ᠪᠥᠬᠦ᠌ ᠨᠠᠮ᠎ᠢᠶᠠᠷ᠎ᠢᠶᠠᠨ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭᠠᠨ᠎ᠤ ᠰᠤᠷᠤᠯᠴᠠᠯᠭ᠎ᠠ ᠬᠥᠮᠦᠵᠢᠯ (ᠳᠣᠷᠣᠭ᠍ᠰᠢ 《ᠰᠤᠷᠤᠯᠴᠠᠯᠭ᠎ᠠ ᠬᠥᠮᠦᠵᠢᠯ》 ᠭᠡᠵᠦ᠍ ᠲᠣᠪᠴᠢᠯᠠᠨ᠎ᠠ) ᠢ ᠥᠷᠨᠢᠭᠦᠯᠦᠭ᠌ᠰᠡᠨ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ ᠨᠠᠮ᠎ᠤᠨ ᠲᠥᠪ ᠬᠤᠷᠢᠶ᠎ᠠ᠎ᠶ᠋ᠢᠨ ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠬᠤᠷᠢᠶ᠎ᠠ᠎ᠶ᠋ᠢᠨ ᠬᠤᠶᠠᠷ ᠱᠠᠲᠤᠨ᠎ᠤ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠲᠤᠰᠭᠠᠶ ᠠᠩᠭᠢ᠎ᠶ᠋ᠢᠨ ᠬᠦᠴᠦᠲᠡᠶ ᠵᠢᠯᠣᠭᠤᠳᠣᠯᠭ᠎ᠠ ᠳᠣᠤᠷ᠎ᠠ᠂ ᠳᠡᠭᠡᠳᠦ ᠬᠡᠮᠵᠢᠶᠡᠨ᠎ᠤ ᠤᠯᠤᠰ ᠲᠥᠷᠥ᠎ᠶ᠋ᠢᠨ ᠤᠬᠠᠮᠰᠠᠷ᠎ᠢᠶᠠᠷ ᠰᠤᠷᠲᠠᠯ᠎ᠤᠨ ᠪᠠᠢᠭᠤᠯᠤᠯᠲᠠ᠎ᠶ᠋ᠢ ᠬᠤᠳᠠᠯᠳᠤᠭᠠᠨ᠎ᠤ ᠶᠠᠪᠤᠳᠠᠯ᠎ᠤᠨ ᠬᠦᠷᠢᠶᠡᠨ᠎ᠳᠠᠬᠢ ᠭᠤᠤᠯ ᠠᠵᠢᠯ᠎ᠲᠠᠢ ᠨᠢᠭ᠍ᠲᠠ ᠤᠶᠠᠯᠳᠤᠭᠤᠯᠵᠤ᠂ 《ᠬᠤᠶᠠᠷ ᠶᠡᠭᠡ ᠶᠠᠪᠤᠳᠠᠯ》 ᠢ ᠰᠠᠢᠲᠤᠷ ᠬᠢᠬᠦ᠂ 《ᠵᠢᠷᠭᠤᠭᠠᠨ ᠢᠨᠵᠧᠨᠧᠷᠢᠩ》 ᠢ ᠦᠷᠭᠦᠯᠵᠢᠯᠡᠨ ᠬᠡᠷᠡᠭ᠌ᠵᠢᠭᠦᠯᠬᠦ᠂ 《ᠵᠢᠷᠭᠤᠭᠠᠨ ᠠᠵᠢᠯᠯᠠᠭ᠋ᠠᠨ》 ᠢ ᠥᠷᠨᠢᠭᠦᠯᠬᠦ᠌᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠰᠤᠷᠤᠯᠴᠠᠨ ᠪᠠᠢᠴᠠᠭᠠᠵᠤ ᠥᠭᠡᠷᠡᠴᠢᠯᠡᠬᠦ᠌᠎ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ᠂ ᠣᠨᠣᠯ᠎ᠤᠨ ᠰᠤᠷᠤᠯᠴᠠᠯᠭ᠎ᠠ᠎ᠶ᠋ᠢ ᠲᠠᠷᠢᠬᠢ ᠲᠣᠯᠣᠭᠠᠶ᠎ᠳᠤ ᠬᠠᠳᠠᠩᠱᠢᠭᠤᠯᠵᠤ᠂ ᠠᠰᠠᠭᠤᠳᠠᠯ᠎ᠢ ᠪᠠᠢᠴᠠᠭᠠᠨ ᠳᠡᠯᠭᠡᠵᠦ᠍ ᠬᠠᠲᠠᠭᠤ᠎ᠲᠠᠢ ᠬᠠᠯᠳᠠᠵᠤ᠂ ᠲᠥᠪᠯᠡᠷᠡᠭᠦᠯᠦᠨ ᠴᠡᠭ᠌ᠴᠡᠯᠡᠨ ᠵᠠᠰᠠᠭᠠᠳ ᠠᠮᠵᠢᠯᠲᠠ ᠣᠯᠵᠤ᠂ ᠬᠠᠲᠠᠭᠤ ᠴᠢᠩᠭ᠎ᠠ ᠰᠤᠷᠲᠠᠯ᠎ᠢᠶᠠᠷ ᠨᠠᠮ᠎ᠤᠨ ᠭᠡᠱᠢᠭᠦᠨ ᠺᠠᠳ᠋ᠷᠴᠤᠳ᠎ᠤᠨ ᠠᠵᠢᠯ ᠬᠢᠵᠦ᠍ ᠦᠢᠯᠡᠰ ᠴᠣᠭ᠍ᠴᠠᠯᠠᠬᠤ ᠬᠦᠴᠦᠷᠬᠡᠭ ᠶᠡᠭᠡ ᠨᠡᠢᠯᠡᠮᠡᠯ ᠬᠦᠴᠦᠨ᠎ᠢ ᠨᠢᠭ᠍ᠲᠠᠷᠠᠭᠤᠯᠤᠨ᠂ ᠪᠥᠬᠦ᠌ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠪᠡ᠃
ᠰᠤᠷᠤᠯᠴᠠᠯᠭ᠎ᠠ᠎ᠨᠢ ᠭᠦᠨ ᠪᠠᠢᠬᠤ᠂ ᠦᠨᠳᠦᠰᠦ ᠰᠠᠭᠤᠷᠢ᠎ᠪᠠᠨ ᠪᠠᠲᠤᠳᠭᠠᠬᠤ᠎ᠶ᠋ᠢ ᠪᠠᠷᠢᠮᠲᠠᠯᠠᠵᠤ᠂ ᠤᠯᠤᠰ ᠲᠦᠷᠦ᠍᠎ᠶ᠋ᠢᠨ 《ᠲᠥᠪᠯᠡᠩᠭᠦᠢ ᠬᠦᠴᠦᠨ》 ᠢ ᠳᠡᠭᠡᠭ᠌ᠰᠢᠯᠡᠭᠦᠯᠵᠦ᠍᠂ ᠪᠠᠷᠢᠮᠵᠢᠶ᠎ᠠ᠎ᠲᠠᠢ ᠬᠠᠷᠢᠴᠠᠭᠤᠯᠵᠤ ᠨᠢᠭᠡᠳᠭᠡᠬᠦ᠌ ᠳᠤᠮᠳᠠ ᠱᠢᠨ᠎ᠡ ᠪᠠᠢᠳᠠᠯ᠂ ᠱᠢᠨ᠎ᠡ ᠡᠭᠦᠷᠭᠡ᠎ᠶ᠋ᠢ ᠡᠵᠡᠮᠳᠡᠨ᠎ᠡ᠃ ᠦᠵᠡᠯ ᠰᠠᠨᠠᠭ᠎ᠠ ᠪᠣᠯ ᠦᠢᠯᠡ ᠠᠵᠢᠯᠯᠠᠭ᠎ᠠ᠎ᠶ᠋ᠢᠨ ᠤᠳᠤᠷᠢᠳᠤᠮᠵᠢ᠃ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠨᠠᠮ᠎ᠤᠨ ᠭᠡᠱᠢᠭᠦᠨ ᠤᠳᠤᠷᠢᠳᠭᠤ ᠺᠠᠳ᠋ᠷ᠎ᠤᠨ ᠵᠢᠱ᠌ᠢᠶ᠎ᠡ ᠦᠵᠡᠭᠦᠯᠵᠦ᠍ ᠬᠥᠲᠥᠯᠥᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠨᠠᠮ᠎ᠤᠨ ᠤᠳᠤᠷᠢᠳᠭᠤ ᠳᠤᠭᠤᠢᠯᠠᠩ᠎ᠤᠨ ᠤᠨᠤᠯ᠎ᠤᠨ ᠰᠤᠷᠤᠯᠴᠠᠯᠭ᠎ᠠ᠎ᠶ᠋ᠢᠨ ᠭᠤᠣᠯ ᠳᠤᠭᠤᠢᠯᠠᠩ᠎ᠤᠨ ᠲᠥᠪᠯᠡᠷᠡᠭᠦᠯᠦᠨ ᠰᠤᠷᠤᠯᠴᠠᠬᠤ᠂ ᠲᠤᠰᠭᠠᠢ ᠰᠡᠳᠦᠪᠲᠦ ᠨᠣᠮ ᠤᠩᠱᠢᠬᠤ ᠠᠩᠬᠢ᠎ᠶ᠋ᠢᠨ ᠱᠢᠰᠲ᠋ᠧᠮ᠎ᠲᠠᠢ ᠰᠤᠷᠤᠯᠴᠠᠬᠤ᠂ ᠬᠠᠪᠰᠤᠷᠤᠨ ᠵᠢᠯᠣᠭᠤᠳᠭᠤ ᠲᠠᠢᠯᠤᠮᠵᠢ᠎ᠶ᠋ᠢ ᠭᠦᠨᠵᠡᠭᠡᠢ ᠰᠤᠷᠤᠯᠴᠠᠬᠤ᠂ 《ᠭᠤᠷᠪᠠᠨ ᠬᠤᠷᠠᠯ ᠨᠢᠭᠡ ᠬᠢᠴᠢᠶᠡᠯ》 ᠢ ᠮᠥᠷᠳᠡᠨ ᠰᠤᠷᠤᠯᠴᠠᠬᠤ᠂ ᠠᠬᠤᠢ ᠲᠠᠯᠠᠪᠠᠢ᠎ᠶ᠋ᠢᠨ ᠵᠢᠭᠠᠨ ᠰᠤᠷᠭᠠᠯᠲᠠ᠎ᠶ᠋ᠢ ᠨᠡᠪᠴᠢᠭᠦᠯᠦᠨ ᠰᠤᠷᠤᠯᠴᠠᠬᠤ ᠵᠡᠷᠭᠡ ᠤᠯᠠᠨ ᠵᠦᠢᠯ᠎ᠤᠨ ᠠᠴᠢᠶᠠᠯᠠᠪᠤᠷᠢ᠎ᠪᠠᠷ ᠳᠠᠮᠵᠢᠭᠤᠯᠤᠨ᠂ ᠨᠠᠮ᠎ᠤᠨ ᠭᠡᠱᠢᠭᠦᠨ ᠺᠠᠳ᠋ᠷᠴᠤᠳ᠎ᠢ ᠬᠦᠳᠦᠯᠦᠨ ᠵᠢᠯᠣᠭᠤᠳᠴᠤ᠌ ᠪᠠᠢᠭᠠᠳ ᠶᠡᠷᠦᠩᠬᠡᠢ ᠱᠦᠵᠢ ᠰᠢ᠎ᠶ᠋ᠢᠨ ᠫᠢᠩ᠎ᠤᠨ ᠨᠠᠮ᠎ᠤᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠣᠢᠯᠠᠭᠠᠭᠤᠯᠵᠤ᠂ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠱᠢᠬᠢ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠭ᠍ᠰᠠᠨ ᠦᠷ᠎ᠡ ᠪᠦᠲᠦᠮᠵᠢ ᠪᠠ ᠲᠤᠷᠱᠢᠯᠭ᠎ᠠ᠎ᠶ᠋ᠢ ᠰᠠᠢᠲᠤᠷ ᠰᠤᠷᠤᠯᠴᠠᠭᠤᠯᠵᠤ᠂ ᠦᠨᠡᠨ ᠬᠦ᠌ ᠰᠤᠷᠤᠯᠴᠠᠵᠤ ᠦᠨᠡᠨ ᠬᠦ᠌ ᠣᠢᠯᠠᠭᠠᠵᠤ ᠦᠨᠡᠨ ᠬᠦ᠌ ᠢᠲᠡᠭᠡᠵᠦ᠍ ᠦᠨᠡᠨ ᠬᠦ᠌ ᠬᠡᠷᠡᠭ᠌ᠯᠡᠬᠦ᠌ ᠳᠤᠮᠳᠠ ᠲᠥᠪ᠎ᠤᠨ ᠨᠠᠢ᠍ᠮᠠᠨ ᠲᠣᠭ᠍ᠲᠠᠭᠠᠯ ᠵᠢᠴᠢ ᠬᠡᠷᠡᠭ᠌ᠵᠢᠭᠦᠯᠬᠦ᠌ ᠨᠠᠷᠢᠨ ᠲᠦᠷᠢᠮ᠎ᠤᠨ ᠵᠣᠷᠢᠭ ᠰᠠᠨᠠᠭ᠎ᠠ᠎ᠶ᠋ᠢ ᠰᠡᠳᠭᠢᠯ᠎ᠳᠡᠭᠡᠨ ᠱᠢᠩᠭᠡᠭᠡᠵᠦ᠍᠂ ᠦᠢᠯᠡ ᠠᠵᠢᠯᠯᠠᠭ᠎ᠠ᠎ᠳᠠᠭᠠᠨ ᠢᠯᠡᠷᠡᠭᠦᠯᠬᠦ᠌᠎ᠶ᠋ᠢ ᠠᠬᠢᠭᠤᠯᠵᠤ᠂ ᠰᠤᠷᠤᠯᠴᠠᠨ ᠦᠢᠯᠡᠳᠦᠯᠭᠡᠵᠢᠭᠦᠯᠬᠦ᠌ ᠳᠤᠮᠳᠠ 《ᠬᠤᠶᠠᠷ᠎ᠢ ᠲᠣᠭ᠍ᠲᠠᠭᠠᠬᠤ》 ᠶ᠋ᠢ ᠡᠷᠡᠰ ᠬᠦᠷᠢᠶᠡᠯᠡᠵᠦ᠍᠂ 《ᠬᠤᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠬᠡᠷᠡᠭ᠌ᠲᠡᠢ᠃ ᠵᠠᠯᠠᠭᠤ ᠺᠠᠳ᠋ᠷᠴᠤᠳ᠎ᠤᠨ ᠰᠤᠷᠤᠯᠴᠠᠯᠭ᠎ᠠ ᠬᠥᠮᠦᠵᠢᠯ᠎ᠢ ᠲᠤᠪᠤᠢᠮ᠎ᠠ ᠰᠠᠢᠲᠤᠷ ᠠᠳᠭᠤᠵᠤ᠂ ᠵᠠᠯᠠᠭᠤᠴᠤᠳ᠎ᠤᠨ ᠤᠨᠤᠯ᠎ᠤᠨ ᠰᠤᠷᠤᠯᠴᠠᠯᠭ᠎ᠠ᠎ᠶ᠋ᠢᠨ ᠳᠤᠭᠤᠢᠯᠠᠩ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠲᠤᠰᠭᠠᠢ ᠰᠡᠳᠦᠪᠲᠦ ᠨᠣᠮ ᠤᠩᠱᠢᠬᠤ ᠠᠩᠬᠢ᠎ᠶ᠋ᠢ ᠡᠷᠬᠢᠯᠡᠵᠦ᠍᠂ 《ᠳᠠᠭᠠᠭᠤᠯᠤᠨ ᠰᠤᠷᠤᠯᠴᠠᠬᠤ + ᠰᠤᠳᠤᠯᠤᠨ ᠶᠠᠷᠢᠯᠴᠠᠬᠤ + ᠰᠡᠳᠭᠢᠯ᠎ᠤᠨ ᠦᠭᠡ᠎ᠪᠠᠨ ᠶᠠᠷᠢᠯᠴᠠᠬᠤ》 ᠪᠠᠷ ᠳᠠᠮᠵᠢᠭᠤᠯᠵᠤ᠂ ᠵᠠᠯᠠᠭᠤ ᠺᠠᠳ᠋ᠷᠴᠤᠳ᠎ᠤᠨ ᠲᠥᠪ ᠭᠤᠣᠯᠴᠢ᠂ ᠮᠡᠳᠡᠬᠦᠢ ᠬᠢᠬᠦᠢ᠎ᠪᠠᠨ ᠨᠢᠭᠡᠳᠭᠡᠬᠦ᠌᠎ᠶ᠋ᠢ ᠬᠦᠳᠦᠯᠦᠨ ᠵᠢᠯᠣᠭᠤᠳᠴᠤ᠌᠂ ᠥᠭᠡᠷᠡᠴᠢᠯᠡᠯᠲᠡ ᠬᠥᠭ᠌ᠵᠢᠯᠲᠡ᠎ᠶ᠋ᠢᠨ ᠳᠤᠮᠳᠠ ᠵᠠᠯᠠᠭᠤ ᠨᠠᠰᠤ᠎ᠪᠠᠨ ᠬᠥᠭ᠌ᠵᠢᠭᠡᠵᠦ᠍᠂ ᠠᠮᠵᠢᠯᠲᠠ ᠪᠦᠲᠦᠮᠵᠢ᠎ᠶ᠋ᠢ ᠡᠭᠦᠳᠬᠦ᠌ ᠬᠡᠷᠡᠭ᠌ᠲᠡᠢ᠃ ᠰᠡᠷᠡᠮᠵᠢᠯᠡᠭᠦᠯᠬᠦ᠌ ᠬᠥᠮᠦᠵᠢᠯ᠎ᠢ ᠲᠤᠪᠤᠢᠮ᠎ᠠ ᠰᠠᠢᠲᠤᠷ ᠠᠳᠭᠤᠵᠤ᠂ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠪᠣᠯᠤᠨ ᠤᠳᠤᠷᠢᠳᠭᠤ ᠪᠠᠭ᠎ᠤᠨ ᠭᠡᠰᠢᠭᠦᠨ᠎ᠢᠶᠠᠷ ᠳᠠᠮᠵᠢᠭᠤᠯᠤᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠨᠠᠮ᠎ᠤᠨ ᠬᠢᠴᠢᠶᠡᠯ ᠣᠷᠣᠬᠤ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠲᠤᠬᠠᠢ ᠰᠠᠨᠠᠭᠤᠯᠬᠤ᠂ ᠰᠡᠷᠡᠮᠵᠢᠯᠡᠭᠦᠯᠬᠦ᠌ ᠬᠥᠮᠦᠵᠢᠯ᠎ᠤᠨ ᠹᠢᠯᠢᠮ᠎ᠢ ᠦᠵᠡᠬᠦ᠂ ᠠᠬᠤᠢ ᠲᠠᠯᠠᠪᠠᠢ᠎ᠳᠤ ᠲᠢᠩᠬᠢᠮ᠎ᠤᠨ ᠱᠢᠭᠦᠯᠲᠡ᠎ᠶ᠋ᠢ ᠲᠣᠭᠤᠷᠢᠨ ᠦᠵᠡᠬᠦ᠂ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠮᠡᠳᠡᠭ᠌ᠳᠡᠬᠦ᠌ ᠵᠡᠷᠭᠡ᠎ᠪᠠᠷ ᠰᠡᠷᠡᠮᠵᠢᠯᠡᠭᠦᠯᠬᠦ᠌ ᠬᠥᠮᠦᠵᠢᠯ᠎ᠤᠨ ᠬᠡᠯᠪᠡᠷᠢ᠎ᠶ᠋ᠢ ᠲᠠᠰᠤᠷᠠᠯᠳᠠ ᠦᠭᠡᠢ ᠪᠠᠶᠠᠯᠢᠭ᠍ᠵᠢᠭᠤᠯᠤᠨ ᠥᠷᠭᠡᠳᠭᠡᠵᠦ᠍᠂ ᠨᠠᠮ᠎ᠤᠨ ᠭᠡᠱᠢᠭᠦᠨ ᠺᠠᠳ᠋ᠷᠴᠤᠳ᠎ᠤᠨ 《ᠨᠢᠳᠦᠨ᠎ᠳᠤ ᠦᠵᠡᠭᠳᠡᠭᠰᠡᠨ ᠰᠤᠷᠭᠠᠮᠵᠢ》 ᠶ᠋ᠢ 《ᠰᠡᠳᠬᠢᠯ ᠵᠢᠷᠦᠬᠡᠨ᠎ᠳᠡᠭᠡᠨ ᠬᠠᠳᠠᠩᠰᠢᠭ᠍ᠰᠠᠨ ᠪᠢᠰᠢᠷᠡᠨ ᠵᠢᠷᠦᠬᠡᠰᠢᠶᠡᠬᠦ》 ᠪᠣᠯᠭᠠᠨ ᠬᠤᠪᠢᠷᠠᠭᠤᠯᠬᠤ᠎ᠶ᠋ᠢ ᠰᠡᠷᠡᠮᠵᠢᠯᠡᠭᠦᠯᠪᠡ᠃
ᠵᠢᠷᠤᠭ ᠄ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩ ᠬᠠᠮᠲᠤ᠎ᠶ᠋ᠢᠨ ᠰᠤᠷᠤᠯᠴᠠᠯᠭ᠎ᠠ ᠥᠷᠨᠢᠭᠦᠯᠪᠡ
ᠨᠠᠷᠢᠨ ᠪᠠᠢᠴᠠᠭᠠᠵᠤ᠂ ᠬᠢᠲᠤᠭ᠎ᠠ᠎ᠶ᠋ᠢᠨ ᠢᠷ᠎ᠢ ᠳᠣᠲᠣᠭ᠍ᠰᠢ᠎ᠪᠠᠨ ᠬᠠᠨᠳᠤᠭᠤᠯᠬᠤ᠎ᠶ᠋ᠢ ᠪᠠᠷᠢᠮᠲᠠᠯᠠᠵᠤ᠂ ᠢᠯᠵᠠᠷᠠᠯ᠎ᠢ ᠡᠰᠡᠷᠭᠦᠴᠡᠵᠦ᠍ ᠬᠤᠪᠢᠷᠠᠬᠤ᠎ᠶ᠋ᠢ ᠰᠡᠷᠭᠡᠢᠯᠡᠬᠦ᠌ 《ᠦᠯᠦ᠍ ᠬᠠᠯᠳᠠᠭᠠᠬᠤ ᠴᠢᠳᠠᠪᠤᠷᠢ》 ᠶ᠋ᠢ ᠴᠢᠩᠭᠠᠳᠭᠠᠵᠤ᠂ ᠦᠨᠡᠨ ᠪᠣᠳᠠᠲᠠᠢ ᠬᠠᠲᠠᠭᠤ᠎ᠲᠠᠢ ᠬᠠᠯᠳᠠᠬᠤ ᠳᠤᠮᠳᠠ ᠱᠢᠨ᠎ᠡ ᠲᠦᠷᠢ ᠲᠥᠷᠬᠦ᠂ ᠱᠢᠨ᠎ᠡ ᠳᠦᠷᠰᠦ ᠪᠠᠢᠳᠠᠯ᠎ᠢ ᠢᠯᠡᠷᠡᠭᠦᠯᠬᠦ᠌ ᠬᠡᠷᠡᠭ᠌ᠲᠡᠢ᠃ ᠠᠰᠠᠭᠤᠳᠠᠯ᠎ᠳᠤ ᠵᠥᠪ᠎ᠢᠶᠠᠷ ᠬᠠᠨᠳᠤᠪᠠᠯ ᠰᠠᠶᠢ ᠠᠰᠠᠭᠤᠳᠠᠯ᠎ᠢ ᠱᠢᠢᠳᠪᠦᠷᠢᠯᠡᠵᠦ᠍ ᠴᠢᠳᠠᠨ᠎ᠠ᠃ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠡᠭᠦᠳᠡ᠎ᠪᠠᠨ ᠨᠡᠭᠡᠭᠡᠵᠦ᠍ ᠰᠤᠷᠭᠠᠨ ᠬᠥᠮᠦᠵᠢᠯ ᠬᠢᠬᠦ᠌᠎ᠶ᠋ᠢ ᠪᠠᠷᠢᠮᠲᠠᠯᠠᠵᠤ᠂ ᠰᠦᠯᠵᠢᠶᠡᠨ ᠳᠡᠭᠡᠷ᠎ᠡ ᠠᠯᠪᠠᠨ ᠵᠠᠷ ᠨᠡᠢᠲᠡᠯᠡᠬᠦ᠂ ᠰᠠᠨᠠᠯ᠎ᠤᠨ ᠬᠠᠢᠷᠴᠠᠭ ᠭᠠᠷᠭᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠡᠯ᠎ᠡ ᠲᠠᠯ᠎ᠠ᠎ᠶ᠋ᠢᠨ ᠣᠯᠠᠨ ᠲᠦᠮᠡᠨ᠎ᠤ ᠰᠠᠨᠠᠯ ᠰᠠᠨᠠᠭᠤᠯᠭ᠎ᠠ᠎ᠶ᠋ᠢ ᠥᠷᠭᠡᠨ᠎ᠢᠶᠠᠷ ᠴᠤᠭ᠍ᠯᠠᠭᠤᠯᠵᠤ᠂ 《7 + 3》 ᠠᠷᠭ᠎ᠠ ᠮᠠᠶᠢᠭ ᠠᠷᠭ᠎ᠠ ᠵᠠᠮ᠎ᠢ ᠭᠦᠶ᠋ᠴᠡᠳ ᠬᠡᠷᠡᠭ᠌ᠯᠡᠨ᠂ ᠦᠨᠡᠨ᠎ᠠᠴᠠ ᠵᠥᠪ᠎ᠢ ᠡᠷᠢᠵᠦ᠍ ᠠᠰᠠᠭᠤᠳᠠᠯ᠎ᠢ ᠨᠠᠷᠢᠯᠢᠭ ᠣᠨᠣᠴᠠᠲᠠᠶ᠎ᠪᠠᠷ ᠪᠠᠢᠴᠠᠭᠠᠨ ᠳᠡᠯᠭᠡᠵᠦ᠍᠂ ᠠᠰᠠᠭᠤᠳᠠᠯ᠎ᠤᠨ ᠨᠠᠷᠢᠨ ᠲᠠᠩᠰᠠ᠎ᠶ᠋ᠢ ᠬᠥᠳᠡᠯᠦᠩᠭᠦᠶ᠎ᠪᠠᠷ ᠱᠢᠨᠡᠳᠭᠡᠵᠦ᠍᠂ ᠠᠰᠠᠭᠤᠳᠠᠯ᠎ᠢ ᠣᠨᠣᠪᠴᠢᠲᠠᠶ ᠡᠷᠢᠵᠦ᠍ ᠪᠣᠳᠠᠲᠠᠶ ᠡᠷᠢᠵᠦ᠍᠂ ᠦᠨᠳᠦᠰᠦ ᠰᠤᠷᠪᠤᠯᠵᠢ᠎ᠶ᠋ᠢ ᠭᠦᠨᠵᠡᠭᠡᠶ ᠡᠷᠢᠵᠦ᠍ ᠨᠡᠪᠲᠡᠷᠡᠲᠡᠯ᠎ᠡ ᠡᠷᠢᠵᠦ᠍᠂ ᠴᠡᠭ᠌ᠴᠡᠯᠡᠨ ᠰᠠᠢᠵᠢᠷᠠᠭᠤᠯᠬᠤ ᠬᠠᠷᠠᠯᠲᠠ᠎ᠲᠠᠢ᠎ᠪᠠᠷ ᠰᠤᠮᠤ ᠬᠠᠷᠪᠤᠬᠤ ᠬᠡᠷᠡᠭ᠌ᠲᠡᠶ᠃ ᠲᠢᠩᠬᠢᠮ᠎ᠤᠨ ᠤᠳᠤᠷᠢᠳᠭᠤ ᠪᠠᠭ᠎ᠤᠨ᠎ᠬᠢᠨ ᠪᠠᠢᠴᠠᠭᠠᠨ ᠢᠯᠡᠷᠡᠭᠦᠯᠦᠭ᠌ᠰᠡᠨ ᠠᠰᠠᠭᠤᠳᠠᠯ᠎ᠳᠤ ᠴᠢᠭ᠌ᠯᠡᠭᠦᠯᠦᠨ᠂ ᠨᠠᠷᠢᠨ ᠲᠠᠩᠰᠠᠴᠢᠯᠠᠭ᠍ᠰᠠᠨ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠲᠡᠭᠦᠨ᠎ᠤ ᠳᠣᠲᠣᠷᠠᠬᠢ ᠬᠤᠳᠠᠯᠳᠤᠭᠠᠨ᠎ᠤ ᠶᠠᠪᠤᠳᠠᠯ᠎ᠤᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠬᠠᠷᠱᠢᠯᠠᠵᠤ ᠪᠠᠢᠭ᠎ᠠ 4 ᠲᠣᠪᠤᠢᠮ᠎ᠠ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ ᠡᠬᠡ ᠲᠠᠩᠰᠠᠨ᠎ᠳᠤ ᠣᠷᠣᠭᠤᠯᠵᠤ᠂ 13 ᠵᠦᠶ᠋ᠯ᠎ᠤᠨ ᠪᠣᠳᠠᠲᠠᠶ᠎ᠶ᠋ᠢ ᠡᠷᠬᠢᠮᠯᠡᠬᠦ᠌ ᠠᠷᠭ᠎ᠠ ᠬᠡᠮᠵᠢᠶ᠎ᠡ ᠲᠣᠭ᠍ᠲᠠᠭᠠᠵᠤ᠂ ᠪᠠᠢᠴᠠᠭᠠᠬᠤ᠎ᠶ᠋ᠢᠨ ᠳᠠᠭᠠᠤ ᠰᠠᠢᠵᠢᠷᠠᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠦᠷᠭᠦᠯᠵᠢᠯᠡᠨ ᠠᠬᠢᠭᠤᠯᠵᠤ᠂ ᠴᠡᠭ᠌ᠴᠡᠯᠡᠨ ᠰᠠᠢᠵᠢᠷᠠᠭᠤᠯᠬᠤ ᠠᠬᠢᠴᠠ᠎ᠶ᠋ᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠵᠠᠷᠯᠠᠨ ᠮᠡᠳᠡᠭ᠌ᠳᠡᠵᠦ᠍᠂ ᠣᠯᠠᠨ ᠲᠦᠮᠡᠨ᠎ᠤ ᠬᠢᠨᠠᠯᠲᠠ᠎ᠶ᠋ᠢ ᠬᠦᠯᠢᠶᠡᠪᠡ᠃ ᠡᠭᠦᠨ᠎ᠤ ᠬᠠᠮᠲᠤ᠌᠂ ᠲᠢᠩᠬᠢᠮ᠎ᠤᠨ ᠤᠳᠤᠷᠢᠳᠭᠤ ᠪᠠᠭ᠎ᠤᠨ ᠭᠡᠰᠢᠭᠦᠨ᠂ ᠡᠯ᠎ᠡ ᠨᠠᠮ᠎ᠤᠨ ᠡᠭᠦᠷ᠂ ᠡᠩ᠎ᠤᠨ ᠨᠠᠮ᠎ᠤᠨ ᠭᠡᠱᠢᠭᠦᠨ ᠺᠠᠳ᠋ᠷ᠂ ᠵᠠᠯᠠᠭᠤ ᠺᠠᠳ᠋ᠷ ᠲᠣᠰ ᠲᠣᠰ ᠠᠰᠠᠭᠤᠳᠠᠯ᠎ᠤᠨ ᠨᠠᠷᠢᠨ ᠲᠠᠩᠰᠠ᠂ ᠦᠨᠳᠦᠰᠦᠨ ᠱᠠᠲᠤᠨ᠎ᠤ 《ᠳᠥᠷᠪᠡᠨ ᠰᠤᠷᠲᠠᠯ》 ᠤᠨ 10 ᠵᠦᠶ᠋ᠯ᠎ᠤᠨ ᠳᠠᠯᠳᠠ ᠬᠤᠪᠢᠷᠠᠯᠲᠠ᠎ᠶ᠋ᠢᠨ ᠢᠯᠡᠷᠡᠯ ᠵᠡᠷᠭᠡ᠎ᠲᠠᠢ ᠬᠠᠷᠢᠴᠠᠭᠤᠯᠤᠨ 《ᠱᠢᠭ᠌ᠰᠢᠨ ᠪᠠᠢᠴᠠᠭᠠᠬᠤ ᠮᠠᠶᠢᠭ᠎ᠤᠨ ᠰᠤᠷᠲᠠᠯ᠎ᠤᠨ ᠪᠡᠶ᠎ᠡ᠎ᠶ᠋ᠢᠨ ᠪᠠᠢᠴᠠᠭᠠᠯᠲᠠ》 ᠬᠢᠵᠦ᠍᠂ 《ᠲᠣᠮᠣᠷᠠᠭᠤᠯᠤᠭ᠍ᠴᠢ ᠲᠣᠯᠢ》 ᠪᠠᠷ 《ᠵᠢᠵᠢᠭ ᠭᠡᠮ》 ᠢ ᠡᠷᠢᠵᠦ᠍᠂ 《 ᠪᠠᠭ᠎ᠠ ᠠᠯᠳᠠᠰᠢ 》᠎ᠠᠴᠠ ᠶᠡᠬᠡ ᠠᠰᠠᠭᠤᠳᠠᠯ ᠪᠣᠯᠵᠤ ᠬᠤᠪᠢᠷᠠᠬᠤ᠎ᠶᠢ ᠰᠡᠷᠭᠡᠢᠯᠡᠵᠦ᠂ ᠨᠠᠮ᠎ᠤᠨ ᠡᠭᠦᠷ ᠪᠠ ᠬᠤᠪᠢ ᠬᠥᠮᠦᠨ᠎ᠤ ᠠᠰᠠᠭᠤᠳᠠᠯ᠎ᠢ ᠬᠥᠳᠡᠯᠦᠩᠭᠦᠶ᠎ᠪᠠᠷ 323 ᠵᠤᠷᠪᠤᠰ ᠪᠠᠢᠴᠠᠭᠠᠨ ᠳᠡᠯᠭᠡᠵᠦ᠍᠂ ᠪᠡᠶᠡᠴᠢ ᠲᠠᠯ᠎ᠠ᠎ᠠᠴᠠ ᠱᠢᠯᠲᠠᠭᠠᠨ᠎ᠢ ᠡᠷᠢᠬᠦ᠂ ᠦᠵᠡᠯ ᠰᠠᠨᠠᠭᠠᠨ᠎ᠤ ᠭᠦᠨ᠎ᠠᠴᠠ ᠦᠨᠳᠦᠰᠦ ᠰᠤᠷᠪᠤᠯᠵᠢ᠎ᠶ᠋ᠢ ᠮᠠᠯᠲᠠᠬᠤ᠎ᠶ᠋ᠢ ᠴᠢᠬᠤᠯᠠᠴᠢᠯᠠᠵᠤ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠨᠠᠷᠢᠯᠢᠭ᠍ᠵᠢᠭᠤᠯᠵᠤ᠂ ᠳᠠᠷᠤᠶ ᠲᠦᠷᠭᠡᠨ ᠮᠡᠳᠡᠵᠦ᠍ ᠪᠠᠷᠢᠨ ᠰᠠᠢᠵᠢᠷᠠᠭᠤᠯᠵᠤ᠂ ᠠᠰᠠᠭᠤᠳᠠᠯ᠎ᠢ ᠡᠷᠲᠡ ᠢᠯᠡᠷᠡᠭᠦᠯᠵᠦ᠍᠂ ᠡᠷᠲᠡ ᠵᠠᠯᠠᠷᠠᠭᠤᠯᠵᠤ᠂ ᠰᠤᠷᠲᠠᠯ᠎ᠢ ᠦᠨᠡᠨ ᠬᠦ᠌ ᠬᠤᠪᠢᠷᠠᠭᠤᠯᠵᠤ᠂ ᠱᠢᠨ᠎ᠡ ᠰᠤᠷᠲᠠᠯ᠎ᠢ ᠪᠣᠶ ᠪᠣᠯᠭᠠᠬᠤ᠎ᠶ᠋ᠢ ᠦᠨᠡᠨ ᠬᠦ᠌ ᠪᠠᠲᠤᠯᠠᠪᠠ᠃
ᠪᠣᠳᠠᠲᠠᠢ᠎ᠳᠤ ᠥᠭᠡᠷᠡᠴᠢᠯᠡᠬᠦ᠂ ᠲᠦᠷᠢᠮ ᠲᠣᠭ᠍ᠲᠠᠭᠠᠯ ᠲᠣᠭ᠍ᠲᠠᠭᠠᠬᠤ᠎ᠶ᠋ᠢ ᠪᠠᠷᠢᠮᠲᠠᠯᠠᠵᠤ᠂ ᠠᠵᠢᠯ ᠬᠢᠵᠦ᠍ ᠦᠢᠯᠡᠰ ᠪᠤᠰᠭᠠᠬᠤ 《ᠲᠠᠢᠴᠢᠨ ᠬᠦᠴᠦᠨ》 ᠢ ᠳᠡᠭᠡᠭ᠌ᠰᠢᠯᠡᠭᠦᠯᠵᠦ᠍᠂ ᠶᠡᠭᠡ ᠲᠠᠯ᠎ᠠ᠎ᠳᠤ ᠦᠢᠯᠡᠴᠢᠯᠡᠬᠦ᠌ ᠳᠤᠮᠳᠠ ᠱᠢᠨ᠎ᠡ ᠡᠭᠦᠷᠭᠡᠯᠡᠯ᠂ ᠱᠢᠨ᠎ᠡ ᠵᠢᠳᠬᠦᠯ ᠴᠢᠷᠮᠠᠢᠯᠭ᠎ᠠ᠎ᠶ᠋ᠢ ᠢᠯᠡᠷᠡᠭᠦᠯᠬᠦ᠌ ᠬᠡᠷᠡᠭ᠌ᠲᠡᠢ᠃ ᠣᠪᠣᠷ ᠰᠤᠷᠲᠠᠯ᠎ᠤᠨ ᠬᠤᠪᠢᠷᠠᠯᠲᠠ᠎ᠨᠢ ᠬᠤᠳᠠᠯᠳᠤᠭᠠᠨ᠎ᠤ ᠶᠠᠪᠤᠳᠠᠯ᠎ᠤᠨ ᠠᠵᠢᠯ᠎ᠤᠨ ᠬᠥᠭ᠌ᠵᠢᠯᠲᠡ᠎ᠶ᠋ᠢ ᠬᠥᠲᠥᠯᠥᠨ ᠳᠠᠭᠠᠭᠤᠯᠤᠨ᠎ᠠ᠃ ᠰᠤᠷᠤᠯᠴᠠᠯᠭ᠎ᠠ ᠬᠥᠮᠦᠵᠢᠯ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠦᠩᠭᠡᠨ ᠲᠠᠯ᠎ᠠ ᠪᠠ ᠦᠨᠳᠦᠰᠦᠨ᠎ᠠᠴᠠ᠎ᠨᠢ ᠵᠠᠰᠠᠬᠤ᠎ᠶ᠋ᠢ ᠪᠠᠷᠢᠮᠲᠠᠯᠠᠵᠤ᠂ ᠲᠤᠪᠤᠢᠮ᠎ᠠ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ ᠮᠥᠷᠲᠡᠭᠡᠨ ᠪᠠᠰᠠ ᠲᠠᠬᠢᠨ ᠡᠭᠦᠰᠭᠦ᠎ᠶ᠋ᠢ ᠴᠢᠩᠭ᠎ᠠ ᠰᠡᠷᠭᠡᠢᠯᠡᠬᠦ᠌ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠲᠦᠷᠢᠮ ᠲᠣᠭ᠍ᠲᠠᠭᠠᠯ ᠲᠣᠭ᠍ᠲᠠᠭᠠᠵᠤ᠂ ᠠᠯᠪᠠᠨ ᠪᠢᠴᠢᠭ ᠵᠣᠬᠢᠶᠠᠵᠤ ᠲᠠᠷᠬᠠᠭᠠᠬᠤ ᠬᠠᠮᠢᠶ᠎ᠠ ᠪᠦᠬᠦᠢ ᠲᠦᠷᠢᠮ᠎ᠤᠨ ᠠᠷᠭ᠎ᠠ ᠬᠡᠮᠵᠢᠶ᠎ᠡ 1 ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠍᠂ ᠲᠣᠭ᠍ᠲᠠᠭᠠᠯ᠎ᠠᠴᠠ ᠵᠥᠷᠢᠴᠡᠨ ᠢᠳᠡᠵᠦ᠍ ᠤᠤᠭᠤᠬᠤ᠂ ᠬᠤᠷᠠᠯ᠎ᠤᠨ ᠠᠵᠢᠯᠯᠠᠭ᠎ᠠ᠎ᠶ᠋ᠢᠨ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠵᠡᠷᠭᠡ ᠠᠷᠭ᠎ᠠ ᠬᠡᠮᠵᠢᠶ᠎ᠡ 2 ᠪᠢᠴᠢᠭ ᠮᠠᠲ᠋ᠧᠷᠢᠶᠠᠯ᠎ᠢ ᠱᠢᠨ᠎ᠡ᠎ᠪᠠᠷ ᠪᠠᠢᠭᠤᠯᠵᠤ᠂ ᠲᠦᠷᠢᠮ᠎ᠤᠨ ᠳᠤᠲᠠᠭᠤᠳᠠᠯ᠎ᠢ ᠨᠥᠬᠦᠪᠥᠷᠢᠯᠡᠵᠦ᠍᠂ ᠡᠷᠬᠡ᠎ᠶ᠋ᠢᠨ ᠠᠵᠢᠯᠯᠠᠭ᠎ᠠ᠎ᠨᠢ ᠤᠯᠠᠮ ᠨᠢᠭᠡ ᠠᠯᠬᠤᠮ ᠵᠢᠷᠤᠮᠵᠢᠭᠤᠯᠪᠠ᠃ ᠡᠨᠡ ᠵᠢᠯ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠠᠵᠢᠯ᠎ᠤᠨ ᠰᠤᠷᠲᠠᠯ᠎ᠢᠶᠠᠨ ᠬᠤᠪᠢᠷᠠᠭᠤᠯᠬᠤ ᠬᠢᠭᠡᠳ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠬᠤᠯᠤᠭᠠ ᠤᠶᠠᠯᠳᠤᠭᠤᠯᠵᠤ᠂ ᠡᠯ᠎ᠡ ᠭᠠᠵᠠᠷ ᠠᠯᠪᠠᠨ ᠭᠡᠷ ( ᠨᠢᠭᠡᠴᠢ )᠎ᠦᠨ ᠠᠵᠢᠯ᠎ᠤᠨ ᠪᠣᠳᠠᠲᠤ ᠠᠮᠵᠢᠯᠲᠠ᠎ᠶᠢ ᠲᠣᠭᠲᠠᠮᠠᠯ ᠬᠤᠭᠤᠴᠠᠭ᠎ᠠ᠎ᠲᠠᠢ ᠪᠠᠷ ᠭᠡᠷᠡᠯᠲᠦᠭᠦᠯᠬᠦ᠂ ᠡᠭᠡᠭᠡᠬᠦ᠂ ᠠᠳᠠᠯᠢᠳᠬᠠᠵᠦ᠂ ᠡᠯ᠎ᠡ ᠭᠠᠵᠠᠷ ᠠᠯᠪᠠᠨ ᠲᠠᠰᠤᠭ (ᠨᠢᠭᠡᠴᠢ) ᠤᠨ ᠠᠵᠢᠯ᠎ᠤᠨ ᠪᠣᠳᠠᠲᠤ ᠠᠮᠵᠢᠯᠲᠠ᠎ᠶ᠋ᠢ ᠱᠢᠯᠭᠠᠨ ᠬᠢᠨᠠᠬᠤ᠎ᠶ᠋ᠢᠨ 《ᠳᠣᠬᠢᠭᠤᠷ》 ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠱᠢᠯᠢᠳᠡᠭ ᠭᠠᠵᠠᠷ ᠠᠯᠪᠠᠨ ᠲᠠᠰᠤᠭ᠂ ᠱᠢᠯᠢᠳᠡᠭ ᠵᠡᠷᠭᠡ ᠳᠡᠰ᠎ᠦᠨ ᠠᠯᠪᠠᠲᠠᠨ᠎ᠢ ᠱᠢᠯᠭᠠᠨ ᠲᠣᠭ᠍ᠲᠠᠭᠠᠬᠤ᠂ 