ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠨᠠᠮ᠎ᠤᠨ ᠠᠵᠢᠯ᠎ᠢ ᠢᠯᠡ ᠪᠣᠯᠭᠠᠬᠤ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠯᠦᠸᠧ ᠴᠢᠩ ᠴᠡᠭ ᠲᠤᠭᠲᠠᠭ᠋ᠠᠭᠰᠠᠨ ᠬᠠᠪᠰᠤᠷᠤᠨ ᠲᠡᠳᠬᠦᠬᠦ᠌ ᠭᠠᠴᠠᠭ᠎ᠠ᠎ᠳᠤ ᠭᠦᠨᠵᠡᠭᠡᠢᠷᠡᠨ ᠡᠷᠬᠢᠨ ᠦᠵᠡᠵᠦ᠍ ᠲᠣᠬᠤᠨᠢᠭᠤᠯᠬᠤ ᠪᠠᠢᠴᠠᠭᠠᠨ ᠰᠤᠳᠤᠯᠤᠯᠲᠠ ᠬᠢᠪᠠ
ᠨᠡᠶ᠋ᠢᠲᠡᠯᠡᠭᠰᠡᠨ ᠴᠠᠭ᠄ 2025-12-10

  2025 ᠣᠨ᠎ᠤ 12 ᠳ᠋ᠤᠭ᠋ᠠᠷ ᠰᠠᠷ᠎ᠠ᠎ᠶ᠋ᠢᠨ 9 ᠎ᠤ ᠡᠳᠦᠷ᠎ᠠᠴᠠ 10 ᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠯᠦᠸᠧ ᠴᠢᠩ ᠳᠠᠭᠠᠭᠠᠴᠢᠯᠠᠨ ᠬᠣᠯᠪᠤᠬᠤ ᠬᠢᠩᠭᠠᠨ ᠠᠢᠮᠠᠭ᠎ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠤ ᠡᠮᠲᠦ᠍᠎ᠶ᠋ᠢᠨ ᠭᠤᠣᠯ ᠰᠤᠮᠤᠨ᠎ᠤ ᠱᠢᠩ ᠯᠦᠩ ᠲᠦᠨ ᠭᠠᠴᠠᠭ᠎ᠠ ᠪᠣᠯᠣᠨ ᠲᠦᠯᠢᠶᠡᠮᠤᠳᠤ ᠭᠠᠴᠠᠭ᠎ᠠ᠎ᠳᠤ ᠬᠦᠷᠴᠦ᠍ ᠬᠦᠴᠢᠷᠳᠡᠯᠲᠡᠢ ᠣᠯᠠᠨ ᠲᠦᠮᠡᠨ᠎ᠢ ᠲᠣᠬᠤᠨᠢᠭᠤᠯᠵᠤ᠂ ᠴᠡᠭ ᠲᠤᠭᠲᠠᠭ᠋ᠠᠭᠰᠠᠨ ᠬᠠᠪᠰᠤᠷᠤᠨ ᠲᠡᠳᠬᠦᠬᠦ᠌ ᠠᠵᠢᠯ᠎ᠢ ᠲᠤᠬᠠᠢ᠎ᠶ᠋ᠢᠨ ᠭᠠᠵᠠᠷ᠎ᠲᠤᠨᠢ ᠠᠬᠢᠭᠤᠯᠬᠤ᠎ᠶ᠋ᠢᠨ ᠬᠠᠮᠲᠤ ᠬᠢᠩᠭᠠᠨ ᠠᠢᠮᠠᠭ᠎ᠤᠨ ᠬᠤᠳᠠᠯᠳᠤᠭᠠᠨ᠎ᠤ ᠶᠠᠪᠤᠳᠠᠯ᠎ᠤᠨ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠬᠠᠮᠢᠶ᠎ᠠ ᠪᠦᠬᠦᠢ ᠪᠠᠢᠳᠠᠯ᠎ᠢ ᠣᠢᠯᠠᠭᠠᠪᠠ᠃

