ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠨᠠᠮ᠎ᠤᠨ ᠠᠵᠢᠯ᠎ᠢ ᠢᠯᠡ ᠪᠣᠯᠭᠠᠬᠤ
ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠳᠠᠭ᠋ᠠᠬᠤ — ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠪᠣᠯᠤᠨ ᠬᠥᠬᠡᠬᠤᠲᠠ ᠵᠢᠨ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠣᠷᠣᠨ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠴᠢ ᠯᠸᠢ ᠹᠧᠩ᠎ᠠᠴᠠ ᠰᠤᠷᠤᠯᠴᠠᠬᠤ ᠰᠢᠷᠢᠰ ᠠᠵᠢᠯᠯᠠᠭ᠎ᠠ ᠵᠢ ᠬᠠᠮᠲᠤ᠎ᠪᠠᠷ ᠵᠣᠬᠢᠶᠠᠨ ᠪᠠᠶ᠋ᠢᠭᠤᠯᠤᠨ ᠥᠷᠨᠢᠭᠦᠯᠪᠡ
ᠨᠡᠶ᠋ᠢᠲᠡᠯᠡᠭᠰᠡᠨ ᠴᠠᠭ᠄ 2024-03-05

   ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠯᠸᠢ ᠹᠧᠩ᠎ᠤᠨ ᠵᠣᠷᠢᠭ ᠰᠠᠨᠠᠭ᠎ᠠ ᠵᠢ ᠪᠠᠳᠠᠷᠠᠭᠤᠯᠤᠨ᠂ ᠺᠠᠳ᠋ᠷ ᠠᠵᠢᠯᠲᠠᠨ᠎ᠤ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠤᠤᠯ ᠱᠤᠭᠤᠮ ᠮᠥᠨ》 ᠭᠡᠬᠦ ᠲᠤᠬᠠᠶ ᠣᠶ᠋ᠢᠯᠠᠭ᠋ᠠᠯᠲᠠ ᠪᠠ ᠡᠵᠡᠮᠳᠡᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠥᠯᠥᠭᠡ᠂ 3 ᠳ᠋ᠤᠭ᠋ᠠᠷ ᠰᠠᠷ᠎ᠠ ᠵᠢᠨ 4᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠺᠠᠳ᠋ᠷ ᠠᠵᠢᠯᠲᠠᠨ ᠠᠵᠢᠯᠴᠢᠨ ᠬᠥᠬᠡᠬᠤᠲᠠ ᠵᠢᠨ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠣᠷᠣᠨ᠎ᠳᠤ ᠬᠦᠷᠴᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠴᠢ ᠯᠸᠢ ᠹᠧᠩ᠎ᠠᠴᠠ ᠰᠤᠷᠤᠯᠴᠠᠬᠤ ᠰᠢᠷᠢᠰ ᠠᠵᠢᠯᠯᠠᠭ᠎ᠠ ᠵᠢ ᠥᠷᠨᠢᠭᠦᠯᠵᠦ᠂ ᠬᠤᠯᠪᠣᠭᠳᠠᠯ ᠪᠥᠬᠦᠶ ᠠᠵᠤ ᠠᠬᠤᠶ᠋ᠢᠯᠠᠯ᠎ᠳᠤ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠤᠬᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠤᠬᠠᠭᠤᠯᠤᠨ ᠲᠠᠶ᠋ᠢᠯᠪᠤᠷᠢᠯᠠᠵᠤ᠂ ᠤᠬᠠᠭᠤᠯᠭ᠎ᠠ ᠵᠢᠨ ᠭᠠᠷ ᠳᠡᠪᠲᠡᠷ ᠲᠠᠷᠬᠠᠭ᠋ᠠᠪᠠ᠃  ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠬᠥᠬᠡᠬᠤᠲᠠ ᠵᠢᠨ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠣᠷᠣᠨ᠎ᠤ ᠪᠠᠶ᠋ᠢᠭᠤᠯᠭ᠎ᠠ ᠵᠢᠨ ᠺᠠᠳ᠋ᠷ ᠪᠣᠯᠤᠨ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠺᠠᠳ᠋ᠷ ᠠᠵᠢᠯᠳᠠᠨ ᠠᠵᠢᠯᠴᠢᠨ 60 ᠭᠠᠷᠤᠢ ᠬᠥᠮᠦᠨ ᠠᠵᠢᠯᠯᠠᠭ᠎ᠠ᠎ᠳᠤ ᠣᠷᠣᠯᠴᠠᠪᠠ᠃