《ᠦᠰᠦᠭ ᠪᠢᠴᠢᠭ᠎ᠤᠨ ᠭᠤᠣᠯ ᠠᠵᠢᠯᠲᠠᠨ᠎ᠤ ᠬᠥᠮᠥᠷᠭᠡ》 ᠶ᠋ᠢ ᠪᠠᠢᠭᠤᠯᠬᠤ᠂ 《ᠳᠥᠷᠪᠡᠨ ᠰᠠᠢᠨ ᠨᠠᠮ᠎ᠤᠨ ᠭᠡᠱᠢᠭᠦᠨ》᠂ ᠪᠠᠲᠤ ᠪᠠᠬᠢᠯᠡᠯᠲᠡ᠎ᠲᠠᠢ ᠨᠠᠮ᠎ᠤᠨ ᠡᠭᠦᠷ᠎ᠢ ᠱᠢᠯᠭᠠᠷᠠᠭᠤᠯᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠲᠡᠷᠢᠭᠦᠨ᠎ᠤ ᠨᠡᠢᠲᠡᠯᠢᠭ ᠵᠢᠱ᠌ᠢᠶ᠎ᠡ᠎ᠶ᠋ᠢ ᠰᠣᠩᠭᠤᠨ ᠪᠣᠶ ᠪᠣᠯᠭᠠᠬᠤ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠵᠥᠪ ᠣᠨᠣᠪᠴᠢᠲᠠᠶ ᠬᠥᠮᠦᠨ ᠰᠣᠩᠭᠤᠵᠤ ᠬᠥᠮᠦᠨ ᠬᠡᠷᠡᠭ᠌ᠯᠡᠬᠦ᠌ ᠤᠳᠤᠷᠢᠳᠤᠮᠵᠢ᠎ᠪᠠᠷ ᠠᠵᠢᠯ ᠬᠢᠵᠦ᠍ ᠦᠢᠯᠡᠰ ᠴᠣᠭ᠍ᠴᠠᠯᠠᠬᠤ ᠤᠳᠤᠷᠢᠳᠤᠮᠵᠢ᠎ᠶ᠋ᠢ ᠬᠥᠲᠥᠯᠥᠨ ᠳᠠᠭᠠᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠪᠠ᠃ ᠪᠦᠬᠦ᠌ ᠲᠢᠩᠬᠢᠮ᠎ᠤᠨ ᠨᠠᠮ᠎ᠤᠨ ᠭᠡᠱᠢᠭᠦᠨ ᠺᠠᠳ᠋ᠷ ᠰᠠᠨᠠᠭᠠᠴᠢᠯᠠᠭ᠎ᠠ᠎ᠠᠴᠠ᠎ᠪᠠᠨ ᠵᠢᠳᠬᠦᠯ ᠴᠢᠷᠮᠠᠢᠯᠭ᠎ᠠ ᠭᠠᠷᠭᠠᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠥᠭᠡᠷᠡᠴᠢᠯᠡᠯᠲᠡ᠎ᠶ᠋ᠢ ᠠᠳᠭᠤᠬᠤ᠂ ᠨᠡᠬᠡᠬᠡᠯᠳᠡ᠎ᠶ᠋ᠢ ᠠᠬᠢᠭᠤᠯᠬᠤ᠂ ᠬᠡᠷᠡᠭ᠌ᠯᠡᠭᠡ᠎ᠶ᠋ᠢ ᠥᠷᠭᠡᠳᠭᠡᠬᠦ᠂ ᠬᠤᠳᠠᠯᠳᠤᠭ᠋ᠠᠴᠢᠨ ᠤᠷᠢᠬᠤ᠎ᠶ᠋ᠢ ᠡᠷᠢᠯᠬᠢᠯᠡᠬᠦ᠂ ᠭᠠᠳᠠᠭᠠᠳᠤ ᠠᠷᠠᠯᠵᠢᠶ᠎ᠠ᠎ᠶ᠋ᠢ ᠲᠣᠭ᠍ᠲᠠᠪᠤᠷᠢᠵᠢᠭᠤᠯᠬᠤ᠂ ᠭᠠᠳᠠᠭᠠᠳᠤ ᠪᠡᠯᠡ᠎ᠶ᠋ᠢ ᠥᠷᠭᠡᠳᠭᠡᠬᠦ᠂ ᠭᠠᠳᠠᠭᠠᠳᠤ ᠠᠷᠠᠯᠵᠢᠶ᠎ᠠ᠎ᠶ᠋ᠢ ᠥᠷᠭᠡᠳᠭᠡᠬᠦ᠂ ᠬᠢᠯᠢ᠎ᠶ᠋ᠢᠨ ᠪᠣᠭᠤᠮᠲᠠ᠎ᠶ᠋ᠢ ᠬᠦᠴᠦᠷᠬᠡᠭ᠌ᠵᠢᠭᠦᠯᠬᠦ᠌ ᠵᠡᠷᠭᠡ ᠡᠯ᠎ᠡ ᠬᠦᠷᠢᠶᠡᠨ᠎ᠳᠤ ᠠᠰᠠᠭᠤᠳᠠᠯ᠎ᠢ ᠱᠢᠢᠳᠪᠦᠷᠢᠯᠡᠬᠦ᠂ ᠬᠥᠭ᠌ᠵᠢᠯᠲᠡ᠎ᠶ᠋ᠢ ᠠᠬᠢᠭᠤᠯᠬᠤ ᠱᠢᠨ᠎ᠡ ᠰᠡᠳᠭᠢᠴᠡ ᠱᠢᠨ᠎ᠡ ᠠᠷᠭ᠎ᠠ᠎ᠶ᠋ᠢ ᠲᠠᠰᠤᠷᠠᠯᠳᠠ ᠦᠭᠡᠢ ᠳᠤᠷᠠᠳᠴᠤ᠌᠂ ᠬᠠᠲᠠᠭᠤ ᠰᠤᠷᠲᠠᠯ᠎ᠢᠶᠠᠷ ᠱᠢᠨ᠎ᠡ ᠳᠦᠷᠰᠦ ᠪᠠᠢᠳᠠᠯ᠎ᠢ ᠢᠯᠡᠷᠡᠭᠦᠯᠵᠦ᠍᠂ ᠰᠤᠷᠤᠯᠴᠠᠯᠭ᠎ᠠ ᠬᠥᠮᠦᠵᠢᠯ᠎ᠤᠨ ᠴᠡᠭ᠌ᠴᠡᠯᠡᠨ ᠰᠠᠢᠵᠢᠷᠠᠭᠤᠯᠤᠭ᠍ᠰᠠᠨ ᠦᠷ᠎ᠡ ᠪᠦᠲᠦᠮᠵᠢ᠎ᠶ᠋ᠢ ᠶᠠᠭ ᠠᠯᠬᠤᠮ ᠠᠯᠬᠤᠮ᠎ᠢᠶᠠᠷ ᠠᠵᠤ ᠠᠬᠤᠢᠯᠠᠯ᠂ ᠤᠯᠠᠨ ᠲᠦᠮᠡᠨ᠎ᠤ ᠮᠡᠳᠡᠷᠡᠵᠦ᠍ ᠪᠣᠯᠬᠤ᠂ ᠱᠢᠯᠭᠠᠵᠤ ᠳᠡᠢᠯᠬᠦ᠂ ᠬᠠᠢᠷ᠎ᠠ ᠰᠡᠳᠭᠢᠯᠭᠡ᠎ᠲᠠᠢ ᠪᠣᠳᠠᠲᠠᠢ ᠦᠷ᠎ᠡ ᠪᠦᠲᠦᠭᠡᠯ ᠪᠣᠯᠭᠠᠨ ᠬᠤᠪᠢᠷᠠᠭᠤᠯᠵᠤ ᠪᠠᠢᠨ᠎ᠠ᠃ 1-6 ᠳ᠋ᠤᠭ᠋ᠠᠷ ᠰᠠᠷ᠎ᠠ᠎ᠳᠤ᠂ ᠪᠥᠬᠦ᠌ ᠣᠷᠣᠨ᠎ᠤ ᠨᠡᠢᠭᠡᠮ᠎ᠤᠨ ᠬᠡᠷᠡᠭ᠌ᠯᠡᠭᠡᠨ᠎ᠤ ᠵᠦᠶ᠋ᠯ 2508.1 