  ᠱᠢᠩ ᠯᠦᠩ ᠲᠦᠨ ᠭᠠᠴᠠᠭ᠎ᠠ ᠪᠣᠯᠤᠨ ᠲᠦᠯᠢᠶᠡᠳᠥ ᠭᠠᠴᠠᠭ᠎ᠠ᠎ᠳᠤ᠂ ᠯᠦᠸᠧ ᠴᠢᠩ ᠨᠥᠬᠦᠷ ᠰᠤᠮᠤ ᠭᠠᠴᠠᠭ᠎ᠠ᠎ᠶ᠋ᠢᠨ ᠬᠠᠮᠢᠶ᠎ᠠ ᠪᠦᠬᠦᠢ ᠬᠠᠷᠢᠭᠤᠴᠠᠯᠭᠠᠲᠠᠨ᠎ᠲᠠᠢ ᠰᠠᠨᠠᠯ᠎ᠢᠶᠠᠨ ᠭᠦᠨᠵᠡᠭᠡᠢ ᠰᠣᠯᠢᠯᠴᠠᠵᠤ᠂ ᠭᠠᠴᠠᠭᠠᠨ᠎ᠤ ᠬᠠᠮᠲᠤ᠎ᠶ᠋ᠢᠨ ᠠᠵᠤ ᠠᠬᠤᠢ᠎ᠶ᠋ᠢᠨ ᠪᠠᠢᠳᠠᠯ᠎ᠢ ᠨᠠᠷᠢᠨ ᠣᠢᠯᠠᠭᠠᠬᠤ᠎ᠶ᠋ᠢᠨ ᠬᠠᠮᠲᠤ ᠲᠤᠬᠠᠢᠯᠠᠭ᠍ᠰᠠᠨ ᠠᠵᠢᠯ᠎ᠤᠨ ᠵᠢᠯᠤᠭᠤᠳᠤᠯᠭ᠎ᠠ ᠥᠭ᠌ᠴᠦ᠂ ᠥᠪᠡᠷᠲᠡᠭᠡᠨ ᠵᠠᠰᠠᠬᠤ ᠣᠷᠣᠨ ᠪᠣᠯᠤᠨ ᠠᠢᠮᠠᠭ ᠬᠤᠶᠠᠷ ᠱᠠᠲᠤᠨ᠎ᠤ ᠬᠤᠳᠠᠯᠳᠤᠭᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠱᠢᠶᠠᠨ᠎ᠤ ᠬᠡᠪᠴᠢᠶᠡᠨ᠎ᠤ ᠬᠤᠳᠠᠯᠳᠤᠭ᠎ᠠ᠂ ᠬᠥᠳᠡᠭᠡ ᠲᠣᠰᠭᠤᠨ᠎ᠤ ᠡᠯᠧᠺᠲᠷᠣᠨ ᠬᠤᠳᠠᠯᠳᠤᠭ᠎ᠠ ᠵᠡᠷᠭᠡ ᠲᠠᠯ᠎ᠠ᠎ᠪᠠᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤ᠎ᠶ᠋ᠢ ᠳᠡᠮᠵᠢᠬᠦ᠌ ᠡᠷᠴᠢᠮ᠎ᠢᠶᠠᠨ ᠴᠢᠩᠭᠠᠷᠠᠭᠤᠯᠬᠤ᠎ᠶ᠋ᠢ ᠰᠠᠨᠠᠭᠤᠯᠪᠠ᠃

 

 

