ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠨᠠᠮ᠎ᠤᠨ ᠠᠵᠢᠯ᠎ᠢ ᠢᠯᠡ ᠪᠣᠯᠭᠠᠬᠤ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 《ᠳᠣᠯᠤᠭ᠎ᠠ ᠵᠢ ᠰᠤᠷᠤᠯᠴᠠᠬᠤ》 ᠠᠷᠭ᠎ᠠ ᠮᠠᠶᠢᠭ ᠵᠶ᠋ᠠᠷ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠯᠠᠪᠳᠠᠭᠤᠨ ᠪᠠᠲᠤᠲᠠᠶ ᠠᠬᠢᠭᠤᠯᠪᠠ
ᠨᠡᠶ᠋ᠢᠲᠡᠯᠡᠭᠰᠡᠨ ᠴᠠᠭ᠄ 2024-06-20

   ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠠᠵᠢᠯ᠎ᠤᠨ ᠬᠤᠷᠢᠶ᠎ᠠ ᠵᠢᠨ ᠠᠵᠢᠯ᠎ᠤᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠳᠣᠯᠤᠭ᠎ᠠ ᠵᠢ ᠰᠤᠷᠤᠯᠴᠠᠬᠤ》 ᠠᠷᠭ᠎ᠠ ᠬᠡᠯᠪᠡᠷᠢ ᠵᠢ ᠠᠪᠴᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠯᠠᠪᠳᠠᠭᠤᠨ ᠪᠠᠲᠤᠲᠠᠶ ᠠᠬᠢᠭᠤᠯᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠭᠡᠯ ᠥᠭᠬᠦ ᠳᠦᠷᠢᠮ》᠎ᠢ ᠰᠤᠷᠴᠤ᠂ ᠪᠠᠲᠤ ᠴᠡᠭᠡᠵᠢᠯᠡᠵᠦ᠂ ᠬᠡᠷᠡᠭᠯᠡᠵᠦ ᠳᠡᠶ᠋ᠢᠯᠬᠦ ᠵᠢ ᠦᠨᠡᠨ ᠬᠦ᠌ ᠪᠠᠲᠤᠯᠠᠪᠠ᠃

   ᠨᠢᠭᠡ᠎ᠳᠤ᠂ ᠤᠳᠤᠷᠢᠳᠬᠤ ᠺᠠᠳ᠋ᠷ ᠲᠦᠷᠦᠭᠦᠯᠡᠨ ᠰᠤᠷᠤᠯᠴᠠᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠣᠯ ᠳᠤᠭᠤᠶ᠋ᠢᠯᠠᠩ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠭᠡᠯ ᠥᠭᠬᠦ ᠳᠦᠷᠢᠮ》᠎ᠢ ᠰᠤᠷᠤᠯᠴᠠᠬᠤ ᠭᠤᠣᠯᠳᠠᠯᠭ᠎ᠠ ᠪᠣᠯᠭ᠋ᠠᠵᠤ᠂ ᠲᠥᠪᠯᠡᠷᠡᠭᠦᠯᠦᠨ ᠰᠤᠷᠤᠯᠴᠠᠬᠤ᠂ ᠸᠢᠳᠢᠣ᠋᠎ᠪᠠᠷ ᠬᠠᠪᠰᠤᠷᠤᠨ ᠵᠢᠯᠣᠭᠤᠳᠬᠤ᠂ ᠪᠢᠴᠢᠭ ᠵᠶ᠋ᠠᠷ ᠥᠪᠡᠷ ᠵᠶ᠋ᠠᠨ ᠰᠤᠷᠤᠯᠴᠠᠬᠤ ᠵᠡᠷᠭᠡ ᠠᠷᠭ᠎ᠠ ᠬᠡᠯᠪᠡᠷᠢ᠎ᠪᠠᠷ ᠲᠦᠷᠦᠭᠦᠯᠡᠨ ᠤᠷᠢᠳᠠᠪᠠᠷ ᠰᠤᠷᠤᠯᠴᠠᠵᠤ᠂ ᠭᠦᠨᠵᠡᠭᠡᠢ ᠰᠤᠷᠤᠯᠴᠠᠵᠤ᠂ 4 ᠳ᠋ᠦ᠍ᠭᠡᠷ ᠰᠠᠷ᠎ᠠ᠎ᠠᠴᠠ ᠨᠠᠭ᠋ᠠᠰᠢ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠨᠤᠯ᠎ᠤᠨ ᠰᠤᠷᠤᠯᠴᠠᠯᠭ᠎ᠠ ᠵᠢᠨ ᠭᠤᠣᠯ ᠳᠤᠭᠤᠶ᠋ᠢᠯᠠᠩ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠢ ᠰᠡᠳᠦᠪᠲᠦ ᠰᠤᠷᠤᠯᠴᠠᠯᠭ᠎ᠠ ᠵᠢ 3 ᠤᠳᠠᠭ᠎ᠠ ᠥᠷᠨᠢᠭᠦᠯᠵᠦ᠂ 1 ᠤᠳᠠᠭ᠎ᠠ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃


6.20-1.jpg


   ᠬᠤᠶᠠᠷ᠎ᠲᠤ᠂ ᠲᠤᠰᠬᠠᠶ ᠰᠡᠳᠦᠪᠲᠦ ᠨᠠᠮ᠎ᠤᠨ ᠬᠢᠴᠢᠶᠡᠯ᠎ᠢ ᠬᠤᠪᠢᠶᠠᠯᠴᠠᠨ ᠰᠤᠷᠤᠯᠴᠠᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠬᠤᠩ ᠹᠦ᠋ ᠨᠥᠬᠦᠷ 《ᠴᠢᠩᠭ᠎ᠠ ᠪᠠᠶ᠋ᠢᠬᠤ ᠵᠢ ᠢᠮᠠᠭᠲᠠ ᠪᠠᠷᠢᠮᠲᠠᠯᠠᠵᠤ ᠨᠠᠮ᠎ᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ ᠰᠢᠨ᠎ᠡ ᠴᠠᠭ ᠦᠶ᠎ᠡ ᠵᠢᠨ ᠬᠤᠳᠠᠯᠳᠤᠭ᠋ᠠᠨ᠎ᠤ ᠶᠠᠪᠤᠳᠠᠯ᠎ᠤᠨ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠤᠶ᠎ᠠ》 ᠭᠡᠬᠦ ᠰᠡᠳᠦᠪ ᠵᠶ᠋ᠠᠷ ᠪᠦᠬᠦ ᠲᠢᠩᠬᠢᠮ᠎ᠤᠨ ᠨᠠᠮ᠎ᠤᠨ ᠭᠡᠰᠢᠭᠦᠨ ᠺᠠᠳ᠋ᠷᠴᠤᠳ᠎ᠲᠤ ᠨᠠᠮ᠎ᠤᠨ ᠬᠢᠴᠢᠶᠡᠯ ᠣᠷᠣᠪᠠ᠃ ᠪᠤᠰᠤᠳ ᠲᠢᠩᠬᠢᠮ᠎ᠤᠨ ᠤᠳᠤᠷᠢᠳᠬᠤ ᠪᠠᠭ᠎ᠤᠨ ᠭᠡᠰᠢᠭᠦᠨ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠲᠣᠰ ᠲᠣᠰ ᠬᠤᠪᠢᠳᠠᠨ ᠬᠠᠮᠢᠶᠠᠷᠴᠤ ᠪᠠᠶ᠋ᠢᠭ᠎ᠠ ᠭᠠᠵᠠᠷ ᠠᠯᠪᠠᠨ ᠲᠠᠰᠤᠭ (ᠨᠢᠭᠡᠴᠢ)᠎ᠤᠨ ᠨᠠᠮ᠎ᠤᠨ ᠭᠡᠰᠢᠭᠦᠨ ᠺᠠᠳ᠋ᠷᠴᠤᠳ᠎ᠲᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠶ ᠰᠡᠳᠦᠪᠲᠦ ᠨᠠᠮ᠎ᠤᠨ ᠬᠢᠴᠢᠶᠡᠯ ᠣᠷᠣᠪᠠ᠃