3.5-1.jpg


   ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠨᠢᠭᠡᠳᠦᠭᠡᠷ ᠳᠡᠰ᠎ᠤᠨ ᠲᠣᠭᠤᠷᠢᠨ ᠪᠠᠶ᠋ᠢᠴᠠᠭ᠋ᠠᠭᠴᠢ ᠯᠢ ᠵᠢᠶᠦ᠋ᠨ ᠨᠥᠬᠦᠷ ᠠᠵᠢᠯᠯᠠᠭ᠎ᠠ᠎ᠳᠤ ᠣᠷᠣᠯᠴᠠᠭᠰᠠᠨ ᠪᠥᠭᠡᠳ ᠪᠠᠶᠠᠷ᠎ᠤᠨ ᠦᠭᠡ        ᠬᠡᠯᠡᠵᠦ᠂ ᠡᠯ᠎ᠡ ᠨᠠᠮ᠎ᠤᠨ ᠭᠡᠰᠢᠭᠦᠨ᠂ ᠺᠠᠳ᠋ᠷᠴᠤᠳ ᠨᠠᠮ᠎ᠤᠨ ᠵᠣᠷᠢᠯᠲᠠ ᠵᠢ ᠪᠠᠲᠤ ᠴᠡᠭᠡᠵᠢᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠵᠤ᠂ ᠨᠡᠶ᠋ᠢᠭᠡᠮ ᠵᠢᠷᠤᠮ᠎ᠤᠨ ᠭᠤᠣᠯᠯᠠᠭᠴᠢ ᠦᠷᠳᠡᠭ᠎ᠤᠨ ᠦᠵᠡᠯᠲᠡ ᠵᠢ ᠦᠢ᠍ᠯᠡᠳᠦᠯᠭᠡᠵᠢᠭᠦᠯᠵᠦ᠂ ᠯᠸᠢ ᠹᠧᠩ ᠨᠥᠬᠦᠷ ᠵᠶ᠋ᠠᠷ ᠳᠠᠭᠤᠷᠢᠶᠠᠯ   ᠪᠣᠯᠭ᠋ᠠᠵᠤ᠂ ᠠᠮᠢᠳᠤᠷᠠᠯ᠎ᠤᠨ ᠵᠢᠵᠢᠭ ᠰᠠᠵᠢᠭ ᠵᠦᠢ᠍ᠯ᠎ᠠᠴᠠ ᠭᠠᠷᠳᠠᠵᠤ᠂ ᠠᠵᠢᠯ᠎ᠤᠨ ᠪᠠᠶ᠋ᠢᠷᠢ᠎ᠠᠴᠠ᠎ᠪᠠᠨ ᠡᠬᠢᠯᠡᠨ     ᠬᠢᠵᠦ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠳᠤᠷᠠᠲᠠᠶ᠎ᠠ ᠬᠤᠪᠢ ᠨᠡᠮᠡᠷᠢ ᠦᠵᠡᠭᠦᠯᠵᠦ᠂ ᠪᠣᠳᠠᠲᠠᠢ ᠵᠢ ᠡᠷᠬᠢᠮᠯᠡᠨ ᠦᠨᠡᠨᠴᠢ ᠰᠢᠳᠤᠷᠭᠤ ᠪᠠᠶ᠋ᠢᠵᠤ᠂ ᠰᠠᠶ᠋ᠢᠨ ᠶᠠᠪᠤᠳᠠᠯ ᠬᠢᠵᠦ᠂ ᠪᠣᠳᠠᠲᠠᠢ ᠶᠠᠪᠤᠳᠠᠯ ᠬᠢᠵᠦ᠂ ᠯᠸᠢ ᠹᠧᠩ᠎ᠠᠴᠠ ᠰᠤᠷᠤᠯᠴᠠᠬᠤ ᠠᠵᠢᠯᠯᠠᠭ᠎ᠠ ᠵᠢ ᠡᠳᠦᠷ ᠲᠤᠳᠤᠮ᠎ᠤᠨ ᠠᠵᠢᠯ᠎ᠳᠠᠭᠠᠨ ᠠᠭᠤᠰᠤᠯᠴᠠᠭᠤᠯᠵᠤ᠂ ᠦᠷᠭᠦᠯᠵᠢ ᠰᠢᠭᠤᠷᠬᠠᠢ ᠪᠣᠯᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ ᠵᠢᠨ ᠲᠥᠯᠥᠭᠡ ᠬᠦᠴᠦᠷᠬᠡᠭ ᠶᠡᠭᠡ ᠤᠶᠤᠨ ᠰᠠᠨᠠᠭ᠋ᠠᠨ᠎ᠤ ᠬᠦᠴᠦᠨ ᠴᠢᠳᠠᠯ᠎ᠢ ᠨᠢᠭᠲᠠᠷᠠᠭᠤᠯᠵᠤ᠂ ᠯᠸᠢ ᠹᠧᠩ᠎ᠤᠨ ᠵᠣᠷᠢᠭ ᠰᠠᠨᠠᠭ᠎ᠠ ᠵᠢ ᠰᠢᠨ᠎ᠡ ᠴᠠᠭ ᠦᠶ᠎ᠡ᠎ᠳᠤ ᠨᠡᠩ ᠭᠡᠷᠡᠯ ᠰᠠᠴᠤᠷᠠᠩᠭᠤᠢ ᠭᠡᠷᠡᠯ ᠭᠢᠯᠪᠠᠭ᠎ᠠ᠎ᠪᠠᠨ ᠰᠠᠴᠤᠷᠠᠭᠤᠯᠬᠤ ᠵᠢ ᠬᠦᠰᠡᠵᠦ ᠪᠠᠶ᠋ᠢᠨ᠎ᠠ!


