ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠨᠠᠮ᠎ᠤᠨ ᠠᠵᠢᠯ᠎ᠢ ᠢᠯᠡ ᠪᠣᠯᠭᠠᠬᠤ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢᠨ ᠦᠵᠡᠰᠬᠦᠯᠡᠩ᠎ᠤᠨ ᠣᠷᠳᠣᠨ᠎ᠳᠤ ᠬᠦᠷᠴᠦ ᠭᠤᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-11-18

   ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠪᠡᠭᠡᠵᠢᠩ᠎ᠳᠤ 《ᠴᠢᠯᠥᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠶ᠋ᠢᠭᠤᠯᠬᠤ ᠢᠨᠵᠧᠨᠧᠷᠢᠩ᠎ᠤᠨ ᠲᠤᠰᠬᠠᠶ ᠰᠡᠳᠦᠪᠲᠦ ᠪᠣᠯᠪᠠᠰᠤᠷᠠᠯ᠎ᠤᠨ ᠠᠩᠭᠢ》 ᠵᠢᠨ ᠪᠥᠬᠦ ᠰᠤᠷᠤᠯᠭ᠋ᠠᠳᠠᠨ᠎ᠢ ᠵᠣᠬᠢᠶᠠᠨ ᠪᠠᠶ᠋ᠢᠭᠤᠯᠵᠤ ᠨᠡᠶ᠋ᠢᠲᠡ 100 ᠭᠠᠷᠤᠶ ᠬᠥᠮᠦᠨ ᠪᠠᠶ᠋ᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢᠨ ᠦᠵᠡᠰᠬᠦᠯᠡᠩ᠎ᠤᠨ ᠣᠷᠳᠣᠨ᠎ᠳᠤ ᠬᠦᠷᠴᠦ 《〈ᠣᠭ ᠰᠠᠨᠠᠭ᠎ᠠ᠎ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ〉 ᠭᠤᠤᠯ ᠰᠡᠳᠦᠪᠲᠦ ᠦᠵᠡᠰᠬᠦᠯᠡᠩ》᠎ᠢ ᠲᠣᠭᠤᠷᠢᠨ ᠦᠵᠡᠵᠦ᠂ ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ᠃


