ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠨᠠᠮ᠎ᠤᠨ ᠠᠵᠢᠯ᠎ᠢ ᠢᠯᠡ ᠪᠣᠯᠭᠠᠬᠤ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠲᠠᠶ᠋ᠢᠯᠤᠮᠵᠢ ᠡᠷᠭᠢᠯᠡᠪᠡ
ᠨᠡᠶ᠋ᠢᠲᠡᠯᠡᠭᠰᠡᠨ ᠴᠠᠭ᠄ 2024-10-15

   ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠭᠦᠨᠵᠡᠭᠡᠶ᠋ᠢᠷᠡᠭᠦᠯᠵᠦ᠂ ᠪᠦᠬᠦ ᠲᠢᠩᠬᠢᠮ᠎ᠤᠨ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢ᠍ᠯᠡᠰ ᠪᠤᠰᠬᠠᠬᠤ ᠰᠠᠶ᠋ᠢᠨ ᠰᠠᠶ᠋ᠢᠬᠠᠨ ᠤᠯᠤᠰ ᠲᠦᠷᠦ ᠵᠢᠨ ᠠᠮᠢ ᠠᠬᠤᠢ ᠵᠢ ᠪᠤᠢ ᠪᠣᠯᠭ᠋ᠠᠬᠤ ᠵᠢᠨ ᠲᠥᠯᠥᠭᠡ᠂ 10 ᠳ᠋ᠤᠭ᠋ᠠᠷ ᠰᠠᠷ᠎ᠠ ᠵᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠲᠤᠰᠬᠠᠢ ᠰᠡᠳᠦᠪᠲᠦ ᠬᠠᠪᠰᠤᠷᠤᠨ ᠵᠢᠯᠣᠭᠤᠳᠬᠤ ᠲᠠᠶ᠋ᠢᠯᠤᠮᠵᠢ ᠬᠢᠵᠦ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠠᠵᠢᠯ᠎ᠤᠨ ᠬᠤᠷᠢᠶ᠎ᠠ ᠵᠢᠨ ᠳᠡᠳ᠋ ᠱᠦᠵᠢ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠠᠵᠢᠯ᠎ᠤᠨ ᠬᠤᠷᠢᠶ᠎ᠠ ᠵᠢᠨ ᠱᠦᠵᠢ ᠹᠠᠩ ᠶᠢᠩ ᠨᠥᠬᠦᠷ᠎ᠢ ᠤᠷᠢᠵᠤ ᠬᠢᠴᠢᠶᠡᠯ ᠣᠷᠣᠭᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠲᠢᠩᠬᠢᠮ᠎ᠤᠨ ᠳᠠᠷᠤᠭ᠎ᠠ ᠬᠤ᠌ ᠶᠢᠩ ᠹᠧᠩ ᠬᠤᠷᠠᠯ᠎ᠢ ᠡᠷᠬᠢᠯᠡᠵᠦ᠂ ᠲᠢᠩᠬᠢᠮ᠎ᠤᠨ ᠤᠳᠤᠷᠢᠳᠬᠤ ᠪᠠᠭ᠎ᠤᠨ ᠭᠡᠰᠢᠭᠦᠨ᠂ ᠲᠢᠩᠬᠢᠮ᠎ᠤᠨ ᠪᠠᠶ᠋ᠢᠭᠤᠯᠭ᠎ᠠ ᠵᠢᠨ ᠡᠯ᠎ᠡ ᠭᠠᠵᠠᠷ ᠠᠯᠪᠠᠨ ᠭᠡᠷ᠂ ᠪᠣᠭᠤᠮᠲᠠ ᠵᠢᠨ ᠡᠷᠭᠢ ᠵᠢᠨ ᠠᠯᠪᠠᠨ ᠭᠡᠷ᠂ ᠡᠯ᠎ᠡ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ 100 ᠭᠠᠷᠤᠢ ᠬᠥᠮᠦᠨ ᠣᠷᠣᠯᠴᠠᠪᠠ᠃


