ᠤᠯᠤᠰ᠎ᠤᠨ ᠡᠭᠦᠳᠡᠨ᠎ᠳᠦ᠂ ᠨᠠᠮ᠎ᠤᠨ ᠲᠤᠭ ᠨᠠᠮᠢᠷᠠᠨ᠎ᠠ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠯᠢ᠎ᠶᠢᠨ ᠪᠣᠭᠤᠮᠲᠠ᠎ᠶ᠋ᠢᠨ ᠬᠠᠮᠢᠶᠠᠷᠤᠯᠲᠠ᠎ᠶ᠋ᠢᠨ ᠠᠯᠪᠠᠨ ᠬᠡᠷ᠎ᠤᠨ ᠨᠠᠮ᠎ᠤᠨ ᠶᠡᠷᠦᠩᠬᠡᠶ ᠡᠭᠦᠷ 《ᠰᠢᠨ᠎ᠡ᠎ᠶᠢ ᠡᠭᠦᠳᠴᠦ ᠴᠢᠳᠠᠮᠠᠭᠠᠢ᠎ᠪᠠᠷ ᠵᠠᠰᠠᠬᠤ ᠠᠮᠢᠵᠢᠷᠠᠯ᠎ᠤᠨ ᠬᠦᠴᠦᠨ᠎ᠲᠠᠢ ᠬᠢᠯᠢ᠎ᠶᠢᠨ ᠪᠣᠭᠣᠮᠲᠠ》 ᠶ᠋ᠢᠨ ᠨᠠᠮ᠎ᠤᠨ ᠪᠠᠢᠭᠤᠯᠤᠯᠲᠠ᠎ᠶ᠋ᠢᠨ ᠨᠠᠷᠠᠲᠤ ᠲᠡᠮᠳᠡᠭ᠎ᠢᠶᠠᠷ ᠬᠤᠪᠢᠰᠭᠠᠯᠲᠤ ᠬᠥᠳᠡᠯᠭᠡᠭᠦᠷ ᠪᠣᠯᠭᠠᠵᠤ᠂ ᠤᠯᠤᠰ ᠲᠥᠷᠥ᠎ᠪᠠᠷ ᠬᠥᠲᠥᠯᠦᠨ ᠳᠠᠭᠠᠭᠤᠯᠬᠤ᠂ ᠵᠣᠬᠢᠶᠠᠨ ᠪᠠᠢᠭᠤᠯᠵᠤ ᠬᠤᠯᠪᠣᠭᠠᠯᠠᠨ ᠬᠥᠳᠡᠯᠦᠯᠴᠡᠬᠦ᠂ ᠤᠶᠤᠨᠲᠦ ᠬᠦᠴᠦᠨ ᠨᠡᠮᠡᠷᠢᠯᠡᠬᠦ ᠵᠡᠷᠭᠡ ᠣᠯᠠᠨ ᠡᠱᠢᠲᠦ ᠦᠢᠯᠡᠳᠦᠯ᠎ᠢ ᠭᠦᠨᠵᠡᠭᠡᠶ ᠪᠠᠳᠠᠷᠠᠭᠤᠯᠵᠤ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠬᠥᠮᠦᠨ᠎ᠤ ᠬᠦᠴᠦᠨ᠎ᠢ ᠪᠠᠳᠠᠷᠠᠭᠤᠯᠬᠤ᠂ ᠥᠭᠡᠷᠡᠴᠢᠯᠡᠯᠲᠡ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌》 ᠪᠠᠷ ᠴᠢᠭ᠌ᠯᠡᠯ ᠪᠣᠯᠭᠠᠭ᠍ᠰᠠᠨ ᠬᠢᠯᠢ᠎ᠶᠢᠨ ᠪᠣᠭᠤᠮᠲᠠ᠎ᠶ᠋ᠢᠨ ᠤᠶᠤᠨᠴᠢᠯᠠᠭ᠍ᠰᠠᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠶᠡᠭᠡ᠎ᠪᠠᠷ ᠠᠬᠢᠭᠤᠯᠵᠤ᠂ ᠬᠢᠯᠢ᠎ᠶᠢᠨ ᠪᠣᠭᠤᠮᠲᠠ᠎ᠪᠠᠷ ᠥᠩᠭᠡᠷᠡᠬᠦ᠌ ᠦᠷ᠎ᠡ ᠪᠦᠲᠦᠮᠵᠢ᠎ᠶ᠋ᠢ ᠶᠡᠭᠡ᠎ᠪᠠᠷ ᠳᠡᠭᠡᠭ᠌ᠰᠢᠯᠡᠭᠦᠯᠵᠦ᠍᠂ ᠬᠢᠯᠢ᠎ᠶᠢᠨ ᠪᠣᠭᠤᠮᠲᠠ᠎ᠶ᠋ᠢᠨ ᠲᠡᠭᠡᠭᠡᠪᠦᠷᠢ᠎ᠶ᠋ᠢᠨ ᠬᠡᠮᠵᠢᠶ᠎ᠡ᠎ᠶ᠋ᠢ ᠭᠤᠷᠪᠠᠨ ᠵᠢᠯ ᠳᠠᠷᠠᠭᠠᠯᠠᠨ ᠪᠥᠬᠦ᠌ ᠤᠯᠤᠰ᠎ᠤᠨ ᠬᠢᠯᠢ ᠳᠠᠭᠠᠤ᠎ᠶ᠋ᠢᠨ ᠪᠣᠭᠤᠮᠲᠠ᠎ᠶ᠋ᠢᠨ ᠮᠤᠵᠢ ᠣᠷᠣᠨ᠎ᠢ ᠳᠠᠭᠠᠭᠤᠯᠤᠨ᠂ ᠨᠢᠭᠡ ᠪᠦᠯᠦᠭ ᠳᠠᠭᠤᠷᠢᠶᠠᠵᠤ ᠪᠣᠯᠬᠤ᠂ ᠳᠡᠯᠭᠡᠷᠡᠭᠦᠯᠵᠦ᠍ ᠪᠣᠯᠬᠤ 《ᠥᠪᠥᠷ ᠮᠣᠩᠭᠤᠯ᠎ᠤᠨ ᠲᠤᠷᠱᠢᠯᠭ᠎ᠠ》 ᠶ᠋ᠢ ᠪᠦᠷᠢᠯᠳᠦᠭᠦᠯᠵᠦ᠍᠂ ᠨᠠᠮ᠎ᠤᠨ ᠪᠠᠢᠭᠤᠯᠤᠯᠲᠠ᠎ᠶ᠋ᠢᠨ ᠠᠵᠢᠯ ᠬᠢᠭᠡᠳ ᠬᠢᠯᠢ᠎ᠶᠢᠨ ᠪᠣᠭᠤᠮᠲᠠ᠎ᠶ᠋ᠢᠨ ᠬᠥᠭ᠌ᠵᠢᠯᠲᠡ᠎ᠶ᠋ᠢ ᠵᠡᠷᠭᠡ᠎ᠪᠠᠷ ᠠᠬᠢᠭᠤᠯᠵᠤ᠂ ᠬᠠᠷᠢᠯᠴᠠᠨ ᠠᠬᠢᠭᠤᠯᠵᠤ ᠬᠠᠮᠲᠤ᠎ᠪᠠᠷ ᠠᠱᠢᠭ ᠭᠥᠷᠳᠡᠬᠦ᠌᠎ᠶ᠋ᠢ ᠪᠡᠶᠡᠯᠡᠭᠦᠯᠦᠨ᠎ᠡ᠃
ᠵᠣᠬᠢᠶᠠᠨ ᠪᠠᠢᠭᠤᠯᠤᠨ ᠬᠤᠯᠪᠣᠭᠠᠯᠠᠨ ᠬᠥᠳᠡᠯᠦᠯᠴᠡᠵᠦ᠍᠂ ᠴᠣᠪᠤᠷᠠᠯ᠎ᠢ ᠳᠠᠬᠢᠨ ᠵᠣᠬᠢᠶᠠᠨ ᠪᠠᠢᠭᠤᠯᠵᠤ 《ᠰᠧᠺᠦ᠋ᠨ᠋ᠳ᠋ ᠤᠩᠱᠢᠬᠤ》 ᠳᠠᠪᠠᠯᠲᠠ᠎ᠶ᠋ᠢ ᠪᠡᠶᠡᠯᠡᠭᠦᠯᠦᠨ᠎ᠡ
ᠬᠢᠯᠢ᠎ᠶᠢᠨ ᠪᠣᠭᠤᠮᠲᠠ᠎ᠶ᠋ᠢᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ 《ᠨᠠᠮ᠎ᠤᠨ ᠪᠠᠢᠭᠤᠯᠤᠯᠲᠠ᠎ᠶ᠋ᠢ ᠬᠠᠮᠲᠤ᠎ᠪᠠᠷ ᠪᠠᠢᠭᠤᠯᠬᠤ᠂ ᠲᠤᠬᠠᠢᠯᠠᠭ᠍ᠰᠠᠨ ᠠᠵᠢᠯ᠎ᠢ ᠬᠠᠮᠲᠤ᠎ᠪᠠᠷ ᠪᠠᠢᠭᠤᠯᠬᠤ᠂ ᠦᠢᠯᠡᠴᠢᠯᠡᠭᠡ᠎ᠶ᠋ᠢ ᠬᠠᠮᠲᠤ᠎ᠪᠠᠷ ᠪᠠᠢᠭᠤᠯᠬᠤ》 ᠨᠠᠮ᠎ᠤᠨ ᠪᠠᠢᠭᠤᠯᠤᠯᠲᠠ᠎ᠶ᠋ᠢᠨ ᠬᠤᠯᠪᠣᠭ᠎ᠠ᠎ᠶ᠋ᠢᠨ ᠱᠢᠨ᠎ᠡ ᠪᠠᠢᠷᠢᠱᠢᠯ᠎ᠢ ᠪᠠᠢᠭᠤᠯᠵᠤ᠂ ᠬᠠᠮᠲᠤᠷᠠᠭ᠍ᠰᠠᠨ ᠬᠤᠷᠠᠯ᠎ᠤᠨ ᠲᠦᠷᠢᠮ᠎ᠳᠤ ᠲᠦᠱᠢᠭ᠌ᠯᠡᠨ᠂ ᠱᠢᠰᠲ᠋ᠧᠮ ᠪᠠ ᠬᠡᠰᠡᠭ ᠬᠤᠪᠢᠶᠠᠭ᠍ᠰᠠᠨ ᠤᠯᠠᠮᠵᠢᠯᠠᠯᠲᠤ ᠬᠠᠮᠢᠶᠠᠷᠤᠯᠲᠠ᠎ᠶ᠋ᠢᠨ ᠵᠠᠭ᠍ᠪᠤᠷ᠎ᠢ ᠲᠦᠢᠯᠪᠤᠷᠢᠲᠠᠶ ᠡᠪᠳᠡᠵᠦ᠍᠂ ᠬᠢᠯᠢ᠎ᠶᠢᠨ ᠪᠣᠭᠤᠮᠲᠠ᠎ᠶ᠋ᠢᠨ ᠬᠠᠮᠢᠶᠠᠷᠤᠯᠲᠠ᠎ᠶ᠋ᠢ 《ᠬᠤᠪᠢ ᠬᠤᠪᠢ᠎ᠪᠠᠷ᠎ᠢᠶᠠᠨ ᠪᠠᠢᠯᠳᠤᠬᠤ》 ᠪᠠᠢᠭᠰᠠᠨ᠎ᠠᠴᠠ᠎ᠪᠠᠨ 《ᠨᠢᠭᠡᠳᠦᠯᠲᠡᠢ ᠪᠠᠢᠯᠳᠤᠬᠤ》 ᠪᠣᠯᠭᠠᠨ ᠬᠤᠪᠢᠷᠠᠭᠤᠯᠵᠤ᠂ ᠡᠯ᠎ᠡ ᠭᠡᠰᠢᠭᠦᠨ ᠨᠢᠭᠡᠴᠢ᠎ᠨᠦᠭᠦᠳ ᠲᠣᠭ᠍ᠲᠠᠮᠠᠯ ᠬᠤᠭᠤᠴᠠᠭ᠎ᠠ᠎ᠲᠠᠢ᠎ᠪᠠᠷ ᠬᠠᠮᠲᠤᠷᠠᠭ᠍ᠰᠠᠨ ᠭᠤᠤᠯ ᠰᠡᠳᠦᠪᠲᠦ ᠨᠠᠮ᠎ᠤᠨ ᠡᠳᠦᠷ᠂ ᠪᠣᠭᠤᠮᠲᠠ᠎ᠪᠠᠷ ᠥᠩᠭᠡᠷᠡᠬᠦ᠌ ᠰᠤᠳᠤᠯᠤᠨ ᠶᠠᠷᠢᠯᠴᠠᠬᠤ ᠵᠡᠷᠭᠡ ᠠᠵᠢᠯᠯᠠᠭ᠎ᠠ᠎ᠶ᠋ᠢ ᠥᠷᠨᠢᠭᠦᠯᠵᠦ᠍᠂ ᠪᠠᠢᠴᠠᠭᠠᠨ ᠱᠢᠯᠭᠠᠬᠤ᠂ ᠬᠢᠵᠢᠭ᠎ᠢ ᠰᠡᠷᠭᠡᠢᠯᠡᠬᠦ᠂ ᠪᠣᠭᠤᠮᠲᠠ᠎ᠪᠠᠷ ᠥᠩᠭᠡᠷᠡᠬᠦ᠌ ᠵᠡᠷᠭᠡ ᠪᠣᠳᠠᠲᠠᠶ ᠠᠰᠠᠭᠤᠳᠠᠯ᠎ᠢ ᠥᠨᠳᠥᠷ ᠪᠦᠲᠦᠮᠵᠢᠲᠡᠶ᠎ᠪᠠᠷ ᠬᠠᠮᠵᠢᠯᠴᠠᠨ ᠱᠢᠶ᠋ᠳᠪᠦᠷᠢᠯᠡᠵᠦ᠍᠂ 《ᠬᠤᠪᠢᠰᠭᠠᠯᠲᠤ ᠬᠢᠯᠢ ᠬᠢᠵᠠᠭᠠᠷ᠎ᠤᠨ ᠨᠠᠮ᠎ᠤᠨ ᠪᠠᠢᠭᠤᠯᠤᠯᠲᠠ᠎ᠶ᠋ᠢ ᠳᠠᠢᠴᠢᠯᠠᠬᠤ》 ᠶ᠋ᠢ ᠪᠣᠭᠤᠮᠲᠠ᠎ᠶ᠋ᠢᠨ ᠨᠡᠢᠯᠡᠮᠡᠯ ᠬᠦᠴᠦᠨ᠎ᠢ ᠨᠢᠭ᠍ᠲᠠᠷᠠᠭᠤᠯᠬᠤ ᠪᠠᠲᠤ ᠴᠢᠩᠭ᠎ᠠ ᠭᠤᠤᠯᠯᠠᠭ᠍ᠴᠢ ᠪᠣᠯᠭ᠋ᠠᠨ᠎ᠠ᠃ ᠪᠥᠬᠦ᠌ ᠣᠷᠣᠨ᠎ᠤ ᠬᠢᠯᠢ᠎ᠶ᠋ᠢᠨ ᠪᠣᠭᠤᠮᠲᠠ᠎ᠶ᠋ᠢ 《ᠣᠯᠠᠨ ᠪᠤᠭᠤᠮᠳᠠ᠎ᠶᠢ ᠨᠢᠭᠡᠳᠭᠡᠵᠦ ᠨᠢᠭᠡ ᠪᠤᠯᠭ᠋ᠠᠬᠤ》᠂ 《ᠬᠠᠮᠲᠤᠷᠠᠨ ᠪᠠᠢᠴᠠᠭᠠᠨ ᠱᠢᠯᠭᠠᠬᠤ》᠂ 《ᠤᠷᠢᠳᠠᠪᠠᠷ ᠪᠠᠭᠤᠯᠭ᠋ᠠᠵᠤ ᠳᠠᠷᠠᠭ᠎ᠠ᠎ᠨᠢ ᠪᠠᠢᠴᠠᠭᠠᠬᠤ》 ᠭᠤᠷᠪᠠᠨ ᠵᠦᠢᠯ᠎ᠤᠨ ᠥᠭᠡᠷᠡᠴᠢᠯᠡᠯᠲᠡ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠡᠷᠭᠡ ᠬᠥᠰᠭᠡ᠎ᠶ᠋ᠢ ᠪᠠᠢᠴᠠᠭᠠᠨ ᠱᠢᠯᠭᠠᠬᠤ ᠶᠠᠪᠤᠴᠠ᠎ᠶ᠋ᠢ ᠱᠢᠰᠲ᠋ᠧᠮᠲᠦ ᠴᠢᠨᠠᠷᠲᠠᠶ᠎ᠪᠠᠷ ᠳᠠᠬᠢᠨ ᠪᠠᠢ᠌ᠭᠤᠯᠤᠨ᠎ᠠ᠃ ᠤᠶᠤᠨᠲᠤ ᠪᠣᠭᠤᠮᠲᠠ᠎ᠶ᠋ᠢᠨ ᠱᠢᠰᠲ᠋ᠧᠮ᠎ᠢ ᠪᠠᠢᠭᠤᠯᠵᠤ᠂ ᠤᠤᠯ᠎ᠤᠨ 10 ᠭᠠᠷᠤᠢ ᠭᠤᠭ᠍ᠴᠤᠭ᠎ᠠ᠎ᠶ᠋ᠢ ᠨᠢᠭᠡ ᠯᠡ ᠤᠳᠠᠭ᠎ᠠ᠎ᠳᠤ ᠪᠡᠶᠡᠯᠡᠭᠦᠯᠬᠦ᠌ ᠪᠣᠯᠭᠠᠨ ᠨᠢᠭᠡᠳᠦᠭᠦᠯᠵᠦ᠂ ᠲᠡᠷᠭᠡ ᠬᠥᠰᠭᠡ᠎ᠶ᠋ᠢ ᠪᠣᠭᠤᠮᠲᠠ᠎ᠪᠠᠷ ᠥᠩᠭᠡᠷᠡᠬᠦ᠌ ᠴᠠᠭ᠎ᠢ 10 ᠮᠢᠨᠦ᠋ᠲ᠎ᠠᠴᠠ ᠳᠡᠭᠡᠭ᠌ᠰᠢ ᠪᠠᠢᠭ᠍ᠰᠠᠨ᠎ᠠᠴᠠ ᠪᠤᠭᠤᠨᠢᠰᠬᠠᠭ᠋ᠠᠳ 15 ᠰᠧᠺᠦ᠋ᠨ᠋ᠳ᠋᠎ᠤᠨ ᠳᠣᠲᠣᠷ᠎ᠠ ᠪᠣᠯᠭ᠋ᠠᠨ᠎ᠠ᠂ ᠡᠩ ᠲᠡᠷᠢᠭᠦᠨ᠎ᠳᠤ ᠬᠢᠯᠢ ᠳᠠᠭᠠᠤ᠎ᠶ᠋ᠢᠨ ᠪᠣᠭᠤᠮᠲᠠ᠎ᠪᠠᠷ ᠥᠩᠭᠡᠷᠡᠬᠦ᠌ 《ᠰᠧᠺᠦ᠋ᠨ᠋ᠳ᠋ ᠤᠩᠱᠢᠵᠤ ᠪᠣᠭᠤᠮᠲᠠ᠎ᠪᠠᠷ ᠥᠩᠭᠡᠷᠡᠬᠦ᠌》 ᠶ᠋ᠢ ᠪᠡᠶᠡᠯᠡᠭᠦᠯᠦᠨ᠎ᠡ᠃ ᠬᠠᠮᠲᠤᠷᠠᠨ ᠪᠠᠢᠴᠠᠭᠠᠬᠤ ᠰᠠᠯᠠᠭ᠎ᠠ ᠮᠥᠴᠢᠷ᠎ᠦᠨ ᠳ᠋ᠡᠢ᠌ᠲ᠋ᠠ᠎ᠶ᠋ᠢᠨ ᠪᠡᠬᠢᠯᠡᠯᠲᠡ᠎ᠶᠢ ᠪᠦᠲᠦᠮᠵᠢᠲᠡᠶ ᠨᠡᠪᠲᠡᠷᠡᠭᠦᠯᠵᠦ᠍᠂ ᠪᠣᠭᠣᠮᠲᠠ᠎ᠪᠠᠷ ᠥᠩᠭᠡᠷᠡᠬᠦ᠌ ᠮᠡᠳᠡᠭᠡ ᠵᠠᠩᠭᠢ᠎ᠶ᠋ᠢ ᠬᠠᠮᠲᠤ᠎ᠳᠠᠭᠠᠨ ᠡᠳ᠋ᠯᠡᠬᠦ᠎ᠶ᠋ᠢ ᠪᠡᠶᠡᠯᠡᠭᠦᠯᠵᠦ᠍᠂ ᠬᠢᠯᠢ᠎ᠶ᠋ᠢᠨ ᠪᠠᠢᠴᠠᠭᠠᠯᠲᠠ᠎ᠶ᠋ᠢᠨ ᠭᠡᠷᠡᠴᠢ ᠦᠨᠡᠮᠯᠡᠯ ᠢ ᠱᠢᠯᠭᠠᠨ ᠪᠠᠢᠴᠠᠭᠠᠬᠤ ᠪᠠ ᠪᠣᠭᠣᠮᠲᠠ᠎ᠶ᠋ᠢᠨ ᠡᠷᠡᠭᠦᠯ ᠬᠠᠮᠠᠭᠠᠯᠠᠯ᠎ᠤᠨ ᠬᠢᠵᠢᠭ ᠪᠠᠢᠴᠠᠭᠠᠬᠤ᠎ᠶ᠋ᠢ 《 ᠨᠢᠭᠡ ᠯᠡ ᠥᠷᠲᠡᠭᠡ᠎ᠪᠡᠷ ᠭᠦᠢᠴᠡᠳᠭᠡᠬᠦ᠌》 ᠶᠢ ᠪᠡᠶᠡᠯᠡᠭᠦᠯᠦᠨ᠎ᠡ ᠃
ᠨᠠᠮ᠎ᠤᠨ ᠭᠡᠱᠢᠭᠦᠨ ᠬᠤᠱᠢᠭᠤᠴᠢ ᠪᠣᠯᠵᠤ᠂ 《ᠬᠥᠮᠥᠨ ᠦᠭᠡᠢ ᠪᠣᠯᠭᠠᠬᠤ》 ᠲᠡᠢᠰᠢ ᠳᠡᠰ ᠳᠡᠪᠰᠢᠬᠦ᠎ᠳᠦ ᠤᠶᠤᠨᠲᠦ ᠬᠦᠴᠦᠨ ᠨᠡᠮᠡᠷᠢᠯᠡᠨ᠎ᠡ
ᠥᠪᠥᠷ ᠮᠣᠩᠭᠤᠯ᠎ᠤᠨ ᠬᠢᠯᠢ ᠶᠢᠨ ᠪᠣᠭᠤᠮᠲᠠ ᠪᠠᠢᠴᠠᠭᠠᠨ ᠱᠢᠯᠭᠠᠬᠤ᠂ ᠵᠢᠷᠤᠭ ᠬᠢᠨᠠᠬᠤ᠂ ᠲᠣᠭᠤᠷᠢᠨ ᠪᠠᠢᠴᠠᠭᠠᠬᠤ ᠵᠡᠷᠭᠡ ᠭᠤᠭ᠍ᠴᠤᠭ᠎ᠠ᠎ᠳᠤ ᠨᠠᠮ᠎ᠤᠨ ᠭᠡᠱᠢᠭᠦᠨ ᠬᠤᠱᠢᠭᠤᠴᠢ ᠵᠢᠱ᠌ᠢᠶᠡᠴᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠨᠠᠮ᠎ᠤᠨ ᠭᠡᠱᠢᠭᠦᠨ ᠤᠳᠤᠷᠢᠳᠭᠤ ᠺᠠᠳ᠋ᠷ ᠤᠯᠠᠨ ᠤᠳᠠᠭ᠎ᠠ ᠬᠢᠯᠢ᠎ᠶᠢᠨ ᠪᠣᠭᠤᠮᠲᠠ ᠪᠠ ᠨᠡᠭᠡᠭᠡᠯᠲᠡ᠎ᠶ᠋ᠢᠨ ᠲᠠᠪᠴᠠᠩ᠎ᠤᠨ ᠨᠢᠭᠡᠳᠦᠭᠡᠷ ᠹᠷᠣᠨᠲ᠎ᠲᠤ ᠭᠦᠨᠵᠡᠭᠡᠢᠷᠡᠵᠦ᠍᠂ ᠪᠣᠭᠤᠮᠲᠠ ᠥᠩᠭᠡᠷᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠪᠦᠲᠦᠮᠵᠢᠲᠡᠢ ᠠᠷᠭ᠎ᠠ ᠬᠡᠮᠵᠢᠶ᠎ᠡ᠎ᠶ᠋ᠢ ᠰᠦᠪᠡᠭ᠌ᠴᠢᠯᠡᠵᠦ᠍᠂ 《ᠤᠶᠤᠨᠲᠤ ᠲᠥᠬᠦᠭᠡᠷᠦᠮᠵᠢ᠎ᠪᠠᠷ ᠬᠥᠮᠦᠨ᠎ᠢ ᠰᠣᠯᠢᠬᠤ》 ᠶ᠋ᠢ ᠰᠤᠳᠤᠯᠤᠨ ᠠᠬᠢᠭᠤᠯᠵᠤ᠂ ᠬᠢᠯᠢ᠎ᠶᠢᠨ ᠪᠣᠭᠤᠮᠲᠠ᠎ᠶ᠋ᠢᠨ ᠲᠦᠮᠡᠨ ᠲᠣᠨ ᠨᠢᠭᠡᠪᠦᠷᠢ᠎ᠶ᠋ᠢᠨ ᠠᠵᠢᠯᠲᠠᠨ᠎ᠤ ᠬᠤᠪᠢ ᠨᠡᠮᠡᠷᠢ᠎ᠶ᠋ᠢ 15᠄1 ᠪᠠᠢᠭ᠍ᠰᠠᠨ᠎ᠠᠴᠠ ᠳᠡᠭᠡᠭᠰᠢᠯᠡᠭᠦᠯᠦᠭᠡᠳ 51᠄1 ᠪᠣᠯᠭ᠋ᠠᠨ᠎ᠠ᠃ ᠪᠣᠭᠤᠮᠲᠠ᠎ᠪᠠᠷ ᠥᠩᠭᠡᠷᠡᠬᠦ᠌᠎ᠶ᠋ᠢ ᠪᠠᠢᠴᠠᠭᠠᠨ ᠱᠢᠯᠭᠠᠬᠤ ᠭᠤᠭ᠍ᠴᠤᠭ᠎ᠠ᠎ᠳᠤ᠂ H986᠂ FS6000 ᠵᠡᠷᠭᠡ ᠲᠣᠮᠣ ᠬᠡᠯᠪᠡᠷᠢ᠎ᠶ᠋ᠢᠨ ᠴᠢᠩᠭᠡᠯᠢᠭ ᠮᠠᠱᠢᠨ ᠪᠠᠢᠴᠠᠭᠠᠬᠤ ᠲᠥᠬᠦᠭᠡᠷᠦᠮᠵᠢ ᠵᠢᠴᠢ ᠠᠷᠤ ᠰᠠᠴᠤᠷᠠᠭ᠎ᠤᠨ ᠪᠦᠬᠦ᠋ᠢᠯᠡ ᠮᠠᠱᠢᠨ ᠪᠠᠢᠴᠠᠭᠠᠬᠤ ᠱᠢᠰᠲ᠋ᠧᠮ᠎ᠢ ᠲᠣᠬᠢᠷᠠᠭᠤᠯᠵᠤ᠂ 70% ᠶ᠋ᠢᠨ ᠬᠤᠯᠪᠣᠭᠠᠯᠠᠨ ᠪᠠᠢᠴᠠᠭᠠᠬᠤ ᠠᠵᠢᠯᠲᠠᠨ᠎ᠢ ᠪᠡᠷᠬᠡ ᠬᠠᠲᠠᠭᠤᠵᠢᠯᠲᠠᠶ ᠬᠥᠮᠦᠨ᠎ᠤ ᠬᠦᠴᠦ᠍᠎ᠪᠠᠷ ᠠᠵᠢᠯᠯᠠᠬᠤ ᠳᠤᠮᠳᠠ᠎ᠠᠴᠠ ᠰᠤᠯᠠᠯᠠᠨ᠎ᠠ᠃ ᠡᠵᠡᠮᠰᠢᠯ᠎ᠦ᠋ᠨ ᠬᠢᠨᠠᠯᠲᠠ᠎ᠶᠢᠨ ᠵᠢᠷᠤᠭ᠎ᠤ᠋ᠨ ᠠᠯᠬᠤᠮ ᠳᠠᠷᠠᠭᠠᠳ᠋ᠤ᠂ AI ᠵᠠᠭ᠍ᠪᠤᠷ᠎ᠤ᠋ᠨ ᠪᠣᠳᠣᠬᠤ ᠠᠷᠭ᠎ᠠ᠎ᠶᠢ ᠣᠷᠣᠭᠤᠯᠵᠤ᠂ ᠵᠢᠷᠤᠭ ᠳᠦᠷᠰᠦ᠎ᠶᠢ ᠤᠶᠤᠨᠴᠢ᠎ᠪᠠᠷ ᠢᠯᠭᠠᠨ ᠲᠠᠨᠢᠬᠤ ᠪᠠ ᠠᠦ᠋ᠲ᠋ᠤ᠋ ᠤᠷᠢᠳᠴᠢᠯᠠᠨ ᠰᠡᠷᠡᠮᠵᠢᠯᠡᠭᠦᠯᠬᠦ᠌᠎ᠶᠢ ᠪᠡᠶᠡᠯᠡᠭᠦᠯᠵᠡᠢ᠃ ᠬᠢᠯᠢ ᠶᠢᠨ ᠪᠣᠭᠤᠮᠲᠠ᠎ᠶ᠋ᠢᠨ ᠲᠣᠭᠤᠷᠢᠨ ᠪᠠᠢᠴᠠᠭᠠᠬᠤ ᠶᠠᠪᠤᠴᠠ᠎ᠳᠤ᠂ ᠭᠦᠸᠧ ᠮᠧᠨ ᡁᠢ ᠳ᠋ᠦᠨ ᠬᠠᠮᠢᠶᠠᠷᠤᠨ ᠡᠵᠡᠮᠳᠡᠬᠦ᠌ ᠱᠢᠰᠲ᠋ᠧᠮ (NGSS) ᠪᠠ ᠨᠢᠭᠡ ᠴᠣᠭ᠍ᠴᠠᠵᠢᠭᠤᠯᠤᠭ᠍ᠰᠠᠨ ᠵᠢᠯᠣᠭᠤᠳᠤᠨ ᠲᠣᠬᠢᠷᠠᠭᠤᠯᠬᠤ ᠱᠢᠰᠲ᠋ᠧᠮ (ICSS) ᠲᠤ ᠱᠢᠨ᠎ᠡ᠎ᠶ᠋ᠢ ᠡᠭᠦᠳᠦᠨ ᠬᠡᠷᠡᠭ᠌ᠯᠡᠵᠦ᠍᠂ 7 ᠲᠥᠷᠥᠯ᠎ᠤᠨ 13 ᠠᠮᠤᠷ ᠲᠦᠪᠱᠢᠨ᠎ᠤ ᠲᠣᠭᠤᠷᠢᠨ ᠪᠠᠢᠴᠠᠭᠠᠬᠤ ᠲᠤᠬᠠᠢᠯᠠᠭ᠍ᠰᠠᠨ ᠠᠵᠢᠯ᠎ᠢ ᠣᠶᠤᠨᠴᠢ ᠪᠣᠳᠠᠲᠤ ᠦᠵᠡᠮᠵᠢ᠎ᠶ᠋ᠢᠨ ᠵᠢᠯᠣᠭᠤᠳᠭᠤ ᠲᠠᠪᠴᠠᠩ᠎ᠳᠤ ᠨᠡᠢᠯᠡᠭᠦᠯᠵᠦ᠍᠂ ᠪᠠᠴᠢᠮ ᠪᠠᠢᠳᠠᠯ᠎ᠢ ᠠᠷᠭ᠋ᠠᠴᠠᠭ᠋ᠠᠬᠤ ᠦᠷ᠎ᠡ ᠪᠦᠲᠦᠮᠵᠢ᠎ᠶ᠋ᠢ 50% ᠪᠠᠷ ᠳᠡᠭᠡᠭ᠌ᠰᠢᠯᠡᠭᠦᠯᠦᠨ᠂ ᠴᠠᠭ᠍ᠳᠠᠭᠠᠨ᠎ᠤ ᠬᠦᠴᠦᠨ᠎ᠢ 75% ᠪᠠᠷ ᠪᠠᠭ᠋ᠠᠰᠬᠠᠨ᠎ᠠ᠃
ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠵᠤ᠂ ᠵᠢᠯᠣᠭᠤᠴᠢ ᠥᠬᠡᠶ ᠲᠡᠭᠡᠭᠡᠪᠦᠷᠢ᠎ᠳᠤ 《ᠱᠢᠨ᠎ᠡ ᠵᠠᠭ᠍ᠪᠤᠷ》 ᠤᠨ ᠬᠡᠪ ᠳᠠᠭᠤᠷᠢᠶᠠᠯ᠎ᠢ ᠪᠣᠶ ᠪᠣᠯᠭᠠᠨ᠎ᠠ
ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠳᠠᠭᠠᠭᠤᠯᠭ᠎ᠠ ᠳᠣᠤᠷ᠎ᠠ᠂ ᠬᠢᠯᠢ᠎ᠶᠢᠨ ᠪᠣᠭᠤᠮᠲᠠ᠎ᠶ᠋ᠢᠨ ᠬᠠᠮᠢᠶ᠎ᠠ ᠪᠥᠬᠦᠶ ᠰᠠᠯᠠᠭ᠎ᠠ ᠮᠥᠴᠢᠷ᠎ᠤᠳ ᠪᠣᠳᠠᠲᠠᠶ᠎ᠲᠠᠢ᠎ᠪᠠᠨ ᠤᠶᠠᠯᠳᠤᠭᠤᠯᠤᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠪᠥᠬᠦ᠌ ᠬᠦᠴᠦᠨ᠎ᠢᠶᠠᠷ᠎ᠢᠶᠠᠨ ᠳᠥᠯᠭᠢᠨ ᠠᠬᠢᠭᠤᠯᠤᠨ᠎ᠠ᠃ ᠭᠠᠭ᠍ᠴᠠᠮᠤᠳᠤ ᠬᠢᠯᠢ᠎ᠶ᠋ᠢᠨ ᠪᠣᠭᠤᠮᠲᠠ᠎ᠳᠤ ᠪᠥᠬᠦ᠌ ᠤᠯᠤᠰ᠎ᠤᠨ ᠠᠩᠬᠠᠳᠠᠭ᠍ᠴᠢ AGV ᠵᠢᠯᠣᠭᠤᠴᠢ ᠥᠬᠡᠶ ᠬᠢᠯᠢ ᠠᠯᠤᠰᠯᠠᠭ᠍ᠰᠠᠨ ᠤᠶᠤᠨᠲᠤ ᠲᠡᠭᠡᠭᠡᠪᠦᠷᠢ᠎ᠶ᠋ᠢᠨ ᠨᠡᠪᠲᠡᠷᠡᠬᠦ᠌ ᠵᠠᠮ᠎ᠢ ᠪᠠᠢᠭᠤᠯᠵᠤ᠂ ᠲᠡᠷᠭᠡ ᠬᠥᠰᠭᠡ᠎ᠶ᠋ᠢᠨ ᠠᠦ᠋ᠲ᠋ᠣ᠋ ᠠᠵᠢᠯᠯᠠᠭᠠᠨ᠎ᠤ ᠱᠢᠰᠲ᠋ᠧᠮ ᠪᠠ ᠣᠶᠤᠨᠴᠢ ᠡᠵᠡᠮᠱᠢᠯ᠎ᠤᠨ ᠱᠢᠰᠲ᠋ᠧᠮ᠎ᠢ ᠰᠤᠳᠤᠯᠤᠨ ᠨᠡᠭᠡᠭᠡᠨ᠎ᠡ᠃ ᠣᠳᠣᠬᠠᠨ᠎ᠳᠤ᠂ ᠴᠡᠭᠡ᠂ ᠮᠠᠨᠳᠤᠯ ᠬᠢᠯᠢ᠎ᠶᠢᠨ ᠪᠣᠭᠤᠮᠲᠠ᠎ᠶ᠋ᠢ ᠨᠢᠭᠡᠨᠲᠡ ᠵᠠᠯᠭᠠᠭ᠎ᠠ᠎ᠪᠠᠷ ᠪᠠᠢᠭᠤᠯᠵᠤ ᠳᠠᠭᠤᠰᠭᠠᠭ᠍ᠰᠠᠨ ᠪᠥᠭᠡᠳ ᠠᠱᠢᠭ᠍ᠯᠠᠯᠲᠠ᠎ᠳᠤ ᠣᠷᠣᠭᠤᠯᠵᠤ᠂ ᠵᠡᠭᠦᠨ ᠬᠠᠲᠠᠪᠴᠢ ᠬᠢᠯᠢ᠎ᠶᠢᠨ ᠪᠣᠭᠤᠮᠲᠠ᠎ᠶ᠋ᠢ ᠨᠢᠭᠡᠨᠲᠡ ᠪᠠᠢᠭᠤᠯᠵᠤ ᠡᠬᠢᠯᠡᠪᠡ᠃ ᠴᠡᠭᠡ ᠬᠢᠯᠢ᠎ᠶᠢᠨ ᠪᠣᠭᠣᠮᠲᠠ᠎ᠶᠢᠨ ᠬᠢᠨ 5G ᠵᠢᠨ ᠤᠶᠤᠨᠴᠢ ᠬᠥᠮᠥᠨ ᠦᠭᠡᠢ ᠬᠦᠨᠳᠦ ᠺᠠᠷᠲ᠎ᠤᠨ ᠬᠢᠯᠢ ᠠᠯᠤᠰᠯᠠᠭᠰᠠᠨ ᠲᠡᠭᠡᠭᠡᠪᠦᠷᠢ᠎ᠶᠢ ᠬᠠᠮᠤᠭ᠎ᠤᠨ ᠲᠦᠷᠦᠭᠦᠨ᠎ᠳᠦ ᠬᠠᠢᠨ ᠰᠦᠪᠡᠭᠴᠢᠯᠡᠵᠦ᠂ ᠲᠤᠷᠰᠢᠨ ᠰᠢᠯᠭᠠᠭᠰᠠᠨ ᠮᠠᠰᠢᠨ ᠲᠡᠷᠭᠡ ᠨᠡᠶ᠋ᠢᠲᠡ 2500 ᠤᠳᠠᠭ᠎ᠠ᠎ᠶᠢ ᠳᠠᠪᠠᠭᠰᠠᠨ ᠪᠠᠢᠨ᠎ᠠ᠃ ᠵᠢᠱ᠌ᠢᠯᠲᠡ᠎ᠪᠠᠷ 2026 ᠣᠨ᠎ᠳᠤ ᠲᠣᠬᠢᠷᠠᠭᠤᠯᠤᠨ ᠲᠤᠷᠱᠢᠵᠤ ᠱᠢᠯᠭᠠᠨ ᠠᠪᠬᠤ᠎ᠶ᠋ᠢ ᠪᠡᠶᠡᠯᠡᠭᠦᠯᠵᠦ᠍᠂ ᠪᠥᠬᠦ᠌ ᠤᠯᠤᠰ᠎ᠤᠨ ᠠᠩᠬᠠᠳᠠᠭ᠍ᠴᠢ 5G ᠶ᠋ᠢᠨ ᠣᠷᠴᠢᠨ ᠲᠣᠭᠤᠷᠢᠨ᠎ᠳᠤ ᠰᠠᠭᠤᠷᠢᠯᠠᠭ᠍ᠰᠠᠨ ᠭᠠᠷᠤᠯᠲᠠ᠎ᠶ᠋ᠢᠨ ᠲᠠᠰ᠎ᠤᠨ ᠥᠨᠳᠥᠷ ᠨᠠᠢᠳᠠᠪᠤᠷᠢᠲᠤ ᠴᠢᠨᠠᠷᠲᠠᠶ ᠵᠢᠯᠣᠭᠤᠴᠢ ᠥᠬᠡᠶ ᠬᠢᠯᠢ ᠠᠯᠤᠰᠯᠠᠭ᠍ᠰᠠᠨ ᠵᠠᠮ ᠪᠣᠯᠬᠤ ᠪᠣᠯᠤᠨ᠎ᠠ᠃
ᠭᠠᠭ᠍ᠴᠠᠮᠤᠳᠤ᠂ ᠴᠡᠭᠡ ᠬᠢᠯᠢ᠎ᠶᠢᠨ ᠪᠣᠭᠣᠮᠲᠠ᠎ᠶ᠋ᠢᠨ AGV ᠬᠢᠯᠢ ᠠᠯᠤᠰᠯᠠᠭ᠍ᠰᠠᠨ ᠲᠡᠭᠡᠭᠡᠪᠦᠷᠢ᠎ᠶ᠋ᠢᠨ ᠵᠠᠭ᠍ᠪᠤᠷ᠎ᠨᠢ 2025 ᠣᠨ᠎ᠤ ᠳᠤᠮᠳᠠᠳᠤ ᠤᠯᠤᠰ — ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠤᠯᠤᠰ᠎ᠤᠨ ᠳ᠋ᠢᠭᠢᠲᠴᠢᠯᠡᠭᠰᠡᠨ ᠠᠵᠤ ᠠᠬᠤᠢ᠎ᠶ᠋ᠢᠨ ᠬᠠᠮᠲᠤᠷᠠᠯᠴᠠᠭᠠᠨ᠎ᠤ 《ᠬᠠᠮᠤᠭ᠎ᠤᠨ ᠱᠢᠯᠢᠳᠡᠭ ᠦᠢᠯᠡᠳᠦᠯᠭᠡ᠎ᠶ᠋ᠢᠨ ᠦᠷ᠎ᠡ ᠪᠦᠲᠦᠭᠡᠯ》 ᠪᠠ 《ᠲᠤᠪᠤᠢᠮ᠎ᠠ ᠳᠠᠯᠳᠠ ᠬᠦᠴᠦᠨ᠎ᠤ ᠦᠷ᠎ᠡ ᠪᠦᠲᠦᠭᠡᠯ》 ᠤᠨ ᠱᠠᠩᠨᠠᠯ᠎ᠢ ᠲᠣᠰ ᠲᠣᠰ ᠭᠥᠷᠳᠡᠵᠦ᠍᠂ ᠭᠠᠭ᠍ᠴᠠᠮᠤᠳᠤ ᠬᠢᠯᠢ ᠶᠢᠨ ᠪᠣᠭᠤᠮᠲᠠ᠎ᠶ᠋ᠢᠨ AGV ᠵᠢᠯᠣᠭᠤᠴᠢ ᠦᠭᠡᠢ ᠵᠠᠭ᠍ᠪᠤᠷ᠎ᠨᠢ ᠤᠯᠤᠰ᠎ᠤᠨ ᠲᠠᠰ᠎ᠤᠨ ᠣᠯᠠᠨ ᠬᠡᠯᠪᠡᠷᠢ᠎ᠶ᠋ᠢᠨ ᠬᠠᠮᠲᠤᠷᠠᠭ᠍ᠰᠠᠨ ᠲᠡᠭᠡᠭᠡᠪᠦᠷᠢ᠎ᠶ᠋ᠢᠨ ᠵᠢᠱ᠌ᠢᠶ᠎ᠡ ᠦᠵᠡᠭᠦᠯᠬᠦ᠌ ᠢᠨᠵᠧᠨᠧᠷᠢᠩ᠎ᠢ ᠡᠭᠦᠳᠦᠨ ᠪᠠᠢᠭᠤᠯᠬᠤ ᠲᠥᠷᠥᠯ ᠵᠦᠢᠯ ᠪᠠ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠲᠤᠷᠱᠢᠯᠲᠠ᠎ᠶ᠋ᠢᠨ ᠴᠡᠭ᠎ᠲᠤ ᠰᠣᠩᠭᠤᠭ᠍ᠳᠠᠪᠠ᠃ ᠭᠠᠭ᠍ᠴᠠᠮᠤᠳᠤ ᠬᠢᠯᠢ᠎ᠶ᠋ᠢᠨ ᠪᠣᠭᠤᠮᠲᠠ᠎ᠶ᠋ᠢᠨ ᠵᠢᠯᠣᠭᠤᠴᠢ ᠥᠬᠡᠶ ᠬᠢᠯᠢ ᠠᠯᠤᠰᠯᠠᠭ᠍ᠰᠠᠨ ᠲᠡᠭᠡᠭᠡᠪᠦᠷᠢ᠎ᠶ᠋ᠢᠨ ᠱᠢᠨ᠎ᠡ᠎ᠶ᠋ᠢ ᠡᠭᠦᠳᠬᠦ᠌ 《ᠭᠤᠷᠪᠠ᠎ᠶ᠋ᠢ ᠨᠢᠭᠡᠳᠭᠡᠬᠦ᠌》 