6.20-2.jpg


   ᠭᠤᠷᠪᠠ᠎ᠳᠤ᠂ ᠰᠤᠷᠭ᠋ᠠᠯᠲᠠ ᠵᠢ ᠭᠦᠨᠵᠡᠭᠡᠶ ᠬᠠᠪᠰᠤᠷᠤᠨ ᠵᠢᠯᠣᠭᠤᠳᠪᠠ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠢ ᠰᠡᠳᠦᠪᠲᠦ ᠨᠣᠮ ᠤᠩᠰᠢᠬᠤ ᠠᠩᠬᠢ ᠵᠢ ᠡᠷᠬᠢᠯᠡᠵᠦ᠂ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠶ᠋ᠢᠭᠤᠯᠤᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠭᠡᠯ ᠥᠭᠬᠦ ᠲᠦᠷᠢᠮ》 ᠵᠡᠷᠭᠡ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ ᠵᠢ ᠲᠡᠷᠡ ᠬᠡᠪ ᠵᠶ᠋ᠠᠷ᠎ᠨᠢ ᠰᠤᠷᠤᠯᠴᠠᠭᠤᠯᠪᠠ; ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠰᠠᠬᠢᠯᠭ᠎ᠠ ᠪᠠᠲᠤ ᠵᠢᠨ ᠠᠵᠢᠯ᠎ᠤᠨ ᠬᠤᠷᠢᠶᠠᠨ᠎ᠤ ᠳᠡᠳ᠋ ᠱᠦᠵᠢ ᠰᠦᠩ ᠪᠦᠦ ᠭᠦᠸᠧ ᠨᠥᠬᠦᠷ᠎ᠢ ᠤᠷᠢᠵᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠬᠢᠯᠭᠡᠵᠦ᠂ ᠨᠠᠮ᠎ᠤᠨ ᠭᠡᠰᠢᠭᠦᠨ ᠺᠠᠳ᠋ᠷᠴᠤᠳ᠎ᠢ ᠰᠡᠷᠡᠮᠵᠢᠯᠡᠭᠦᠯᠵᠦ᠂ ᠬᠤᠷᠢᠭ᠎ᠠ ᠱᠤᠭᠤᠮ᠎ᠢ ᠲᠣᠳᠣᠷᠬᠠᠶ᠋ᠢᠯᠠᠵᠤ᠂ ᠪᠢᠰᠢᠷᠡᠨ ᠵᠢᠷᠦᠬᠡᠰᠢᠶᠡᠬᠦ ᠵᠢ ᠤᠢ᠍ᠢ᠍ᠯᠠᠭ᠋ᠠᠭᠤᠯᠪᠠ᠃  ᠪᠦᠬᠦ ᠲᠢᠩᠬᠢᠮ   ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢᠴᠢ ᠰᠢᠨ᠎ᠡ ᠴᠠᠭ ᠦᠶ᠎ᠡ ᠵᠢᠨ ᠨᠠᠮ᠎ᠤᠨ ᠶᠠᠪᠤᠳᠠᠯ᠎ᠤᠨ ᠺᠠᠳ᠋ᠷ᠎ᠤᠨ ᠪᠣᠯᠪᠠᠰᠤᠷᠠᠯ᠎ᠤᠨ ᠠᠩᠭᠢ ᠵᠢ ᠡᠷᠬᠢᠯᠡᠵᠦ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠭᠡᠯ ᠥᠭᠬᠦ ᠳᠦᠷᠢᠮ》᠎ᠢ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠯ᠎ᠤᠨ ᠵᠠᠪᠠᠯ ᠰᠤᠷᠬᠤ ᠬᠢᠴᠢᠶᠡᠯ᠎ᠳᠤ ᠣᠷᠣᠭᠤᠯᠤᠨ᠎ᠠ᠃


