ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠎ᠶᠢᠨ ᠲᠣᠪᠴᠢᠶ᠎ᠠ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠵᠤ ᠴᠢᠬᠤᠯᠠᠴᠢᠯᠠᠭ᠍ᠰᠠᠨ ᠨᠢ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶᠢ ᠴᠥᠬᠥᠷᠡᠰᠢ ᠦᠭᠡᠢ ᠨᠠᠢᠳᠠᠪᠤᠷᠢᠵᠢᠭᠤᠯᠵᠤ ᠱᠢᠯᠢᠳᠡᠭ ᠰᠤᠷᠲᠠᠯ᠎ᠢᠶᠠᠷ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠵᠤ ᠦᠨᠡᠨ ᠬᠦ᠌ ᠠᠳᠭᠤᠨ ᠪᠣᠳᠠᠲᠠᠶ ᠠᠵᠢᠯᠯᠠᠬᠤ ᠬᠡᠷᠡᠭᠲᠡᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠶ ᠱᠦᠵᠢ ᠰᠢ᠎ᠵᠢᠨ᠎ᠫᠢᠩ ᠬᠤᠷᠠᠯ᠎ᠢ ᠡᠷᠭᠢᠯᠡᠭ᠌ᠰᠡᠨ ᠪᠥᠭᠡᠳ ᠴᠢᠬᠤᠯᠠ ᠶᠠᠷᠢᠶ᠎ᠠ ᠲᠠᠯᠪᠢᠪᠠ
ᠨᠡᠶ᠋ᠢᠲᠡᠯᠡᠭᠰᠡᠨ ᠴᠠᠭ᠄ 2025-12-29

  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶ᠋ᠢᠨ ᠲᠣᠪᠴᠢᠶ᠎ᠠ 12 ᠰᠠᠷ᠎ᠠ᠎ᠶ᠋ᠢᠨ 25᠎ᠠᠴᠠ 26᠎ᠤ ᠡᠳᠦᠷ ᠪᠣᠯᠲᠠᠯ᠎ᠠ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠵᠤ᠂ ᠰᠢ᠎ᠵᠢᠨ᠎ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠪᠥᠬᠥ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠥᠬᠥᠷᠡᠰᠢ ᠥᠬᠡᠶ ᠨᠠᠢᠳᠠᠪᠤᠷᠢᠵᠢᠭᠤᠯᠬᠤ᠂ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠵᠤ ᠣᠷᠳᠣ ᠬᠤᠭᠤᠴᠠᠭ᠎ᠠ ᠪᠦᠲᠦᠮᠵᠢᠲᠡᠶ ᠠᠬᠢᠭᠤᠯᠬᠤ᠎ᠶ᠋ᠢᠨ ᠲᠣᠭᠣᠷᠢᠨ᠎ᠳᠤ ᠦᠵᠡᠯ ᠰᠠᠨᠠᠭ᠎ᠠ ᠪᠠ ᠠᠵᠢᠯ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠥᠪᠡᠷ᠎ᠦᠨ ᠪᠠᠢᠴᠠᠭᠠᠯᠲᠠ᠂ ᠨᠠᠮᠴᠢ ᠴᠢᠨᠠᠷ᠎ᠤᠨ ᠵᠠᠳᠠᠯᠤᠯᠲᠠ ᠬᠢᠵᠦ᠍᠂ ᠱᠢᠭᠦᠮᠵᠢᠯᠡᠯ ᠪᠠ ᠥᠪᠡᠷ᠎ᠦᠨ ᠱᠢᠭᠦᠮᠵᠢᠯᠡᠯ ᠥᠷᠨᠢᠭᠦᠯᠪᠡ᠃

  

 

  12 ᠰᠠᠷ᠎ᠠ᠎ᠶ᠋ᠢᠨ 25᠎ᠠᠴᠠ 26᠎ᠤ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶᠢᠨ ᠲᠣᠪᠴᠢᠶ᠎ᠠ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠵᠤ᠂  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ ᠰᠢ᠎ᠵᠢᠨ᠎ᠫᠢᠩ ᠬᠤᠷᠠᠯ᠎ᠢ ᠡᠷᠬᠢᠯᠡᠭ᠌ᠰᠡᠨ ᠪᠥᠭᠡᠳ ᠴᠢᠬᠤᠯᠠ ᠶᠠᠷᠢᠶ᠎ᠠ ᠲᠠᠯᠪᠢᠪᠠ᠃

  ᠱᠢᠨᠬᠤᠸᠠ ᠬᠣᠷᠢᠶ᠎ᠠ᠎ᠶᠢᠨ ᠰᠤᠷᠪᠤᠯᠵᠢᠯᠠᠬᠴᠢ  ᠰᠢᠶᠧ ᠬᠤᠸᠠᠨ ᡂᠢ ᠰᠡᠬᠦᠳᠡᠷᠯᠡᠪᠡ

  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ ᠰᠢ᠎ᠵᠢᠨ᠎ᠫᠢᠩ ᠬᠤᠷᠠᠯ᠎ᠢ ᠡᠷᠬᠢᠯᠡᠭ᠌ᠰᠡᠨ ᠪᠥᠭᠡᠳ ᠴᠢᠬᠤᠯᠠ ᠶᠠᠷᠢᠶ᠎ᠠ ᠲᠠᠯᠪᠢᠪᠠ᠃

