ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠨᠠᠮ᠎ᠤᠨ ᠠᠵᠢᠯ᠎ᠢ ᠢᠯᠡ ᠪᠣᠯᠭᠠᠬᠤ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠱᠢᠨ᠎ᠡ᠎ᠪᠠᠷ ᠬᠥᠭ᠌ᠵᠢᠭ᠌ᠰᠡᠨ ᠬᠦᠷᠢᠶᠡᠨ᠎ᠳᠠᠬᠢ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠨ ᠤᠷᠤᠭ᠍ᠰᠢᠯᠠᠬᠤ》ᠣᠯᠠᠨ ᠲᠦᠮᠡᠨ᠎ᠤ ᠬᠥᠮᠦᠵᠢᠯ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-10-27

  ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠵᠦ᠍᠂ 《ᠬᠤᠶᠠᠷ᠎ᠢ ᠪᠦᠷᠬᠦᠭᠦᠯᠬᠦ᠌ 》ᠲᠥᠪᠯᠡᠷᠡᠭᠦᠯᠦᠨ ᠪᠣᠭᠤᠮᠲᠠ ᠱᠢᠪᠲᠤᠯᠬᠤ ᠠᠵᠢᠯᠯᠠᠭ᠎ᠠ᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠵᠤ᠂ 《 ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠨ ᠤᠷᠤᠭ᠍ᠰᠢᠯᠠᠬᠤ 》 ᠣᠯᠠᠨ ᠲᠦᠮᠡᠨ᠎ᠤ ᠬᠥᠮᠦᠵᠢᠯ᠎ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠨᠠᠮ᠎ᠤᠨ ᠱᠢᠨ᠎ᠡ᠎ᠪᠠᠷ ᠬᠥᠭ᠌ᠵᠢᠭ᠌ᠰᠡᠨ ᠬᠦᠷᠢᠶᠡᠨ᠎ᠳᠠᠬᠢ ᠨᠢᠭ᠍ᠲᠠᠷᠠᠯ᠎ᠤᠨ ᠬᠦᠴᠦᠨ᠎ᠤ ᠨᠥᠯᠥᠭᠡᠯᠡᠬᠦ᠌ ᠬᠦᠴᠦᠨ᠎ᠢ ᠥᠷᠭᠡᠳᠭᠡᠬᠦ᠌᠎ᠶ᠋ᠢᠨ ᠲᠥᠯᠥᠭᠡ᠂ 10 ᠳ᠋ᠤᠭᠠᠷ ᠰᠠᠷ᠎ᠠ᠎ᠶ᠋ᠢᠨ 24 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠬᠢᠨ ᠵᠢᠨᠴᠢᠶᠤᠤ ᠎ᠶᠢᠨ《 