6.20-3.jpg


   ᠳᠥᠷᠪᠡ᠎ᠳᠤ᠂ 《ᠭᠤᠷᠪᠠᠨ ᠬᠤᠷᠠᠯ ᠨᠢᠭᠡ ᠬᠢᠴᠢᠶᠡᠯ》᠎ᠢ ᠥᠷᠭᠡᠨ ᠵᠶ᠋ᠠᠷ  ᠰᠤᠷᠤᠯᠴᠠᠭᠤᠯᠤᠨ᠎ᠠ᠃ ᠡᠯ᠎ᠡ ᠨᠠᠮ᠎ᠤᠨ ᠡᠭᠦᠷ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠥᠪᠯᠡᠷᠡᠭᠦᠯᠦᠨ ᠰᠤᠷᠤᠯᠴᠠᠵᠤ ᠰᠣᠯᠢᠯᠴᠠᠬᠤ ᠠᠵᠢᠯᠯᠠᠭ᠎ᠠ ᠥᠷᠨᠢᠭᠦᠯᠵᠦ᠂ 100 ᠭᠠᠷᠤᠢ ᠨᠠᠮ᠎ᠤᠨ ᠭᠡᠰᠢᠭᠦᠨ ᠺᠠᠳ᠋ᠷ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠭᠡᠯ ᠥᠭᠬᠦ ᠲᠦᠷᠢᠮ》᠎ᠢ ᠰᠤᠷᠤᠯᠴᠠᠭᠰᠠᠨ ᠣᠯᠤᠯᠲᠠ ᠲᠦᠷᠦᠭᠳᠡᠯ ᠵᠶ᠋ᠠᠨ ᠢᠳᠡᠪᠬᠢᠲᠡᠢ ᠰᠣᠯᠢᠯᠴᠠᠪᠠ; ᠡᠯ᠎ᠡ ᠨᠠᠮ᠎ᠤᠨ ᠡᠭᠦᠷ᠎ᠤᠨ ᠱᠦᠵᠢ ᠲᠤᠰ ᠲᠤᠰ ᠨᠠᠮ᠎ᠤᠨ ᠡᠭᠦᠷ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠢ ᠰᠡᠳᠦᠪᠲᠦ ᠨᠠᠮ᠎ᠤᠨ ᠬᠢᠴᠢᠶᠡᠯ᠎ᠢ ᠵᠢᠭ᠋ᠠᠪᠠ; 《ᠡᠷᠡᠰ ᠭᠤᠶ᠋ᠢᠪᠢᠰᠢ ᠦᠭᠡᠢ᠎ᠪᠠᠷ ᠨᠠᠮ ᠵᠶ᠋ᠠᠨ ᠳᠠᠭ᠋ᠠᠬᠤ · ᠵᠠᠯᠠᠭᠤ ᠨᠠᠰᠤᠨ᠎ᠤ ᠴᠤᠭ ᠵᠢᠪᠬᠤᠭ᠎ᠠ᠎ᠪᠠᠷ ᠤᠮᠠᠷᠠᠲᠤ ᠬᠢᠯᠢ ᠵᠢ ᠭᠡᠷᠡᠯᠳᠦᠬᠦᠯᠬᠦ》 ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠭᠤᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠡᠷᠬᠢᠯᠡᠵᠦ᠂ ᠥᠪᠥᠷ ᠮᠣᠩᠭᠤᠯ᠎ᠤᠨ ᠬᠤᠳᠠᠯᠳᠤᠭ᠎ᠠ ᠵᠢᠭᠤᠯᠴᠢᠯᠠᠯ ᠰᠣᠶᠣᠯ᠎ᠢ ᠠᠭᠤᠰᠤᠯᠴᠠᠭᠤᠯᠤᠨ ᠬᠥᠭᠵᠢᠭᠦᠯᠬᠦ ᠰᠢᠭᠤᠳ ᠨᠡᠪᠲᠡᠷᠡᠭᠦᠯᠭᠡ ᠵᠢᠨ ᠰᠠᠭᠤᠷᠢᠨ᠎ᠢ ᠲᠣᠭᠤᠷᠢᠨ ᠦᠵᠡᠵᠦ᠂ ᠵᠠᠯᠠᠭᠤ ᠺᠠᠳ᠋ᠷᠴᠤᠳ᠎ᠤᠨ ᠲᠥᠯᠥᠭᠡᠯᠡᠭᠴᠢ ᠰᠤᠷᠤᠯᠴᠠᠯᠭ᠎ᠠ ᠵᠢᠨ ᠣᠯᠤᠯᠲᠠ ᠲᠦᠷᠦᠭᠳᠡᠯ ᠵᠶ᠋ᠠᠨ ᠬᠤᠪᠢᠶᠠᠯᠴᠠᠪᠠ᠃


