ᠶᠣᠰᠣᠭ᠋ᠠᠷ ᠭᠦᠢ᠍ᠴᠡᠳᠬᠡᠨ᠎ᠡ᠃
ᠨᠠᠢ᠍ᠮᠠᠳᠤᠭ᠋ᠠᠷ ᠵᠣᠷᠪᠤᠰ᠂ ᠲᠤᠰ ᠲᠣᠭᠲᠠᠭ᠋ᠠᠯ᠎ᠢ 2018 ᠣᠨ᠎ᠤ 12 ᠳ᠋ᠤᠭ᠋ᠠᠷ ᠰᠠᠷ᠎ᠠ ᠵᠢᠨ 29᠎ᠤ ᠡᠳᠦᠷ᠎ᠠᠴᠠ ᠡᠬᠢᠯᠡᠵᠦ ᠬᠡᠷᠡᠭᠵᠢᠭᠦᠯᠪᠡ᠃
ᠪᠠᠶ᠋ᠢᠭᠤᠯᠭ᠎ᠠ ᠵᠢᠨ ᠬᠠᠷᠢᠭᠤᠴᠠᠯᠭ᠋ᠠᠲᠠᠨ᠄ ᠵᠠᠩ ᠬᠤᠩ ᠹᠦ᠋
ᠬᠠᠷᠢᠯᠴᠠᠬᠤ ᠤᠲᠠᠰᠤ᠄ 0471 - 6946274
ᠬᠠᠶᠢᠭ᠄ ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠰᠢᠨᠬᠤᠸᠠ ᠶᠡᠭᠡ ᠵᠡᠭᠡᠯᠢ ᠵᠢᠨ 63 ᠳ᠋ᠤᠭ᠋ᠠᠷ ᠲᠣᠭ᠋ᠠᠲᠤ ᠬᠦᠷᠢᠶᠡᠨ᠎ᠤ 5 ᠳ᠋ᠤᠭ᠋ᠠᠷ ᠠᠰᠠᠷ
ᠠᠵᠢᠯᠯᠠᠬᠤ ᠴᠠᠭ᠄ 09᠄ 00 -12᠄ 00᠂ 14᠄ 30 - 17᠄ 00 ᠪᠣᠯᠲᠠᠯ᠎ᠠ (ᠬᠠᠤᠯᠢ᠎ᠪᠠᠷ ᠲᠤᠭᠳᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠢ ᠪᠠᠭᠲᠠᠭ᠋ᠠᠬᠤ ᠦᠭᠡᠢ)
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠭᠤᠣᠯ ᠡᠭᠦᠷᠭᠡ ᠬᠠᠷᠢᠭᠤᠴᠠᠯᠭ᠎ᠠ᠄
ᠨᠢᠭᠡ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠲᠥᠪ᠄ ᠪᠠᠶ᠋ᠢᠭᠤᠯᠭ᠎ᠠ ᠪᠠ ᠲᠥᠪ᠎ᠤᠨ ᠡᠳᠦᠷ ᠲᠤᠲᠤᠮ᠎ᠤᠨ ᠠᠵᠢᠯᠯᠠᠭ᠋ᠠᠨ ᠵᠢᠴᠢ ᠠᠷᠤ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠡᠭᠦᠷᠭᠡᠯᠡᠵᠦ᠂ ᠪᠠᠶ᠋ᠢᠭᠤᠯᠭ᠎ᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠮᠢᠶ᠎ᠠ ᠪᠥᠬᠦᠶ ᠠᠵᠢᠯ᠎ᠢ ᠬᠠᠮᠵᠢᠯᠴᠠᠨ ᠦᠷᠨᠢᠭᠦᠯᠦᠨ᠎ᠡ᠃ ᠪᠠᠶ᠋ᠢᠭᠤᠯᠭ᠎ᠠ ᠵᠢᠨ ᠫᠣᠷᠲ᠋ᠧᠯ ᠰᠦᠯᠵᠢᠶᠡᠨ᠎ᠤ ᠲᠤᠭ᠎ᠠ ᠪᠠᠷᠢᠮᠲᠠ ᠵᠢ ᠬᠠᠮᠠᠭ᠋ᠠᠯᠠᠬᠤ ᠵᠡᠷᠭᠡ ᠠᠵᠢᠯ᠎ᠢ ᠡᠭᠦᠷᠭᠡᠯᠡᠨ᠎ᠡ᠃ 12312 ᠬᠠᠯᠠᠮᠰᠢᠯ ᠤᠲᠠᠰᠤᠨ᠎ᠤ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠴᠤ ᠰᠢᠢ᠍ᠳᠪᠦᠷᠢᠯᠡᠬᠦ ᠵᠡᠷᠭᠡ ᠠᠵᠢᠯ᠎ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠲᠤᠰᠢᠶᠠᠭᠰᠠᠨ ᠪᠤᠰᠤᠳ ᠬᠣᠯᠪᠤᠭᠳᠠᠯ ᠪᠦᠬᠦᠢ ᠠᠵᠢᠯ᠎ᠢ ᠡᠭᠦᠷᠭᠡᠯᠡᠨ᠎ᠡ᠃
ᠬᠠᠷᠢᠭᠤᠴᠠᠯᠭ᠋ᠠᠲᠠᠨ᠄ ᠸᠠᠩ ᠶᠦᠩ ᠴᠢᠶᠠᠩ
ᠬᠠᠷᠢᠯᠴᠠᠬᠤ ᠤᠲᠠᠰᠤ᠄ 0471 - 6946919
ᠬᠠᠶᠢᠭ᠄ ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠰᠢᠨᠬᠤᠸᠠ ᠶᠡᠭᠡ ᠵᠡᠭᠡᠯᠢ ᠵᠢᠨ 63 ᠳ᠋ᠤᠭ᠋ᠠᠷ ᠨᠣᠮᠸᠷᠲᠣ ᠬᠦᠷᠢᠶᠡᠨ᠎ᠤ 5 ᠳ᠋ᠤᠭ᠋ᠠᠷ ᠠᠰᠠᠷ
ᠠᠵᠢᠯᠯᠠᠬᠤ ᠴᠠᠭ᠄ 09᠄ 00-12᠄ 00 14᠄ 30 - 17᠄ 00 (ᠬᠠᠤᠯᠢ᠎ᠪᠠᠷ ᠲᠤᠭᠳᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠢ ᠪᠠᠭᠲᠠᠭ᠋ᠠᠬᠤ ᠦᠭᠡᠢ)
ᠬᠤᠶᠠᠷ᠂ ᠥᠪᠥᠷ ᠮᠣᠩᠭᠤᠯ᠎ᠤᠨ ᠪᠡᠯᠡ ᠣᠷᠣᠭᠤᠯᠤᠯᠲᠠ ᠵᠢᠨ ᠬᠠᠮᠲᠤᠷᠠᠯᠴᠠᠭ᠎ᠠ ᠵᠢ ᠠᠬᠢᠭᠤᠯᠬᠤ ᠲᠥᠪ (ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠵᠡᠰᠭᠦᠯᠡᠩ᠎ᠤᠨ ᠲᠥᠪ᠎ᠤᠨ ᠫᠠᠶ᠋ᠢᠰᠠ ᠵᠢ ᠨᠡᠮᠡᠨ ᠡᠯᠭᠦᠨ᠎ᠡ)᠄ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠬᠣᠯᠪᠤᠭᠳᠠᠯ ᠪᠦᠬᠦᠢ ᠪᠡᠯᠡ ᠣᠷᠣᠭᠤᠯᠤᠯᠲᠠ ᠵᠢ ᠠᠬᠢᠭᠤᠯᠬᠤ ᠠᠵᠢᠯᠯᠠᠭ᠎ᠠ ᠵᠢ ᠳᠠᠭ᠋ᠠᠭ᠋ᠠᠨ ᠡᠷᠬᠢᠯᠡᠨ᠎ᠡ; ᠥᠪᠡᠷᠲᠡᠭᠡᠨ ᠵᠠᠰᠠᠬᠤ ᠣᠷᠣᠨ ᠬᠢᠭᠡᠳ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠵᠤ ᠠᠬᠤᠶ ᠵᠢᠨ ᠪᠠᠶ᠋ᠢᠭᠤᠯᠤᠮᠵᠢ᠂ ᠨᠡᠶ᠋ᠢᠭᠡᠮ᠎ᠤᠨ ᠪᠦᠯᠬᠦᠮ᠎ᠲᠠᠢ ᠠᠵᠤ ᠠᠬᠤᠶ ᠠᠷᠠᠯᠵᠢᠶᠠᠨ᠎ᠤ ᠬᠣᠷᠰᠢᠯᠴᠠᠭ᠋ᠠᠨ᠎ᠤ ᠶᠠᠪᠤᠳᠠᠯ᠎ᠢ ᠬᠠᠮᠵᠢᠯᠴᠠᠨ ᠦᠷᠨᠢᠭᠦᠯᠦᠨ᠎ᠡ; ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠲᠥᠷᠥ ᠵᠢᠨ ᠪᠣᠳᠣᠯᠭ᠎ᠠ ᠵᠢᠨ ᠮᠡᠳᠡᠭᠡ ᠵᠠᠩᠭᠢ ᠵᠢ ᠴᠤᠭᠯᠠᠭᠤᠯᠤᠨ ᠵᠠᠳᠠᠯᠬᠤ᠂ ᠨᠠᠶ᠋ᠢᠷᠠᠭᠤᠯᠤᠨ ᠵᠣᠬᠢᠶᠠᠵᠤ ᠨᠡᠶ᠋ᠢᠲᠡᠯᠡᠬᠦ ᠠᠵᠢᠯ ᠪᠠ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠮᠡᠳᠡᠭᠡ ᠵᠠᠩᠭᠢᠵᠢᠯᠲᠠ ᠵᠢᠨ ᠲᠠᠪᠴᠠᠩ᠎ᠤᠨ ᠬᠣᠯᠪᠤᠭᠳᠠᠯ ᠪᠦᠬᠦᠢ ᠠᠵᠢᠯ᠎ᠢ ᠡᠭᠦᠷᠭᠡᠯᠡᠨ᠎ᠡ; ᠪᠥᠬᠦ ᠣᠷᠣᠨ᠎ᠤ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠭᠠᠳᠠᠭ᠋ᠠᠳᠤ᠎ᠲᠠᠢ ᠨᠡᠪᠲᠡᠷᠡᠯᠴᠡᠨ ᠬᠠᠷᠢᠯᠴᠠᠬᠤ ᠠᠵᠢᠯ᠎ᠢ ᠬᠠᠮᠵᠢᠨ ᠥᠷᠨᠢᠭᠦᠯᠦᠨ᠎ᠡ; ᠪᠦᠬᠦ ᠣᠷᠣᠨ᠎ᠤ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢ᠍ᠯ᠎ᠤᠨ ᠬᠥᠮᠥᠷᠭᠡ ᠵᠢᠨ ᠬᠠᠮᠢᠶᠠᠷᠤᠯᠲᠠ ᠵᠢ ᠡᠭᠦᠷᠭᠡᠯᠡᠵᠦ᠂ ᠬᠤᠳᠠᠯᠳᠤᠭ᠋ᠠᠴᠢᠨ ᠤᠷᠢᠬᠤ ᠲᠥᠷᠥᠯ ᠵᠦᠢ᠍ᠯ᠎ᠤᠨ ᠨᠠᠶ᠋ᠢᠳᠠᠪᠤᠷᠢᠵᠢᠭᠤᠯᠤᠯᠲᠠ ᠵᠢ ᠮᠥᠷᠳᠡᠵᠦ᠂ ᠬᠠᠮᠢᠶ᠎ᠠ ᠪᠦᠬᠦᠢ ᠬᠤᠳᠠᠯᠳᠤᠭ᠋ᠠᠴᠢᠨ ᠤᠷᠢᠬᠤ ᠲᠥᠷᠥᠯ ᠵᠦᠢ᠍ᠯ᠎ᠤᠨ ᠠᠰᠠᠭᠤᠨ ᠯᠠᠪᠯᠠᠬᠤ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠨ᠎ᠡ; ᠳᠤᠮᠳᠠᠳᠤ ᠤᠯᠤᠰ — ᠮᠣᠩᠭᠤᠯ ᠤᠯᠤᠰ᠎ᠤᠨ ᠦᠵᠡᠰᠬᠦᠯᠡᠩ᠎ᠤᠨ ᠴᠤᠭᠯᠠᠭ᠋ᠠᠨ᠎ᠤ ᠬᠣᠯᠪᠤᠭᠳᠠᠯ ᠪᠦᠬᠦᠢ ᠠᠵᠢᠯ᠎ᠢ ᠡᠭᠦᠷᠭᠡᠯᠡᠨ᠎ᠡ; ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠬᠦᠷᠢᠶᠡᠨ᠎ᠳᠠᠬᠢ ᠦᠵᠡᠰᠬᠦᠯᠡᠩ᠎ᠤᠨ ᠬᠣᠯᠪᠤᠭᠳᠠᠯ ᠪᠦᠬᠦᠢ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠨ᠎ᠡ; ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
ᠬᠠᠷᠢᠭᠤᠴᠠᠯᠭ᠋ᠠᠲᠠᠨ᠄ ᠰᠢᠤᠢ ᠬᠤᠤ
ᠬᠠᠷᠢᠯᠴᠠᠬᠤ ᠠᠷᠭ᠎ᠠ᠄ 0471 - 6618101
ᠬᠠᠶᠢᠭ᠄ ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠵᠦᠩᠱ᠌ᠠᠨ ᠵᠡᠭᠦᠨ ᠵᠠᠮ᠎ᠤᠨ 7 ᠳ᠋ᠤᠭ᠋ᠠᠷ ᠨᠣᠮᠧᠷᠲᠤ ᠴᠸᠩ ᠰᠢᠨ ᠲᠣᠭ᠋ᠠᠴᠠᠯᠠᠭᠰᠠᠨ ᠲᠣᠮᠣ ᠠᠰᠠᠷ᠎ᠤᠨ 7 ᠳ᠋ᠤᠭ᠋ᠠᠷ ᠳᠠᠪᠬᠤᠷᠯᠢᠭ