ᠦᠢ᠍ᠯᠡᠰ ᠴᠣᠭᠴᠠᠯᠠᠵᠤ ᠰᠢᠨ᠎ᠡ᠎ᠶᠢ ᠡᠭᠦᠳᠬᠦ 》 ᠵᠢᠱ᠌ᠢᠶ᠎ᠡ ᠦᠵᠡᠭᠦᠯᠬᠦ᠌ ᠲᠤᠭᠤᠷᠢᠭ᠎ᠤᠨ ᠬᠠᠮᠲᠤᠷᠠᠭ᠍ᠰᠠᠨ ᠨᠠᠮ᠎ᠤᠨ ᠬᠤᠷᠢᠶ᠎ᠠ᠂ ᠵᠢᠨᠴᠢᠶᠤᠤ᠎ᠶ᠋ᠢᠨ ᠤᠯᠤᠰ᠎ᠤᠨ ᠲᠠᠰ᠎ᠤᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠵᠢᠱ᠌ᠢᠶ᠎ᠡ ᠦᠵᠡᠭᠦᠯᠬᠦ᠌ ᠰᠠᠭᠤᠷᠢᠨ ᠭᠠᠵᠠᠷ ᠲᠠᠢ ᠬᠠᠮᠲᠤᠷᠠᠨ ᠱᠢᠨ᠎ᠡ᠎ᠪᠠᠷ ᠬᠥᠭ᠌ᠵᠢᠭ᠌ᠰᠡᠨ ᠬᠦᠷᠢᠶᠡᠨ᠎ᠳᠠᠬᠢ 《 ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠨ ᠤᠷᠤᠭ᠍ᠰᠢᠯᠠᠬᠤ 》 ᠣᠯᠠᠨ ᠲᠦᠮᠡᠨ᠎ᠤ ᠬᠥᠮᠦᠵᠢᠯ᠎ᠤᠨ ᠠᠵᠢᠯᠯᠠᠭ᠎ᠠ ᠥᠷᠨᠢᠭᠦᠯᠪᠡ᠃ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠬᠠᠮᠢᠶ᠎ᠠ ᠪᠦᠬᠦᠢ ᠠᠯᠪᠠᠨ ᠲᠠᠰᠤᠭ᠂ ᠵᠢᠨᠴᠢᠶᠤᠤ ᠤᠯᠤᠰ᠎ᠤᠨ ᠲᠡᠰ᠎ᠤᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠵᠢᠱ᠌ᠢᠶ᠎ᠡ ᠦᠵᠡᠭᠦᠯᠬᠦ᠌ ᠰᠠᠭᠤᠷᠢᠨ ᠭᠠᠵᠠᠷ᠎ᠤᠨ ᠬᠡᠰᠡᠭ ᠠᠵᠤ ᠠᠬᠤᠢᠯᠠᠯ᠎ᠤᠨ ᠲᠥᠯᠥᠭᠡᠯᠡᠭ᠌ᠴᠢ᠂ ᠬᠠᠷᠢᠯᠴᠠᠵᠤ ᠵᠢᠭᠠᠨ ᠵᠢᠯᠣᠭᠤᠳᠭᠤ ᠠᠵᠢᠯ ᠲᠦᠷᠦᠯ᠎ᠤᠨ ᠬᠤᠳᠠᠯᠳᠤᠭᠠᠨ᠎ᠤ ᠶᠠᠪᠤᠳᠠᠯ᠎ᠤᠨ ᠨᠡᠢᠭᠡᠮᠯᠢᠭ᠎ᠤᠨ ᠬᠤᠯᠪᠣᠭ᠍ᠳᠠᠯ ᠪᠦᠬᠦᠢ ᠬᠠᠷᠢᠭᠤᠴᠠᠯᠭᠠᠲᠠᠨ ᠨᠥᠬᠦᠳ ᠪᠣᠯᠤᠨ ᠠᠵᠢᠯ ᠲᠦᠷᠦᠯ᠎ᠤᠨ ᠬᠤᠳᠠᠯᠳᠤᠭᠠᠴᠢᠳ᠎ᠤᠨ ᠨᠡᠢᠭᠡᠮᠯᠢᠭ᠎ᠤᠨ ᠨᠠᠮ᠎ᠤᠨ ᠡᠭᠦᠷ᠎ᠤᠨ ᠨᠠᠮ᠎ᠤᠨ ᠠᠵᠢᠯ᠎ᠤᠨ ᠠᠵᠢᠯᠳᠠᠨ ᠵᠡᠷᠭᠡ 40 ᠭᠠᠷᠤᠢ ᠬᠥᠮᠦᠨ ᠠᠵᠢᠯᠯᠠᠭ᠎ᠠ᠎ᠳᠤ ᠣᠷᠣᠯᠴᠠᠪᠠ᠃