3.5-2.jpg


   ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ ᠵᠢᠨ ᠲᠤᠰᠬᠠᠶ ᠲᠤᠰᠢᠶᠠᠯᠲᠤ ᠳᠡᠳ᠋ ᠱᠦᠵᠢ ᠼᠦᠢ ᠵᠢᠶᠠᠨ ᠨᠥᠬᠦᠷ 《ᠦᠵᠡᠯ ᠰᠠᠨᠠᠭ᠋ᠠᠨ᠎ᠤ ᠵᠢᠯᠣᠭᠤᠳᠤᠮᠵᠢ ᠵᠢ ᠴᠢᠩᠭ᠋ᠠᠳᠬᠠᠬᠤ᠂ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠬᠦ᠂ ᠤᠮᠠᠷᠠᠰᠢ ᠨᠡᠭᠡᠭᠡᠯᠲᠡ ᠬᠢᠬᠦ ᠵᠢ ᠥᠷᠭᠡᠳᠬᠡᠬᠦ᠂ ᠪᠣᠭᠤᠮᠲᠠ ᠵᠢᠨ ᠠᠵᠤ ᠠᠬᠤᠶ ᠵᠢ ᠬᠦᠴᠦᠯᠡᠨ ᠬᠥᠭᠵᠢᠭᠦᠯᠬᠦ᠂ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠵᠢ ᠶᠡᠭᠡ᠎ᠪᠠᠷ ᠠᠬᠢᠭᠤᠯᠬᠤ᠂ ᠦᠵᠡᠭᠦᠯᠭᠡ ᠵᠢᠨ  ᠲᠠᠪᠴᠠᠩ᠎ᠢ ᠭᠦᠢ᠍ᠴᠡᠳ ᠠᠰᠢᠭᠯᠠᠬᠤ》 ᠵᠡᠷᠭᠡ ᠲᠠᠯ᠎ᠠ᠎ᠪᠠᠷ᠂ ᠬᠤᠯᠪᠣᠭᠳᠠᠯ ᠪᠥᠬᠦᠶ ᠠᠵᠤ ᠠᠬᠤᠶ᠋ᠢᠯᠠᠯ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠤᠤᠯ ᠱᠤᠭᠤᠮ᠎ᠤᠨ ᠬᠤᠳᠠᠯᠳᠤᠭ᠋ᠠᠨ᠎ᠤ ᠶᠠᠪᠤᠳᠠᠯ᠎ᠤᠨ ᠠᠵᠢᠯ᠎ᠤᠨ ᠬᠦᠷᠢᠶᠡᠨ᠎ᠳᠠᠬᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠪᠠ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠰᠡᠳᠬᠢᠴᠡ ᠪᠠ ᠠᠷᠭ᠎ᠠ ᠬᠡᠮᠵᠢᠶ᠎ᠡ ᠵᠢ ᠤᠬᠠᠭᠤᠯᠤᠨ ᠲᠠᠶ᠋ᠢᠯᠪᠤᠷᠢᠯᠠᠪᠠ᠃