  ᠳᠠᠷᠠᠭ᠎ᠠ᠎ᠨᠢ᠂ ᠯᠦᠸᠧ ᠴᠢᠩ ᠨᠡᠷ ᠨᠢᠭᠡ ᠪᠦᠯᠦᠭ ᠬᠢᠨᠠᠨ ᠬᠡᠮᠵᠢᠬᠦ᠌ ᠡᠷᠦᠬᠡ᠎ᠶ᠋ᠢ ᠪᠣᠯᠭᠤᠭᠠᠨ ᠲᠣᠬᠤᠨᠢᠭᠤᠯᠵᠤ᠂ ᠲᠡᠳᠡᠨ᠎ᠲᠠᠢ ᠳᠣᠲᠣᠨᠣ᠎ᠪᠠᠷ ᠶᠠᠷᠢᠯᠴᠠᠵᠤ᠂ ᠲᠡᠳᠡᠨ᠎ᠤ ᠭᠡᠷ ᠪᠦᠯᠢ᠎ᠶ᠋ᠢᠨ ᠪᠠᠢᠳᠠᠯ᠂ ᠪᠡᠶ᠎ᠡ ᠮᠠᠬᠠᠪᠣᠳ᠎ᠤᠨ ᠪᠠᠢᠳᠠᠯ ᠪᠣᠯᠤᠨ ᠦᠢᠯᠡᠳᠪᠦᠷᠢᠯᠡᠯ ᠠᠮᠢᠳᠤᠷᠠᠯ᠎ᠤᠨ ᠪᠠᠢᠳᠠᠯ᠎ᠢ ᠨᠠᠷᠢᠨ ᠣᠢᠯᠠᠭᠠᠵᠤ᠂ ᠲᠡᠳᠡᠨ᠎ᠤ ᠪᠣᠳᠠᠲᠠᠶ ᠬᠦᠴᠢᠷᠳᠡᠯ᠎ᠢ ᠨᠠᠷᠢᠨ ᠬᠢᠨᠠᠮᠠᠭᠠᠶ ᠰᠣᠨᠣᠰᠴᠤ᠌᠂ ᠠᠮᠢᠳᠤᠷᠠᠯ᠎ᠤᠨ ᠲᠣᠬᠤᠨᠢᠭᠤᠯᠬᠤ ᠪᠣᠳᠠᠰ ᠬᠦᠷᠭᠡᠭ᠌ᠰᠡᠨ ᠪᠥᠭᠡᠳ 《ᠵᠣᠭᠤᠭ ᠳᠡᠯᠭᠡᠬᠦ᠌》᠂ 《ᠦᠯᠢᠭᠡᠷ ᠶᠠᠷᠢᠬᠤ》 ᠬᠡᠯᠪᠡᠷᠢ᠎ᠪᠠᠷ ᠲᠡᠳᠡᠨ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠲᠤ ᠠᠱᠢᠭ ᠬᠦᠷᠲᠡᠭᠡᠬᠦ᠌ ᠲᠠᠷᠢᠶᠠᠴᠢᠳ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠵᠤ᠂ ᠲᠡᠳᠡᠨ᠎ᠤ ᠢᠲᠡᠭᠡᠯ ᠵᠣᠷᠢᠭ᠎ᠢᠶᠠᠨ ᠪᠠᠲᠤᠳᠭᠠᠵᠤ᠂ ᠨᠠᠮ ᠪᠣᠯᠤᠨ ᠵᠠᠰᠠᠭ᠎ᠤᠨ ᠣᠷᠳᠣᠨ᠎ᠤ ᠬᠠᠯᠠᠮᠵᠢᠯᠠᠯ ᠬᠠᠪᠰᠤᠷᠤᠯᠭ᠎ᠠ ᠳᠣᠤᠷ᠎ᠠ᠂ ᠥᠪᠡᠷ᠎ᠤᠨ ᠠᠵᠢᠯᠴᠢ ᠬᠥᠳᠡᠯᠮᠦᠷᠢᠴᠢ ᠬᠤᠶᠠᠷ ᠭᠠᠷ᠎ᠢᠶᠠᠷ᠎ᠢᠶᠠᠨ ᠠᠮᠢᠳᠤᠷᠠᠯ᠎ᠤᠨ ᠨᠥᠬᠦᠴᠡᠯ᠎ᠢᠶᠠᠨ ᠠᠯᠬᠤᠮ ᠠᠯᠬᠤᠮ᠎ᠢᠶᠠᠷ ᠰᠠᠢᠵᠢᠷᠠᠭᠤᠯᠬᠤ᠎ᠶ᠋ᠢ ᠵᠣᠷᠢᠭ᠍ᠵᠢᠭᠤᠯᠪᠠ᠃

 

 

  ᠰᠤᠷᠪᠤᠯᠵᠢᠯᠠᠨ ᠪᠠᠢᠴᠠᠭᠠᠨ ᠰᠤᠳᠤᠯᠤᠯᠲᠠ ᠬᠢᠬᠦ᠌ ᠶᠠᠪᠤᠴᠠ᠎ᠳᠤ᠂ ᠯᠦᠸᠧ ᠴᠢᠩ ᠨᠥᠬᠦᠷ ᠲᠣᠰᠭᠤᠨ᠎ᠳᠤ ᠰᠠᠭᠤᠭ᠎ᠠ ᠺᠠᠳ᠋ᠷᠴᠤᠳ᠎ᠤᠨ ᠬᠠᠪᠰᠤᠷᠤᠨ ᠲᠡᠳᠬᠦᠬᠦ᠌ ᠠᠵᠢᠯ᠎ᠤᠨ ᠪᠠᠢᠳᠠᠯ᠎ᠤᠨ ᠲᠤᠬᠠᠢ ᠲᠠᠨᠢᠯᠴᠠᠭᠤᠯᠭ᠎ᠠ᠎ᠶ᠋ᠢ ᠰᠣᠨᠣᠰᠴᠤ᠌᠂ ᠤᠢ᠍ᠢᠷ᠎ᠠ᠎ᠶ᠋ᠢᠨ ᠵᠢᠯ᠎ᠤᠨ ᠲᠤᠷᠱᠢᠬᠢ ᠲᠣᠰᠭᠤᠨ᠎ᠳᠤ ᠰᠠᠭᠤᠵᠤ ᠬᠠᠪᠰᠤᠷᠤᠨ ᠲᠡᠳᠬᠦᠬᠦ᠌ ᠠᠵᠢᠯ᠎ᠤᠨ ᠣᠯᠤᠭ᠍ᠰᠠᠨ ᠦᠷ᠎ᠡ ᠪᠦᠲᠦᠮᠵᠢ᠎ᠶ᠋ᠢ ᠭᠦᠢᠴᠡᠳ ᠨᠤᠲᠠᠯᠠᠵᠤ᠂ ᠲᠣᠰᠭᠤᠨ᠎ᠳᠤ ᠰᠠᠭᠤᠭ᠎ᠠ ᠺᠠᠳ᠋ᠷᠴᠤᠳ᠎ᠲᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠪᠠᠲᠤ ᠡᠭᠦᠷᠭᠡᠯᠡᠵᠦ᠍᠂ ᠬᠤᠳᠠᠯᠳᠤᠭᠠᠨ᠎ᠤ ᠶᠠᠪᠤᠳᠠᠯ᠎ᠤᠨ ᠺᠠᠳ᠋ᠷ᠎ᠤᠨ ᠲᠤᠰᠭᠠᠢ ᠮᠡᠷᠭᠡᠵᠢᠯ᠎ᠤᠨ ᠣᠨᠴᠠ ᠴᠢᠳᠠᠪᠤᠷᠢ ᠪᠣᠯᠤᠨ ᠡᠬᠢ ᠪᠠᠶᠠᠯᠢᠭ᠎ᠤᠨ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠤᠯᠠᠨ ᠲᠦᠮᠡᠨ᠎ᠤ ᠬᠡᠷᠡᠭ᠌ᠴᠡᠭᠡ ᠱᠠᠭᠠᠷᠳᠠᠯᠭ᠎ᠠ᠎ᠲᠠᠢ ᠤᠨᠢᠨ ᠳᠡᠭᠡᠷ᠎ᠡ᠎ᠨᠢ ᠵᠣᠯᠭᠠᠭᠤᠯᠵᠤ᠂ ᠭᠠᠴᠠᠭᠠᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠪᠠᠢᠭᠤᠯᠤᠨ ᠬᠦᠴᠦᠷᠬᠡᠭ᠌ᠵᠢᠭᠦᠯᠵᠦ᠍᠂ ᠲᠠᠬᠢᠨ ᠶᠠᠳᠠᠭᠤᠷᠠᠬᠤ ᠪᠠᠢᠳᠠᠯ᠎ᠢ ᠬᠢᠨᠠᠨ ᠬᠡᠮᠵᠢᠬᠦ᠌ ᠪᠠ ᠬᠠᠪᠰᠤᠷᠤᠨ ᠲᠡᠳᠬᠦᠬᠦ᠌ ᠲᠣᠭ᠍ᠲᠠᠴᠠ᠎ᠶ᠋ᠢ ᠪᠦᠷᠢᠨᠱᠢᠬᠦᠯᠦᠨ ᠲᠡᠭᠦᠯᠳᠡᠷᠵᠢᠭᠦᠯᠬᠦ᠂ ᠬᠠᠪᠰᠤᠷᠤᠨ ᠲᠡᠳᠬᠦᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠬᠤ ᠵᠡᠷᠭᠡ ᠲᠠᠯ᠎ᠠ᠎ᠪᠠᠷ ᠴᠢᠨᠠᠭ᠍ᠰᠢᠳᠠ ᠬᠠᠷᠠᠯᠲᠠ᠎ᠲᠠᠢ᠎ᠪᠠᠷ ᠬᠦᠴᠦᠯᠡᠵᠦ᠍᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ ᠬᠡᠷᠡᠭ᠌ᠲᠡᠢ ᠭᠡᠵᠦ᠍ ᠵᠠᠬᠢᠪᠠ᠃