6.20-4.jpg


   ᠲᠠᠪᠤ᠎ᠳᠤ᠂ ᠮᠡᠳᠡᠯᠭᠡ ᠵᠢᠨ ᠰᠢᠯᠭ᠋ᠠᠯᠲᠠ ᠵᠢ ᠠᠳᠠᠯᠢᠳᠬᠠᠨ ᠰᠤᠷᠤᠯᠴᠠᠭᠤᠯᠤᠨ᠎ᠠ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠮᠡᠳᠡᠯᠭᠡ ᠵᠢᠨ ᠰᠢᠯᠭ᠋ᠠᠯᠲᠠ ᠬᠢᠵᠦ᠂ ᠨᠠᠮ᠎ᠤᠨ ᠭᠡᠰᠢᠭᠦᠨ ᠺᠠᠳ᠋ᠷᠴᠤᠳ᠎ᠤᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠭᠡᠯ ᠥᠭᠬᠦ ᠲᠦᠷᠢᠮ》᠎ᠳᠤ ᠡᠵᠡᠮᠰᠢᠭᠰᠡᠨ ᠪᠠᠶ᠋ᠢᠳᠠᠯ᠎ᠢ ᠭᠤᠣᠯᠳᠠᠯᠭ᠎ᠠ᠎ᠲᠠᠢ ᠰᠢᠨᠵᠢᠯᠡᠨ ᠪᠠᠶ᠋ᠢᠴᠠᠭ᠋ᠠᠵᠤ᠂ ᠠᠳᠠᠯᠢᠳᠬᠠᠨ ᠰᠤᠷᠤᠯᠴᠠᠬᠤ ᠬᠥᠭᠡᠭᠡᠵᠦ ᠭᠦᠢ᠍ᠴᠡᠬᠦ ᠳᠠᠪᠠᠵᠤ ᠭᠠᠷᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠪᠠ᠃