 

 

  ᠬᠤᠷᠠᠯ᠎ᠳᠤ ᠣᠷᠣᠯᠴᠠᠭ᠍ᠰᠠᠳ ᠡᠩ ᠲᠡᠷᠢᠭᠦᠨ᠎ᠳᠤ ᠵᠢᠨᠴᠢᠶᠤᠤ᠎ᠶ᠋ᠢᠨ ᠤᠯᠤᠰ᠎ᠤᠨ ᠲᠠᠰ᠎ᠤᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠵᠢᠱ᠌ᠢᠶ᠎ᠡ ᠦᠵᠡᠭᠦᠯᠬᠦ᠌ ᠰᠠᠭᠤᠷᠢᠨ ᠭᠠᠵᠠᠷ᠎ᠢ ᠲᠣᠭᠤᠷᠢᠨ ᠦᠵᠡᠵᠦ᠍᠂ ᠲᠤᠬᠠᠶ᠎ᠶ᠋ᠢᠨ ᠭᠠᠵᠠᠷ᠎ᠲᠤ ᠨᠢ ᠲᠣᠭᠤᠷᠢᠨ ᠦᠵᠡᠬᠦ᠂ ᠰᠣᠯᠢᠯᠴᠠᠨ ᠬᠥᠳᠡᠯᠦᠯᠴᠡᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠬᠦᠷᠢᠶᠡᠯᠡᠩ ᠲᠣᠭᠤᠷᠢᠭ᠎ᠤᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠪᠠᠢᠳᠠᠯ ᠪᠠ ᠪᠥᠬᠦ᠌ ᠣᠷᠣᠨ᠎ᠤ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠠᠵᠤ ᠦᠢᠯᠡᠰ᠎ᠤᠨ ᠬᠦᠷᠢᠶᠡᠨ᠎ᠤ ᠬᠥᠭ᠌ᠵᠢᠯᠲᠡ᠎ᠶ᠋ᠢᠨ ᠣᠳᠣᠬᠢ ᠪᠠᠢᠳᠠᠯ ᠪᠠ ᠬᠠᠨᠳᠤᠰᠢ᠎ᠶ᠋ᠢ ᠭᠦᠨᠵᠡᠭᠡᠶ ᠣᠢᠯᠠᠭᠠᠵᠤ᠂ ᠨᠠᠮ᠎ᠤᠨ ᠪᠠᠢᠭᠤᠯᠤᠯᠲᠠ᠎ᠪᠠᠷ ᠬᠥᠲᠥᠯᠦᠨ ᠳᠠᠭᠠᠭᠤᠯᠵᠤ ᠪᠠᠢᠭᠠᠳ ᠬᠦᠷᠢᠶᠡᠯᠡᠩ ᠲᠣᠭᠤᠷᠢᠭ᠎ᠤᠨ ᠠᠵᠤ ᠦᠢᠯᠡᠰ᠎ᠤᠨ ᠱᠢᠨ᠎ᠡ᠎ᠶ᠋ᠢ ᠡᠭᠦᠳᠦᠨ ᠬᠥᠭ᠌ᠵᠢᠬᠦ᠌ ᠱᠢᠨ᠎ᠡ ᠦᠷ᠎ᠡ ᠪᠦᠲᠦᠮᠵᠢ᠎ᠶ᠋ᠢ ᠱᠢᠭᠤᠳ ᠣᠢᠯᠠᠭᠠᠪᠠ᠃

 

 

