ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠨᠠᠮ᠎ᠤᠨ ᠠᠵᠢᠯ᠎ᠢ ᠢᠯᠡ ᠪᠣᠯᠭᠠᠬᠤ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠵᠠᠯᠠᠭᠤ ᠺᠠᠳ᠋ᠷᠴᠤᠳ᠎ᠤᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠬᠢ ᠡᠷᠬᠢᠯᠡᠪᠡ
ᠨᠡᠶ᠋ᠢᠲᠡᠯᠡᠭᠰᠡᠨ ᠴᠠᠭ᠄ 2025-04-09

   ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠠᠴᠠ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠠᠬᠢᠭᠤᠯᠬᠤ ᠵᠢᠨ ᠲᠥᠯᠥᠭᠡ᠂ ᠵᠠᠯᠠᠭᠤ ᠺᠠᠳ᠋ᠷᠴᠤᠳ᠎ᠤᠨ ᠰᠤᠷᠲᠠᠯ᠎ᠤᠨ ᠪᠠᠶ᠋ᠢᠭᠤᠯᠤᠯᠲᠠ ᠵᠢᠨ ᠦᠵᠡᠯ ᠰᠠᠨᠠᠭ᠋ᠠᠨ᠎ᠤ ᠰᠡᠷᠭᠡᠶ᠋ᠢᠯᠡᠯᠲᠡ ᠵᠢᠨ ᠱᠤᠭᠤᠮ᠎ᠢ ᠤᠯᠠᠮ ᠨᠢᠭᠡ ᠠᠯᠬᠤᠮ ᠪᠠᠲᠤᠳᠬᠠᠬᠤ ᠵᠢ ᠠᠬᠢᠭᠤᠯᠪᠠ᠃ 4 ᠳ᠋ᠤᠭᠡᠷ ᠰᠠᠷ᠎ᠠ ᠵᠢᠨ 7᠎ᠤ ᠡᠳᠦᠷ᠎ᠠᠴᠠ 8᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠵᠠᠯᠠᠭᠤ ᠺᠠᠳ᠋ᠷᠴᠤᠳ᠎ᠤᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠭᠢ ᠵᠢ ᠡᠷᠭᠢᠯᠡᠪᠡ᠃