 

 

  ᠳᠠᠷᠠᠭᠠᠴᠢ᠎ᠶ᠋ᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠨᠢ ᠳᠠᠭᠠᠭᠠᠴᠢᠯᠠᠨ ᠬᠤᠯᠪᠤᠬᠤ ᠬᠠᠪᠰᠤᠷᠤᠨ ᠲᠡᠳᠬᠦᠬᠦ᠌ ᠨᠢᠭᠡᠴᠢ᠎ᠶ᠋ᠢᠨ ᠡᠭᠦᠷᠭᠡ ᠬᠠᠷᠢᠭᠤᠴᠠᠯᠭ᠎ᠠ᠎ᠪᠠᠨ ᠦᠷᠭᠦᠯᠵᠢᠯᠡᠨ ᠰᠠᠢᠲᠤᠷ ᠭᠦᠢᠴᠡᠳᠭᠡᠵᠦ᠍᠂ ᠬᠤᠳᠠᠯᠳᠤᠭᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠤᠨ ᠡᠭᠦᠷᠭᠡ ᠴᠢᠳᠠᠪᠬᠢ᠎ᠶ᠋ᠢᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠨᠡᠩ ᠤᠯᠠᠨ ᠬᠤᠳᠠᠯᠳᠤᠭᠠᠨ᠎ᠤ ᠶᠠᠪᠤᠳᠠᠯ᠎ᠤᠨ ᠬᠦᠴᠦᠨ ᠴᠢᠳᠠᠯ᠎ᠢᠶᠠᠨ ᠡᠷᠭᠦᠨ᠎ᠡ᠃

ᠢᠷᠡᠯᠲᠡ᠄ ᠪᠠᠢᠭᠤᠯᠭ᠎ᠠ᠎ᠶ᠋ᠢᠨ ᠨᠠᠮ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
 
            