ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠰᠢ᠎ᠵᠢᠨ᠎ᠫᠢᠩ᠎ᠦᠨ ᠠᠵᠤ ᠠᠬᠤᠶ᠎ᠶ᠋ᠢᠨ ᠦᠵᠡᠯ ᠰᠠᠨᠠᠭ᠎ᠠ᠎ᠶᠢᠨ ᠬᠤᠷᠢᠶᠠᠩᠭᠤᠢ》᠎ᠶᠢ ᠬᠡᠪᠯᠡᠭᠦᠯᠦᠨ ᠲᠠᠷᠬᠠᠭᠠᠪᠠ
ᠨᠡᠶ᠋ᠢᠲᠡᠯᠡᠭᠰᠡᠨ ᠴᠠᠭ᠄ 2025-11-11

  ᠰᠢ᠎ᠵᠢᠨ᠎ᠫᠢᠩ᠎ᠦᠨ ᠠᠵᠤ ᠠᠬᠤᠶ᠎ᠶ᠋ᠢᠨ ᠦᠵᠡᠯ ᠰᠠᠨᠠᠭ᠎ᠠ᠎ᠶ᠋ᠢ ᠵᠢᠭᠠᠬᠤ ᠮᠠᠲ᠋ᠧᠷᠢᠶᠠᠯ᠎ᠳᠤ ᠣᠷᠣᠭᠤᠯᠬᠤ ᠬᠢᠴᠢᠶᠡᠯ᠎ᠦᠨ ᠲᠠᠩᠬᠢᠮ᠎ᠳᠤ ᠣᠷᠣᠭᠤᠯᠬᠤ ᠤᠶᠤᠨ ᠰᠡᠳᠬᠢᠯ᠎ᠳᠤ ᠬᠠᠳᠠᠩᠱᠢᠭᠤᠯᠬᠤ᠎ᠶᠢ ᠠᠬᠢᠭᠤᠯᠬᠤ᠎ᠶ᠋ᠢᠨ ᠲᠥᠯᠥᠭᠡ᠂ ᠲᠥᠪ᠎ᠦᠨ ᠤᠬᠠᠭᠤᠯᠬᠤ ᠬᠡᠯᠲᠡᠰ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠡᠴᠡ ᠵᠣᠬᠢᠶᠠᠨ ᠪᠠᠢᠭᠤᠯᠵᠤ ᠨᠠᠢᠷᠠᠭᠤᠯᠤᠨ ᠪᠢᠴᠢᠭ᠌ᠰᠡᠨ ᠮᠠᠷᠺᠰ᠎ᠤᠨ ᠦᠵᠡᠯ᠎ᠦᠨ ᠣᠨᠣᠯ᠎ᠤᠨ ᠰᠤᠳᠤᠯᠭᠠᠨ ᠪᠠ ᠪᠠᠢᠭᠤᠯᠤᠯᠲᠠ᠎ᠶ᠋ᠢᠨ ᠢᠨᠵᠧᠨᠧᠷᠢᠩ᠎ᠦᠨ ᠭᠤᠤᠯᠳᠠᠯᠭ᠎ᠠ᠎ᠲᠠᠶ ᠵᠢᠭᠠᠬᠤ ᠮᠠᠲ᠋ᠧᠷᠢᠶᠠᠯ 《ᠰᠢ᠎ᠵᠢᠨ᠎ᠫᠢᠩ᠎ᠦᠨ ᠠᠵᠤ ᠠᠬᠤᠶ᠎ᠶ᠋ᠢᠨ ᠦᠵᠡᠯ ᠰᠠᠨᠠᠭ᠎ᠠ᠎ᠶᠢᠨ ᠬᠤᠷᠢᠶᠠᠩᠭᠤᠢ》 (ᠳᠣᠷᠣᠭ᠍ᠰᠢ 《ᠬᠤᠷᠢᠶᠠᠩᠭᠤᠢ》 ᠭᠡᠵᠦ᠍ ᠲᠣᠪᠴᠢᠯᠠᠨ᠎ᠠ)᠎ᠶᠢ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠬᠡᠪᠯᠡᠯ᠎ᠦᠨ ᠬᠣᠷᠢᠶ᠎ᠠ᠂ ᠠᠷᠠᠳ᠎ᠤᠨ ᠬᠡᠪᠯᠡᠯ᠎ᠦᠨ ᠬᠣᠷᠢᠶ᠎ᠠ᠎ᠠᠴᠠ ᠬᠡᠪᠯᠡᠭᠦᠯᠵᠡᠶ᠃

  ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠰᠢ᠎ᠵᠢᠨ᠎ᠫᠢᠩ ᠨᠥᠬᠥᠷ᠎ᠢᠶᠡᠷ ᠭᠤᠤᠯ ᠪᠤᠯᠭᠠᠭᠰᠠᠨ ᠨᠠᠮ᠎ᠤᠨ ᠲᠥᠪ ᠬᠣᠷᠢᠶ᠎ᠠ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠥᠬᠥ᠌ ᠲᠠᠯ᠎ᠠ ᠪᠠ ᠳᠡᠯᠡᠬᠡᠶ᠎ᠶᠢᠨ ᠵᠠᠭᠤᠨ ᠵᠢᠯ᠎ᠳᠦ ᠲᠣᠬᠢᠶᠠᠯᠳᠤᠭ᠎ᠠ ᠥᠬᠡᠶ ᠶᠡᠬᠡ ᠬᠤᠪᠢᠰᠤᠯᠲᠠ᠎ᠳᠤ ᠰᠠᠭᠤᠷᠢᠯᠠᠨ᠂ ᠪᠠᠢᠳᠠᠯ᠎ᠤᠨ ᠱᠢᠨ᠎ᠡ ᠬᠤᠪᠢᠷᠠᠯᠲᠠ ᠪᠠ ᠦᠶ᠋ᠯᠡᠳᠦᠯᠭᠡ᠎ᠶ᠋ᠢᠨ ᠱᠢᠨ᠎ᠡ ᠱᠠᠭᠠᠷᠳᠠᠯᠭ᠎ᠠ᠎ᠶ᠋ᠢ ᠭᠦᠨᠵᠡᠭᠡᠶ ᠡᠵᠡᠮᠳᠡᠵᠦ᠍᠂ ᠮᠠᠨ᠎ᠤ ᠤᠯᠤᠰ᠎ᠤᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠦᠶ᠋ᠯᠡᠳᠦᠯᠭᠡ᠎ᠶ᠋ᠢᠨ ᠲᠤᠷᠱᠢᠯᠭ᠎ᠠ᠎ᠶ᠋ᠢ ᠱᠢᠰᠲ᠋ᠧᠮ᠎ᠲᠡᠶ ᠳ᠋ᠦᠩᠨᠡᠵᠦ᠍᠂ ᠶᠡᠷᠦᠩᠬᠡᠢ ᠬᠠᠨᠳᠤᠰᠢ᠎ᠶ᠋ᠢ ᠠᠵᠢᠭ᠍ᠯᠠᠨ᠂ ᠪᠥᠬᠥ᠌ ᠲᠠᠯ᠎ᠠ᠎ᠶ᠋ᠢ ᠲᠥᠯᠥᠪᠵᠢᠭᠦᠯᠵᠦ᠍᠂ ᠪᠣᠳᠠᠲᠠᠶ ᠠᠵᠢᠯ ᠬᠢᠵᠦ᠍᠂ ᠠᠵᠤ ᠠᠬᠤᠶ᠎ᠶ᠋ᠢᠨ ᠠᠵᠢᠯ᠎ᠤᠨ ᠲᠤᠬᠠᠶ ᠵᠢᠮ᠎ᠡ ᠶᠣᠰᠣᠴᠢ ᠴᠢᠨᠠᠷᠲᠠᠶ ᠲᠠᠨᠢᠯᠲᠠ᠎ᠪᠠᠨ ᠲᠠᠰᠤᠷᠠᠯᠲᠠ ᠥᠬᠡᠶ ᠭᠦᠨᠵᠡᠭᠡᠢᠷᠡᠭᠦᠯᠦᠨ᠂ ᠠᠯᠢ ᠣᠯᠠᠨ ᠱᠢᠨ᠎ᠡ ᠣᠢᠯᠠᠭᠠᠭ᠍ᠳᠠᠬᠤᠨ ᠱᠢᠨ᠎ᠡ ᠦᠵᠡᠯ ᠰᠠᠨᠠᠭ᠎ᠠ ᠱᠢᠨ᠎ᠡ ᠪᠠᠢᠯᠳᠤᠬᠤ ᠪᠣᠳᠣᠯᠭ᠎ᠠ᠎ᠶ᠋ᠢ ᠳᠤᠷᠠᠳᠤᠨ ᠭᠠᠷᠭᠠᠵᠤ᠂ ᠮᠠᠨ᠎ᠤ ᠤᠯᠤᠰ᠎ᠤᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠬᠥᠲᠥᠯᠥᠨ ᠵᠢᠯᠣᠭᠣᠳᠴᠤ᠌ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠶ ᠬᠤᠪᠢᠰᠤᠯᠲᠠ ᠭᠠᠷᠭᠠᠵᠤ᠂ ᠰᠢ᠎ᠵᠢᠨ᠎ᠫᠢᠩ᠎ᠦᠨ ᠠᠵᠤ ᠠᠬᠤᠶ᠎ᠶ᠋ᠢᠨ ᠦᠵᠡᠯ ᠰᠠᠨᠠᠭ᠎ᠠ᠎ᠶ᠋ᠢ ᠪᠦᠷᠢᠯᠳᠦᠬᠦᠯᠪᠡ᠃

  《ᠬᠤᠷᠢᠶᠠᠩᠭᠤᠢ》 ᠨᠢ ᠤᠳᠤᠷᠢᠳᠭᠠᠯ ᠪᠠ ᠭᠣᠣᠯ ᠵᠣᠬᠢᠶᠠᠯ 15 ᠪᠦᠯᠦᠭ᠎ᠢᠶᠡᠷ ᠪᠦᠷᠢᠯᠳᠦᠵᠦ᠂ ᠨᠡᠢᠲᠡ ᠪᠠᠷᠤᠭ 21 ᠲᠦᠮᠡᠨ ᠦᠰᠦᠭ ᠲᠠᠢ ᠪᠠᠢᠵᠤ᠂ ᠰᠢ᠎ᠵᠢᠨ᠎ᠫᠢᠩ᠎ᠦᠨ ᠠᠵᠤ ᠠᠬᠤᠶ᠎ᠶ᠋ᠢᠨ ᠦᠵᠡᠯ ᠰᠠᠨᠠᠭ᠎ᠠ᠎ᠶᠢᠨ ᠴᠢᠬᠤᠯᠠ ᠶᠡᠬᠡ ᠠᠴᠢ ᠬᠣᠯᠪᠣᠭ᠍ᠳᠠᠯ᠂ ᠲᠡᠦᠬᠡᠨ ᠪᠠᠢᠷᠢ ᠰᠠᠭᠤᠷᠢ᠂ ᠢᠯᠡ ᠲᠣᠳᠣ ᠣᠨᠴᠠᠯᠢᠭ᠂ ᠱᠢᠨᠵᠢᠯᠡᠬᠦ᠌ ᠤᠬᠠᠭᠠᠨᠴᠢ ᠰᠢᠰᠲᠸᠮ᠂ ᠦᠨᠳᠦᠰᠦᠨ ᠠᠭᠤᠯᠤᠭ᠍ᠳᠠᠬᠤᠨ᠂ ᠦᠶ᠋ᠯᠡᠳᠦᠯᠭᠡ᠎ᠶ᠋ᠢᠨ ᠱᠠᠭᠠᠷᠳᠠᠯᠭ᠎ᠠ ᠵᠡᠷᠭᠡ᠎ᠶᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠵᠦ᠂ ᠰᠢ᠎ᠵᠢᠨ᠎ᠫᠢᠩ᠎ᠦᠨ ᠠᠵᠤ ᠠᠬᠤᠢ᠎ᠶ᠋ᠢᠨ ᠦᠵᠡᠯ ᠰᠠᠨᠠᠭ᠎ᠠ ᠪᠣᠯ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢᠨ ᠴᠢᠬᠤᠯᠠ ᠪᠦᠷᠢᠯᠳᠦᠬᠦᠨ ᠬᠡᠰᠡᠭ᠂ ᠳᠤᠮᠳᠠᠳᠤ ᠤᠯᠤᠰ᠎ᠤᠨ ᠡᠪ ᠬᠠᠮᠲᠤ ᠨᠠᠮ᠎ᠠᠴᠠ ᠨᠡᠢᠭᠡᠮ ᠵᠢᠷᠤᠮ᠎ᠤᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠵᠠᠮ᠎ᠢ ᠴᠥᠬᠥᠷᠡᠰᠢ ᠦᠭᠡᠶ ᠰᠦᠪᠡᠭ᠌ᠴᠢᠯᠡᠵᠦ᠍ ᠪᠦᠷᠢᠯᠳᠦᠭᠦᠯᠦᠭ᠌ᠰᠡᠨ ᠡᠷᠬᠢᠮ ᠨᠠᠨᠳᠢᠨ ᠦᠵᠡᠯ ᠰᠠᠨᠠᠭ᠎ᠠ᠎ᠶᠢᠨ ᠣᠬᠢ ᠲᠡᠯᠡᠰᠲᠦ ᠮᠥᠨ᠂ ᠮᠠᠷᠺᠰ᠎ᠤᠨ ᠦᠵᠡᠯ᠎ᠦᠨ ᠤᠯᠤᠰ ᠲᠥᠷᠥ᠍ ᠠᠵᠤ ᠠᠬᠤᠶ᠎ᠶ᠋ᠢᠨ ᠤᠬᠠᠭᠠᠨ᠎ᠤ ᠦᠨᠳᠦᠰᠦᠨ ᠤᠭ ᠶᠣᠰᠣ᠎ᠪᠠᠷ ᠱᠢᠨ᠎ᠡ ᠴᠠᠭ ᠦᠶ᠎ᠡ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠦᠶ᠋ᠯᠡᠳᠦᠯᠭᠡ᠎ᠶ᠋ᠢ ᠵᠢᠯᠣᠭᠣᠳᠤᠭᠤᠯᠵᠤ ᠪᠦᠷᠢᠯᠳᠦᠭ᠌ᠰᠡᠨ ᠴᠢᠬᠤᠯᠠ ᠶᠡᠬᠡ ᠣᠨᠣᠯ᠎ᠤᠨ ᠦᠷ᠎ᠡ ᠪᠦᠲᠦᠭᠡᠯ ᠮᠥᠨ᠂ ᠱᠢᠨ᠎ᠡ ᠴᠠᠭ ᠦᠶ᠎ᠡ᠎ᠶᠢᠨ ᠮᠠᠨ᠎ᠤ ᠤᠯᠤᠰ᠎ᠤᠨ ᠠᠵᠤ ᠠᠬᠤᠶ᠎ᠶ᠋ᠢᠨ ᠠᠵᠢᠯ᠎ᠤᠨ ᠱᠢᠨᠵᠢᠯᠡᠬᠦ᠌ ᠤᠬᠠᠭᠠᠨᠴᠢ ᠠᠵᠢᠯᠯᠠᠭᠠᠨ᠎ᠤ ᠵᠦᠭ᠌ᠯᠡᠭᠦᠷ ᠪᠣᠯᠬᠤ᠎ᠶ᠋ᠢ ᠭᠦᠢᠴᠡᠳ ᠲᠣᠳᠣᠷᠬᠠᠢᠯᠠᠨ ᠥᠭᠦᠯᠡᠪᠠ᠃ 