ᠠᠵᠢᠯᠯᠠᠬᠤ ᠴᠠᠭ᠄ 09᠄ 00-12᠄ 00᠂ 14᠄ 30 - 17᠄ 00 ᠪᠣᠯᠲᠠᠯ᠎ᠠ (ᠬᠠᠤᠯᠢ᠎ᠪᠠᠷ ᠲᠤᠭᠳᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠢ ᠪᠠᠭᠲᠠᠭ᠋ᠠᠬᠤ ᠦᠭᠡᠢ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠭᠣᠮᠲᠠ ᠵᠢᠨ ᠬᠠᠮᠢᠶᠠᠷᠤᠯᠲᠠ ᠵᠢᠨ ᠠᠯᠪᠠᠨ ᠭᠡᠷ᠎ᠤᠨ ᠡᠭᠦᠷᠭᠡ ᠴᠢᠳᠠᠪᠤᠷᠢ ᠵᠢᠨ ᠲᠣᠬᠢᠷᠠᠭᠤᠯᠤᠯᠲᠠ᠂ ᠳᠣᠲᠣᠭ᠋ᠠᠳᠤ ᠪᠠᠶ᠋ᠢᠭᠤᠯᠤᠮᠵᠢ ᠪᠠ ᠠᠵᠢᠯᠲᠠᠨ᠎ᠤ ᠣᠷᠣᠨ ᠲᠣᠭ᠎ᠠ ᠵᠢᠨ ᠲᠣᠭᠲᠠᠭ᠋ᠠᠯ
ᠨᠢᠭᠡᠳᠦᠭᠡᠷ ᠵᠣᠷᠪᠤᠰ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ ᠵᠥᠪᠰᠢᠶᠡᠷᠡᠭᠰᠡᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠲᠥᠰᠦᠯ》 ᠪᠣᠯᠤᠨ ᠥᠪᠡᠷᠲᠡᠭᠡᠨ ᠵᠠᠰᠠᠬᠤ ᠣᠷᠣᠨ᠎ᠠᠴᠠ ᠳᠠᠷᠤᠮᠠᠯᠯᠠᠨ ᠲᠠᠷᠬᠠᠭ᠋ᠠᠭᠰᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠬᠡᠷᠡᠭᠵᠢᠭᠦᠯᠬᠦ ᠰᠠᠨᠠᠯ》᠎ᠢ ᠦᠨᠳᠦᠰᠦᠯᠡᠨ᠂ ᠲᠣᠰ ᠲᠣᠭᠲᠠᠭ᠋ᠠᠯ᠎ᠢ ᠲᠣᠭᠲᠠᠭ᠋ᠠᠪᠠ᠃
ᠬᠣᠶᠠᠳᠤᠭ᠋ᠠᠷ ᠵᠣᠷᠪᠤᠰ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠭᠣᠮᠲᠠ ᠵᠢᠨ ᠬᠠᠮᠢᠶᠠᠷᠤᠯᠲᠠ ᠵᠢᠨ ᠠᠯᠪᠠᠨ ᠭᠡᠷ ᠪᠣᠯ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠳᠡᠳ᠋ ᠳᠡᠰ᠎ᠤᠨ ᠰᠠᠯᠠᠭ᠎ᠠ ᠮᠥᠴᠢᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠪᠣᠯᠣᠨ᠎ᠠ᠃
ᠭᠤᠷᠪᠠᠳᠤᠭ᠋ᠠᠷ ᠵᠣᠷᠪᠤᠰ᠂ ᠥᠪᠡᠷᠲᠡᠭᠡᠨ ᠵᠠᠰᠠᠬᠤ ᠣᠷᠣᠨ᠎ᠤ ᠪᠣᠭᠤᠮᠲᠠ ᠵᠢᠨ ᠬᠠᠮᠢᠶᠠᠷᠤᠯᠲᠠ ᠵᠢᠨ ᠠᠯᠪᠠᠨ ᠬᠡᠷ ᠪᠣᠭᠤᠮᠲᠠ ᠵᠢᠨ ᠠᠵᠢᠯ᠎ᠤᠨ ᠲᠤᠬᠠᠶ ᠨᠠᠮ᠎ᠤᠨ ᠲᠥᠪ ᠬᠤᠷᠢᠶ᠎ᠠ ᠵᠢᠨ ᠴᠢᠭᠯᠡᠯᠲᠡ ᠲᠥᠷᠥ ᠵᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠬᠣᠯᠪᠤᠭᠳᠠᠯ ᠪᠥᠬᠦᠶ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠬᠦ ᠶᠠᠪᠤᠴᠠ᠎ᠳᠤ ᠪᠣᠭᠤᠮᠲᠠ ᠵᠢᠨ ᠠᠵᠢᠯ᠎ᠳᠠᠬᠢ ᠨᠠᠮ᠎ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠨ᠎ᠠ᠃ ᠭᠣᠤᠯ ᠡᠭᠦᠷᠭᠡ ᠬᠠᠷᠢᠭᠤᠴᠠᠯᠭ᠎ᠠ᠄
(ᠨᠢᠭᠡ) ᠪᠣᠭᠤᠮᠲᠠ ᠵᠢᠨ ᠠᠵᠢᠯ᠎ᠤᠨ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠤᠨ ᠡᠬᠡ ᠨᠣᠣᠷᠠᠭ ᠪᠠ ᠲᠥᠷᠥ ᠵᠢᠨ ᠪᠣᠳᠣᠯᠭ᠎ᠠ ᠵᠢ ᠲᠤᠭᠤᠷᠪᠢᠨ ᠲᠣᠭᠲᠠᠭ᠋ᠠᠨ᠎ᠠ᠃ ᠡᠯ᠎ᠡ ᠭᠠᠵᠠᠷ᠎ᠤᠨ ᠪᠣᠭᠣᠮᠲᠠ ᠵᠢᠨ ᠠᠵᠢᠯ᠎ᠢ ᠵᠢᠯᠣᠭᠣᠳᠤᠨ ᠵᠣᠬᠢᠴᠠᠭᠤᠯᠤᠨ᠎ᠠ᠃ ᠪᠣᠭᠣᠮᠲᠠ ᠵᠢᠨ ᠠᠵᠤ ᠠᠬᠤᠢ ᠵᠢ ᠬᠥᠭᠵᠢᠭᠦᠯᠬᠦ ᠲᠥᠷᠥ ᠵᠢᠨ ᠪᠣᠳᠣᠯᠭ᠎ᠠ ᠵᠢᠨ ᠰᠠᠨᠠᠭᠤᠯᠭ᠎ᠠ ᠳᠤᠷᠠᠳᠤᠨ᠎ᠠ᠃
(ᠬᠤᠶᠠᠷ) ᠥᠪᠡᠷᠲᠡᠭᠡᠨ ᠵᠠᠰᠠᠬᠤ ᠣᠷᠣᠨ᠎ᠤ ᠪᠣᠭᠤᠮᠲᠠ ᠵᠢᠨ ᠬᠥᠭᠵᠢᠯᠲᠡ ᠵᠢᠨ ᠲᠥᠯᠥᠪᠵᠢᠭᠦᠯᠭᠡ᠂ ᠪᠣᠭᠤᠮᠲᠠ ᠵᠢᠨ ᠣᠨᠴᠠᠭ᠋ᠠᠶ ᠬᠢᠨᠠᠯᠲᠠ ᠬᠠᠮᠢᠶᠠᠷᠤᠯᠲᠠ ᠵᠢᠨ ᠣᠷᠣᠨ ᠪᠦᠰᠡ (ᠲᠠᠯᠠᠪᠤᠷ ᠭᠠᠵᠠᠷ) ᠵᠢᠨ ᠬᠦᠭᠵᠢᠯᠲᠡ ᠵᠢᠨ ᠲᠦᠯᠦᠪᠵᠢᠭᠦᠯᠭᠡ ᠵᠢ ᠲᠤᠭᠤᠷᠪᠢᠨ ᠲᠣᠭᠲᠠᠭ᠋ᠠᠨ᠎ᠠ᠃ ᠪᠣᠭᠣᠮᠲᠠ ᠵᠢᠨ ᠦᠢ᠍ᠯᠡᠴᠢᠯᠡᠭᠡᠨ᠎ᠤ ᠡᠯᠧᠺᠲᠷᠣᠨ ᠲᠠᠪᠴᠠᠩ᠎ᠤᠨ ᠪᠠᠶ᠋ᠢᠭᠤᠯᠤᠯᠲᠠ ᠵᠢ ᠬᠠᠷᠢᠭᠤᠴᠠᠨ᠎ᠠ᠃