4.9-1.png


   ᠲᠣᠰ ᠤᠳᠠᠭ᠋ᠠᠨ᠎ᠤ ᠨᠣᠮ ᠤᠩᠰᠢᠬᠤ ᠠᠩᠭᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠋ᠠᠨ᠎ᠤ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠲᠤᠰᠬᠠᠶ ᠠᠩᠭᠢ ᠵᠢᠨ ᠵᠠᠯᠠᠭᠤ ᠺᠠᠳ᠋ᠷᠴᠤᠳ᠎ᠤᠨ ᠰᠤᠷᠤᠯᠴᠠᠯᠭ᠎ᠠ ᠬᠥᠮᠦᠵᠢᠯ᠎ᠢ ᠲᠣᠪᠤᠶ᠋ᠢᠮ᠎ᠠ ᠰᠠᠶ᠋ᠢᠲᠤᠷ ᠠᠳᠬᠤᠬᠤ ᠲᠤᠬᠠᠶ ᠱᠠᠭ᠋ᠠᠷᠳᠠᠯᠭ᠎ᠠ ᠶᠣᠰᠣᠭ᠋ᠠᠷ᠂ ᠲᠥᠪᠯᠡᠷᠡᠭᠦᠯᠦᠨ ᠰᠤᠷᠤᠯᠴᠠᠬᠤ ᠪᠠ ᠬᠤᠪᠢ ᠬᠥᠮᠦᠨ ᠥᠪᠡᠰᠦᠪᠡᠨ ᠰᠤᠷᠤᠯᠴᠠᠬᠤ᠂ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ᠎ᠢ ᠦᠵᠡᠬᠦ ᠠᠷᠭ᠎ᠠ ᠮᠠᠶᠢᠭ᠎ᠢ ᠠᠪᠴᠤ᠂ 《ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠰᠢ ᠵᠢᠨ ᠫᠢᠩ᠎ᠤᠨ ᠥᠭᠦᠯᠡᠯᠲᠡ ᠵᠢᠨ ᠲᠡᠭᠦᠪᠦᠷᠢ》 ᠵᠢᠨ ᠬᠤᠯᠪᠣᠭᠳᠠᠯ ᠪᠥᠬᠦᠶ ᠠᠭᠤᠯᠭ᠎ᠠ ᠵᠢ ᠭᠦᠨᠵᠡᠭᠡᠶ ᠰᠤᠷᠤᠯᠴᠠᠵᠤ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠲᠡᠷᠡ ᠬᠡᠪ ᠵᠶ᠋ᠠᠷ᠎ᠨᠢ ᠰᠤᠷᠤᠯᠴᠠᠵᠤ᠂ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠰᠠᠶ᠋ᠢᠲᠤᠷ ᠬᠡᠷᠡᠭᠯᠡᠨ ᠰᠡᠷᠡᠮᠵᠢᠯᠡᠭᠦᠯᠬᠦ ᠬᠥᠮᠦᠵᠢᠯ᠎ᠢ ᠴᠢᠩᠭ᠋ᠠᠳᠬᠠᠵᠤ᠂ ᠵᠠᠯᠠᠭᠤ ᠺᠠᠳ᠋ᠷᠴᠤᠳ ᠰᠤᠷᠤᠯᠴᠠᠯᠭ᠎ᠠ ᠵᠢᠨ ᠭᠤᠤᠯ ᠰᠡᠳᠦᠪ᠎ᠲᠠᠢ ᠨᠢᠭᠲᠠ ᠤᠶᠠᠯᠳᠤᠭᠤᠯᠤᠨ᠂ ᠲᠣᠰ ᠪᠡᠶ᠎ᠡ ᠵᠢᠨ ᠦᠵᠡᠯ ᠰᠠᠨᠠᠭ᠎ᠠ ᠪᠠ ᠠᠵᠢᠯ᠎ᠤᠨ ᠪᠣᠳᠠᠲᠠᠶ᠎ᠲᠠᠢ᠎ᠪᠠᠨ ᠤᠶᠠᠯᠳᠤᠭᠤᠯᠤᠨ᠂ ᠠᠰᠠᠭᠤᠳᠠᠯ᠎ᠢ ᠨᠠᠷᠢᠨ ᠬᠢᠨᠠᠮᠠᠭ᠋ᠠᠶ ᠪᠠᠶ᠋ᠢᠴᠠᠭ᠋ᠠᠨ ᠳᠡᠯᠭᠡᠵᠦ᠂ ᠰᠤᠷᠤᠯᠴᠠᠭᠰᠠᠨ ᠣᠯᠤᠯᠲᠠ ᠲᠥᠷᠥᠭᠳᠡᠯ ᠵᠶ᠋ᠠᠨ ᠪᠢᠴᠢᠪᠡ᠃


4.9-2.png


   ᠤᠯᠠᠨ ᠵᠶ᠋ᠠᠷ ᠵᠶ᠋ᠠᠨ᠂ ᠲᠤᠰ ᠤᠳᠠᠭ᠎ᠠ ᠵᠢᠨ ᠰᠤᠷᠤᠯᠴᠠᠯᠭ᠎ᠠ᠎ᠪᠠᠷ ᠠᠵᠠ ᠲᠣᠬᠢᠶᠠᠯ ᠪᠣᠯᠭ᠋ᠠᠵᠤ᠂ ᠨᠠᠮ᠎ᠤᠨ ᠰᠢᠨ᠎ᠡ ᠵᠢ ᠡᠭᠦᠳᠬᠦ ᠤᠨᠤᠯ ᠵᠶ᠋ᠠᠷ ᠵᠡᠪᠰᠡᠭᠯᠡᠬᠦ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠨᠠᠷᠢᠨ ᠬᠢᠨᠠᠮᠠᠭ᠋ᠠᠢ ᠰᠤᠷᠤᠯᠴᠠᠨ ᠣᠶ᠋ᠢᠯᠠᠭ᠋ᠠᠵᠤ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠢᠲᠤᠭ᠎ᠠ ᠵᠢᠨ ᠢᠷ᠎ᠢ ᠳᠣᠲᠣᠭᠰᠢ᠎ᠪᠠᠨ ᠬᠠᠨᠳᠤᠭᠤᠯᠬᠤ ᠰᠥᠰᠥ ᠵᠣᠷᠢᠭ᠂ ᠲᠡᠮᠦᠷ᠎ᠢ ᠠᠳᠬᠤᠬᠤ᠎ᠳᠤ ᠣᠷᠣᠮ ᠪᠠᠶ᠋ᠢᠬᠤ ᠬᠠᠳᠠᠨ ᠵᠣᠷᠢᠭ ᠵᠶ᠋ᠠᠷ ᠰᠤᠷᠲᠠᠯ᠎ᠤᠨ ᠪᠠᠶ᠋ᠢᠭᠤᠯᠤᠯᠲᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠵᠠᠯᠠᠭᠤ ᠨᠠᠰᠤᠨ᠎ᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃

 

ᠢᠷᠡᠯᠲᠡ᠄ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
[ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢᠨ ᠰᠠᠷ᠎ᠠ] ᠰᠠᠨᠠᠭ᠋ᠠᠯᠵᠠᠬᠤ᠎ᠨᠢ᠄ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ ᠳᠡᠭᠡᠷᠡᠬᠢ ᠶᠠᠷᠢᠶ᠎ᠠ
ᠦᠵᠡᠯ ᠰᠠᠨᠠᠭ᠋ᠠᠨ᠎ᠤ ᠬᠠᠮᠲᠤ ᠵᠢᠨ ᠲᠠᠨᠢᠯᠲᠠ᠎ᠪᠠᠨ ᠨᠢᠭᠲᠠᠷᠠᠭᠤᠯᠤᠨ ᠡᠷᠡᠯᠬᠡᠭᠯᠡᠨ ᠤᠷᠤᠭᠰᠢᠯᠠᠬᠤ ᠬᠦᠴᠦᠨ᠎ᠢ ᠬᠥᠭᠵᠢᠭᠡᠵᠦ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠯᠠᠪᠳᠠᠭᠤᠨ ᠪᠠᠲᠤᠲᠠᠶ ᠠᠬᠢᠭᠤᠯᠪᠠ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 2023 ᠣᠨ᠎ᠤ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠭᠰᠠᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ
ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠳᠠᠭ᠋ᠠᠬᠤ — ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠪᠣᠯᠤᠨ ᠬᠥᠬᠡᠬᠤᠲᠠ ᠵᠢᠨ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠣᠷᠣᠨ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠴᠢ ᠯᠸᠢ ᠹᠧᠩ᠎ᠠᠴᠠ ᠰᠤᠷᠤᠯᠴᠠᠬᠤ ᠰᠢᠷᠢᠰ ᠠᠵᠢᠯᠯᠠᠭ᠎ᠠ ᠵᠢ ᠬᠠᠮᠲᠤ᠎ᠪᠠᠷ ᠵᠣᠬᠢᠶᠠᠨ ᠪᠠᠶ᠋ᠢᠭᠤᠯᠤᠨ ᠥᠷᠨᠢᠭᠦᠯᠪᠡ
ᠨᠠᠮ᠎ᠤᠨ ᠠᠴᠢ᠎ᠳᠤ ᠲᠠᠯᠠᠷᠬᠠᠵᠦ ᠨᠠᠮ᠎ᠤᠨ ᠦᠭᠡ ᠵᠢ ᠰᠤᠨᠤᠰᠬᠤ ᠨᠠᠮ ᠵᠶ᠋ᠠᠨ ᠳᠠᠭ᠋ᠠᠬᠤ ᠦᠪᠡᠷᠳᠡᠬᠡᠨ ᠵᠠᠰᠠᠬᠤ ᠤᠷᠤᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠠ ᠵᠢᠨ ᠤᠬᠠᠮᠰᠠᠷ᠎ᠢ ᠪᠠᠳᠤ ᠴᠤᠬ᠍ᠴᠠᠯᠠᠬᠤ ᠭᠤᠤᠯ ᠰᠡᠳᠦᠪᠳᠦ ᠨᠠᠮ᠎ᠤᠨ ᠡᠳᠦᠷ᠎ᠤᠨ ᠠᠵᠢᠯᠯᠠᠭ᠎ᠠ ᠵᠢ ᠦᠷᠨᠢᠬᠦᠯᠪᠡ
 
            