6.20-5.jpg


   ᠵᠢᠷᠭᠤᠭ᠎ᠠ᠎ᠳᠤ᠂ ᠬᠡᠷᠡᠭ ᠵᠶ᠋ᠠᠷ ᠰᠠᠬᠢᠯᠭ᠎ᠠ ᠪᠠᠲᠤ ᠵᠢ ᠲᠣᠳᠣᠷᠠᠭᠤᠯᠤᠨ ᠤᠬᠠᠮᠰᠠᠷᠠᠨ ᠰᠤᠷᠤᠯᠴᠠᠭᠤᠯᠤᠨ᠎ᠠ᠃ ᠣᠶ᠋ᠢᠷ᠎ᠠ ᠵᠢᠨ ᠵᠢᠯ᠎ᠤᠳ᠎ᠲᠤ ᠥᠪᠡᠷᠲᠡᠭᠡᠨ ᠵᠠᠰᠠᠬᠤ ᠣᠷᠣᠨ᠎ᠤ ᠪᠠᠶ᠋ᠢᠴᠠᠭ᠋ᠠᠨ ᠰᠢᠢ᠍ᠳᠪᠦᠷᠢᠯᠡᠭᠰᠡᠨ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠬᠦᠨᠳᠦ ᠨᠣᠴᠢᠲᠠᠶ ᠵᠥᠷᠢᠴᠡᠭᠰᠡᠨ ᠨᠠᠮ᠎ᠤᠨ ᠭᠡᠰᠢᠭᠦᠨ ᠤᠳᠤᠷᠢᠳᠬᠤ ᠺᠠᠳ᠋ᠷ᠎ᠤᠨ ᠬᠡᠷᠡᠭ᠎ᠤᠨ ᠵᠢᠱ᠌ᠢᠶ᠎ᠡ ᠵᠢ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠤᠨ ᠰᠤᠷᠤᠯᠴᠠᠬᠤ ᠵᠥᠪᠯᠡᠬᠦ ᠰᠡᠳᠦᠪ ᠪᠣᠯᠭ᠋ᠠᠵᠤ᠂ ᠰᠡᠷᠡᠮᠵᠢᠯᠡᠭᠦᠯᠬᠦ ᠬᠥᠮᠦᠵᠢᠯ᠎ᠢ ᠴᠢᠩᠭ᠋ᠠᠳᠬᠠᠪᠠ᠃  ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠶ᠋ᠢᠭᠤᠯᠤᠨ ᠬᠥᠬᠡᠬᠤᠲᠠ ᠵᠢᠨ ᠳᠡᠭᠡᠳᠦ ᠬᠡᠮᠵᠢᠶᠡᠨ᠎ᠤ ᠰᠡᠷᠭᠡᠶ᠋ᠢᠯᠡᠯᠲᠡ ᠵᠢᠨ ᠭᠢᠨᠳᠠᠨ᠎ᠳᠤ ᠣᠴᠢᠭᠤᠯᠤᠨ ᠲᠤᠬᠠᠶ ᠵᠢᠨ ᠲᠠᠯᠠᠪᠤᠷ᠎ᠲᠤᠨᠢ ᠰᠡᠷᠡᠮᠵᠢᠯᠡᠭᠦᠯᠬᠦ ᠬᠥᠮᠦᠵᠢᠯ ᠥᠷᠨᠢᠭᠦᠯᠵᠦ᠂ ᠭᠢᠨᠳᠠᠨ᠎ᠤ ᠡᠷᠡᠭᠦᠤ ᠭᠦᠢ᠍ᠴᠡᠳᠭᠡᠵᠦ ᠪᠠᠶ᠋ᠢᠭ᠎ᠠ ᠬᠥᠮᠦᠰ᠎ᠤᠨ ᠠᠮᠢᠳᠤᠷᠠᠯ᠎ᠤᠨ ᠲᠣᠭᠤᠷᠢᠭ᠂ ᠭᠢᠨᠳᠠᠨ᠎ᠤ ᠭᠡᠷ᠂ ᠤᠷᠠᠯᠢᠭ᠎ᠤᠨ ᠲᠣᠭᠤᠷᠢᠭ ᠵᠡᠷᠭᠡ ᠲᠠᠯᠠᠪᠤᠷ ᠵᠶ᠋ᠠᠷ ᠳᠠᠮᠵᠢᠭᠤᠯᠤᠨ᠂ ᠡᠷᠡᠭᠦᠦ ᠭᠦᠢ᠍ᠴᠡᠳᠭᠡᠵᠦ ᠪᠠᠶ᠋ᠢᠭ᠎ᠠ ᠬᠥᠮᠦᠰ᠎ᠤᠨ ᠪᠡᠶ᠎ᠡ᠎ᠪᠠᠷ ᠵᠶ᠋ᠠᠨ ᠶᠠᠷᠢᠬᠤ ᠵᠢ ᠰᠣᠨᠣᠰᠴᠤ᠂ ᠬᠠᠤᠯᠢ ᠴᠠᠭ᠋ᠠᠵᠠ ᠵᠢᠨ ᠰᠦᠷ ᠬᠦᠴᠦᠨ ᠪᠠ ᠰᠠᠬᠢᠯᠭ᠎ᠠ ᠪᠠᠲᠤ ᠬᠠᠤᠯᠢ ᠴᠠᠭ᠋ᠠᠵᠠ᠎ᠠᠴᠠ ᠵᠥᠷᠢᠴᠡᠭᠰᠡᠨ ᠬᠠᠷᠠᠰᠠᠯᠳᠤ ᠰᠤᠷᠭ᠋ᠠᠮᠵᠢ ᠵᠢ ᠭᠦᠨᠵᠡᠭᠡᠶ ᠣᠶ᠋ᠢᠯᠠᠭ᠋ᠠᠪᠠ᠃


6.20-6.jpg


   ᠳᠣᠯᠤᠭ᠎ᠠ᠎ᠳᠤ᠂ ᠥᠯᠥ ᠮᠡᠳᠡᠭᠳᠡᠮ᠎ᠡ ᠰᠢᠯᠵᠢᠬᠦ ᠤᠬᠠᠭᠤᠯᠭ᠎ᠠ ᠵᠢ ᠴᠢᠩᠭ᠋ᠠᠳᠬᠠᠪᠠ᠃ ᠲᠢᠩᠬᠢᠮ᠎ᠤᠨ ᠫᠣᠷᠲ᠋ᠡᠯ ᠰᠦᠯᠵᠢᠶ᠎ᠡ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠶ ᠪᠤᠯᠤᠩ ᠭᠠᠷᠭ᠋ᠠᠵᠤ᠂ ᠸᠢᠴᠠᠲ᠎ᠤᠨ ᠨᠡᠶ᠋ᠢᠲᠡ ᠵᠢᠨ ᠳ᠋ᠤᠭ᠋ᠠᠷ᠎ᠲᠤ 《ᠨᠠᠮ᠎ᠤᠨ ᠪᠠᠶ᠋ᠢᠭᠤᠯᠤᠯᠲᠠ ᠵᠢᠨ ᠬᠢᠴᠢᠶᠡᠯ᠎ᠤᠨ ᠲᠠᠩᠬᠢᠮ》 ᠭᠠᠷᠭ᠋ᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠠᠬᠢᠴᠠ ᠵᠢᠴᠢ 《ᠲᠦᠷᠢᠮ》᠎ᠤᠨ ᠠᠭᠤᠯᠭ᠎ᠠ ᠵᠢ 67 ᠵᠤᠷᠪᠤᠰ ᠤᠳᠠᠭ᠎ᠠ ᠲᠠᠶ᠋ᠢᠯᠪᠤᠷᠢᠯᠠᠵᠤ᠂ ᠲᠢᠩᠬᠢᠮ᠎ᠤᠨ ᠪᠠᠶ᠋ᠢᠭᠤᠯᠭ᠎ᠠ ᠵᠢᠨ ᠬᠤᠩᠭᠢᠯ᠎ᠳᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠤᠬᠠᠭᠤᠯᠭ᠎ᠠ ᠵᠢᠨ ᠰᠠᠮᠪᠠᠷ᠎ᠠ ᠵᠢ ᠵᠢᠷᠤᠵᠤ ᠲᠥᠯᠥᠪᠯᠡᠨ᠂ ᠰᠠᠬᠢᠯᠭ᠎ᠠ ᠪᠠᠲᠤ ᠵᠢ ᠰᠤᠷᠤᠯᠴᠠᠬᠤ᠂ ᠰᠠᠬᠢᠯᠭ᠎ᠠ ᠪᠠᠲᠤ ᠵᠢ ᠮᠡᠳᠡᠬᠦ᠂ ᠰᠠᠬᠢᠯᠭ᠎ᠠ ᠪᠠᠲᠤ ᠵᠢ ᠣᠢ᠌ᠯᠠᠭ᠋ᠠᠬᠤ᠂ ᠰᠠᠬᠢᠯᠭ᠎ᠠ ᠪᠠᠲᠤ ᠵᠢ ᠰᠠᠬᠢᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠪᠠ᠃