ᠳ᠋ᠦᠩᠱᠢᠭᠤᠷ ᠲᠥᠭᠦᠷᠢᠭ᠎ᠲᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ 7.7% ᠪᠠᠷ ᠨᠡᠮᠡᠭ᠌ᠳᠡᠨ᠂ ᠪᠥᠬᠦ᠌ ᠤᠯᠤᠰ᠎ᠤᠨ 2.7 ᠵᠠᠭᠤᠨ᠎ᠤ ᠨᠢᠭᠡᠴᠢ᠎ᠠᠴᠠ ᠥᠨᠳᠥᠷ ᠪᠣᠯᠪᠠ; ᠪᠥᠬᠦ᠌ ᠣᠷᠣᠨ᠎ᠤ ᠭᠠᠳᠠᠭᠠᠳᠤ ᠠᠷᠠᠯᠵᠢᠶᠠᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠶᠡᠷᠦᠩᠬᠡᠶ ᠥᠷᠲᠡᠭ 1012.5 ᠳ᠋ᠦᠩᠱᠢᠭᠤᠷ ᠲᠥᠭᠦᠷᠢᠭ᠎ᠲᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ 0.4% ᠪᠠᠷ ᠨᠡᠮᠡᠭ᠌ᠳᠡᠪᠡ; ᠭᠠᠳᠠᠭᠠᠳᠤ ᠭᠠᠷᠭᠠᠯᠲᠠ᠎ᠶ᠋ᠢᠨ ᠭᠠᠷ ᠳᠠᠮᠵᠢᠭ᠍ᠰᠠᠨ ᠲᠡᠷᠭᠡ 5892 ᠰᠠᠥᠷᠢ ᠪᠠᠢᠵᠤ᠂ ᠠᠳᠠᠯᠢ ᠬᠤᠭᠤᠴᠠᠭᠠᠨ᠎ᠤ᠎ᠬᠢ᠎ᠠᠴᠠ 65.7% ᠪᠠᠷ ᠨᠡᠮᠡᠭ᠌ᠳᠡᠪᠡ; ᠪᠣᠭᠤᠮᠲᠠ᠎ᠶ᠋ᠢᠨ ᠬᠢᠯᠢ᠎ᠪᠠᠷ ᠣᠷᠣᠵᠤ ᠭᠠᠷᠬᠤ ᠪᠠᠷᠠᠭ᠎ᠠ ᠲᠡᠭᠡᠭᠡᠪᠦᠷᠢ᠎ᠶ᠋ᠢᠨ ᠬᠡᠮᠵᠢᠶ᠎ᠡ 6325.2 ᠲᠦᠮᠡᠨ ᠲᠣᠨ᠎ᠳᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ 8.4% ᠪᠠᠷ ᠨᠡᠮᠡᠭ᠌ᠳᠡᠪᠡ᠃
ᠰᠤᠷᠲᠠᠯ ᠴᠢᠩᠭ᠎ᠠ ᠪᠣᠯ ᠠᠵᠢᠯ ᠦᠢᠯᠡᠰ ᠬᠥᠭ᠌ᠵᠢᠨ᠎ᠡ᠃ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠨᠢ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠦᠷᠭᠦᠯᠵᠢᠯᠡᠨ ᠠᠬᠢᠭᠤᠯᠵᠤ᠂ ᠰᠤᠷᠲᠠᠯ᠎ᠤᠨ ᠪᠠᠢᠭᠤᠯᠤᠯᠲᠠ᠎ᠶ᠋ᠢᠨ ᠪᠠᠢᠩᠭᠤᠵᠢᠭ᠍ᠰᠠᠨ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠮᠣᠩᠭᠤᠯ ᠮᠣᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠴᠤᠭ ᠪᠠᠳᠠᠷᠠᠩᠭᠤᠶ ᠡᠷᠡᠯᠬᠡᠭ᠌ᠯᠡᠨ ᠤᠷᠤᠭ᠍ᠰᠢᠯᠠᠬᠤ ᠣᠶᠤᠨ ᠰᠠᠨᠠᠭᠠᠨ᠎ᠤ ᠳᠦᠷᠰᠦ ᠪᠠᠢᠳᠠᠯ ᠪᠠ ᠪᠣᠳᠠᠲᠠᠶ᠎ᠶ᠋ᠢ ᠡᠷᠬᠢᠮᠯᠡᠬᠦ᠌ ᠠᠵᠢᠯ᠎ᠤᠨ ᠰᠤᠷᠲᠠᠯ᠎ᠢᠶᠠᠷ ᠪᠥᠬᠦ᠌ ᠣᠷᠣᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠦᠢᠯᠡᠴᠢᠯᠡᠨ ᠪᠠᠲᠤᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠥᠪᠥᠷ ᠮᠣᠩᠭᠤᠯ᠎ᠤᠨ ᠱᠢᠨ᠎ᠡ ᠬᠠᠭᠤᠳᠠᠰᠤ᠎ᠶ᠋ᠢ ᠠᠬᠢᠭᠤᠯᠬᠤ᠎ᠳᠤ ᠨᠠᠩ ᠣᠯᠠᠨ ᠬᠤᠳᠠᠯᠳᠤᠭᠠᠨ᠎ᠤ ᠶᠠᠪᠤᠳᠠᠯ᠎ᠤᠨ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠷᠬᠡᠢᠯᠡᠪᠡ᠃