(ᠭᠤᠷᠪᠠ) ᠪᠣᠭᠣᠮᠲᠠ ᠵᠢᠨ ᠨᠡᠭᠡᠭᠡᠯᠲᠡ ᠬᠢᠬᠦ᠂ ᠪᠦᠲᠦᠭᠡᠨ ᠪᠠᠶ᠋ᠢᠭᠤᠯᠬᠤ᠂ ᠠᠵᠢᠯᠯᠠᠭᠤᠯᠬᠤ᠂ ᠬᠠᠭ᠋ᠠᠬᠤ ᠵᠡᠷᠭᠡ ᠠᠵᠢᠯ᠎ᠢ ᠵᠣᠬᠢᠶᠠᠨ ᠪᠠᠶ᠋ᠢᠭᠤᠯᠤᠨ ᠵᠣᠬᠢᠴᠠᠭᠤᠯᠤᠨ᠎ᠠ᠃ ᠡᠯ᠎ᠡ ᠭᠠᠵᠠᠷ᠎ᠤᠨ ᠪᠣᠭᠤᠮᠲᠠ ᠵᠢᠨ ᠰᠠᠭᠤᠷᠢ ᠲᠥᠬᠦᠭᠡᠷᠦᠮᠵᠢ᠂ ᠪᠠᠶ᠋ᠢᠴᠠᠭ᠋ᠠᠨ ᠰᠢᠯᠭ᠋ᠠᠬᠤ ᠢᠵᠢ ᠪᠦᠷᠢᠳᠦᠭᠦᠯᠦᠭᠰᠡᠨ ᠲᠥᠬᠦᠭᠡᠷᠦᠮᠵᠢ ᠪᠠ ᠵᠢᠭ᠋ᠠᠨ ᠲᠣᠭᠲᠠᠭ᠋ᠠᠭᠰᠠᠨ ᠪᠣᠭᠤᠮᠲᠠ ᠵᠢᠨ ᠠᠵᠢᠯ᠎ᠢ ᠵᠢᠯᠣᠭᠤᠳᠤᠨ᠎ᠠ᠃
(ᠲᠦᠷᠪᠡ) ᠪᠣᠭᠤᠮᠲᠠ ᠵᠢᠨ 《ᠪᠣᠭᠤᠮᠲᠠ ᠥᠩᠭᠡᠷᠡᠬᠦ》 ᠪᠦᠲᠦᠭᠡᠨ ᠪᠠᠶ᠋ᠢᠭᠤᠯᠤᠯᠲᠠ ᠵᠢ ᠵᠣᠬᠢᠶᠠᠨ ᠪᠠᠶ᠋ᠢᠭᠤᠯᠤᠨ ᠠᠬᠢᠭᠤᠯᠵᠤ᠂ ᠪᠣᠭᠤᠮᠲᠠ ᠵᠢᠨ ᠬᠤᠳᠠᠯᠳᠤᠭ᠎ᠠ ᠡᠵᠡᠩᠨᠡᠬᠦ ᠣᠷᠴᠢᠨ᠎ᠤ ᠨᠥᠬᠦᠴᠡᠯ᠎ᠢ ᠰᠢᠯᠢᠳᠡᠭᠵᠢᠭᠦᠯᠦᠨ᠎ᠡ᠃ ᠪᠣᠭᠤᠮᠲᠠ᠎ᠪᠠᠷ ᠥᠩᠭᠡᠷᠡᠬᠦ ᠳᠤᠮᠳᠠᠬᠢ ᠡᠯ᠎ᠡ ᠰᠠᠯᠠᠭ᠎ᠠ ᠮᠥᠴᠢᠷ᠎ᠤᠨ ᠠᠵᠢᠯ᠎ᠤᠨ ᠬᠠᠷᠢᠴᠠᠭ᠎ᠠ ᠵᠢ ᠵᠣᠬᠢᠴᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠪᠣᠭᠤᠮᠲᠠ ᠵᠢᠨ ᠠᠵᠢᠯ᠎ᠤᠨ ᠲᠢᠩᠬᠢᠮ᠎ᠤᠨ ᠬᠤᠭᠤᠷᠣᠨᠳᠣᠬᠢ ᠬᠠᠮᠲᠤᠷᠠᠭᠰᠠᠨ ᠬᠤᠷᠠᠯ᠎ᠤᠨ ᠡᠳᠦᠷ ᠲᠤᠲᠤᠮ᠎ᠤᠨ ᠠᠵᠢᠯ᠎ᠢ ᠳᠠᠭ᠋ᠠᠭ᠋ᠠᠨ ᠭᠦᠢ᠍ᠴᠡᠳᠭᠡᠨ᠎ᠡ᠃
(ᠲᠠᠪᠤ) ᠪᠥᠬᠦ ᠣᠷᠣᠨ᠎ᠤ ᠪᠣᠭᠤᠮᠲᠠ ᠵᠢᠨ ᠮᠡᠳᠡᠭᠡ ᠵᠠᠩᠭᠢᠵᠢᠯᠲᠠ᠂ ᠡᠯᠸᠺᠲᠷᠣᠨᠴᠢᠯᠠᠯᠲᠠ ᠪᠠ ᠣᠶᠤᠨᠴᠢ ᠪᠣᠭᠤᠮᠲᠠ ᠵᠢᠨ ᠪᠥᠲᠥᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢ ᠵᠢᠯᠣᠭᠤᠳᠴᠤ᠂ ᠪᠥᠬᠦ ᠣᠷᠣᠨ᠎ᠤ ᠪᠣᠭᠤᠮᠲᠠ ᠵᠢᠨ 《ᠳᠠᠩ ᠴᠣᠯᠭᠤᠢ ᠴᠣᠩᠬᠤᠪᠴᠢ》 ᠵᠢᠨ ᠪᠥᠲᠥᠭᠡᠨ ᠪᠠᠶ᠋ᠢᠭᠤᠯᠤᠯᠲᠠ ᠪᠠ ᠳᠡᠯᠭᠡᠷᠡᠭᠦᠯᠦᠨ ᠬᠡᠷᠡᠭᠯᠡᠬᠦ ᠵᠢ ᠬᠠᠷᠢᠭᠤᠴᠠᠨ᠎ᠠ᠃
(ᠵᠢᠷᠭᠤᠭ᠎ᠠ) ᠪᠣᠭᠤᠮᠲᠠ ᠵᠢᠨ ᠣᠷᠣᠨ ᠪᠦᠰᠡ ᠵᠢᠨ ᠣᠯᠠᠨ ᠨᠡᠶ᠋ᠢᠲᠡ ᠵᠢᠨ ᠠᠮᠤᠷ ᠲᠦᠪᠰᠢᠨ᠎ᠤ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠬᠣᠯᠪᠤᠭᠳᠠᠯ ᠪᠥᠬᠦᠶ ᠠᠵᠢᠯ᠎ᠢ ᠵᠢᠯᠣᠭᠤᠳᠴᠤ᠂ ᠪᠣᠭᠤᠮᠲᠠ ᠵᠢᠨ ᠣᠷᠣᠨ ᠪᠦᠰᠡ ᠵᠢᠨ ᠠᠮᠤᠷ ᠲᠦᠪᠰᠢᠨ᠎ᠤ ᠬᠠᠮᠲᠤᠷᠠᠭᠰᠠᠨ ᠰᠡᠷᠭᠡᠶ᠋ᠢᠯᠡᠨ ᠡᠵᠡᠮᠳᠡᠬᠦ ᠠᠵᠢᠯ᠎ᠤᠨ ᠲᠦᠷᠢᠮ᠎ᠢ ᠲᠦᠷᠦᠭᠦᠯᠡᠨ ᠲᠤᠭᠤᠷᠪᠢᠨ ᠲᠣᠭᠲᠠᠭ᠋ᠠᠨ᠎ᠠ᠃
(ᠳᠤᠯᠤᠭ᠎ᠠ) ᠪᠣᠭᠤᠮᠲᠠ ᠵᠢᠨ ᠠᠵᠢᠯᠯᠠᠭ᠋ᠠᠨ᠎ᠢ ᠬᠢᠨᠠᠨ ᠡᠵᠡᠮᠳᠡᠬᠦ ᠪᠠ ᠬᠥᠳᠡᠯᠦᠩᠭᠦᠶ᠎ᠪᠠᠷ ᠦᠨᠡᠯᠡᠨ ᠵᠢᠱ᠌ᠢᠬᠦ ᠵᠢ ᠬᠠᠷᠢᠭᠤᠴᠠᠵᠤ᠂ ᠪᠣᠭᠤᠮᠲᠠ ᠵᠢᠨ ᠲᠤᠭ᠎ᠠ ᠪᠠᠷᠢᠮᠲᠠ ᠵᠢ ᠬᠢᠨᠠᠨ ᠬᠡᠮᠵᠢᠵᠦ ᠵᠠᠳᠠᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ᠎ᠤ ᠪᠣᠭᠤᠮᠲᠠ ᠵᠢᠨ ᠲᠣᠮᠣ ᠲᠣᠭ᠎ᠠ ᠪᠠᠷᠢᠮᠲᠠ ᠵᠢᠨ ᠬᠡᠷᠡᠭᠯᠡᠭᠡᠨ᠎ᠤ ᠲᠤᠰᠬᠠᠶ ᠲᠥᠯᠥᠪᠵᠢᠭᠦᠯᠭᠡ ᠵᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃
(ᠨᠠᠢ᠍ᠮᠠ) 《ᠨᠢᠭᠡ ᠪᠦᠰᠡ ᠨᠢᠭᠡ ᠵᠠᠮ》᠎ᠤᠨ ᠪᠥᠲᠥᠭᠡᠨ ᠪᠠᠶ᠋ᠢᠭᠤᠯᠤᠯᠲᠠ ᠪᠠ ᠳᠤᠮᠳᠠᠳᠤ ᠮᠣᠩᠭᠤᠯ ᠣᠷᠣᠰ᠎ᠤᠨ ᠠᠵᠤ ᠠᠬᠤᠶ ᠵᠢᠨ ᠬᠤᠩᠭᠢᠯ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠠᠵᠢᠯ᠎ᠤᠨ ᠳᠤᠮᠳᠠᠬᠢ ᠵᠠᠮ ᠳᠠᠭ᠋ᠠᠤ ᠵᠢᠨ ᠤᠯᠤᠰ ᠪᠠ ᠭᠠᠵᠠᠷ ᠣᠷᠣᠨ᠎ᠤ ᠪᠣᠭᠤᠮᠲᠠ ᠵᠢᠨ ᠬᠠᠮᠲᠤᠷᠠᠯᠴᠠᠭ᠋ᠠᠨ᠎ᠤ ᠤᠴᠢᠷ ᠶᠠᠪᠤᠳᠠᠯ᠎ᠢ ᠬᠠᠷᠢᠭᠤᠴᠠᠨ᠎ᠠ᠃ ᠪᠣᠭᠤᠮᠲᠠ ᠵᠢᠨ ᠬᠦᠷᠢᠶᠡᠨ᠎ᠳᠠᠬᠢ ᠣᠯᠠᠨ ᠤᠯᠤᠰ᠎ᠤᠨ ᠬᠠᠮᠲᠤᠷᠠᠯᠴᠠᠭ᠎ᠠ ᠰᠣᠯᠢᠯᠴᠠᠭ᠎ᠠ᠂ ᠬᠠᠮᠲᠤᠷᠠᠨ ᠪᠠᠶ᠋ᠢᠴᠠᠭ᠋ᠠᠬᠤ ᠬᠣᠯᠪᠤᠭᠳᠠᠯ ᠪᠦᠬᠦᠢ ᠤᠴᠢᠷ ᠶᠠᠪᠤᠳᠠᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠪᠦᠬᠦ ᠣᠷᠣᠨ᠎ᠤ ᠬᠢᠯᠢ ᠵᠢᠨ ᠪᠣᠭᠣᠮᠲᠠ ᠬᠢᠭᠡᠳ ᠤᠯᠤᠰ᠎ᠤᠨ ᠳᠣᠲᠣᠭ᠋ᠠᠳᠤ ᠵᠢᠨ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠪᠣᠭᠣᠮᠲᠠ᠎ᠲᠠᠢ ᠣᠷᠣᠨ ᠪᠦᠰᠡ ᠠᠯᠤᠰᠯᠠᠭᠰᠠᠨ ᠬᠠᠮᠲᠤᠷᠠᠯᠴᠠᠭ᠎ᠠ ᠥᠷᠨᠢᠭᠦᠯᠬᠦ ᠵᠢ ᠠᠬᠢᠭᠤᠯᠤᠨ᠎ᠠ᠃
(ᠶᠢᠰᠦ) ᠥᠪᠡᠷᠲᠡᠭᠡᠨ ᠵᠠᠰᠠᠬᠤ ᠣᠷᠣᠨ᠎ᠤ ᠤᠮᠠᠷᠠᠰᠢ ᠨᠡᠭᠡᠭᠡᠯᠲᠡ ᠬᠢᠬᠦ᠂ ᠣᠷᠣᠰ ᠮᠣᠩᠭᠤᠯ᠎ᠤᠨ ᠬᠠᠮᠲᠤᠷᠠᠯᠴᠠᠭ᠋ᠠᠨ᠎ᠤ ᠵᠣᠬᠢᠴᠠᠮᠵᠢ ᠵᠢᠨ ᠰᠢᠨ᠎ᠡ ᠵᠢ ᠡᠭᠦᠳᠬᠦ ᠬᠣᠯᠪᠤᠭᠳᠠᠯ ᠪᠦᠬᠦᠢ ᠠᠵᠢᠯ᠎ᠢ ᠲᠦᠷᠦᠭᠦᠯᠡᠨ ᠠᠬᠢᠭᠤᠯᠤᠨ᠎ᠠ᠃
(ᠠᠷᠪᠠ) ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ᠃
ᠳᠥᠷᠪᠡᠳᠦᠭᠡᠷ ᠵᠣᠷᠪᠤᠰ᠂ ᠥᠪᠡᠷᠲᠡᠭᠡᠨ ᠵᠠᠰᠠᠬᠤ ᠣᠷᠣᠨ᠎ᠤ ᠪᠣᠭᠣᠮᠲᠠ ᠵᠢᠨ ᠬᠠᠮᠢᠶᠠᠷᠤᠯᠲᠠ ᠵᠢᠨ ᠠᠯᠪᠠᠨ ᠭᠡᠷ ᠳᠣᠤᠷᠠᠬᠢ ᠳᠣᠲᠣᠭ᠋ᠠᠳᠤ ᠪᠠᠶ᠋ᠢᠭᠤᠯᠤᠮᠵᠢ ᠵᠢ ᠲᠣᠬᠢᠷᠠᠭᠤᠯᠤᠨ᠎ᠠ᠄
(ᠨᠢᠭᠡ) ᠶᠡᠷᠦᠩᠬᠡᠢ ᠭᠠᠵᠠᠷ᠃ ᠪᠠᠶ᠋ᠢᠭᠤᠯᠭ᠎ᠠ ᠵᠢᠨ ᠡᠳᠦᠷ ᠲᠤᠲᠤᠮ᠎ᠤᠨ ᠠᠵᠢᠯ᠎ᠢ ᠬᠠᠷᠢᠭᠤᠴᠠᠵᠤ᠂ ᠠᠵᠢᠯᠲᠠᠨ᠎ᠤ ᠶᠠᠪᠤᠳᠠᠯ᠂ ᠡᠳ᠋᠎ᠤᠨ ᠶᠠᠪᠤᠳᠠᠯ᠂ ᠨᠠᠷᠢᠨ ᠪᠢᠴᠢᠭ᠂ ᠨᠢᠭᠤᠴᠠ ᠵᠢ ᠬᠠᠮᠠᠭ᠋ᠠᠯᠠᠬᠤ᠂ ᠤᠬᠠᠭᠤᠯᠬᠤ ᠵᠡᠷᠭᠡ ᠠᠵᠢᠯ᠎ᠢ ᠡᠭᠦᠷᠭᠡᠯᠡᠵᠦ᠂ ᠪᠣᠭᠤᠮᠲᠠ ᠵᠢᠨ ᠲᠤᠭ᠎ᠠ ᠪᠠᠷᠢᠮᠲᠠ ᠵᠢ ᠬᠢᠨᠠᠨ ᠬᠡᠮᠵᠢᠵᠦ ᠵᠠᠳᠠᠯᠤᠨ᠎ᠠ᠃ ᠪᠣᠭᠤᠮᠲᠠ ᠵᠢᠨ ᠠᠵᠢᠯ᠎ᠤᠨ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠤᠨ ᠲᠥᠰᠦᠯ᠎ᠢ ᠵᠣᠬᠢᠶᠠᠨ ᠪᠠᠶ᠋ᠢᠭᠤᠯᠤᠨ ᠲᠤᠭᠤᠷᠪᠢᠨ᠎ᠠ᠃ ᠡᠯ᠎ᠡ ᠭᠠᠵᠠᠷ᠎ᠤᠨ ᠪᠣᠭᠤᠮᠲᠠ ᠵᠢᠨ ᠠᠵᠢᠯ᠎ᠢ ᠵᠢᠯᠣᠭᠤᠳᠤᠨ ᠵᠣᠬᠢᠴᠠᠭᠤᠯᠵᠤ᠂ ᠪᠣᠭᠤᠮᠲᠠ ᠵᠢᠨ ᠠᠵᠤ ᠠᠬᠤᠶ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠰᠠᠨᠠᠭᠤᠯᠭ᠎ᠠ ᠳᠤᠷᠠᠳᠤᠨ᠎ᠠ᠃ ᠥᠪᠡᠷᠲᠡᠭᠡᠨ ᠵᠠᠰᠠᠬᠤ ᠣᠷᠣᠨ᠎ᠤ ᠪᠣᠭᠤᠮᠲᠠ ᠵᠢᠨ ᠠᠵᠢᠯ᠎ᠤᠨ ᠲᠢᠩᠬᠢᠮ᠎ᠤᠨ ᠬᠤᠭᠤᠷᠣᠨᠳᠣᠬᠢ ᠬᠠᠮᠲᠤᠷᠠᠭᠰᠠᠨ ᠬᠤᠷᠠᠯ᠎ᠤᠨ ᠡᠳᠦᠷ ᠲᠤᠲᠤᠮ᠎ᠤᠨ ᠠᠵᠢᠯ᠎ᠢ ᠳᠠᠭ᠋ᠠᠭ᠋ᠠᠨ ᠭᠦᠢ᠍ᠴᠡᠳᠭᠡᠨ᠎ᠡ᠃