  ᠳᠠᠷᠠᠭ᠎ᠠ᠎ᠨᠢ᠂ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠪᠠᠢᠭᠤᠯᠭ᠎ᠠ᠎ᠶ᠋ᠢᠨ ᠨᠠᠮ᠎ᠤᠨ ᠬᠤᠷᠢᠶᠠᠨ᠎ᠤ ᠲᠤᠰᠭᠠᠶ ᠲᠤᠱᠢᠶᠠᠯᠲᠤ ᠳᠡᠳ᠋ ᠱᠦᠵᠢ ᠼᠦᠢ ᠵᠢᠶᠠᠨ ᠨᠥᠬᠦᠷ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠱᠢᠨ᠎ᠡ᠎ᠪᠠᠷ ᠬᠥᠭ᠌ᠵᠢᠭ᠌ᠰᠡᠨ ᠬᠦᠷᠢᠶᠡᠨ᠎ᠳᠠᠬᠢ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠪᠠ ᠥᠪᠡᠷᠲᠡᠭᠡᠨ ᠵᠠᠰᠠᠬᠤ ᠣᠷᠣᠨ᠎ᠤ 《 ᠵᠢᠷᠭᠤᠭᠠᠨ ᠢᠨᠵᠧᠨᠧᠷᠢᠩ 》᠂ 《 ᠵᠢᠷᠭᠤᠭᠠᠨ  ᠠᠵᠢᠯᠯᠠᠭ᠋ᠠᠨ 》᠎ᠤ ᠠᠷᠭ᠎ᠠ ᠬᠡᠮᠵᠢᠶ᠎ᠡ᠎ᠶ᠋ᠢᠨ ᠦᠷ᠎ᠡ ᠪᠦᠲᠦᠮᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠲᠤ ᠠᠱᠢᠭ ᠬᠦᠷᠲᠡᠭᠡᠬᠦ᠌ ᠲᠠᠷᠢᠶᠠᠴᠢᠳ᠎ᠲᠤ ᠠᠱᠢᠭ ᠬᠦᠷᠲᠡᠭᠡᠬᠦ᠌ ᠡᠳ᠋᠎ᠤᠨ ᠵᠠᠰᠠᠭ᠎ᠤᠨ ᠨᠥᠬᠦᠪᠥᠷᠢ᠎ᠶ᠋ᠢᠨ ᠲᠥᠷᠥ᠎ᠶ᠋ᠢᠨ ᠪᠣᠳᠣᠯᠭ᠎ᠠ᠂ ᠱᠢᠨ᠎ᠡ᠎ᠪᠠᠷ ᠬᠥᠭ᠌ᠵᠢᠭ᠌ᠰᠡᠨ ᠬᠦᠷᠢᠶᠡᠨ᠎ᠳᠠᠬᠢ 《ᠬᠤᠶᠠᠷ᠎ᠢ ᠪᠦᠷᠬᠦᠭᠦᠯᠬᠦ᠌ 》 ᠠᠵᠢᠯ ᠵᠡᠷᠭᠡ ᠲᠠᠯ᠎ᠠ᠎ᠪᠠᠷ ᠤᠬᠠᠭᠤᠯᠤᠨ ᠲᠠᠢᠯᠪᠤᠷᠢᠯᠠᠪᠠ᠃ ᠡᠴᠦᠰ᠎ᠲᠤ᠌᠂ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠨᠢ ᠡᠯ᠎ᠡ ᠠᠵᠢᠯ ᠲᠥᠷᠥᠯ᠎ᠤᠨ ᠬᠤᠳᠠᠯᠳᠤᠭᠠᠴᠢᠳ᠎ᠤᠨ ᠨᠡᠢᠭᠡᠮᠯᠢᠭ᠎ᠤᠨ 《 ᠬᠤᠶᠠᠷ᠎ᠢ ᠪᠦᠷᠬᠦᠭᠦᠯᠬᠦ᠌ 》 ᠠᠵᠢᠯ᠎ᠤᠨ ᠪᠠᠢᠳᠠᠯ᠎ᠳᠤ ᠠᠰᠠᠭᠤᠯᠲᠠ᠎ᠶ᠋ᠢᠨ ᠬᠠᠭᠤᠳᠠᠰᠤ᠎ᠶ᠋ᠢᠨ ᠪᠠᠢᠴᠠᠭᠠᠨ ᠰᠤᠳᠤᠯᠤᠯᠲᠠ ᠬᠢᠵᠦ᠍᠂ ᠠᠵᠢᠯ ᠲᠥᠷᠥᠯ᠎ᠤᠨ ᠬᠤᠳᠠᠯᠳᠤᠭᠠᠴᠢᠳ᠎ᠤᠨ ᠨᠡᠢᠭᠡᠮᠯᠢᠭ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠠᠢᠳᠠᠯ᠎ᠢ ᠤᠢᠯᠠᠭᠠᠨ ᠡᠵᠡᠮᠱᠢᠵᠦ᠍᠂ ᠠᠵᠢᠯ ᠲᠥᠷᠥᠯ᠎ᠤᠨ ᠬᠤᠳᠠᠯᠳᠤᠭᠠᠴᠢᠳ᠎ᠤᠨ ᠨᠡᠢᠭᠡᠮᠯᠢᠭ᠎ᠤᠨ 《 ᠬᠤᠶᠠᠷ᠎ᠢ ᠪᠦᠷᠬᠦᠭᠦᠯᠬᠦ᠌ 》 ᠠᠵᠢᠯ᠎ᠤᠨ ᠲᠤᠬᠠᠶ ᠰᠠᠨᠠᠯ ᠰᠠᠨᠠᠭᠤᠯᠭ᠎ᠠ᠎ᠶ᠋ᠢ ᠰᠣᠨᠣᠰᠪᠠ᠃

 

 