11.18-1.png


   ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢᠨ ᠦᠵᠡᠰᠬᠦᠯᠡᠩ᠎ᠤᠨ ᠣᠷᠳᠣᠨ ᠲᠥᠪ ᠭᠣᠣᠯᠴᠢ᠂ ᠰᠦᠷ ᠳᠠᠯᠠᠶ᠋ᠢᠴᠠᠲᠠᠢ ᠪᠠᠢ᠌ᠯ᠎ᠠ᠃ ᠦᠵᠡᠰᠬᠦᠯᠡᠩ᠎ᠤᠨ ᠣᠷᠳᠣᠨ᠎ᠳᠤ᠂ ᠡᠯᠪᠡᠭ ᠪᠠᠶᠠᠯᠢᠭ ᠤᠯᠠᠨ ᠶᠠᠩᠵᠤ ᠵᠢᠨ ᠲᠡᠦᠬᠡ ᠵᠢᠨ ᠳᠤᠷᠠᠰᠬᠠᠯᠲᠤ ᠵᠦᠢ᠍ᠯᠡᠰ᠂ ᠨᠠᠷᠢᠨ ᠪᠣᠳᠠᠲᠠᠢ ᠬᠤᠪᠣᠷ ᠨᠠᠨᠳᠢᠨ ᠳᠠᠩᠰᠠ ᠡᠪᠬᠡᠮᠡᠯ᠎ᠤᠨ ᠮᠠᠲ᠋ᠧᠷᠢᠶᠠᠯ᠂ ᠠᠮᠢᠳᠤᠯᠢᠭ ᠰᠠᠶ᠋ᠢᠬᠠᠨ ᠭᠡᠷᠡᠯ ᠵᠢᠷᠤᠭ᠎ᠤᠨ ᠸᠢᠳᠢᠣ᠋᠂ ᠦᠨᠡᠨ ᠪᠣᠳᠠᠲᠠᠢ ᠰᠡᠷᠭᠦᠭᠡᠭᠰᠡᠨ ᠦᠵᠡᠭᠳᠡᠯ᠎ᠤᠨ ᠱᠤᠭᠤᠮᠠᠯ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠦᠷ ᠳᠠᠯᠠᠶ᠋ᠢᠴᠠᠲᠠᠢ ᠵᠠᠭᠤᠨ ᠵᠢᠯ᠎ᠤᠨ ᠲᠡᠦᠬᠡ ᠵᠢ ᠪᠦᠬᠦ ᠲᠠᠯ᠎ᠠ᠎ᠪᠠᠷ᠂ ᠪᠦᠬᠦ ᠶᠠᠪᠤᠴᠠ᠎ᠪᠠᠷ᠂ ᠪᠦᠬᠦ ᠦᠵᠡᠮᠵᠢ᠎ᠪᠠᠷ ᠳᠡᠯᠭᠡᠨ ᠦᠵᠡᠭᠦᠯᠵᠡᠢ᠃  ᠰᠢᠨ᠎ᠡ ᠠᠷᠠᠳᠴᠢᠯᠠᠭᠰᠠᠨ ᠬᠤᠪᠢᠰᠬᠠᠯ᠎ᠤᠨ ᠦᠶ᠎ᠡ ᠵᠢᠨ ᠣᠴᠢ ᠦᠰᠦᠷᠦᠭᠡᠳ ᠠᠭᠤᠯᠠ ᠵᠢ ᠰᠢᠲᠠᠭ᠋ᠠᠬᠤ᠎ᠠᠴᠠ ᠨᠡᠢ᠌ᠭᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠢ᠌ᠭᠤᠯᠤᠯᠲᠠ ᠵᠢᠨ ᠦᠶ᠎ᠡ ᠵᠢᠨ ᠪᠡᠷᠬᠡ ᠬᠠᠲᠠᠭᠤᠵᠢᠯᠲᠠᠢ ᠬᠠᠢ᠌ᠨ ᠰᠤᠢ᠌ᠪᠡᠭᠴᠢᠯᠡᠯᠳᠠ ᠬᠢᠬᠦ ᠬᠦᠷᠲᠡᠯ᠎ᠡ; ᠥᠭᠡᠷᠡᠴᠢᠯᠡᠯᠲᠡ ᠨᠡᠭᠡᠭᠡᠯᠲᠡ ᠪᠣᠯᠤᠨ ᠨᠡᠶ᠋ᠢᠭᠡᠮ ᠵᠢᠷᠤᠮ᠎ᠤᠨ ᠣᠳᠣᠬᠢᠴᠢᠯᠠᠯᠲᠠ ᠵᠢᠨ ᠪᠦᠳᠦᠭᠡᠨ ᠪᠠᠶ᠋ᠢᠭᠤᠯᠤᠯᠲᠠ ᠵᠢᠨ ᠰᠢᠨ᠎ᠡ ᠴᠠᠭ ᠦᠶ᠎ᠡ ᠵᠢᠨ ᠠᠭᠤᠤ ᠶᠡᠭᠡ ᠬᠤᠪᠢᠰᠤᠯᠲᠠ᠎ᠠᠴᠠ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠰᠢᠨ᠎ᠡ ᠴᠠᠭ ᠦᠶ᠎ᠡ ᠵᠢᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠬᠦᠷᠲᠡᠯ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠲᠡᠦᠬᠡ ᠪᠣᠯᠤᠨ ᠲᠡᠭᠦᠨ᠎ᠳᠤ ᠠᠭᠤᠯᠤᠭᠳᠠᠵᠤ ᠪᠠᠶ᠋ᠢᠭ᠎ᠠ ᠠᠭᠤᠤ ᠶᠡᠭᠡ ᠲᠡᠮᠡᠴᠡᠯ᠎ᠤᠨ ᠵᠣᠷᠢᠭ ᠰᠠᠨᠠᠭ᠎ᠠ ᠵᠢ ᠭᠦᠢ᠍ᠴᠡᠳ ᠢᠯᠡᠷᠡᠭᠦᠯᠵᠡᠢ᠃