(ᠬᠣᠶᠠᠷ) ᠲᠦᠯᠦᠪᠵᠢᠭᠦᠯᠭᠡ ᠪᠦᠲᠦᠭᠡᠨ ᠪᠠᠢ᠌ᠭᠤᠯᠤᠯᠲᠠ ᠵᠢᠨ ᠭᠠᠵᠠᠷ᠃ ᠥᠪᠡᠷᠲᠡᠭᠡᠨ ᠵᠠᠰᠠᠬᠤ ᠣᠷᠣᠨ᠎ᠤ ᠪᠣᠭᠤᠮᠲᠠ ᠵᠢᠨ ᠬᠥᠭᠵᠢᠯᠲᠡ ᠵᠢᠨ ᠲᠥᠯᠥᠪᠵᠢᠭᠦᠯᠭᠡ᠂ ᠪᠣᠭᠤᠮᠲᠠ ᠵᠢᠨ ᠣᠨᠴᠠᠭ᠋ᠠᠶ ᠬᠢᠨᠠᠯᠲᠠ ᠬᠠᠮᠢᠶᠠᠷᠤᠯᠲᠠ ᠵᠢᠨ ᠣᠷᠣᠨ ᠪᠦᠰᠡ (ᠲᠠᠯᠠᠪᠤᠷ ᠭᠠᠵᠠᠷ) ᠵᠢᠨ ᠬᠦᠭᠵᠢᠯᠲᠡ ᠵᠢᠨ ᠲᠦᠯᠦᠪᠵᠢᠭᠦᠯᠭᠡ ᠵᠢ ᠲᠤᠭᠤᠷᠪᠢᠨ ᠲᠣᠭᠲᠠᠭ᠋ᠠᠨ᠎ᠠ᠃ ᠪᠣᠭᠣᠮᠲᠠ ᠵᠢᠨ ᠨᠡᠭᠡᠭᠡᠯᠲᠡ ᠬᠢᠬᠦ᠂ ᠪᠦᠲᠦᠭᠡᠨ ᠪᠠᠶ᠋ᠢᠭᠤᠯᠬᠤ᠂ ᠠᠵᠢᠯᠯᠠᠭᠤᠯᠬᠤ᠂ ᠬᠠᠭ᠋ᠠᠬᠤ ᠵᠡᠷᠭᠡ ᠠᠵᠢᠯ᠎ᠢ ᠵᠣᠬᠢᠶᠠᠨ ᠪᠠᠶ᠋ᠢᠭᠤᠯᠤᠨ ᠵᠣᠬᠢᠴᠠᠭᠤᠯᠤᠨ᠎ᠠ᠃ ᠪᠣᠭᠤᠮᠲᠠ ᠵᠢᠨ ᠰᠠᠭᠤᠷᠢ ᠲᠥᠬᠦᠭᠡᠷᠦᠮᠵᠢ᠂ ᠪᠠᠶ᠋ᠢᠴᠠᠭ᠋ᠠᠨ ᠰᠢᠯᠭ᠋ᠠᠬᠤ ᠢᠵᠢ ᠪᠦᠷᠢᠳᠦᠭᠰᠡᠨ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠵᠢᠯᠣᠭᠤᠳᠤᠨ᠎ᠠ᠃ ᠲᠣᠭᠲᠠᠭ᠋ᠠᠭᠰᠠᠨ ᠪᠣᠭᠣᠮᠲᠠ ᠵᠢᠨ ᠠᠵᠢᠯ᠎ᠢ ᠡᠭᠦᠷᠭᠡᠯᠡᠨ᠎ᠡ᠃ ᠪᠣᠭᠤᠮᠲᠠ ᠵᠢᠨ ᠣᠷᠣᠨ ᠪᠦᠰᠡ ᠵᠢᠨ ᠣᠯᠠᠨ ᠨᠡᠶ᠋ᠢᠲᠡ ᠵᠢᠨ ᠠᠮᠤᠷ ᠲᠦᠪᠰᠢᠨ᠎ᠤ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠬᠣᠯᠪᠤᠭᠳᠠᠯ ᠪᠥᠬᠦᠶ ᠠᠵᠢᠯ᠎ᠢ ᠵᠢᠯᠣᠭᠤᠳᠴᠤ᠂ ᠪᠣᠭᠤᠮᠲᠠ ᠵᠢᠨ ᠣᠷᠣᠨ ᠪᠦᠰᠡ ᠵᠢᠨ ᠠᠮᠤᠷ ᠲᠦᠪᠰᠢᠨ᠎ᠤ ᠬᠠᠮᠲᠤᠷᠠᠭᠰᠠᠨ ᠰᠡᠷᠭᠡᠶ᠋ᠢᠯᠡᠨ ᠡᠵᠡᠮᠳᠡᠬᠦ ᠠᠵᠢᠯ᠎ᠤᠨ ᠲᠦᠷᠢᠮ᠎ᠢ ᠲᠦᠷᠦᠭᠦᠯᠡᠨ ᠲᠤᠭᠤᠷᠪᠢᠨ ᠲᠣᠭᠲᠠᠭ᠋ᠠᠨ᠎ᠠ᠃
(ᠭᠤᠷᠪᠠ) ᠪᠣᠭᠤᠮᠲᠠ᠎ᠪᠠᠷ ᠥᠩᠭᠡᠷᠡᠬᠦ ᠵᠢ ᠬᠠᠮᠲᠤᠷᠠᠨ ᠵᠣᠬᠢᠴᠠᠭᠤᠯᠬᠤ ᠭᠠᠵᠠᠷ᠃ ᠪᠣᠭᠤᠮᠲᠠ ᠵᠢᠨ 《ᠪᠣᠭᠤᠮᠲᠠ ᠥᠩᠭᠡᠷᠡᠬᠦ》 ᠪᠦᠲᠦᠭᠡᠨ ᠪᠠᠶ᠋ᠢᠭᠤᠯᠤᠯᠲᠠ ᠵᠢ ᠵᠣᠬᠢᠶᠠᠨ ᠪᠠᠶ᠋ᠢᠭᠤᠯᠤᠨ ᠠᠬᠢᠭᠤᠯᠵᠤ᠂ ᠪᠣᠭᠤᠮᠲᠠ ᠵᠢᠨ ᠬᠤᠳᠠᠯᠳᠤᠭ᠎ᠠ ᠡᠵᠡᠩᠨᠡᠬᠦ ᠣᠷᠴᠢᠨ᠎ᠤ ᠨᠥᠬᠦᠴᠡᠯ᠎ᠢ ᠰᠢᠯᠢᠳᠡᠭᠵᠢᠭᠦᠯᠦᠨ᠎ᠡ᠃ ᠪᠣᠭᠤᠮᠲᠠ᠎ᠪᠠᠷ ᠥᠩᠭᠡᠷᠡᠬᠦ ᠳᠤᠮᠳᠠᠬᠢ ᠡᠯ᠎ᠡ ᠰᠠᠯᠠᠭ᠎ᠠ ᠮᠥᠴᠢᠷ᠎ᠤᠨ ᠠᠵᠢᠯ᠎ᠤᠨ ᠬᠠᠷᠢᠴᠠᠭ᠎ᠠ ᠵᠢ ᠵᠣᠬᠢᠴᠠᠭᠤᠯᠤᠨ᠎ᠠ᠃ ᠪᠣᠭᠣᠮᠲᠠ ᠵᠢᠨ ᠠᠵᠢᠯᠯᠠᠭ᠋ᠠᠨ᠎ᠢ ᠬᠢᠨᠠᠨ ᠡᠵᠡᠮᠳᠡᠬᠦ ᠪᠠ ᠬᠥᠳᠡᠯᠦᠩᠭᠦᠶ᠎ᠪᠠᠷ ᠦᠨᠡᠯᠡᠨ ᠵᠢᠱ᠌ᠢᠬᠦ ᠵᠢ ᠬᠠᠷᠢᠭᠤᠴᠠᠨ᠎ᠠ᠃ ᠣᠷᠣᠰ ᠮᠣᠩᠭᠤᠯ ᠤᠯᠤᠰ᠎ᠤᠨ ᠪᠣᠭᠤᠮᠲᠠ ᠵᠢᠨ ᠬᠠᠮᠲᠤᠷᠠᠯᠴᠠᠭ᠎ᠠ ᠰᠣᠯᠢᠯᠴᠠᠭ᠎ᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠬᠠᠮᠲᠤᠷᠠᠨ ᠪᠠᠶ᠋ᠢᠴᠠᠭ᠋ᠠᠬᠤ ᠠᠵᠢᠯ᠎ᠤᠨ ᠵᠣᠬᠢᠴᠠᠮᠵᠢ ᠵᠢᠨ ᠬᠣᠯᠪᠤᠭᠳᠠᠯ ᠪᠦᠬᠦᠢ ᠤᠴᠢᠷ ᠶᠠᠪᠤᠳᠠᠯ᠎ᠢ ᠡᠭᠦᠷᠭᠡᠯᠡᠨ᠎ᠡ᠃
(ᠲᠦᠷᠪᠡ) ᠣᠷᠤᠨ ᠪᠦᠰᠡ ᠵᠢᠨ ᠬᠠᠮᠲᠤᠷᠠᠯᠴᠠᠭ᠎ᠠ ᠪᠠ ᠮᠡᠳᠡᠭᠡ ᠵᠠᠩᠭᠢᠵᠢᠯᠲᠠ ᠵᠢᠨ ᠭᠠᠵᠠᠷ᠃ ᠥᠪᠡᠷᠲᠡᠭᠡᠨ ᠵᠠᠰᠠᠬᠤ ᠣᠷᠣᠨ᠎ᠤ ᠤᠮᠠᠷᠠᠰᠢ ᠨᠡᠭᠡᠭᠡᠯᠲᠡ ᠬᠢᠬᠦ᠂ ᠣᠷᠣᠰ ᠮᠣᠩᠭᠤᠯ᠎ᠤᠨ ᠬᠠᠮᠲᠤᠷᠠᠯᠴᠠᠭ᠋ᠠᠨ᠎ᠤ ᠵᠣᠬᠢᠴᠠᠮᠵᠢ ᠵᠢᠨ ᠰᠢᠨ᠎ᠡ ᠵᠢ ᠡᠭᠦᠳᠬᠦ ᠬᠣᠯᠪᠤᠭᠳᠠᠯ ᠪᠦᠬᠦᠢ ᠠᠵᠢᠯ᠎ᠢ ᠲᠦᠷᠦᠭᠦᠯᠡᠨ ᠠᠬᠢᠭᠤᠯᠤᠨ᠎ᠠ᠃ 《ᠨᠢᠭᠡ ᠪᠦᠰᠡ ᠨᠢᠭᠡ ᠵᠠᠮ》᠎ᠤᠨ ᠪᠥᠲᠥᠭᠡᠨ ᠪᠠᠶ᠋ᠢᠭᠤᠯᠤᠯᠲᠠ ᠪᠠ ᠳᠤᠮᠳᠠᠳᠤ ᠮᠣᠩᠭᠤᠯ ᠣᠷᠣᠰ᠎ᠤᠨ ᠠᠵᠤ ᠠᠬᠤᠶ ᠵᠢᠨ ᠬᠤᠩᠭᠢᠯ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠠᠵᠢᠯ᠎ᠤᠨ ᠳᠤᠮᠳᠠᠬᠢ ᠵᠠᠮ ᠳᠠᠭ᠋ᠠᠤ ᠵᠢᠨ ᠤᠯᠤᠰ ᠪᠠ ᠭᠠᠵᠠᠷ ᠣᠷᠣᠨ᠎ᠤ ᠪᠣᠭᠤᠮᠲᠠ ᠵᠢᠨ ᠬᠠᠮᠲᠤᠷᠠᠯᠴᠠᠭ᠋ᠠᠨ᠎ᠤ ᠤᠴᠢᠷ ᠶᠠᠪᠤᠳᠠᠯ᠎ᠢ ᠬᠠᠷᠢᠭᠤᠴᠠᠵᠤ᠂ ᠳᠤᠮᠳᠠᠳᠤ ᠧᠦ᠋ᠷᠣᠫᠠ ᠵᠢᠨ ᠡᠭᠡᠯᠵᠢ ᠵᠢᠨ ᠭᠠᠯᠲᠤ ᠲᠡᠷᠭᠡ ᠵᠢᠨ ᠨᠡᠪᠲᠡᠷᠡᠬᠦ ᠵᠢ ᠠᠬᠢᠭᠤᠯᠤᠨ᠎ᠠ᠃ ᠪᠦᠬᠦ ᠣᠷᠣᠨ᠎ᠤ ᠬᠢᠯᠢ ᠵᠢᠨ ᠪᠣᠭᠣᠮᠲᠠ ᠬᠢᠭᠡᠳ ᠤᠯᠤᠰ᠎ᠤᠨ ᠳᠣᠲᠣᠭ᠋ᠠᠳᠤ ᠵᠢᠨ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠪᠣᠭᠣᠮᠲᠠ᠎ᠲᠠᠢ ᠣᠷᠣᠨ ᠪᠦᠰᠡ ᠠᠯᠤᠰᠯᠠᠭᠰᠠᠨ ᠬᠠᠮᠲᠤᠷᠠᠯᠴᠠᠭ᠎ᠠ ᠥᠷᠨᠢᠭᠦᠯᠬᠦ ᠵᠢ ᠠᠬᠢᠭᠤᠯᠤᠨ᠎ᠠ᠃ ᠪᠥᠬᠦ ᠣᠷᠣᠨ᠎ᠤ ᠪᠣᠭᠤᠮᠲᠠ ᠵᠢᠨ ᠮᠡᠳᠡᠭᠡ ᠵᠠᠩᠭᠢᠵᠢᠯᠲᠠ᠂ ᠡᠯᠸᠺᠲᠷᠣᠨᠴᠢᠯᠠᠯᠲᠠ ᠪᠠ ᠣᠶᠤᠨᠴᠢ ᠪᠣᠭᠤᠮᠲᠠ ᠵᠢᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠢ ᠵᠢᠯᠣᠭᠤᠳᠴᠤ᠂ ᠪᠥᠬᠦ ᠣᠷᠣᠨ᠎ᠤ ᠪᠣᠭᠤᠮᠲᠠ ᠵᠢᠨ 《ᠳᠠᠩ ᠴᠤᠯᠭᠤᠢ ᠴᠣᠩᠬᠤᠪᠴᠢ》 ᠵᠢᠨ ᠪᠥᠲᠥᠭᠡᠨ ᠪᠠᠶ᠋ᠢᠭᠤᠯᠤᠯᠲᠠ ᠪᠠ ᠳᠡᠯᠭᠡᠷᠡᠭᠦᠯᠦᠨ ᠬᠡᠷᠡᠭᠯᠡᠬᠦ ᠠᠵᠢᠯ᠎ᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠪᠣᠭᠤᠮᠲᠠ ᠵᠢᠨ ᠲᠣᠮᠣ ᠲᠣᠭ᠎ᠠ ᠪᠠᠷᠢᠮᠲᠠ ᠵᠢᠨ ᠬᠡᠷᠡᠭᠯᠡᠭᠡᠨ᠎ᠤ ᠲᠤᠰᠬᠠᠶ ᠲᠥᠯᠥᠪᠵᠢᠭᠦᠯᠭᠡ ᠵᠢ ᠰᠤᠳᠤᠯᠤᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃
ᠲᠠᠪᠤᠳᠤᠭ᠋ᠠᠷ ᠵᠣᠷᠪᠤᠰ᠂ ᠥᠪᠡᠷᠲᠡᠭᠡᠨ ᠵᠠᠰᠠᠬᠤ ᠣᠷᠣᠨ᠎ᠤ ᠪᠣᠭᠣᠮᠲᠠ ᠵᠢᠨ ᠬᠠᠮᠢᠶᠠᠷᠤᠯᠲᠠ ᠵᠢᠨ ᠠᠯᠪᠠᠨ ᠭᠡᠷ᠎ᠤᠨ ᠪᠠᠶ᠋ᠢᠭᠤᠯᠭ᠎ᠠ ᠵᠢᠨ ᠵᠠᠰᠠᠭ ᠵᠠᠬᠢᠷᠭ᠋ᠠᠨ᠎ᠤ ᠣᠷᠣᠨ ᠲᠣᠭ᠎ᠠ 20 ᠨᠡᠷ᠎ᠡ᠃ ᠡᠷᠬᠢᠯᠡᠭᠴᠢ 1 ᠨᠡᠷ᠎ᠡ (ᠲᠢᠩᠬᠢᠮ᠎ᠤᠨ ᠳᠡᠳ᠋ ᠳᠡᠰ)᠂ ᠳᠡᠳ᠋ ᠡᠷᠬᠢᠯᠡᠭᠴᠢ 2 ᠨᠡᠷ᠎ᠡ (ᠵᠢᠩᠬᠢᠨᠢ ᠭᠠᠵᠠᠷ᠎ᠤᠨ ᠳᠡᠰ)᠂ ᠪᠤᠰᠤᠳ ᠭᠠᠵᠠᠷ᠎ᠤᠨ ᠳᠡᠰ᠎ᠤᠨ ᠤᠳᠤᠷᠢᠳᠬᠤ ᠲᠤᠰᠢᠶᠠᠯ᠎ᠤᠨ ᠲᠣᠭ᠎ᠠ 8 ᠨᠡᠷ᠎ᠡ (4 ᠵᠢᠩᠬᠢᠨᠢ4 ᠳᠡᠳ᠋) ᠵᠢ ᠲᠣᠬᠢᠷᠠᠭᠤᠯᠵᠠᠢ᠃
ᠵᠢᠷᠭᠤᠳᠤᠭ᠋ᠠᠷ ᠵᠣᠷᠪᠤᠰ᠂ ᠥᠪᠡᠷᠲᠡᠭᠡᠨ ᠵᠠᠰᠠᠬᠤ ᠣᠷᠣᠨ᠎ᠤ ᠪᠣᠭᠣᠮᠲᠠ ᠵᠢᠨ ᠬᠠᠮᠢᠶᠠᠷᠤᠯᠲᠠ ᠵᠢᠨ ᠠᠯᠪᠠᠨ ᠭᠡᠷ᠎ᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠪᠠᠶ᠋ᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠣᠭ᠎ᠠ ᠵᠢᠨ ᠵᠦᠢ᠍ᠯᠡᠰ᠎ᠢ ᠠᠰᠲᠠᠭ᠋ᠠᠨ ᠲᠣᠭᠲᠠᠭ᠋ᠠᠨ᠎ᠠ᠃
ᠳᠣᠯᠣᠳᠤᠭ᠋ᠠᠷ ᠵᠣᠷᠪᠤᠰ᠂ ᠲᠤᠰ ᠲᠣᠭᠲᠠᠭ᠋ᠠᠯ᠎ᠤᠨ ᠲᠠᠶ᠋ᠢᠯᠪᠤᠷᠢᠯᠠᠯᠲᠠ ᠵᠢ ᠭᠦᠢ᠍ᠴᠡᠳᠬᠡᠬᠦ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠶ᠋ᠢᠭᠤᠯᠤᠮᠵᠢ ᠵᠢᠨ ᠣᠷᠣᠨ ᠲᠣᠭ᠋ᠠᠨ᠎ᠤ ᠬᠣᠷᠢᠶᠠᠨ᠎ᠤ ᠠᠯᠪᠠᠨ ᠭᠡᠷ᠎ᠠᠴᠠ ᠬᠠᠷᠢᠭᠤᠴᠠᠵᠤ᠂ ᠲᠣᠬᠢᠷᠠᠭᠤᠯᠤᠯᠲᠠ ᠬᠢᠬᠦ ᠵᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠶ᠋ᠢᠭᠤᠯᠤᠮᠵᠢ ᠵᠢᠨ ᠣᠷᠣᠨ ᠲᠣᠭ᠋ᠠᠨ᠎ᠤ ᠵᠥᠪᠯᠡᠯ᠎ᠤᠨ ᠠᠯᠪᠠᠨ ᠭᠡᠷ᠎ᠠᠴᠠ ᠲᠣᠭᠲᠠᠭ᠋ᠠᠭᠰᠠᠨ ᠳᠡᠰ ᠳᠠᠷᠠᠭ᠋ᠠᠯᠠᠯ᠎ᠤᠨ ᠶᠣᠰᠣᠭ᠋ᠠᠷ ᠭᠦᠢ᠍ᠴᠡᠳᠬᠡᠨ᠎ᠡ᠃
