ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠠᠴᠠ ᠵᠣᠬᠢᠶᠠᠨ ᠪᠠᠢᠭᠤᠯᠵᠤ ᠨᠠᠢᠷᠠᠭᠤᠯᠤᠭᠰᠠᠨ 《ᠰᠢ᠎ᠵᠢᠨ᠎ᠫᠢᠩ᠎ᠦᠨ ᠨᠡᠢᠭᠡᠮ᠎ᠦᠨ ᠪᠠᠲᠤᠯᠠᠭ᠎ᠠ᠎ᠶᠢᠨ ᠲᠤᠬᠠᠢ ᠴᠢᠬᠤᠯᠠ ᠥᠭᠦᠯᠡᠯᠲᠡ᠎ᠶᠢ ᠭᠦᠨᠵᠡᠭᠡᠢ ᠰᠣᠷᠣᠯᠴᠠᠶ᠎ᠠ》 ᠭᠡᠬᠦ ᠨᠣᠮ᠎ᠢ ᠣᠢᠷ᠎ᠠ᠎ᠳᠤ ᠠᠷᠠᠳ᠎ᠤᠨ ᠬᠡᠪᠯᠡᠯ᠎ᠦᠨ ᠬᠣᠷᠢᠶ᠎ᠠ᠎ᠠᠴᠠ ᠬᠡᠪᠯᠡᠭᠦᠯᠵᠦ᠂ ᠪᠥᠬᠥ ᠤᠯᠤᠰ᠎ᠲᠤ ᠲᠠᠷᠬᠠᠭᠠᠪᠠ᠃
ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠰᠢ᠎ᠵᠢᠨ᠎ᠫᠢᠩ ᠨᠥᠬᠥᠷ᠎ᠢᠶᠡᠷ ᠭᠤᠤᠯ ᠪᠤᠯᠭᠠᠭᠰᠠᠨ ᠨᠠᠮ᠎ᠤᠨ ᠲᠥᠪ ᠬᠣᠷᠢᠶ᠎ᠠ ᠨᠡᠢᠭᠡᠮ᠎ᠦᠨ ᠪᠠᠲᠤᠯᠠᠭ᠎ᠠ᠎ᠶ᠋ᠢᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠪᠥᠬᠥ᠌ ᠠᠷᠠᠳ᠎ᠢ ᠬᠠᠮᠤᠷᠤᠭ᠍ᠰᠠᠨ᠂ ᠬᠣᠲᠠ ᠬᠥᠳᠡᠭᠡ᠎ᠶ᠋ᠢ ᠨᠢᠭᠡᠳᠦᠯᠲᠡᠶ ᠲᠦᠯᠦᠪᠵᠢᠬᠦᠯᠦᠭᠰᠡᠨ᠂ ᠲᠥᠪ ᠭᠤᠤᠯᠴᠢ ᠪᠥᠭᠡᠳ ᠨᠢᠭᠡᠳᠦᠯᠲᠡᠶ᠂ ᠠᠮᠤᠷ ᠲᠦᠪᠱᠢᠨ ᠪᠥᠭᠡᠳ ᠵᠢᠷᠤᠮᠵᠢᠭᠤᠨ᠂ ᠳᠠᠭᠠᠭᠠᠮᠠᠭᠠᠢ ᠦᠷᠭᠦᠯᠵᠢᠯᠡᠬᠦ᠌ ᠣᠯᠠᠨ ᠲᠠᠰ ᠳᠠᠪᠬᠤᠷᠭ᠎ᠠ᠎ᠶ᠋ᠢᠨ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠬᠥᠯᠬᠦᠶᠢ ᠠᠬᠢᠭᠤᠯᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠂ ᠨᠡᠢᠭᠡᠮ᠎ᠦᠨ ᠲᠥᠪ ᠭᠤᠤᠯᠴᠢ᠎ᠶ᠋ᠢ ᠬᠠᠮᠠᠭᠠᠯᠠᠬᠤ᠂ ᠠᠷᠠᠳ ᠲᠦᠮᠡᠨ᠎ᠦ ᠠᠵᠠ ᠵᠢᠷᠭᠠᠯ᠎ᠢ ᠨᠡᠮᠡᠭ᠌ᠳᠡᠭᠦᠯᠬᠦ᠌ ᠵᠡᠷᠭᠡ ᠲᠠᠯ᠎ᠠ᠎ᠪᠠᠷ ᠬᠢ ᠨᠡᠢᠭᠡᠮ᠎ᠦᠨ ᠪᠠᠲᠤᠯᠠᠭ᠎ᠠ᠎ᠶ᠋ᠢᠨ ᠴᠢᠬᠤᠯᠠ ᠦᠶ᠋ᠯᠡᠳᠦᠯ᠎ᠢ ᠪᠦᠲᠦᠮᠵᠢᠲᠡᠶ ᠪᠠᠳᠠᠷᠠᠭᠤᠯᠵᠠᠶ᠃ ᠶᠡᠷᠦᠩᠬᠡᠢ ᠱᠦᠵᠢ ᠰᠢ᠎ᠵᠢᠨ᠎ᠫᠢᠩ᠎ᠦᠨ ᠨᠡᠢᠭᠡᠮ᠎ᠦᠨ ᠪᠠᠲᠤᠯᠠᠭ᠎ᠠ᠎ᠶ᠋ᠢᠨ ᠲᠤᠬᠠᠢ ᠴᠢᠬᠤᠯᠠ ᠥᠭᠦᠯᠡᠯᠲᠡ ᠨᠢ ᠨᠡᠢᠭᠡᠮ ᠦᠨ ᠪᠠᠲᠤᠯᠠᠭ᠎ᠠ᠎ᠶ᠋ᠢᠨ ᠦᠢᠯᠡᠰ᠎ᠦᠨ ᠬᠥᠭ᠌ᠵᠢᠯᠲᠡ᠎ᠶ᠋ᠢᠨ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ᠎ᠶ᠋ᠢ ᠭᠦᠨᠵᠡᠭᠡᠢᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠮᠠᠨ᠎ᠤ ᠤᠯᠤᠰ᠎ᠤᠨ ᠨᠡᠢᠭᠡᠮ᠎ᠦᠨ ᠪᠠᠲᠤᠯᠠᠭ᠎ᠠ᠎ᠶ᠋ᠢᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠳᠦ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ ᠲᠣᠰ ᠨᠣᠮ ᠨᠢ ᠨᠡᠢᠲᠡ 15 ᠪᠦᠯᠦᠭ ᠬᠤᠪᠢᠶᠠᠵᠤ᠂ ᠲᠡᠦᠬᠡ᠎ᠶ᠋ᠢᠨ ᠲᠤᠷᠱᠢᠯᠭ᠎ᠠ᠂ ᠪᠠᠢᠳᠠᠯ ᠡᠭᠦᠷᠭᠡ᠂ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ ᠵᠡᠷᠭᠡ ᠲᠠᠯ᠎ᠠ᠎ᠪᠠᠷ᠂ ᠶᠡᠷᠦᠩᠬᠡᠶ ᠱᠦᠵᠢ ᠰᠢ᠎ᠵᠢᠨ᠎ᠫᠢᠩ᠎ᠦᠨ ᠨᠡᠢᠭᠡᠮ᠎ᠦᠨ ᠪᠠᠲᠤᠯᠠᠭ᠎ᠠ᠎ᠶ᠋ᠢᠨ ᠲᠤᠬᠠᠶ ᠴᠢᠬᠤᠯᠠ ᠥᠭᠦᠯᠡᠯᠲᠡ᠎ᠶ᠋ᠢᠨ ᠭᠤᠤᠯ ᠠᠭᠤᠯᠭ᠎ᠠ᠂ ᠵᠣᠷᠢᠭ ᠰᠠᠨᠠᠭ᠎ᠠ᠎ᠶᠢᠨ ᠮᠥᠨ ᠴᠢᠨᠠᠷ᠂ ᠪᠠᠶᠠᠯᠢᠭ ᠠᠭᠤᠯᠤᠭ᠍ᠳᠠᠬᠤᠨ ᠪᠠ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠲᠣᠳᠣᠷᠬᠠᠢᠯᠠᠨ ᠲᠠᠢᠯᠪᠤᠷᠢᠯᠠᠪᠠ᠃
ᠲᠣᠰ ᠨᠣᠮ᠎ᠤᠨ ᠬᠡᠪᠯᠡᠭ᠌ᠳᠡᠭ᠌ᠰᠡᠨ ᠨᠢ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠤᠨ ᠶᠡᠷᠦᠩᠬᠡᠶ ᠱᠦᠵᠢ ᠰᠢ᠎ᠵᠢᠨ᠎ᠫᠢᠩ᠎ᠦᠨ ᠨᠡᠢᠭᠡᠮ᠎ᠦᠨ ᠪᠠᠲᠤᠯᠠᠭ᠎ᠠ᠎ᠶ᠋ᠢᠨ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠵᠤ᠂ ᠨᠡᠢᠭᠡᠮ᠎ᠦᠨ ᠪᠠᠲᠤᠯᠠᠭ᠎ᠠ᠎ᠶ᠋ᠢᠨ ᠲᠦᠷᠢᠮ᠎ᠦᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠠᠷᠠᠳ ᠣᠯᠠᠨ᠎ᠳᠤ ᠨᠠᠩ ᠭᠦᠶ᠋ᠴᠡᠳ᠂ ᠨᠠᠩ ᠨᠠᠢᠳᠠᠪᠤᠷᠢᠲᠠᠶ᠂ ᠨᠠᠩ ᠲᠥᠪ ᠭᠤᠤᠯᠴᠢ ᠨᠡᠢᠭᠡᠮ᠎ᠦᠨ ᠪᠠᠲᠤᠯᠠᠭ᠎ᠠ᠎ᠶ᠋ᠢᠨ ᠦᠶ᠋ᠯᠡᠴᠢᠯᠡᠭᠡ ᠬᠠᠩᠭᠠᠵᠤ᠂ ᠥᠭᠡᠷᠡᠴᠢᠯᠡᠯᠲᠡ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠨᠠᠩ ᠰᠠᠢᠲᠤᠷ ᠬᠠᠮᠲᠤ᠎ᠪᠠᠷ ᠡᠳ᠋ᠯᠡᠬᠦ᠌᠎ᠳᠦ ᠠᠱᠢᠭ᠍ᠲᠠᠶ ᠶᠤᠮ᠃
ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 10 ᠰᠠᠷ᠎ᠠ ᠶ᠋ᠢᠨ 27 ᠤ ᠴᠠᠬᠢᠯᠭᠠᠨ ᠮᠡᠳᠡᠭᠡ