《ᠬᠤᠷᠢᠶᠠᠩᠭᠤᠢ》 ᠨᠢ ᠤᠭ ᠪᠦᠳᠦᠬᠡᠯ ᠤᠤᠯ ᠵᠤᠬᠢᠶᠠᠯ᠎ᠳᠤ ᠦᠨᠡᠨᠴᠢ ᠪᠠᠢᠬᠤ᠎ᠶ᠋ᠢ ᠪᠠᠷᠢᠮᠲᠠᠯᠠᠵᠤ᠂ ᠱᠢᠰᠲᠸᠮᠵᠢᠬᠦᠯᠵᠤ ᠤᠨᠤᠯᠵᠢᠭᠤᠯᠤᠨ ᠶᠤᠰᠤᠵᠢᠭᠤᠯᠬᠤ᠎ᠶ᠋ᠢ ᠲᠤᠪᠤᠢ᠌ᠯᠭᠠᠵᠤ᠂ ᠰᠤᠷᠬᠤ᠎ᠳᠤ ᠠᠮᠠᠷ ᠬᠡᠷᠡᠭ᠌ᠯᠡᠬᠦ᠌᠎ᠳᠦ ᠬᠢᠯᠪᠠᠷ ᠪᠠᠢᠬᠤ᠎ᠶ᠋ᠢ ᠴᠢᠬᠤᠯᠠᠴᠢᠯᠠᠵᠤ᠂ ᠶᠡᠬᠡ ᠳᠡᠭᠡᠳᠦ ᠰᠤᠷᠭᠠᠭᠤᠯᠢ᠎ᠶ᠋ᠢᠨ ᠠᠵᠤ ᠠᠬᠤᠢ᠎ᠶ᠋ᠢᠨ ᠤᠬᠠᠭᠠᠨ᠎ᠤ ᠲᠦᠷᠦᠯ᠎ᠦᠨ ᠲᠤᠰᠭᠠᠢ ᠮᠡᠷᠭᠡᠵᠢᠯ᠎ᠦᠨ ᠰᠤᠷᠤᠭ᠍ᠴᠢᠳ᠎ᠤᠨ ᠰᠢ᠎ᠵᠢᠨ᠎ᠫᠢᠩ᠎ᠦᠨ ᠠᠵᠤ ᠠᠬᠤᠢ᠎ᠶ᠋ᠢᠨ ᠦᠵᠡᠯ ᠰᠠᠨᠠᠭ᠎ᠠ᠎ᠶ᠋ᠢ ᠱᠢᠰᠲᠸᠮ ᠲᠠᠢ ᠰᠤᠷᠤᠯᠴᠠᠨ ᠡᠵᠡᠮᠱᠢᠬᠦ᠌ ᠭᠣᠣᠯᠳᠠᠯᠭ᠎ᠠ᠎ᠲᠠᠶ ᠵᠢᠭᠠᠬᠤ ᠮᠠᠲ᠋ᠧᠷᠢᠶᠠᠯ ᠪᠣᠯᠤᠨ᠎ᠠ᠂ ᠪᠠᠰᠠ ᠴᠤ᠌ ᠥᠷᠭᠡᠨ ᠤᠯᠠᠨ ᠨᠠᠮ᠎ᠤᠨ ᠭᠡᠱᠢᠭᠦᠨ᠂ ᠺᠠᠳ᠋ᠷᠴᠤᠳ᠎ᠤᠨ ᠰᠢ᠎ᠵᠢᠨ᠎ᠫᠢᠩ᠎ᠦᠨ ᠠᠵᠤ ᠠᠬᠤᠢ᠎ᠶ᠋ᠢᠨ ᠦᠵᠡᠯ ᠰᠠᠨᠠᠭ᠎ᠠ᠎ᠶ᠋ᠢ ᠰᠤᠷᠤᠯᠴᠠᠨ ᠣᠢᠯᠠᠭᠠᠬᠤ ᠴᠢᠬᠤᠯᠠ ᠤᠩᠱᠢᠬᠤ ᠪᠢᠴᠢᠭ ᠪᠣᠯᠤᠨ᠎ᠠ᠃

  ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 11 ᠰᠠᠷ᠎ᠠ᠎ᠶ᠋ᠢᠨ 10 ᠎ᠤ᠋ ᠴᠠᠬᠢᠯᠭᠠᠨ ᠮᠡᠳᠡᠭᠡ

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            