ᠨᠠᠢ᠍ᠮᠠᠳᠤᠭ᠋ᠠᠷ ᠵᠣᠷᠪᠤᠰ᠂ ᠲᠤᠰ ᠲᠣᠭᠲᠠᠭ᠋ᠠᠯ᠎ᠢ 2018 ᠣᠨ᠎ᠤ 12 ᠳ᠋ᠤᠭ᠋ᠠᠷ ᠰᠠᠷ᠎ᠠ ᠵᠢᠨ 29᠎ᠤ ᠡᠳᠦᠷ᠎ᠠᠴᠠ ᠡᠬᠢᠯᠡᠵᠦ ᠬᠡᠷᠡᠭᠵᠢᠭᠦᠯᠪᠡ᠃
ᠬᠠᠷᠢᠭᠤᠴᠠᠯᠭ᠋ᠠᠲᠠᠨ᠄ ᠱᠠᠩ ᡁᠢ ᠴᠢᠶᠠᠩ
ᠬᠠᠷᠢᠯᠴᠠᠬᠤ ᠤᠲᠠᠰᠤ᠄ 0471 - 6610889
ᠬᠠᠶᠢᠭ᠄ ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠰᠢᠨᠬᠤᠸᠠ ᠶᠡᠭᠡ ᠵᠡᠭᠡᠯᠢ ᠵᠢᠨ 63 ᠳ᠋ᠤᠭ᠋ᠠᠷ ᠨᠣᠮᠸᠷᠲᠤ ᠬᠦᠷᠢᠶᠡᠨ᠎ᠤ 5 ᠳ᠋ᠤᠭ᠋ᠠᠷ ᠠᠰᠠᠷ
ᠠᠵᠢᠯᠯᠠᠬᠤ ᠴᠠᠭ᠄ 09᠄ 00-12᠄ 00᠂ 14᠄ 30 - 17᠄ 00 ᠪᠣᠯᠲᠠᠯ᠎ᠠ (ᠬᠠᠤᠯᠢ᠎ᠪᠠᠷ ᠲᠤᠭᠳᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠢ ᠪᠠᠭᠲᠠᠭ᠋ᠠᠬᠤ ᠦᠭᠡᠢ)
ᠥᠪᠡᠷᠲᠡᠭᠡᠨ ᠵᠠᠰᠠᠬᠤ ᠣᠷᠣᠨ᠎ᠤ ᠪᠣᠭᠣᠮᠲᠠ ᠵᠢᠨ ᠠᠯᠪᠠᠨ ᠭᠡᠷ᠎ᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠭᠣᠤᠯ ᠡᠭᠦᠷᠭᠡ ᠬᠠᠷᠢᠭᠤᠴᠠᠯᠭ᠎ᠠ᠄
ᠨᠢᠭᠡ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠭᠤᠮᠲᠠ ᠵᠢᠨ ᠬᠠᠮᠢᠶᠠᠷᠤᠯᠲᠠ ᠵᠢᠨ ᠠᠯᠪᠠᠨ ᠬᠡᠷ᠎ᠤᠨ ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠲᠥᠪ᠄ ᠪᠠᠶ᠋ᠢᠭᠤᠯᠭ᠎ᠠ ᠪᠠ ᠲᠥᠪ᠎ᠤᠨ ᠡᠳᠦᠷ ᠲᠤᠲᠤᠮ᠎ᠤᠨ ᠠᠵᠢᠯᠯᠠᠭ᠋ᠠᠨ ᠵᠢᠴᠢ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠡᠭᠦᠷᠭᠡᠯᠡᠨ᠎ᠡ; ᠣᠯᠠᠨ ᠤᠯᠤᠰ᠎ᠤᠨ ᠠᠷᠠᠯᠵᠢᠶᠠᠨ᠎ᠤ 《ᠳᠠᠩ ᠴᠤᠯᠭᠤᠢ ᠴᠣᠩᠬᠤᠪᠴᠢ》 ᠵᠢᠨ ᠲᠠᠪᠴᠠᠩ᠎ᠤᠨ ᠬᠡᠷᠡᠭᠯᠡᠭᠡᠨ᠎ᠤ ᠯᠠᠪᠯᠠᠭ᠎ᠠ ᠵᠢᠨ ᠦᠢ᠍ᠯᠡᠴᠢᠯᠡᠭᠡ ᠵᠡᠷᠭᠡ ᠠᠵᠢᠯ᠎ᠢ ᠡᠭᠦᠷᠭᠡᠯᠡᠨ᠎ᠡ; ᠪᠣᠭᠤᠮᠲᠠ᠎ᠪᠠᠷ ᠥᠩᠭᠡᠷᠡᠬᠦ ᠠᠵᠢᠯᠯᠠᠭ᠋ᠠᠨ᠎ᠤ ᠵᠠᠳᠠᠯᠤᠯᠲᠠ ᠪᠠ ᠲᠤᠭ᠎ᠠ ᠪᠠᠷᠢᠮᠲᠠ ᠵᠢᠨ ᠪᠦᠷᠢᠳᠬᠡᠯ᠎ᠤᠨ ᠰᠠᠭᠤᠷᠢ ᠴᠢᠨᠠᠷᠲᠠᠶ ᠠᠵᠢᠯ᠎ᠢ ᠡᠭᠦᠷᠭᠡᠯᠡᠨ᠎ᠡ; ᠥᠪᠡᠷᠲᠡᠭᠡᠨ ᠵᠠᠰᠠᠬᠤ ᠣᠷᠣᠨ᠎ᠤ ᠪᠣᠭᠤᠮᠲᠠ ᠵᠢᠨ ᠬᠠᠮᠢᠶᠠᠷᠤᠯᠲᠠ ᠵᠢᠨ ᠠᠯᠪᠠᠨ ᠬᠡᠷ᠎ᠤᠨ ᠲᠤᠰᠢᠶᠠᠭᠰᠠᠨ ᠪᠤᠰᠤᠳ ᠬᠣᠯᠪᠤᠭᠳᠠᠯ ᠪᠥᠬᠦᠶ ᠠᠵᠢᠯ᠎ᠢ ᠡᠭᠦᠷᠭᠡᠯᠡᠨ᠎ᠡ᠃
ᠬᠠᠷᠢᠭᠤᠴᠠᠯᠭ᠋ᠠᠲᠠᠨ᠄ ᠯᠢᠦ ᠵᠢᠶᠦ᠋ᠨ ᠶᠢᠩ
ᠬᠠᠷᠢᠯᠴᠠᠬᠤ ᠤᠲᠠᠰᠤ᠄ 0471 - 6946046
ᠬᠠᠶᠢᠭ᠄ ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠰᠢᠨᠬᠤᠸᠠ ᠶᠡᠭᠡ ᠵᠡᠭᠡᠯᠢ ᠵᠢᠨ 63 ᠳ᠋ᠤᠭ᠋ᠠᠷ ᠨᠣᠮᠸᠷᠲᠤ ᠬᠦᠷᠢᠶᠡᠨ᠎ᠤ 5 ᠳ᠋ᠤᠭ᠋ᠠᠷ ᠠᠰᠠᠷ
ᠠᠵᠢᠯᠯᠠᠬᠤ ᠴᠠᠭ᠄ 09᠄ 00 -12᠄ 00᠂ 14᠄ 30 - 17᠄ 00 ᠪᠣᠯᠲᠠᠯ᠎ᠠ (ᠬᠠᠤᠯᠢ᠎ᠪᠠᠷ ᠲᠤᠭᠳᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠢ ᠪᠠᠭᠲᠠᠭ᠋ᠠᠬᠤ ᠦᠭᠡᠢ)