10.15-1.jpg


   ᠹᠠᠩ ᠶᠢᠩ ᠱᠦᠵᠢ 《ᠰᠢ ᠵᠢᠨ ᠫᠢᠩ᠎ᠤᠨ ᠨᠠᠮ᠎ᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠬᠤ ᠲᠤᠬᠠᠶ ᠴᠢᠬᠤᠯᠠ ᠥᠭᠦᠯᠡᠯᠲᠡ ᠵᠢ ᠨᠠᠷᠢᠨ ᠬᠢᠨᠠᠮᠠᠭ᠋ᠠᠶ ᠰᠤᠷᠤᠯᠴᠠᠨ ᠲᠤᠭᠤᠰᠢᠯᠠᠭᠤᠯᠤᠶ᠎ᠠ》 ᠭᠡᠬᠦ ᠰᠡᠳᠦᠪ ᠵᠶ᠋ᠠᠷ᠂ ᠬᠢᠯᠪᠠᠷ ᠣᠶ᠋ᠢᠯᠠᠭ᠋ᠠᠮᠵᠢᠲᠠᠶ ᠦᠭᠡ ᠬᠡᠯᠡ᠂ ᠨᠡᠶ᠋ᠢᠲᠡᠯᠢᠭ ᠵᠢᠱ᠌ᠢᠶ᠎ᠡ᠎ᠪᠠᠷ ᠭᠦᠨᠵᠡᠭᠡᠶ ᠬᠡᠷᠡᠭ᠎ᠤᠨ ᠵᠢᠱ᠌ᠢᠶ᠎ᠡ᠎ᠪᠠᠷ ᠰᠠᠬᠢᠯᠭ᠎ᠠ ᠪᠠᠲᠤ ᠵᠢᠨ ᠦᠨᠳᠦᠰᠦ ᠰᠤᠷᠪᠤᠯᠵᠢ ᠵᠢ ᠵᠠᠰᠠᠬᠤ᠂ ᠨᠠᠮ᠎ᠤᠨ ᠲᠦᠷᠢᠮ᠎ᠢ ᠬᠦᠨᠳᠦᠳᠬᠡᠬᠦ   ᠣᠨᠣᠯ᠂ ᠤᠯᠤᠰ ᠲᠥᠷᠥ ᠵᠢᠨ ᠰᠠᠬᠢᠯᠭ᠎ᠠ ᠪᠠᠲᠤ ᠵᠢᠨ ᠣᠨᠣᠯ᠂ ᠵᠣᠬᠢᠶᠠᠨ ᠪᠠᠶ᠋ᠢᠭᠤᠯᠤᠯᠲᠠ ᠵᠢᠨ ᠰᠠᠬᠢᠯᠭ᠎ᠠ ᠪᠠᠲᠤ ᠵᠢᠨ ᠣᠨᠣᠯ᠂ ᠰᠠᠬᠢᠯᠭ᠎ᠠ ᠪᠠᠲᠤ ᠵᠢᠨ ᠬᠡᠷᠡᠭᠵᠢᠭᠦᠯᠦᠯᠲᠡ ᠵᠢᠨ ᠣᠨᠣᠯ᠂ ᠰᠠᠬᠢᠯᠭ᠎ᠠ ᠪᠠᠲᠤ ᠵᠢᠨ ᠬᠥᠮᠦᠵᠢᠯ᠎ᠤᠨ ᠣᠨᠣᠯ᠂ ᠬᠤᠶᠠᠷ ᠬᠠᠷᠢᠭᠤᠴᠠᠯᠭ᠎ᠠ ᠵᠢᠨ ᠣᠨᠣᠯ ᠵᠡᠷᠭᠡ ᠨᠠᠢ᠍ᠮᠠᠨ ᠲᠠᠯ᠎ᠠ᠎ᠠᠴᠠ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠪᠥᠬᠦ ᠲᠠᠯ᠎ᠠ᠎ᠪᠠᠷ ᠴᠢᠩᠭ᠋ᠠᠳᠬᠠᠬᠤ ᠲᠤᠬᠠᠶ ᠴᠢᠬᠤᠯᠠ ᠥᠭᠦᠯᠡᠯᠲᠡ ᠵᠢᠨ ᠰᠢᠨᠵᠢᠯᠡᠬᠦ ᠤᠬᠠᠭ᠋ᠠᠨᠴᠢ ᠠᠭᠤᠯᠤᠭᠳᠠᠬᠤᠨ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠭᠦᠨᠵᠡᠭᠡᠶ ᠲᠣᠳᠣᠷᠬᠠᠶ᠋ᠢᠯᠠᠨ ᠥᠭᠦᠯᠡᠭᠰᠡᠨ ᠪᠥᠭᠡᠳ ᠪᠠᠶ᠋ᠢᠭᠤᠯᠭ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠠᠵᠢᠯ᠎ᠢ ᠪᠣᠳᠠᠲᠠᠶ ᠠᠳᠬᠤᠵᠤ ᠴᠢᠩᠭ᠋ᠠᠳᠬᠠᠬᠤ ᠲᠤᠬᠠᠶ ᠣᠨᠣᠪᠴᠢᠲᠠᠶ ᠰᠠᠨᠠᠭᠤᠯᠭ᠎ᠠ ᠪᠠ ᠵᠢᠯᠣᠭᠤᠳᠣᠯᠭ᠎ᠠ ᠬᠢᠵᠡᠶ᠃


10.15-2.png


   ᠬᠤ᠌ ᠶᠢᠩ ᠹᠧᠩ ᠨᠥᠬᠦᠷ ᠳ᠋ᠦᠩᠨᠡᠯᠲᠡ ᠵᠢᠨ ᠶᠠᠷᠢᠶᠠᠨ᠎ᠳᠠᠭᠠᠨ᠂ ᠪᠦᠬᠦ ᠲᠢᠩᠬᠢᠮ᠎ᠤᠨ ᠨᠠᠮ᠎ᠤᠨ ᠭᠡᠰᠢᠭᠦᠨ ᠺᠠᠳ᠋ᠷ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠰᠤᠷᠤᠯᠴᠠᠨ ᠲᠤᠭᠤᠰᠢᠯᠠᠭᠤᠯᠬᠤ ᠵᠢ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ᠎ᠲᠠᠢ ᠤᠶᠠᠯᠳᠤᠭᠤᠯᠵᠤ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠭᠤᠣᠯ ᠴᠣᠭᠴᠠ ᠵᠢᠨ ᠬᠠᠷᠢᠭᠤᠴᠠᠯᠭ᠎ᠠ ᠵᠢ ᠡᠷᠡᠰ ᠨᠠᠶ᠋ᠢᠳᠠᠪᠤᠷᠢᠵᠢᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠴᠢᠩᠭ᠎ᠠ ᠪᠣᠳᠠᠲᠠᠢ ᠰᠠᠶ᠋ᠢᠲᠤᠷ ᠠᠳᠬᠤᠵᠤ᠂ ᠴᠢᠩᠭ᠎ᠠ ᠲᠣᠳᠣᠷᠬᠠᠢ ᠰᠠᠬᠢᠯᠭ᠎ᠠ ᠪᠠᠲᠤ᠎ᠪᠠᠷ 《ᠬᠤᠶᠠᠷ᠎ᠢ ᠲᠣᠭᠲᠠᠭ᠋ᠠᠬᠤ》 ᠵᠢ ᠡᠷᠡᠰ ᠬᠦᠷᠢᠶᠡᠯᠡᠵᠦ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠬᠡᠷᠡᠭᠲᠡᠢ᠃  ᠰᠠᠬᠢᠯᠭ᠎ᠠ ᠪᠠᠲᠤ ᠵᠢᠨ ᠬᠥᠮᠦᠵᠢᠯ᠎ᠢ ᠪᠠᠶ᠋ᠢᠩᠭᠤ ᠪᠥᠭᠡᠳ ᠤᠷᠳᠤ ᠬᠤᠭᠤᠴᠠᠭ᠎ᠠ᠎ᠪᠠᠷ ᠰᠠᠶ᠋ᠢᠲᠤᠷ ᠠᠳᠬᠤᠬᠤ ᠬᠡᠷᠡᠭᠲᠡᠢ᠃ ᠪᠠᠶ᠋ᠢᠭᠤᠯᠭ᠎ᠠ ᠵᠢᠨ ᠠᠷᠢᠭᠤᠨ ᠴᠢᠬᠡᠴᠢ ᠰᠣᠶᠣᠯ᠎ᠤᠨ ᠪᠠᠶ᠋ᠢᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠡᠳᠦᠷ ᠲᠤᠲᠤᠮ᠎ᠤᠨ ᠠᠵᠢᠯ᠎ᠳᠤ ᠠᠭᠤᠰᠤᠯᠴᠠᠬᠤ᠂ ᠪᠠᠶ᠋ᠢᠩᠭᠤ ᠠᠳᠬᠤᠬᠤ ᠵᠢ ᠠᠩᠬᠠᠷᠴᠤ᠂ ᠬᠡᠷᠡᠭ᠎ᠤᠨ ᠵᠢᠱ᠌ᠢᠶ᠎ᠡ ᠵᠢᠨ ᠬᠥᠮᠦᠵᠢᠯ᠂ ᠲᠤᠬᠠᠢ ᠵᠢᠨ ᠲᠠᠯᠠᠪᠠᠢ᠎ᠳᠤ ᠵᠢᠭ᠋ᠠᠨ ᠰᠤᠷᠭ᠋ᠠᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠬᠥᠮᠦᠵᠢᠯ᠂ ᠰᠡᠷᠡᠮᠵᠢᠯᠡᠭᠦᠯᠬᠦ ᠬᠥᠮᠦᠵᠢᠯ᠂ ᠭᠡᠷ᠎ᠤᠨ ᠰᠤᠷᠲᠠᠯ᠎ᠤᠨ ᠬᠥᠮᠦᠵᠢᠯ᠎ᠢ ᠢᠳᠡᠪᠬᠢᠲᠡᠢ ᠥᠷᠨᠢᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶ᠋ᠢᠭ᠋ᠠᠳ ᠠᠷᠢᠭᠤᠨ ᠴᠢᠬᠡᠴᠢ ᠵᠢᠨ ᠤᠬᠠᠮᠰᠠᠷ᠂ ᠤᠯᠠᠭ᠋ᠠᠨ ᠱᠤᠭᠤᠮ᠎ᠤᠨ ᠤᠬᠠᠮᠰᠠᠷ᠂ ᠠᠶᠤᠯ ᠲᠦᠭᠰᠢᠭᠦᠷᠢ ᠵᠢᠨ ᠤᠬᠠᠮᠰᠠᠷ᠎ᠢ ᠪᠠᠲᠤ ᠪᠤᠢ ᠪᠣᠯᠭ᠋ᠠᠬᠤ ᠬᠡᠷᠡᠭᠲᠡᠢ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠭᠦᠨᠵᠡᠭᠡᠶ᠋ᠢᠷᠡᠭᠦᠯᠬᠦ ᠬᠡᠷᠡᠭᠲᠡᠶ᠃ ᠮᠠᠨ᠎ᠤ ᠲᠢᠩᠬᠢᠮ᠎ᠤᠨ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠲᠦᠷᠢᠮ ᠲᠣᠭᠲᠠᠴᠠ ᠵᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠠᠵᠢᠯ᠎ᠤᠨ ᠰᠤᠷᠲᠠᠯ ᠵᠶ᠋ᠠᠨ ᠰᠠᠶ᠋ᠢᠵᠢᠷᠠᠭᠤᠯᠤᠨ᠂ ᠵᠣᠷᠢᠭᠲᠠᠶ᠎ᠪᠠᠷ ᠰᠢᠨ᠎ᠡ ᠵᠢ ᠡᠭᠦᠳᠴᠦ᠂ ᠵᠣᠷᠢᠭᠲᠠᠶ᠎ᠪᠠᠷ ᠬᠠᠷᠢᠭᠤᠴᠠᠯᠭ᠎ᠠ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠠᠮ᠎ᠢ ᠨᠡᠭᠡᠭᠡᠬᠦ᠂ ᠳᠤᠮᠳᠠ ᠤᠷᠤᠰᠬᠠᠯ᠎ᠳᠤ ᠣᠷᠣᠬᠤ ᠬᠠᠷᠠᠯᠲᠠ ᠵᠢ ᠪᠡᠶᠡᠯᠡᠭᠦᠯᠬᠦ ᠳᠤᠮᠳᠠ ᠨᠠᠩ ᠣᠯᠠᠨ ᠬᠤᠳᠠᠯᠳᠤᠭ᠋ᠠᠨ᠎ᠤ ᠶᠠᠪᠤᠳᠠᠯ᠎ᠤᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠵᠡᠢ᠃

 

