ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠬᠤ ᠵᠢᠨ ᠲᠥᠯᠥᠭᠡ᠂ 8 ᠳ᠋ᠤᠭ᠋ᠠᠷ ᠰᠠᠷ᠎ᠠ ᠵᠢᠨ 28᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠷᠠᠯᠵᠢᠶ᠎ᠠ ᠵᠢ ᠠᠬᠢᠭᠤᠯᠬᠤ ᠵᠥᠪᠯᠡᠯ ᠬᠠᠮᠲᠤ᠎ᠪᠠᠷ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠵᠢᠨ ᠬᠤᠷᠠᠯ᠎ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠭᠡᠰᠢᠭᠦᠨ᠂ ᠥᠪᠥᠷ ᠮᠣᠩᠭᠤᠯ᠎ᠤᠨ ᠨᠡᠶ᠋ᠢᠭᠡᠮ ᠵᠢᠷᠤᠮ᠎ᠤᠨ ᠳᠡᠭᠡᠳᠦ ᠰᠤᠷᠭ᠋ᠠᠭᠤᠯᠢ ᠵᠢᠨ ᠨᠢᠭᠡᠳᠦᠭᠡᠷ ᠳᠡᠰ᠎ᠤᠨ ᠲᠣᠭᠤᠷᠢᠨ ᠪᠠᠶ᠋ᠢᠴᠠᠭ᠋ᠠᠭᠴᠢ ᠵᠤᠤ ᠵᠢᠩ ᠬᠤᠸᠠ ᠨᠥᠬᠦᠷ 《ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠶ᠎ᠡ》 ᠭᠡᠬᠦ ᠰᠡᠳᠦᠪ ᠵᠶ᠋ᠠᠷ ᠮᠡᠳᠡᠭᠦᠯᠦᠯᠲᠡ ᠬᠢᠪᠡ᠃ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠬᠤᠩ ᠹᠦ᠋ ᠬᠤᠷᠠᠯ᠎ᠢ ᠡᠷᠭᠢᠯᠡᠵᠦ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠪᠠ ᠠᠷᠠᠯᠵᠢᠶ᠎ᠠ ᠵᠢ ᠠᠬᠢᠭᠤᠯᠬᠤ ᠵᠥᠪᠯᠡᠯ᠎ᠤᠨ ᠨᠡᠶ᠋ᠢᠲᠡ 160 ᠭᠠᠷᠤᠶ ᠨᠠᠮ᠎ᠤᠨ ᠭᠡᠰᠢᠭᠦᠨ ᠺᠠᠳ᠋ᠷ ᠤᠬᠠᠭᠤᠯᠤᠨ ᠲᠠᠶ᠋ᠢᠯᠪᠤᠷᠢᠯᠠᠬᠤ ᠵᠢ ᠰᠣᠨᠣᠰᠪᠠ᠃

ᠵᠤᠤ ᠵᠢᠩ ᠬᠤᠸᠠ ᠨᠥᠬᠦᠷ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ ᠪᠣᠯ ᠵᠠᠩᠭᠢᠯᠠᠭ᠎ᠠ ᠵᠢᠨ ᠦᠶ᠎ᠡ᠎ᠳᠤ ᠬᠤᠷᠠᠯᠳᠤᠭᠰᠠᠨ ᠨᠢᠭᠡ ᠤᠳᠠᠭ᠎ᠠ ᠵᠢᠨ ᠴᠢᠬᠤᠯᠠ ᠬᠤᠷᠠᠯ ᠪᠣᠯᠤᠨ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠶ᠋ᠢᠯᠠᠭ᠋ᠠᠵᠤ᠂ 《ᠲᠣᠭᠲᠠᠭ᠋ᠠᠯ》᠎ᠳᠤ ᠳᠤᠷᠠᠳᠤᠭᠰᠠᠨ ᠥᠭᠡᠷᠡᠴᠢᠯᠡᠯᠲᠡ ᠵᠢ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠵᠢ ᠪᠦᠬᠦ ᠲᠠᠯ᠎ᠠ᠎ᠪᠠᠷ ᠣᠨᠣᠪᠴᠢᠲᠠᠢ ᠣᠶ᠋ᠢᠯᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠠᠶ᠋ᠢᠯᠪᠤᠷᠢᠯᠠᠬᠤ ᠪᠠ ᠤᠨᠢᠨ ᠳᠡᠭᠡᠷ᠎ᠡ᠎ᠨᠢ ᠲᠠᠶ᠋ᠢᠯᠪᠤᠷᠢᠯᠠᠵᠤ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠳᠤ ᠮᠠᠰᠢ ᠴᠢᠩᠭ᠎ᠠ ᠵᠢᠯᠣᠭᠤᠳᠬᠤ ᠠᠴᠢ ᠬᠤᠯᠪᠣᠭᠳᠠᠯ᠎ᠲᠠᠢ ᠶᠤᠮ᠃