ᠬᠠᠮᠵᠢᠯᠴᠠᠬᠤ ᠠᠷᠭ᠎ᠠ ᠮᠠᠶᠢᠭ᠂ ᠮᠠᠨᠵᠤᠤᠷ ᠪᠣᠭᠤᠮᠲᠠ᠎ᠶ᠋ᠢᠨ ᠬᠡᠷᠡᠭ᠌ᠯᠡᠭᠡᠨ᠎ᠤ 《5G + ᠪᠠᠷᠠᠭᠠᠨ᠎ᠤ ᠰᠦᠯᠵᠢᠶ᠎ᠡ》᠎ᠶ᠋ᠢᠨ ᠣᠶᠤᠨᠴᠢ ᠠᠬᠤᠶ ᠪᠠᠢᠳᠠᠯ ᠵᠡᠷᠭᠡ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠤᠯᠤᠰ᠎ᠤᠨ ᠬᠢᠯᠢ᠎ᠶ᠋ᠢᠨ ᠪᠣᠭᠤᠮᠲᠠ᠎ᠶ᠋ᠢᠨ ᠠᠯᠪᠠᠨ ᠬᠡᠷ᠎ᠠᠴᠠ ᠭᠥᠯᠢᠶᠡᠨ ᠠᠪᠴᠤ᠌ ᠳᠡᠯᠭᠡᠷᠡᠭᠦᠯᠪᠡ᠃ ᠡᠳᠡᠭᠡᠷ ᠠᠮᠵᠢᠯᠲᠠ ᠨᠢ 《 ᠨᠠᠮ᠎ᠤᠨ ᠪᠠᠢᠭᠤᠯᠤᠯᠲᠠ + ᠲᠥᠷᠥᠯ ᠵᠦᠢᠯ》 ᠤᠨ ᠬᠡᠪ ᠵᠠᠭ᠍ᠪᠤᠷ᠎ᠢ ᠥᠷᠭᠡᠨ᠎ᠢᠶᠡᠷ ᠬᠡᠷᠡᠭ᠌ᠯᠡᠭ᠌ᠰᠡᠨ᠎ᠡᠴᠡ ᠪᠣᠯᠤᠭ᠍ᠰᠠᠨ ᠶᠤᠮ᠃
ᠥᠪᠥᠷ ᠮᠣᠩᠭᠤᠯ ᠨᠠᠮ᠎ᠤᠨ ᠪᠠᠢᠭᠤᠯᠤᠯᠲᠠ᠎ᠪᠠᠷ ᠳᠠᠮᠵᠢᠭᠤᠯᠤᠨ ᠤᠶᠤᠨᠴᠢᠯᠠᠭ᠍ᠰᠠᠨ᠂ ᠳ᠋ᠢᠭᠢᠲᠴᠢᠯᠡᠭᠰᠡᠨ ᠥᠭᠡᠷᠡᠴᠢᠯᠡᠯᠲᠡ᠎ᠶ᠋ᠢ ᠬᠦᠳᠦᠯᠦᠨ ᠳᠠᠭᠠᠭᠤᠯᠵᠤ᠂ ᠬᠢᠯᠢ ᠶᠢᠨ ᠪᠣᠭᠤᠮᠲᠠ᠎ᠪᠠᠷ ᠥᠩᠭᠡᠷᠡᠬᠦ᠌ ᠦᠷ᠎ᠡ ᠪᠦᠲᠦᠮᠵᠢ᠂ ᠬᠠᠮᠢᠶᠠᠷᠤᠨ ᠡᠵᠡᠮᠳᠡᠬᠦ᠌ ᠴᠢᠳᠠᠪᠤᠷᠢ ᠪᠣᠯᠤᠨ ᠲᠡᠭᠡᠭᠡᠪᠦᠷᠢ᠎ᠶ᠋ᠢᠨ ᠵᠠᠭ᠍ᠪᠤᠷ᠎ᠤᠨ ᠱᠢᠰᠲ᠋ᠧᠮ᠎ᠤᠨ ᠴᠢᠨᠠᠷᠲᠠᠢ ᠳᠡᠭᠡᠭ᠌ᠰᠢᠯᠡᠯᠲᠡ᠎ᠶ᠋ᠢ ᠪᠡᠶᠡᠯᠡᠭᠦᠯᠬᠦ᠌᠎ᠶ᠋ᠢ ᠠᠬᠢᠭᠤᠯᠪᠠ᠃ ᠵᠣᠬᠢᠶᠠᠨ ᠪᠠᠢᠭᠤᠯᠵᠤ ᠬᠠᠮᠲᠤ᠎ᠪᠠᠷ ᠪᠠᠢᠭᠤᠯᠬᠤ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠨᠠᠮ᠎ᠤᠨ ᠭᠡᠱᠢᠭᠦᠨ ᠬᠤᠱᠢᠭᠤᠴᠢ ᠱᠢᠨ᠎ᠡ᠎ᠶ᠋ᠢ ᠡᠭᠦᠳᠬᠦ᠌᠎ᠶ᠋ᠢ ᠬᠦᠳᠦᠯᠦᠨ ᠳᠠᠭᠠᠭᠤᠯᠵᠤ᠂ ᠨᠠᠮ᠎ᠤᠨ ᠪᠠᠢᠭᠤᠯᠤᠯᠲᠠ ᠪᠣᠯᠤᠨ ᠲᠤᠬᠠᠢᠯᠠᠭ᠍ᠰᠠᠨ ᠠᠵᠢᠯ᠎ᠢ ᠭᠦᠨᠵᠡᠭᠡᠢ ᠠᠭᠤᠰᠤᠯᠴᠠᠭᠤᠯᠵᠤ᠂ ᠤᠯᠤᠰ᠎ᠤᠨ ᠤᠮᠠᠷᠠᠰᠢ ᠨᠡᠬᠡᠬᠡᠯᠳᠡ ᠬᠢᠬᠦ᠌ ᠴᠢᠬᠤᠯᠠ ᠪᠠᠬᠢᠯᠡᠯᠲᠡ᠎ᠶ᠋ᠢ ᠪᠦᠳᠦᠭᠡᠨ ᠪᠠᠢᠭᠤᠯᠬᠤ᠎ᠳᠤ ᠬᠦᠴᠦᠷᠬᠡᠭ ᠶᠡᠭᠡ ᠬᠤᠪᠢᠰᠭᠠᠯ᠎ᠤᠨ ᠬᠥᠳᠡᠯᠭᠡᠬᠦ᠌ ᠬᠦᠴᠦᠨ ᠨᠡᠮᠡᠷᠢᠯᠡᠵᠡᠢ᠃