6.20-7.jpg


   ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠨᠢᠭᠡᠳᠦᠯᠲᠡᠶ ᠲᠥᠯᠥᠪᠯᠡᠨ ᠤᠶᠠᠯᠳᠤᠭᠤᠯᠬᠤ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠬᠢᠭᠡᠳ ᠬᠤᠳᠠᠯᠳᠤᠭ᠋ᠠᠨ᠎ᠤ ᠶᠠᠪᠤᠳᠠᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠬᠠᠷᠢᠯᠴᠠᠨ ᠠᠬᠢᠭᠤᠯᠵᠤ ᠬᠠᠮᠲᠤ᠎ᠪᠠᠷ ᠤᠷᠤᠭᠰᠢᠯᠠᠭᠤᠯᠬᠤ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠳᠣᠪᠤᠶ᠋ᠢᠯᠭ᠋ᠠᠬᠤ ᠵᠢ ᠠᠬᠢᠭᠤᠯᠤᠨ᠎ᠠ᠃  ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ᠎ᠲᠠᠢ ᠣᠷᠭ᠋ᠠᠨᠢᠭ ᠵᠶ᠋ᠠᠷ ᠤᠶᠠᠯᠳᠤᠭᠤᠯᠵᠤ᠂ ᠭᠤᠤᠯ ᠰᠡᠳᠦᠪᠲᠦ ᠬᠥᠮᠦᠵᠢᠯ ᠪᠣᠯᠤᠨ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠤᠨᠤᠰᠬᠤ᠂ ᠨᠠᠮ ᠵᠶ᠋ᠠᠨ ᠳᠠᠭ᠋ᠠᠬᠤ》 ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢᠨ ᠦᠷ᠎ᠡ ᠪᠦᠲᠦᠭᠡᠯ᠎ᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠬᠦ ᠬᠡᠷᠡᠭᠲᠡᠶ; ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠪᠡᠷᠲᠡᠭᠡᠨ ᠵᠠᠰᠠᠬᠤ ᠣᠷᠣᠨ᠎ᠤ 《ᠬᠤᠶᠠᠷ ᠶᠡᠭᠡ ᠶᠠᠪᠤᠳᠠᠯ》᠎ᠢ ᠪᠡᠶᠡᠯᠡᠭᠦᠯᠬᠦ᠎ᠲᠠᠢ ᠨᠢᠭᠲᠠ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ᠎ᠤᠨ ᠣᠷᠭᠢᠯᠣᠨ ᠪᠠᠳᠠᠷᠠᠭᠰᠠᠨ ᠠᠵᠢᠯ᠎ᠤᠨ ᠬᠠᠯᠠᠭᠤᠨ ᠰᠡᠳᠬᠢᠯᠭᠡ ᠵᠢ 《ᠬᠤᠶᠠᠷ᠎ᠢ ᠲᠣᠭᠲᠠᠭ᠋ᠠᠬᠤ》 ᠵᠢ ᠡᠷᠡᠰ ᠬᠦᠷᠢᠶᠡᠯᠡᠬᠦ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠤᠯᠤᠰ ᠲᠥᠷᠦ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ᠂ ᠠᠵᠢᠯᠯᠠᠭ᠋ᠠᠨ᠎ᠤ ᠤᠬᠠᠮᠰᠠᠷ ᠪᠣᠯᠭ᠋ᠠᠨ ᠬᠤᠪᠢᠷᠠᠭᠤᠯᠵᠤ᠂ ᠬᠤᠳᠠᠯᠳᠤᠭ᠋ᠠᠨ᠎ᠤ ᠶᠠᠪᠤᠳᠠᠯ᠎ᠤᠨ ᠪᠣᠭᠤᠮᠲᠠ ᠵᠢᠨ ᠡᠯ᠎ᠡ ᠵᠦᠢ᠍ᠯ᠎ᠤᠨ ᠠᠵᠢᠯ᠎ᠤᠨ ᠰᠢᠨ᠎ᠡ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠲᠡᠶ᠃

 

ᠢᠷᠡᠯᠲᠡ᠄ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠵᠠᠯᠠᠭᠤ ᠺᠠᠳ᠋ᠷᠴᠤᠳ᠎ᠤᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠲᠤᠬᠠᠶ ᠬᠠᠮᠲᠤ ᠵᠢᠨ ᠶᠠᠷᠢᠯᠴᠠᠭ᠎ᠠ ᠥᠷᠨᠢᠭᠦᠯᠪᠡ
 
            