11.18-2.png


   ᠲᠤᠰᠬᠠᠶ ᠰᠡᠳᠦᠪᠲᠦ ᠪᠣᠯᠪᠠᠰᠤᠷᠠᠯ᠎ᠤᠨ ᠠᠩᠭᠢ ᠵᠢᠨ ᠪᠦᠬᠦ ᠰᠤᠷᠤᠭᠴᠢᠳ ᠂ ᠲᠤᠰ ᠤᠳᠠᠭ᠎ᠠ ᠵᠢᠨ ᠲᠤᠭᠤᠷᠢᠨ ᠦᠵᠡᠭᠰᠡᠨ᠎ᠠᠴᠠ ᠣᠯᠠᠨ ᠵᠶ᠋ᠠᠷ ᠵᠶ᠋ᠠᠨ ᠵᠠᠭᠤ ᠭᠠᠷᠤᠶ ᠵᠢᠯ᠎ᠤᠨ ᠲᠤᠷᠰᠢᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠶᠠᠪᠤᠵᠤ ᠥᠩᠭᠡᠷᠡᠭᠰᠡᠨ ᠭᠡᠷᠡᠯ ᠰᠠᠴᠤᠷᠠᠩᠭᠤᠢ ᠣᠨ ᠵᠢᠯ ᠪᠣᠯᠤᠨ ᠠᠭᠤᠤ ᠶᠡᠭᠡ ᠠᠶᠠᠨ ᠵᠶ᠋ᠠᠨ ᠡᠷᠭᠢᠴᠡᠭᠦᠯᠵᠦ ᠣᠯᠪᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠲᠡᠦᠬᠡ ᠪᠣᠯ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢ᠍ᠯᠡᠳᠦᠯᠭᠡᠵᠢᠭᠦᠯᠬᠦ ᠲᠡᠮᠡᠴᠡᠯ᠎ᠤᠨ ᠲᠡᠦᠬᠡ ᠮᠥᠨ᠂ ᠠᠷᠠᠳ ᠲᠦᠮᠡᠨ᠎ᠳᠤ ᠵᠣᠯ ᠵᠢᠷᠭ᠋ᠠᠯ ᠣᠯᠭᠤᠵᠤ᠂ ᠦᠨᠳᠦᠰᠦᠲᠡᠨ᠎ᠤ ᠰᠡᠷᠭᠦᠨ ᠮᠠᠨᠳᠤᠯᠲᠠ ᠵᠢ ᠪᠡᠶᠡᠯᠡᠭᠦᠯᠬᠦ ᠦᠢ᠍ᠯᠡᠰ ᠪᠤᠰᠬᠠᠭᠰᠠᠨ ᠲᠡᠦᠬᠡ ᠮᠥᠨ᠂ ᠨᠠᠮ᠎ᠤᠨ ᠲᠡᠮᠡᠴᠡᠯ᠎ᠤᠨ ᠲᠡᠦᠬᠡᠨ ᠶᠠᠪᠤᠴᠠ᠎ᠠᠴᠠ ᠦᠵᠡᠯ ᠰᠠᠨᠠᠭ᠋ᠠᠨ᠎ᠤ ᠠᠤᠭ᠎ᠠ ᠬᠦᠴᠦᠨ᠎ᠢ ᠣᠶ᠋ᠢᠯᠠᠭ᠋ᠠᠵᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠪᠠᠶ᠋ᠢᠭ᠋ᠠᠳ ᠴᠢᠯᠥᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠶ᠋ᠢᠭᠤᠯᠬᠤ ᠢᠨᠵᠧᠨᠧᠷᠢᠩ᠎ᠢ ᠨᠠᠶ᠋ᠢᠳᠠᠪᠤᠷᠢᠵᠢᠭᠤᠯᠬᠤ ᠰᠦᠷ ᠳᠠᠯᠠᠶ᠋ᠢᠴᠠᠲᠠᠢ ᠬᠦᠴᠦᠨ ᠴᠢᠳᠠᠯ ᠪᠣᠯᠭ᠋ᠠᠨ ᠬᠤᠪᠢᠷᠠᠭᠤᠯᠬᠤ ᠬᠡᠷᠡᠭᠲᠡᠢ ᠭᠡᠵᠦ ᠢᠯᠡᠳᠬᠡᠵᠡᠭᠡᠪᠡ᠃


11.18-3.png

 

ᠢᠷᠡᠯᠲᠡ᠄ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠭᠤᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 2025 ᠣᠨ᠎ᠤ ᠨᠠᠮ᠎ᠤᠨ ᠪᠠᠶ᠋ᠢᠭᠤᠯᠤᠯᠲᠠ ᠵᠢᠴᠢ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠪᠠ
ᠯᠧᠢ ᠹᠧᠩ᠎ᠤᠨ ᠵᠣᠷᠢᠭ ᠰᠠᠨᠠᠭ᠎ᠠ ᠵᠢ ᠦᠶ᠎ᠡ ᠵᠢᠨ ᠦᠶ᠎ᠡ᠎ᠳᠤ ᠤᠯᠠᠮᠵᠢᠯᠠᠵᠤ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠢ ᠪᠢᠳᠡ ᠤᠷᠢᠳᠠᠪᠠᠷ ᠬᠡᠷᠡᠭᠵᠢᠭᠦᠯᠬᠦ — ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 《ᠬᠤᠤᠰ ᠨᠡᠷ᠎ᠡ ᠮᠡᠳᠡᠭᠦᠯᠬᠦ᠂ ᠬᠤᠤᠰ ᠦᠢ᠍ᠯᠡᠴᠢᠯᠡᠬᠦ᠂ ᠬᠤᠤᠰ ᠮᠡᠳᠡᠭᠦᠯᠦᠯᠲᠡ》 ᠵᠢᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠵᠠᠯᠠᠭᠤ ᠺᠠᠳ᠋ᠷᠴᠤᠳ᠎ᠤᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠬᠢ ᠡᠷᠬᠢᠯᠡᠪᠡ
[ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢᠨ ᠰᠠᠷ᠎ᠠ] ᠰᠠᠨᠠᠭ᠋ᠠᠯᠵᠠᠬᠤ᠎ᠨᠢ᠄ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ ᠳᠡᠭᠡᠷᠡᠬᠢ ᠶᠠᠷᠢᠶ᠎ᠠ
 
            