  ᠬᠤᠷᠠᠯ᠎ᠡᠴᠡ ᠡᠮᠦᠨ᠎ᠡ᠂ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠢᠨ ᠨᠠᠷᠢᠨ ᠬᠢᠨᠠᠮᠠᠭᠠᠶ ᠪᠡᠯᠡᠳᠭᠡᠯ ᠬᠢᠪᠡ᠃ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠨᠥᠬᠥᠳ ᠬᠣᠯᠪᠣᠭ᠍ᠳᠠᠯ ᠪᠦᠬᠦᠢ ᠬᠠᠷᠢᠭᠤᠴᠠᠯᠭᠠᠲᠠᠨ ᠨᠥᠬᠥᠳ᠎ᠲᠡᠶ ᠰᠡᠳᠭᠢᠯ᠎ᠦᠨ ᠦᠭᠡ᠎ᠪᠡᠨ ᠶᠠᠷᠢᠯᠴᠠᠵᠤ᠂ ᠰᠠᠨᠠᠯ ᠰᠠᠨᠠᠭᠤᠯᠭ᠎ᠠ᠎ᠶ᠋ᠢ ᠨᠢ ᠰᠣᠨᠣᠰᠴᠤ᠌᠂ ᠶᠠᠷᠢᠶᠠᠨ᠎ᠤ ᠬᠥᠲᠥᠯᠪᠦᠷᠢ ᠲᠤᠭᠤᠷᠪᠢᠪᠠ᠃ ᠬᠤᠷᠠᠯ ᠳᠡᠭᠡᠷ᠎ᠡ᠂ ᠤᠷᠢᠳ ᠎ᠢᠶᠠᠷ 2025 ᠣᠨ᠎ᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶ᠋ᠢᠨ ᠲᠣᠪᠴᠢᠶᠠᠨ᠎ᠤ ᠲᠥᠪ᠎ᠤᠨ ᠨᠠᠶ᠋ᠮᠠᠨ ᠲᠣᠭ᠍ᠲᠠᠭᠠᠯ᠎ᠢ ᠲᠤᠭᠤᠱᠢᠯᠠᠭᠤᠯᠤᠨ ᠬᠡᠷᠡᠭ᠌ᠵᠢᠭᠦᠯᠦᠭ᠌ᠰᠡᠨ ᠪᠠᠢᠳᠠᠯ᠎ᠤᠨ ᠲᠤᠬᠠᠶ ᠮᠡᠳᠡᠭᠦᠯᠦᠯᠲᠡ ᠪᠠ 2025 ᠣᠨ᠎ᠤ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠦᠭ᠌ᠰᠡᠨ ᠠᠵᠢᠯ᠎ᠤᠨ ᠪᠠᠢᠳᠠᠯ᠎ᠤᠨ ᠲᠤᠬᠠᠶ ᠮᠡᠳᠡᠭᠦᠯᠦᠯᠲᠡ᠎ᠶ᠋ᠢ ᠰᠣᠨᠣᠰᠪᠠ᠃ ᠲᠦᠪ᠎ᠤᠨ ᠤᠯᠤᠰ ᠲᠦᠷᠦ᠍᠎ᠶ᠋ᠢᠨ ᠲᠣᠪᠴᠢᠶᠠᠨ᠎ᠤ ᠨᠥᠬᠥᠳ ᠨᠢᠭᠡᠳ ᠨᠢᠭᠡ᠎ᠪᠡᠷ ᠦᠭᠡ ᠬᠡᠯᠡᠵᠤ᠂ ᠬᠤᠷᠠᠯ᠎ᠤᠨ ᠭᠣᠣᠯ ᠰᠡᠳᠦᠪ᠎ᠦᠨ ᠲᠣᠭᠣᠷᠢᠨ᠎ᠳᠤ᠂ 《ᠨᠠᠮ᠎ᠤᠨ ᠲᠥᠪ ᠬᠣᠷᠢᠶ᠎ᠠ᠎ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠴᠢᠩᠭᠠᠳᠭᠠᠨ ᠬᠠᠮᠠᠭᠠᠯᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠲᠣᠭ᠍ᠲᠠᠭᠠᠯ᠎ᠤᠳ》᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠲᠥᠪ᠎ᠦᠨ ᠨᠠᠢ᠍ᠮᠠᠨ ᠲᠣᠭ᠍ᠲᠠᠭᠠᠯ᠎ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠵᠢ ᠬᠡᠷᠡᠭ᠌ᠵᠢᠭᠦᠯᠬᠦ᠌ ᠨᠠᠷᠢᠨ ᠲᠦᠷᠢᠮ》 ᠲᠠᠢ ