ᠵᠢᠷᠭᠤᠳᠤᠭ᠋ᠠᠷ ᠪᠦᠯᠦᠭ ᠪᠠᠲᠤᠯᠠᠭ᠎ᠠ ᠬᠢᠭᠡᠳ ᠬᠢᠨᠠᠯᠲᠠ ᠲᠠᠯᠪᠢᠯᠲᠠ
ᠲᠠᠪᠢᠨ ᠳᠣᠯᠣᠳᠤᠭ᠋ᠠᠷ ᠵᠦᠢ᠍ᠯ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯ᠎ᠳᠤ ᠤᠳᠤᠷᠢᠳᠤᠯᠭ᠎ᠠ ᠵᠢᠨ ᠬᠠᠷᠢᠭᠤᠴᠠᠯᠭ᠎ᠠ ᠵᠢᠨ ᠳᠦᠷᠢᠮ ᠪᠣᠯᠤᠨ ᠣᠨ᠎ᠤ ᠬᠠᠷᠠᠯᠲᠠᠲᠤ ᠬᠠᠷᠢᠭᠤᠴᠠᠯᠭ᠎ᠠ ᠵᠢᠨ ᠬᠢᠨᠠᠨ ᠰᠢᠯᠭ᠋ᠠᠬᠤ ᠳᠦᠷᠢᠮ᠎ᠢ ᠬᠡᠷᠡᠭᠵᠢᠭᠦᠯᠵᠦ᠂ ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ ᠰᠢᠰᠲ᠋ᠧᠮᠵᠢ᠎ᠳᠤ ᠣᠷᠣᠭᠤᠯᠬᠤ ᠬᠡᠷᠡᠭᠲᠡᠶ᠃
ᠲᠠᠪᠢᠨ ᠨᠠᠢ᠍ᠮᠠᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯ᠎ᠢ ᠤᠯᠤᠰ ᠠᠷᠠᠳ᠎ᠤᠨ ᠠᠵᠤ ᠠᠬᠤᠶ ᠪᠣᠯᠤᠨ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ᠂ ᠣᠨ᠎ᠤ ᠲᠥᠯᠥᠪᠯᠡᠭᠡ᠎ᠳᠡᠭᠡᠨ ᠣᠷᠣᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯ᠎ᠤᠨ ᠤᠷᠲᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯ᠎ᠤᠨ ᠴᠢᠬᠤᠯᠠ ᠶᠡᠬᠡ ᠶᠠᠪᠤᠳᠠᠯ᠎ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠬᠡᠷᠡᠭᠲᠡᠶ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯ᠎ᠳᠤ ᠬᠡᠷᠡᠭᠰᠡᠬᠦ ᠵᠠᠷᠤᠳᠠᠯ᠎ᠢ ᠲᠤᠰ ᠱᠠᠲᠤᠨ᠎ᠤ ᠡᠳ᠋᠎ᠤᠨ ᠵᠠᠰᠠᠭ᠎ᠤᠨ ᠲᠥᠰᠦᠪ᠎ᠲᠡᠭᠡᠨ ᠣᠷᠣᠭᠤᠯᠬᠤ ᠬᠡᠷᠡᠭᠲᠡᠶ᠃
ᠲᠠᠪᠢ ᠶᠢᠰᠦᠳᠦᠭᠡᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠦᠨᠳᠦᠰᠦᠲᠡᠨ᠎ᠤ ᠬᠡᠷᠡᠭ ᠡᠷᠬᠢᠯᠡᠬᠦᠬᠦ ᠰᠠᠯᠠᠭ᠎ᠠ ᠮᠥᠴᠢᠷ᠎ᠤᠳ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠵᠣᠬᠢᠶᠠᠨ ᠪᠠᠶ᠋ᠢᠭᠤᠯᠬᠤ᠂ ᠵᠣᠬᠢᠴᠠᠭᠤᠯᠬᠤ᠂ ᠵᠢᠯᠣᠭᠣᠳᠬᠤ ᠪᠠ ᠬᠢᠨᠠᠯᠲᠠ ᠲᠠᠯᠪᠢᠬᠤ ᠠᠵᠢᠯ᠎ᠢ ᠬᠠᠷᠢᠭᠤᠴᠠᠨ᠎ᠠ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰ ᠲᠤᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠬᠠᠮᠢᠶ᠎ᠠ ᠪᠦᠬᠦᠢ ᠠᠵᠢᠯ᠎ᠢ ᠰᠠᠶ᠋ᠢᠲᠤᠷ ᠬᠢᠬᠦ ᠬᠡᠷᠡᠭᠲᠡᠶ᠃
ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠳ ᠲᠤᠰ ᠬᠠᠷᠢᠶ᠎ᠠ ᠣᠷᠣᠨ᠎ᠤ᠎ᠪᠠᠨ ᠳᠣᠲᠣᠷᠠᠬᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠠᠵᠢᠯ᠎ᠢ ᠬᠠᠤᠯᠢ ᠶᠣᠰᠣᠭ᠋ᠠᠷ ᠰᠠᠶ᠋ᠢᠲᠤᠷ ᠬᠢᠬᠦ ᠬᠡᠷᠡᠭᠲᠡᠶ᠃
ᠵᠢᠷᠠᠳᠤᠭ᠋ᠠᠷ ᠵᠦᠢ᠍ᠯ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠨ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ᠎ᠳᠤ ᠣᠷᠣᠭᠤᠯᠵᠤ᠂ ᠲᠥᠷᠥ ᠵᠢᠨ ᠪᠠᠢ᠌ᠭᠤᠯᠭ᠎ᠠ ᠵᠢᠨ ᠠᠵᠢᠯᠲᠠᠨ᠎ᠤ ᠬᠠᠤᠯᠢ ᠰᠤᠷᠴᠤ ᠬᠠᠤᠯᠢ ᠬᠡᠷᠡᠭᠯᠡᠬᠦ ᠳᠦᠷᠢᠮ᠎ᠢ ᠲᠡᠭᠦᠯᠳᠡᠷᠵᠢᠭᠦᠯᠦᠨ᠂ ᠠᠷᠠᠳ ᠢᠷᠭᠡᠳ᠎ᠤᠨ ᠬᠠᠤᠯᠢ ᠵᠢ ᠮᠡᠳᠡᠬᠦ᠂ ᠬᠠᠤᠯᠢ ᠵᠢ ᠰᠠᠬᠢᠬᠤ ᠵᠢ ᠬᠥᠲᠥᠯᠥᠨ ᠵᠢᠯᠣᠭᠣᠳᠬᠤ ᠬᠡᠷᠡᠭᠲᠡᠶ᠃
ᠵᠢᠷᠠᠨ ᠨᠢᠭᠡᠳᠦᠭᠡᠷ ᠵᠦᠢ᠍ᠯ ᠬᠢᠨᠠᠨ ᠪᠠᠶ᠋ᠢᠴᠠᠭ᠋ᠠᠬᠤ ᠪᠠᠢ᠌ᠭᠤᠯᠭ᠎ᠠ᠂ ᠰᠢᠭᠦᠨ ᠲᠠᠰᠤᠯᠬᠤ ᠪᠠᠢ᠌ᠭᠤᠯᠭ᠎ᠠ᠂ ᠪᠠᠶ᠋ᠢᠴᠠᠭ᠋ᠠᠬᠤ ᠪᠠᠢ᠌ᠭᠤᠯᠭ᠎ᠠ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠂ ᠤᠯᠤᠰ᠎ᠤᠨ ᠠᠮᠤᠷ ᠲᠦᠪᠰᠢᠨ᠎ᠤ ᠪᠠᠢ᠌ᠭᠤᠯᠭ᠎ᠠ᠎ᠨᠤᠭᠤᠳ ᠦᠨᠳᠦᠰᠦᠲᠡᠨ᠎ᠨᠦᠭᠦᠳ᠎ᠤᠨ ᠠᠷᠠᠳ ᠢᠷᠭᠡᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠪᠠᠲᠤᠯᠠᠵᠤ᠂ ᠦᠨᠳᠦᠰᠦᠲᠡᠨ᠎ᠤ ᠪᠦᠯᠬᠦᠮᠳᠡᠯ᠎ᠢ ᠡᠪᠳᠡᠬᠦ᠂ ᠨᠡᠶ᠋ᠢᠭᠡᠮ᠎ᠤᠨ ᠲᠣᠭᠲᠠᠭᠤᠨ᠎ᠢ ᠡᠪᠳᠡᠬᠦ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠴᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠲᠤ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭ᠋ᠠᠬᠤ ᠬᠡᠷᠡᠭᠲᠡᠶ᠃
ᠵᠢᠷᠠᠨ ᠬᠤᠶᠠᠳᠤᠭ᠋ᠠᠷ ᠵᠦᠢ᠍ᠯ ᠬᠠᠤᠯᠢ ᠲᠣᠭᠲᠠᠭ᠋ᠠᠬᠤ ᠡᠷᠬᠡ᠎ᠲᠠᠢ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠶ᠋ᠢᠩᠭᠤ ᠵᠢᠨ ᠬᠤᠷᠢᠶ᠎ᠠ᠎ᠨᠢ ᠬᠠᠤᠯᠢ ᠲᠣᠭᠲᠠᠭ᠋ᠠᠬᠤ ᠡᠷᠬᠡ ᠮᠡᠳᠡᠯ ᠵᠶ᠋ᠠᠨ ᠦᠨᠳᠦᠰᠦᠯᠡᠨ ᠦᠨᠳᠦᠰᠦᠲᠡᠨ᠎ᠤ ᠠᠵᠢᠯ᠎ᠤᠨ ᠬᠠᠤᠯᠢ ᠲᠣᠭᠲᠠᠭ᠋ᠠᠬᠤ ᠵᠢ ᠴᠢᠩᠭ᠋ᠠᠳᠬᠠᠵᠤ᠂ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠣᠭ᠋ᠠᠷ ᠵᠠᠰᠠᠬᠤ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠬᠦ ᠬᠡᠷᠡᠭᠲᠡᠢ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠪᠣᠯᠤᠨ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠨᠢ ᠬᠢᠨᠠᠯᠲᠠ ᠲᠠᠯᠪᠢᠬᠤ ᠡᠷᠬᠡ ᠲᠤᠰᠢᠶᠠᠯ ᠵᠶ᠋ᠠᠨ ᠬᠠᠤᠯᠢ ᠶᠣᠰᠣᠭ᠋ᠠᠷ ᠬᠡᠷᠡᠭᠵᠢᠭᠦᠯᠵᠦ᠂ ᠵᠥᠪ ᠬᠢᠨᠠᠯᠲᠠ ᠲᠠᠯᠪᠢᠬᠤ᠂ ᠪᠦᠲᠦᠮᠵᠢᠲᠡᠶ ᠬᠢᠨᠠᠯᠲᠠ ᠲᠠᠯᠪᠢᠬᠤ ᠵᠢ ᠪᠠᠷᠢᠮᠲᠠᠯᠠᠨ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠥᠷᠨᠢᠭᠦᠯᠬᠦ᠂ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠵᠢᠯ᠎ᠤᠨ ᠮᠡᠳᠡᠭᠦᠯᠦᠯᠲᠡ ᠵᠢ ᠰᠣᠨᠣᠰᠬᠤ᠂ ᠲᠤᠰᠬᠠᠶ ᠰᠡᠳᠦᠪ ᠵᠶ᠋ᠠᠷ ᠯᠠᠪᠯᠠᠨ ᠠᠰᠠᠭᠤᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯ᠎ᠳᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠬᠤ ᠬᠡᠷᠡᠭᠲᠡᠶ᠃
ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠦᠨᠳᠦᠰᠦᠨ ᠬᠠᠤᠯᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠦᠷᠦᠭᠦᠯᠡᠨ ᠵᠢᠷᠤᠮᠯᠠᠵᠤ᠂ ᠨᠠᠮ᠎ᠤᠨ ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢ ᠲᠦᠷᠦᠭᠦᠯᠡᠨ ᠬᠦᠷᠢᠶᠡᠯᠡᠨ ᠬᠡᠷᠡᠭᠵᠢᠭᠦᠯᠵᠦ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠠᠵᠢᠯ᠎ᠢ ᠲᠦᠷᠦᠭᠦᠯᠡᠨ ᠰᠠᠶ᠋ᠢᠲᠤᠷ ᠬᠢᠵᠦ᠂ ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ᠃
ᠵᠢᠷᠠᠨ ᠭᠤᠷᠪᠠᠳᠤᠭ᠋ᠠᠷ ᠵᠦᠢ᠍ᠯ ᠦᠨᠳᠦᠰᠦᠲᠡᠨ᠎ᠨᠦᠭᠦᠳ᠎ᠤᠨ ᠺᠠᠳ᠋ᠷ ᠪᠠ ᠡᠯ᠎ᠡ ᠲᠥᠷᠥᠯ᠎ᠤᠨ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠵᠢ ᠡᠵᠡᠮᠰᠢᠵᠦ᠂ ᠦᠨᠳᠦᠰᠦᠲᠡᠨ᠎ᠤ ᠠᠵᠢᠯ᠎ᠢ ᠣᠶ᠋ᠢᠯᠠᠭ᠋ᠠᠵᠤ᠂ ᠦᠨᠳᠦᠰᠦᠲᠡᠨ᠎ᠤ ᠪᠦᠯᠬᠦᠮᠳᠡᠯ᠎ᠢ ᠦᠢ᠍ᠯᠡᠳᠦᠯᠭᠡᠵᠢᠭᠦᠯᠵᠦ ᠪᠠᠶ᠋ᠢᠭ᠎ᠠ ᠺᠠᠳ᠋ᠷ᠎ᠢ ᠬᠥᠮᠦᠵᠢᠭᠦᠯᠵᠦ᠂ ᠰᠢᠯᠢᠨ ᠳᠡᠪᠰᠢᠭᠦᠯᠬᠦ ᠪᠠ ᠲᠣᠮᠢᠯᠠᠨ ᠬᠡᠷᠡᠭᠯᠡᠨ᠎ᠡ᠃
ᠡᠯ᠎ᠡ ᠦᠨᠳᠦᠰᠦᠲᠡᠨ᠎ᠤ ᠡᠯ᠎ᠡ ᠲᠥᠷᠥᠯ᠎ᠤᠨ ᠬᠣᠣᠰ ᠬᠡᠯᠡᠨ᠎ᠤ ᠴᠢᠳᠠᠪᠤᠷᠢᠲᠠᠨ ᠣᠨᠴᠠᠭ᠋ᠠᠶ᠋ᠢᠯᠠᠨ ᠬᠣᠣᠰ ᠬᠡᠯᠡᠨ᠎ᠤ ᠪᠠᠭᠰᠢ᠂ ᠬᠣᠶᠠᠷ ᠬᠡᠯᠡᠨ᠎ᠤ ᠰᠢᠭᠦᠬᠦ ᠲᠤᠰᠢᠶᠠᠯᠲᠠᠨ᠂ ᠬᠣᠣᠰ ᠬᠡᠯᠡᠨ᠎ᠤ ᠪᠠᠶ᠋ᠢᠴᠠᠭ᠋ᠠᠬᠤ ᠲᠤᠰᠢᠶᠠᠯᠲᠠᠨ᠎ᠢ ᠬᠥᠮᠦᠵᠢᠭᠦᠯᠬᠦ᠂ ᠰᠢᠯᠢᠨ ᠳᠡᠪᠰᠢᠭᠦᠯᠬᠦ ᠡᠷᠴᠢᠮ᠎ᠢ ᠴᠢᠩᠭ᠋ᠠᠷᠠᠭᠤᠯᠵᠠᠢ᠃
ᠪᠠᠢ᠌ᠭᠤᠯᠭ᠎ᠠ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠎ᠨᠦᠭᠦᠳ ᠠᠵᠢᠯᠲᠠᠨ ᠡᠯᠰᠡᠨ ᠬᠡᠷᠡᠭᠯᠡᠬᠦ᠎ᠳᠡᠭᠡᠨ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠬᠡᠷᠡᠭᠲᠡᠶ᠃
ᠵᠢᠷᠠᠨ ᠳᠥᠷᠪᠡᠳᠦᠭᠡᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠦᠨᠳᠦᠰᠦᠲᠡᠨ᠎ᠤ ᠬᠦᠴᠦᠨ ᠵᠦᠢ᠍ᠯ᠎ᠳᠤ ᠬᠣᠯᠪᠣᠭᠳᠠᠬᠤ ᠬᠦᠨᠳᠦ ᠶᠡᠬᠡ ᠭᠡᠨᠡᠳᠲᠡ ᠵᠢᠨ ᠬᠡᠷᠡᠭ᠎ᠢ ᠰᠡᠷᠡᠮᠵᠢᠯᠡᠭᠦᠯᠬᠦ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠦᠨᠳᠦᠰᠦᠲᠡᠨ᠎ᠤ ᠪᠦᠯᠬᠦᠮᠳᠡᠯ᠎ᠢ ᠨᠥᠯᠥᠭᠡᠯᠡᠬᠦ ᠡᠯ᠎ᠡ ᠲᠥᠷᠥᠯ᠎ᠤᠨ ᠵᠥᠷᠢᠴᠡᠯ ᠪᠣᠯᠤᠨ ᠵᠢᠭᠤᠷᠠᠯᠳᠤᠭ᠋ᠠᠨ᠎ᠢ ᠰᠡᠷᠭᠡᠶ᠋ᠢᠯᠡᠬᠦ ᠪᠠ ᠠᠷᠢᠯᠭ᠋ᠠᠬᠤ ᠬᠡᠷᠡᠭᠲᠡᠶ᠃
ᠵᠢᠷᠠᠨ ᠲᠠᠪᠤᠳᠤᠭ᠋ᠠᠷ ᠵᠦᠢ᠍ᠯ ᠶᠠᠮᠠᠷᠪᠠ ᠵᠣᠬᠢᠶᠠᠨ ᠪᠠᠶ᠋ᠢᠭᠤᠯᠤᠯᠲᠠ ᠪᠤᠶᠤ ᠬᠤᠪᠢ ᠬᠥᠮᠦᠨ ᠭᠡᠳ ᠦᠨᠳᠦᠰᠦᠲᠡᠨ᠎ᠤ ᠪᠦᠯᠬᠦᠮᠳᠡᠯ᠎ᠢ ᠡᠪᠳᠡᠭᠰᠡᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠣᠷᠢᠭᠯᠠᠨ ᠵᠣᠭᠰᠣᠭ᠋ᠠᠬᠤ ᠪᠠ ᠢᠯᠡᠴᠢᠯᠡᠨ ᠮᠡᠳᠡᠭᠦᠯᠬᠦ ᠡᠷᠬᠡ᠎ᠲᠠᠢ᠃
ᠳᠣᠯᠣᠳᠤᠭ᠋ᠠᠷ ᠪᠦᠯᠦᠭ ᠬᠠᠤᠯᠢ ᠴᠠᠭ᠋ᠠᠵᠠ ᠵᠢᠨ ᠬᠠᠷᠢᠭᠤᠴᠠᠯᠭ᠎ᠠ
ᠵᠢᠷᠠᠨ ᠵᠢᠷᠭᠤᠳᠤᠭ᠋ᠠᠷ ᠵᠦᠢ᠍ᠯ ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠰᠢᠢ᠍ᠳᠭᠡᠨ ᠲᠣᠷᠭ᠋ᠠᠬᠤ ᠲᠣᠭᠲᠠᠭ᠋ᠠᠯ ᠭᠠᠷᠭ᠋ᠠᠭᠰᠠᠨ ᠪᠠᠶ᠋ᠢᠪᠠᠯ᠂ ᠲᠡᠷᠡ ᠲᠣᠭᠲᠠᠭ᠋ᠠᠯ᠎ᠢ᠎ᠨᠢ ᠳᠠᠭ᠋ᠠᠬᠤ ᠬᠡᠷᠡᠭᠲᠡᠶ᠃
ᠵᠢᠷᠠᠨ ᠳᠣᠯᠣᠳᠤᠭ᠋ᠠᠷ ᠵᠦᠢ᠍ᠯ ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠨ᠂ ᠳᠣᠤᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠢ᠎ᠲᠠᠢ ᠬᠠᠮᠲᠤᠷᠠᠵᠤ ᠪᠠᠶ᠋ᠢᠭ᠋ᠠᠳ ᠰᠢᠭᠦᠮᠵᠢᠯᠡᠨ ᠰᠤᠷᠭ᠋ᠠᠵᠤ᠂ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠬᠤ ᠬᠡᠷᠡᠭᠲᠡᠶ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠲᠣᠭ᠋ᠠᠴᠠᠭᠳᠠᠪᠠᠯ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠬᠠᠤᠯᠢ ᠶᠣᠰᠣᠭ᠋ᠠᠷ ᠰᠢᠢ᠍ᠳᠭᠡᠨ ᠲᠣᠷᠭ᠋ᠠᠬᠤ ᠬᠡᠷᠡᠭᠲᠡᠶ ᠶᠠᠯᠠᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠄
(ᠨᠢᠭᠡ) ᠨᠣᠮ ᠪᠢᠴᠢᠭ᠂ ᠰᠣᠨᠢᠨ ᠰᠡᠳᠬᠦᠯ᠂ ᠳᠠᠭᠤ ᠳᠦᠷᠰᠦ ᠰᠢᠩᠭᠡᠭᠡᠯᠲᠡ ᠵᠢᠨ ᠪᠦᠲᠦᠭᠡᠭᠳᠡᠬᠦᠨ᠂ ᠺᠢᠨᠣ᠋ ᠲᠧᠯᠸᠢᠰ᠂ ᠲᠣᠣᠷ ᠰᠦᠯᠵᠢᠶ᠎ᠡ ᠵᠡᠷᠭᠡ ᠠᠴᠢᠶᠠᠯᠠᠪᠤᠷᠢ ᠵᠢᠴᠢ ᠣᠷᠣᠨ ᠪᠦᠰᠡ ᠵᠢᠨ ᠨᠡᠷᠡᠶ᠋ᠢᠳᠦᠯ᠂ ᠠᠵᠤ ᠠᠬᠤᠶ᠋ᠢᠯᠠᠯ᠎ᠤᠨ ᠨᠡᠷᠡᠶ᠋ᠢᠳᠦᠯ᠂ ᠨᠡᠷᠡᠲᠦ ᠲᠡᠮᠳᠡᠭᠲᠦ ᠵᠢᠨ ᠲᠠᠸᠠᠷ᠎ᠤᠨ ᠲᠡᠮᠳᠡᠭ᠂ ᠵᠠᠷ ᠮᠡᠳᠡᠭᠡ ᠵᠡᠷᠭᠡ ᠲᠠᠯ᠎ᠠ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠦᠭᠡᠶ᠋ᠢᠰᠬᠡᠬᠦ᠂ ᠦᠨᠳᠦᠰᠦᠲᠡᠨ᠎ᠤ ᠵᠠᠩ ᠳᠠᠳᠬᠠᠯ᠎ᠢ ᠬᠤᠬᠢᠷᠠᠭᠤᠯᠬᠤ᠂ ᠦᠨᠳᠦᠰᠦᠲᠡᠨ᠎ᠤ ᠨᠡᠷ᠎ᠡ ᠬᠦᠨᠳᠦ ᠵᠢ ᠬᠤᠬᠢᠷᠠᠭᠤᠯᠬᠤ᠂ ᠦᠨᠳᠦᠰᠦᠲᠡᠨ᠎ᠤ ᠬᠠᠶ᠋ᠢᠷ᠎ᠠ ᠰᠡᠳᠭᠢᠯᠭᠡ ᠵᠢᠨ ᠠᠭᠤᠯᠭ᠎ᠠ ᠵᠢ ᠬᠤᠬᠢᠷᠠᠭᠤᠯᠬᠤ ᠪᠠᠶ᠋ᠢᠳᠠᠯ ᠢᠯᠡᠷᠡᠪᠡ;
(ᠬᠤᠶᠠᠷ) ᠦᠨᠳᠦᠰᠦᠲᠡᠨ᠎ᠤ ᠪᠦᠯᠬᠦᠮᠳᠡᠯ᠎ᠤᠨ ᠶᠠᠷᠢᠶ᠎ᠠ ᠬᠡᠯᠡᠯᠴᠡᠭᠡ᠎ᠳᠤ ᠠᠰᠢᠭ ᠦᠭᠡᠶ᠂ ᠦᠨᠳᠦᠰᠦᠲᠡᠨ᠎ᠤ ᠪᠦᠯᠬᠦᠮᠳᠡᠯ᠎ᠤᠨ ᠮᠡᠳᠡᠭᠡ ᠵᠠᠩᠭᠢ ᠵᠢ ᠴᠤᠭᠯᠠᠭᠤᠯᠤᠨ ᠦᠢ᠍ᠯᠡᠳᠬᠦ᠂ ᠬᠠᠩᠭ᠋ᠠᠬᠤ᠂ ᠤᠯᠠᠮᠵᠢᠯᠠᠬᠤ᠎ᠳᠤ ᠠᠰᠢᠭ ᠦᠭᠡᠶ᠂ ᠦᠨᠳᠦᠰᠦᠲᠡᠨ᠎ᠤ ᠪᠦᠯᠬᠦᠮᠳᠡᠯ᠎ᠢ ᠡᠪᠳᠡᠬᠦ᠂ ᠦᠨᠳᠦᠰᠦᠲᠡᠨ᠎ᠤ ᠥᠰᠢᠶ᠎ᠡ ᠬᠣᠷᠣᠰᠤᠯ ᠪᠣᠯᠤᠨ ᠦᠨᠳᠦᠰᠦᠲᠡᠨ᠎ᠤ ᠭᠠᠳᠠᠭᠤᠷᠴᠢᠯᠠᠯ᠎ᠤᠨ ᠦᠢ᠍ᠯᠡ ᠠᠵᠢᠯᠯᠠᠭ᠎ᠠ ᠵᠢ ᠬᠢᠭᠰᠡᠨ;
(ᠭᠤᠷᠪᠠ) ᠨᠡᠪᠴᠢᠯᠲᠡ ᠵᠢ ᠨᠤᠷᠠᠭ᠋ᠠᠬᠤ ᠠᠵᠢᠯᠯᠠᠭ᠎ᠠ᠂ ᠬᠦᠴᠦᠷᠬᠡᠭᠯᠡᠯ ᠰᠦ᠍ᠷᠳᠡᠭᠦᠯᠦᠯᠤᠨ ᠠᠵᠢᠯᠯᠠᠭ᠎ᠠ᠂ ᠦᠨᠳᠦᠰᠦᠲᠡᠨ᠎ᠢ ᠬᠠᠭ᠋ᠠᠴᠠᠭᠤᠯᠬᠤ ᠠᠵᠢᠯᠯᠠᠭ᠎ᠠ᠂ ᠱᠠᠰᠢᠨ ᠰᠤᠷᠲᠠᠬᠤᠨ᠎ᠤ ᠬᠡᠲᠦᠷᠡᠮᠡᠬᠡᠢ ᠠᠵᠢᠯᠯᠠᠭ᠎ᠠ ᠵᠢ ᠬᠢᠭᠰᠡᠨ;
ᠵᠢᠷᠠᠨ ᠨᠠᠢ᠍ᠮᠠᠳᠤᠭ᠋ᠠᠷ ᠵᠦᠢ᠍ᠯ ᠲᠥᠷᠥ ᠵᠢᠨ ᠪᠠᠶ᠋ᠢᠭᠤᠯᠭ᠎ᠠ᠂ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠶ᠋ᠢᠭᠤᠯᠤᠯᠲᠠ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠬᠤᠲᠠ ᠬᠥᠳᠡᠭᠡ ᠵᠢᠨ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠪᠣᠯᠣᠨ ᠪᠤᠰᠤᠳ ᠵᠣᠬᠢᠶᠠᠨ ᠪᠠᠶ᠋ᠢᠭᠤᠯᠤᠯᠲᠠ᠎ᠳᠤ ᠳᠣᠣᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠲᠡᠭᠦᠨ᠎ᠤ ᠳᠡᠭᠡᠳᠦ ᠱᠠᠲᠤᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠰᠢᠭᠦᠮᠵᠢᠯᠡᠨ ᠰᠤᠷᠭ᠋ᠠᠵᠤ᠂ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠤᠭᠤᠯᠵᠤ᠂ ᠴᠡᠭᠴᠡᠯᠡᠨ ᠰᠠᠶ᠋ᠢᠵᠢᠷᠠᠭᠤᠯᠬᠤ ᠬᠤᠭᠤᠴᠠᠭ᠋ᠠᠨ᠎ᠳᠤ ᠡᠯ᠎ᠡ ᠱᠠᠲᠤᠨ᠎ᠤ ᠡᠯ᠎ᠡ ᠲᠥᠷᠥᠯ᠎ᠤᠨ ᠲᠡᠷᠢᠭᠦᠨ᠎ᠤ ᠬᠠᠮᠲᠤ ᠵᠢ ᠰᠢᠯᠭ᠋ᠠᠷᠠᠭᠤᠯᠬᠤ᠎ᠳᠤ ᠣᠷᠣᠯᠴᠠᠵᠤ ᠪᠣᠯᠬᠤ ᠦᠭᠡᠢ; ᠬᠤᠭᠤᠴᠠᠭ᠎ᠠ᠎ᠨᠢ ᠥᠩᠭᠡᠷᠡᠲᠡᠯ᠎ᠡ ᠵᠠᠯᠠᠷᠠᠭᠤᠯᠬᠤ ᠦᠭᠡᠢ ᠪᠣᠯ ᠮᠡᠳᠡᠭᠡᠯᠡᠨ ᠨᠡᠪᠲᠡᠷᠡᠭᠦᠯᠬᠦ ᠵᠢᠨ ᠬᠠᠮᠲᠤ᠂ ᠨᠢᠭᠡᠴᠢ ᠵᠢᠨ ᠭᠤᠣᠯ ᠬᠠᠷᠢᠭᠤᠴᠠᠯᠭ᠋ᠠᠲᠠᠨ᠂ ᠰᠢᠭᠤᠳ ᠬᠠᠷᠢᠭᠤᠴᠠᠵᠤ ᠪᠠᠶ᠋ᠢᠭ᠎ᠠ ᠭᠤᠣᠯᠴᠢᠯᠠᠨ ᠬᠠᠮᠢᠶᠠᠷᠬᠤ ᠬᠦᠮᠦᠨ ᠪᠣᠯᠣᠨ ᠪᠤᠰᠤᠳ ᠰᠢᠭᠤᠳ ᠬᠠᠷᠢᠭᠤᠴᠠᠯᠭ᠎ᠠ᠎ᠲᠠᠢ ᠬᠦᠮᠦᠰ᠎ᠤᠨ ᠵᠣᠬᠢᠴᠠᠩᠭᠤᠢ ᠬᠠᠷᠢᠭᠤᠴᠠᠯᠭ᠎ᠠ ᠵᠢ ᠨᠡᠬᠡᠮᠵᠢᠯᠡᠨ᠎ᠡ᠄
(ᠨᠢᠭᠡ) ᠲᠤᠰ ᠵᠦᠢ᠍ᠯ᠎ᠳᠤ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ ᠵᠢ ᠦᠯᠦ ᠭᠦᠢ᠍ᠴᠡᠳᠬᠡᠭᠰᠡᠨ ᠪᠠᠶ᠋ᠢᠪᠠᠯ;
(ᠬᠤᠶᠠᠷ) ᠠᠷᠠᠳ ᠢᠷᠭᠡᠨ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠤᠬᠢᠷᠠᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠲᠤ ᠬᠦᠨᠳᠦ ᠨᠣᠴᠢᠲᠠᠶ ᠨᠥᠯᠥᠭᠡ ᠦᠵᠡᠭᠦᠯᠦᠭᠰᠡᠨ ᠪᠠᠶ᠋ᠢᠪᠠᠯ;
(ᠭᠤᠷᠪᠠ) ᠲᠤᠰ ᠨᠢᠭᠡᠴᠢ ᠵᠢᠨ ᠵᠶ᠋ᠠᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠨᠥᠯᠥᠭᠡᠯᠡᠵᠦ ᠪᠠᠶ᠋ᠢᠭ᠎ᠠ ᠵᠥᠷᠢᠴᠡᠯ ᠵᠢᠭᠤᠷᠠᠯᠳᠤᠭ᠋ᠠᠨ᠎ᠢ ᠴᠠᠭ ᠲᠤᠬᠠᠶ᠎ᠳᠤᠨᠢ ᠰᠢᠢ᠍ᠳᠪᠦᠷᠢᠯᠡᠭᠰᠡᠨ ᠦᠭᠡᠶ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠨᠥᠯᠥᠭᠡᠯᠡᠵᠦ ᠪᠠᠶ᠋ᠢᠭ᠎ᠠ ᠪᠦᠯᠦᠭᠯᠡᠯ᠎ᠤᠨ ᠴᠢᠨᠠᠷᠲᠠᠶ ᠬᠡᠷᠡᠭ ᠭᠠᠷᠤᠭᠰᠠᠨ ᠪᠥᠭᠡᠳ ᠬᠦᠨᠳᠦ ᠨᠣᠴᠢᠲᠠᠶ ᠤᠷᠰᠢᠭ ᠭᠠᠷᠭ᠋ᠠᠭᠰᠠᠨ;
(ᠲᠦᠷᠪᠡ) ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠭᠰᠡᠨ ᠪᠤᠰᠤᠳ ᠪᠠᠶ᠋ᠢᠪᠠᠯ᠃
ᠵᠢᠷᠠ ᠶᠢᠰᠦᠳᠦᠭᠡᠷ ᠵᠦᠢ᠍ᠯ ᠲᠥᠷᠥ ᠵᠢᠨ ᠪᠠᠢ᠌ᠭᠤᠯᠭ᠎ᠠ ᠵᠢᠴᠢ ᠠᠵᠢᠯᠲᠠᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠠᠵᠢᠯ᠎ᠤᠨ ᠳᠤᠮᠳᠠ ᠠᠯᠪᠠᠨ ᠲᠤᠰᠢᠶᠠᠯ᠎ᠳᠠᠭᠠᠨ ᠠᠯᠮᠠᠶ᠋ᠢᠷᠠᠨ ᠣᠰᠣᠯᠳᠠᠭᠰᠠᠨ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠭᠰᠡᠨ᠂ ᠬᠤᠪᠢ ᠵᠢᠨ ᠨᠠᠶ᠋ᠢᠷ ᠵᠶ᠋ᠠᠷ ᠬᠠᠤᠯᠢ ᠶᠣᠰᠣ ᠵᠢ ᠵᠥᠷᠢᠴᠡᠭᠰᠡᠨ ᠪᠣᠯ ᠰᠢᠭᠤᠳ ᠬᠠᠷᠢᠭᠤᠴᠠᠵᠤ ᠪᠠᠶ᠋ᠢᠭ᠎ᠠ ᠭᠣᠤᠯᠴᠢᠯᠠᠨ ᠬᠠᠮᠢᠶᠠᠷᠴᠤ ᠪᠦᠬᠦᠢ ᠬᠥᠮᠦᠰ ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ᠎ᠳᠤ ᠬᠠᠤᠯᠢ ᠶᠣᠰᠣᠭ᠋ᠠᠷ ᠰᠢᠢ᠍ᠳᠭᠡᠯ ᠣᠯᠭᠣᠨ᠎ᠠ᠂ ᠶᠠᠯᠠᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠨᠠᠢ᠍ᠮᠠᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
ᠳᠠᠯᠠᠳᠤᠭ᠋ᠠᠷ ᠵᠦᠢ᠍ᠯ ᠲᠤᠰ ᠳᠦᠷᠢᠮ᠎ᠢ 2021 ᠣᠨ᠎ᠤ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