ᠢᠷᠡᠯᠲᠡ᠄ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 《ᠨᠠᠮ᠎ᠤᠨ ᠠᠴᠢ ᠵᠢ ᠬᠠᠷᠢᠭᠤᠯᠵᠤ ᠡᠷᠡᠯᠬᠡᠭᠯᠡᠨ ᠤᠷᠤᠭᠰᠢᠯᠠᠵᠤ ᠨᠠᠮ ᠵᠶ᠋ᠠᠨ ᠳᠠᠭ᠋ᠠᠬᠤ》 ᠭᠤᠤᠯ ᠰᠡᠳᠦᠪᠲᠦ ᠢᠳᠡᠷᠡᠭᠦᠨ ᠠᠯᠬᠤᠭ᠎ᠠ ᠵᠢᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢᠨ ᠦᠵᠡᠰᠬᠦᠯᠡᠩ᠎ᠤᠨ ᠣᠷᠳᠣᠨ᠎ᠳᠤ ᠬᠦᠷᠴᠦ ᠭᠤᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠭᠤᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 2025 ᠣᠨ᠎ᠤ ᠨᠠᠮ᠎ᠤᠨ ᠪᠠᠶ᠋ᠢᠭᠤᠯᠤᠯᠲᠠ ᠵᠢᠴᠢ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠪᠠ
ᠯᠧᠢ ᠹᠧᠩ᠎ᠤᠨ ᠵᠣᠷᠢᠭ ᠰᠠᠨᠠᠭ᠎ᠠ ᠵᠢ ᠦᠶ᠎ᠡ ᠵᠢᠨ ᠦᠶ᠎ᠡ᠎ᠳᠤ ᠤᠯᠠᠮᠵᠢᠯᠠᠵᠤ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠢ ᠪᠢᠳᠡ ᠤᠷᠢᠳᠠᠪᠠᠷ ᠬᠡᠷᠡᠭᠵᠢᠭᠦᠯᠬᠦ — ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 《ᠬᠤᠤᠰ ᠨᠡᠷ᠎ᠡ ᠮᠡᠳᠡᠭᠦᠯᠬᠦ᠂ ᠬᠤᠤᠰ ᠦᠢ᠍ᠯᠡᠴᠢᠯᠡᠬᠦ᠂ ᠬᠤᠤᠰ ᠮᠡᠳᠡᠭᠦᠯᠦᠯᠲᠡ》 ᠵᠢᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠪᠡ
 
            