  ᠬᠤᠷᠠᠯ᠎ᠳᠤ ᠣᠷᠣᠯᠴᠠᠭ᠍ᠰᠠᠳ᠂ ᠡᠨᠡ ᠤᠳᠠᠭᠠᠨ᠎ᠤ 《 ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠨ ᠤᠷᠤᠭ᠍ᠰᠢᠯᠠᠬᠤ 》ᠤᠯᠠᠨ ᠲᠦᠮᠡᠨ᠎ᠤ ᠬᠥᠮᠦᠵᠢᠯ᠎ᠤᠨ ᠠᠵᠢᠯᠯᠠᠭ᠎ᠠ᠎ᠳᠤ ᠮᠠᠰᠢ ᠶᠡᠭᠡ ᠣᠯᠤᠯᠲᠠ᠎ᠲᠠᠢ ᠪᠠᠢᠨ᠎ᠠ᠂ ᠳᠠᠷᠠᠭᠠᠴᠢ᠎ᠶ᠋ᠢᠨ ᠠᠯᠬᠤᠮ᠎ᠳᠤ ᠬᠦᠷᠢᠶᠡᠯᠡᠩ ᠲᠣᠭᠤᠷᠢᠭ᠎ᠤᠨ ᠠᠵᠤ ᠠᠬᠤᠢᠯᠠᠯ ᠪᠣᠯᠤᠨ ᠠᠵᠢᠯ ᠲᠦᠷᠦᠯ᠎ᠤᠨ ᠬᠤᠳᠠᠯᠳᠤᠭᠠᠴᠢᠳ᠎ᠤᠨ ᠨᠡᠢᠭᠡᠮᠯᠢᠭ᠎ᠤᠨ ᠬᠥᠭ᠌ᠵᠢᠯᠲᠡ᠎ᠶ᠋ᠢᠨ ᠱᠢᠨ᠎ᠡ ᠠᠷᠭ᠎ᠠ ᠵᠠᠮ᠎ᠢ ᠢᠳᠡᠪᠬᠢᠲᠡᠢ ᠰᠦᠪᠡᠭ᠌ᠴᠢᠯᠡᠵᠦ᠍᠂ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠲᠦᠷᠭᠡᠯᠡᠨ ᠪᠤᠢᠵᠢᠭᠤᠯᠵᠤ᠂ ᠨᠠᠮ᠎ᠤᠨ ᠤᠯᠤᠰ ᠲᠦᠷᠦ᠍᠎ᠶ᠋ᠢᠨ ᠳᠠᠪᠠᠭᠤᠯᠢᠭ᠂ ᠵᠣᠬᠢᠶᠠᠨ ᠪᠠᠢᠭᠤᠯᠤᠯᠲᠠ᠎ᠶ᠋ᠢᠨ ᠳᠠᠪᠠᠭᠤᠯᠢᠭ᠎ᠢ ᠬᠦᠷᠢᠶᠡᠯᠡᠩ ᠲᠣᠭᠤᠷᠢᠭ᠎ᠤᠨ ᠠᠵᠤ ᠠᠬᠤᠢᠯᠠᠯ ᠪᠠ ᠠᠵᠢᠯ ᠲᠦᠷᠦᠯ᠎ᠤᠨ ᠬᠤᠳᠠᠯᠳᠤᠭᠠᠴᠢᠳ᠎ᠤᠨ ᠨᠡᠢᠭᠡᠮᠯᠢᠭ᠎ᠤᠨ ᠬᠥᠭ᠌ᠵᠢᠯᠲᠡ᠎ᠶ᠋ᠢᠨ ᠬᠦᠴᠦᠷᠬᠡᠭ ᠶᠡᠭᠡ ᠬᠤᠪᠢᠰᠭᠠᠯ᠎ᠤᠨ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠬᠤ᠎ᠪᠠᠷ ᠴᠢᠷᠮᠠᠢᠨ᠎ᠠ ᠭᠡᠵᠦ᠍ ᠢᠯᠡᠳᠭᠡᠵᠡᠭᠡᠪᠡ᠃

ᠢᠷᠡᠯᠲᠡ᠄ ᠪᠠᠢᠭᠤᠯᠭ᠎ᠠ᠎ᠶ᠋ᠢᠨ ᠨᠠᠮ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
 
            