   ᠬᠥᠬᠡᠬᠤᠲᠠ ᠵᠢᠨ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠣᠷᠣᠨ᠎ᠤ ᠨᠠᠮ᠎ᠤᠨ ᠠᠵᠢᠯ᠎ᠤᠨ ᠬᠤᠷᠢᠶᠠᠨ᠎ᠤ ᠱᠦᠵᠢ᠂ ᠬᠠᠮᠢᠶᠠᠷᠤᠯᠲᠠ ᠵᠢᠨ ᠵᠥᠪᠯᠡᠯ᠎ᠤᠨ ᠡᠷᠬᠢᠯᠡᠭᠴᠢ ᠳ᠋ᠦᠩ ᠶᠠᠨ ᠴᠦᠨ ᠨᠥᠬᠦᠷ ᠳ᠋ᠦᠩᠨᠡᠯᠲᠡ ᠵᠢᠨ ᠶᠠᠷᠢᠶᠠᠨ᠎ᠳᠠᠭᠠᠨ᠂ ᠪᠦᠬᠦ ᠤᠯᠤᠰ᠎ᠤᠨ ᠯᠧᠢ ᠹᠧᠩ᠎ᠤᠨ ᠡᠳᠦᠷ ᠬᠦᠷᠴᠦ ᠢᠷᠡᠬᠦ ᠲᠠᠰᠢᠷᠠᠮ ᠵᠶ᠋ᠠᠷ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠦᠨᠳᠦᠰᠦᠨ ᠠᠭᠤᠯᠤᠭᠳᠠᠬᠤᠨ᠎ᠢ ᠭᠦᠨᠵᠡᠭᠡᠢ ᠣᠶ᠋ᠢᠯᠠᠭ᠋ᠠᠵᠤ᠂ ᠬᠦᠴᠦᠯᠡᠬᠦ ᠴᠡᠭ ᠵᠶ᠋ᠠᠨ ᠣᠨᠣᠪᠴᠢᠲᠠᠢ ᠡᠷᠢᠵᠦ ᠤᠶᠠᠯᠳᠤᠭᠤᠯᠬᠤ ᠪᠠ ᠠᠭᠤᠰᠤᠯᠴᠠᠭᠤᠯᠬᠤ ᠠᠵᠢᠯ᠎ᠢ ᠰᠠᠶ᠋ᠢᠲᠤᠷ ᠬᠢᠵᠦ᠂ ᠲᠤᠬᠠᠶ᠋ᠢᠯᠠᠭᠰᠠᠨ ᠠᠵᠢᠯ ᠵᠶ᠋ᠠᠨ ᠪᠦᠬᠦ ᠰᠡᠳᠬᠢᠯ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ 《ᠬᠤᠶᠠᠷ ᠶᠡᠭᠡ ᠶᠠᠪᠤᠳᠠᠯ》᠎ᠢ ᠯᠠᠪᠳᠠᠭᠤᠨ ᠪᠠᠲᠤᠲᠠᠢ ᠠᠬᠢᠭᠤᠯᠵᠤ᠂     ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠣᠷᠣᠨ ᠬᠢᠭᠡᠳ ᠨᠡᠭᠡᠭᠡᠯᠲᠡ ᠬᠢᠬᠦ ᠪᠣᠭᠤᠮᠲᠠ ᠵᠢᠨ ᠲᠥᠷᠥ ᠵᠢᠨ ᠪᠣᠳᠣᠯᠭ᠎ᠠ ᠵᠢᠨ ᠳᠠᠪᠠᠭᠤᠯᠢᠭ᠎ᠢ ᠰᠠᠶ᠋ᠢᠲᠤᠷ ᠪᠠᠳᠠᠷᠠᠭᠤᠯᠵᠤ᠂ ᠭᠠᠳᠠᠭᠰᠢ ᠴᠢᠭᠯᠡᠭᠦᠯᠦᠭᠰᠡᠨ ᠠᠵᠤ ᠠᠬᠤᠶ ᠵᠢᠨ ᠬᠥᠭᠵᠢᠯᠲᠡ ᠵᠢᠨ ᠠᠵᠠ ᠲᠣᠬᠢᠶᠠᠯ᠎ᠢ ᠵᠠᠪᠳᠤᠨ ᠠᠳᠬᠤᠵᠤ᠂ ᠬᠥᠬᠡᠬᠤᠲᠠ ᠵᠢᠨ ᠨᠠᠮ᠎ᠤᠨ ᠬᠤᠷᠢᠶ᠎ᠠ᠂ ᠬᠤᠲᠠ ᠵᠢᠨ ᠵᠠᠰᠠᠭ᠎ᠤᠨ ᠣᠷᠳᠣᠨ᠎ᠤ ᠵᠢᠷᠭᠤᠭ᠋ᠠᠨ ᠶᠡᠭᠡ ᠠᠵᠤ ᠦᠢ᠍ᠯᠡᠰ᠎ᠤᠨ ᠪᠦᠯᠦᠭᠵᠢᠯ᠎ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠶᠡᠷᠦᠩᠬᠡᠶ ᠪᠠᠶ᠋ᠢᠷᠢᠯᠠᠭᠤᠯᠤᠯᠲᠠ ᠵᠢ ᠭᠦᠨᠵᠡᠭᠡᠶ ᠠᠭᠤᠰᠤᠯᠴᠠᠭᠤᠯᠤᠨ᠂ ᠠᠷᠠᠯᠵᠢᠶᠠᠨ᠎ᠤ ᠰᠢᠯᠵᠢᠭᠦᠯᠬᠦ᠎ᠳᠤ ᠲᠥᠬᠦᠮ ᠦᠵᠡᠭᠦᠯᠬᠦ᠂ ᠴᠢᠳᠠᠮᠵᠢ ᠵᠢᠨ ᠲᠤᠬᠠᠶ᠋ᠢᠯᠠᠭᠰᠠᠨ ᠠᠵᠢᠯ᠎ᠢ ᠥᠷᠭᠡᠳᠬᠡᠬᠦ᠂ ᠡᠵᠡᠩᠨᠡᠯᠲᠡ ᠵᠢᠨ ᠬᠡᠯᠪᠡᠷᠢ ᠵᠢᠨ ᠵᠠᠭᠪᠤᠷ᠎ᠤᠨ ᠰᠢᠨ᠎ᠡ ᠵᠢ ᠡᠭᠦᠳᠬᠦ᠂ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠬᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠵᠡᠷᠭᠡ ᠲᠠᠯ᠎ᠠ᠎ᠪᠠᠷ ᠢᠳᠡᠪᠬᠢᠲᠡᠶ ᠴᠢᠷᠮᠠᠶ᠋ᠢᠵᠤ᠂ ᠯᠸᠢ ᠹᠧᠩ᠎ᠤᠨ ᠵᠣᠷᠢᠭ ᠰᠠᠨᠠᠭ᠎ᠠ ᠵᠢ ᠦᠶ᠎ᠡ ᠵᠢᠨ ᠦᠶ᠎ᠡ᠎ᠳᠤ ᠤᠯᠠᠮᠵᠢᠯᠠᠨ ᠵᠠᠯᠭ᠋ᠠᠮᠵᠢᠯᠠᠪᠠ᠃

   ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ ᠬᠠᠮᠢᠶ᠎ᠠ ᠪᠥᠬᠦᠶ ᠠᠵᠤ ᠠᠬᠤᠶ᠋ᠢᠯᠠᠯ᠎ᠳᠤ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠤᠨ ᠲᠦᠷᠢᠮ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠬᠠᠤᠯᠢ〉 ᠵᠢ ᠬᠡᠷᠡᠭᠵᠢᠭᠦᠯᠬᠦ ᠠᠷᠭ᠎ᠠ》 ᠵᠡᠷᠭᠡ ᠤᠬᠠᠭᠤᠯᠭ᠎ᠠ ᠵᠢᠨ ᠭᠠᠷ ᠳᠡᠪᠲᠡᠷ᠎ᠢ ᠲᠠᠷᠬᠠᠭ᠋ᠠᠪᠠ᠃


3.5-3.jpg


   ᠠᠵᠢᠯᠯᠠᠭ᠎ᠠ ᠳᠠᠭᠤᠰᠤᠭᠰᠠᠨ᠎ᠤ ᠳᠠᠷᠠᠭ᠎ᠠ᠂ ᠣᠯᠠᠨ ᠵᠶ᠋ᠠᠷ ᠵᠶ᠋ᠠᠨ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠤᠷᠢᠶᠠᠨ᠎ᠤ ᠵᠢᠭ᠋ᠠᠭᠰᠠᠨ ᠴᠢᠭᠯᠡᠯ ᠵᠶ᠋ᠠᠷ ᠡᠷᠡᠰ ᠭᠤᠶ᠋ᠢᠪᠢᠰᠢ ᠥᠬᠡᠶ ᠡᠷᠡᠯᠬᠡᠭᠯᠡᠨ ᠤᠷᠤᠭᠰᠢᠯᠠᠵᠤ᠂ ᠰᠤᠷᠴᠤ ᠬᠡᠷᠡᠭᠯᠡᠬᠦ ᠵᠢ ᠤᠶᠠᠯᠳᠤᠭᠤᠯᠬᠤ᠂ ᠮᠡᠳᠡᠬᠦᠶ ᠬᠢᠬᠦᠶ ᠵᠢ ᠨᠢᠭᠡᠳᠬᠡᠬᠦ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠤᠤᠯ ᠱᠤᠭᠤᠮ᠎ᠢ ᠢᠮᠠᠭᠲᠠ ᠡᠯ᠎ᠡ ᠵᠦᠢ᠍ᠯ᠎ᠤᠨ ᠠᠵᠢᠯ᠎ᠤᠨ ᠳᠤᠮᠳᠠ ᠲᠤᠭᠤᠰᠢᠯᠠᠭᠤᠯᠵᠤ᠂ ᠲᠤᠬᠠᠶ᠋ᠢᠯᠠᠭᠰᠠᠨ ᠠᠵᠢᠯ ᠵᠶ᠋ᠠᠨ ᠪᠥᠬᠦ ᠰᠡᠳᠬᠢᠯ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠡᠭᠡᠯ ᠵᠢᠷ᠎ᠤᠨ ᠠᠵᠢᠯ ᠠᠮᠢᠳᠤᠷᠠᠯ᠎ᠤᠨ ᠳᠤᠮᠳᠠ ᠯᠸᠢ ᠹᠧᠩ᠎ᠤᠨ ᠵᠣᠷᠢᠭ ᠰᠠᠨᠠᠭ᠎ᠠ ᠵᠢ ᠤᠯᠠᠮᠵᠢᠯᠠᠨ᠎ᠠ ᠭᠡᠵᠦ ᠢᠯᠡᠳᠬᠡᠵᠡᠭᠡᠪᠡ᠃

   ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠲᠣᠰ ᠤᠳᠠᠭ᠋ᠠᠨ᠎ᠤ ᠠᠵᠢᠯᠯᠠᠭ᠎ᠠ᠎ᠪᠠᠷ ᠠᠵᠠ ᠲᠣᠬᠢᠶᠠᠯ ᠪᠣᠯᠭ᠋ᠠᠵᠤ᠂ 《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ    ᠰᠣᠨᠣᠰᠬᠤ᠂ ᠨᠠᠮ ᠵᠶ᠋ᠠᠨ ᠳᠠᠭ᠋ᠠᠬᠤ》 ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ᠎ᠲᠠᠢ ᠤᠶᠠᠯᠳᠤᠭᠤᠯᠤᠨ᠂ ᠬᠠᠭ᠋ᠠᠰ ᠰᠠᠷ᠎ᠠ ᠣᠷᠴᠢᠮ᠎ᠤᠨ ᠴᠠᠭ᠎ᠢ ᠠᠰᠢᠭᠯᠠᠨ᠂ ᠨᠡᠶ᠋ᠢᠭᠡᠮ ᠲᠣᠭᠤᠷᠢᠭ᠂ ᠦᠢ᠍ᠯᠡᠴᠢᠯᠡᠬᠦ ᠡᠲᠡᠭᠡᠳ᠎ᠤᠨ ᠨᠢᠭᠡᠴᠢ᠎ᠳᠤ ᠭᠦᠨᠵᠡᠭᠡᠶ᠋ᠢᠷᠡᠨ ᠯᠸᠢ ᠹᠧᠩ᠎ᠠᠴᠠ ᠰᠤᠷᠤᠯᠴᠠᠬᠤ ᠰᠢᠷᠢᠰ ᠠᠵᠢᠯᠯᠠᠭ᠎ᠠ ᠵᠢ ᠥᠷᠨᠢᠭᠦᠯᠦᠨ᠎ᠡ᠃

 

ᠢᠷᠡᠯᠲᠡ᠄ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠨᠠᠮ᠎ᠤᠨ ᠠᠴᠢ᠎ᠳᠤ ᠲᠠᠯᠠᠷᠬᠠᠵᠦ ᠨᠠᠮ᠎ᠤᠨ ᠦᠭᠡ ᠵᠢ ᠰᠤᠨᠤᠰᠬᠤ ᠨᠠᠮ ᠵᠶ᠋ᠠᠨ ᠳᠠᠭ᠋ᠠᠬᠤ ᠦᠪᠡᠷᠳᠡᠬᠡᠨ ᠵᠠᠰᠠᠬᠤ ᠤᠷᠤᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠠ ᠵᠢᠨ ᠤᠬᠠᠮᠰᠠᠷ᠎ᠢ ᠪᠠᠳᠤ ᠴᠤᠬ᠍ᠴᠠᠯᠠᠬᠤ ᠭᠤᠤᠯ ᠰᠡᠳᠦᠪᠳᠦ ᠨᠠᠮ᠎ᠤᠨ ᠡᠳᠦᠷ᠎ᠤᠨ ᠠᠵᠢᠯᠯᠠᠭ᠎ᠠ ᠵᠢ ᠦᠷᠨᠢᠬᠦᠯᠪᠡ
ᠭᠤᠣᠯᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠦᠴᠦᠯᠡᠵᠦ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠪᠡ
ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠵᠠᠪᠠᠯ ᠰᠤᠷᠬᠤ ᠬᠢᠴᠢᠶᠡᠯ — ᠮᠡᠳᠡᠯᠭᠡ ᠵᠢᠨ ᠠᠰᠠᠭᠤᠯᠲᠠ ᠬᠠᠷᠢᠭᠤᠯᠲᠠ (ᠬᠤᠶᠠᠷ)
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠮᠡᠳᠡᠯᠭᠡ ᠵᠢᠨ ᠰᠢᠯᠭ᠋ᠠᠯᠲᠠ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 2024 ᠣᠨ᠎ᠤ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠲᠣᠬᠢᠷᠠᠭᠤᠯᠤᠯᠲᠠ ᠵᠢᠨ ᠬᠤᠷᠠᠯ ᠵᠢᠴᠢ ᠨᠠᠮ᠎ᠤᠨ ᠡᠭᠦᠷ᠎ᠤᠨ ᠱᠦᠵᠢ ᠵᠢᠨ ᠠᠵᠢᠯ᠎ᠤᠨ ᠬᠤᠷᠠᠯ ᠬᠤᠷᠠᠯᠳᠤᠭᠤᠯᠪᠠ
 
            