ᠬᠤᠷᠠᠯ᠎ᠠᠴᠠ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠵᠤ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠴᠢᠬᠤᠯᠠ ᠶᠡᠭᠡ ᠤᠯᠤᠰ ᠲᠦᠷᠦ ᠵᠢᠨ ᠠᠴᠢ ᠬᠤᠯᠪᠣᠭᠳᠠᠯ᠂ ᠪᠠᠶ᠋ᠢᠯᠳᠤᠬᠤ ᠪᠤᠳᠤᠯᠭ᠎ᠠ ᠵᠢᠨ ᠠᠴᠢ ᠬᠤᠯᠪᠣᠭᠳᠠᠯ᠂ ᠤᠨᠤᠯ᠎ᠤᠨ ᠠᠴᠢ ᠬᠤᠯᠪᠣᠭᠳᠠᠯ ᠪᠣᠯᠤᠨ ᠦᠢ᠍ᠯᠡᠳᠦᠯᠭᠡ ᠵᠢᠨ ᠠᠴᠢ ᠬᠤᠯᠪᠣᠭᠳᠠᠯ᠎ᠢ ᠭᠦᠢ᠍ᠴᠡᠳ ᠲᠠᠨᠢᠵᠤ᠂ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠶᠡᠷᠦᠩᠬᠡᠢ ᠱᠦᠵᠢ ᠰᠢ ᠵᠢᠨ ᠫᠢᠩ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠵᠢ ᠣᠶ᠋ᠢᠯᠠᠭ᠋ᠠᠬᠤ᠎ᠲᠠᠢ ᠤᠶᠠᠯᠳᠤᠭᠤᠯᠬᠤ ᠪᠠ ᠨᠡᠪᠲᠡᠷᠡᠭᠦᠯᠵᠦ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠤᠣᠯ ᠰᠢᠵᠢᠮ᠎ᠢ ᠰᠤᠷᠤᠯᠴᠠᠬᠤ᠎ᠲᠠᠢ ᠤᠶᠠᠯᠳᠤᠭᠤᠯᠵᠤ᠂ ᠦᠵᠡᠯ ᠰᠠᠨᠠᠭ᠎ᠠ ᠪᠣᠯᠤᠨ ᠦᠢ᠍ᠯᠡ ᠠᠵᠢᠯᠯᠠᠭ᠎ᠠ᠎ᠪᠠᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠲᠠᠢ ᠦᠨᠡᠨ ᠬᠦ᠌ ᠨᠢᠭᠡᠳᠬᠡᠵᠦ᠂ ᠪᠣᠳᠠᠲᠤ ᠠᠵᠢᠯᠯᠠᠭ᠎ᠠ᠎ᠪᠠᠷ ᠵᠶ᠋ᠠᠨ 《ᠬᠤᠶᠠᠷ᠎ᠢ ᠲᠣᠭᠲᠠᠭ᠋ᠠᠬᠤ》 ᠵᠢ ᠡᠷᠡᠰ ᠬᠦᠷᠢᠶᠡᠯᠡᠵᠦ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠬᠡᠷᠡᠭᠲᠡᠢ᠃ ᠦᠨᠡᠨ᠎ᠢ ᠪᠠᠷᠢᠮᠲᠠᠯᠠᠨ ᠪᠣᠳᠠᠲᠠᠶ ᠵᠢ ᠡᠷᠬᠢᠮᠯᠡᠬᠦ ᠵᠢ ᠪᠠᠷᠢᠮᠲᠠᠯᠠᠵᠤ᠂ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠵᠤ᠂ ᠮᠠᠨ᠎ᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠠᠬᠢᠭᠤᠯᠬᠤ᠎ᠳᠤ ᠨᠠᠩ ᠣᠯᠠᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠵᠠᠢ᠃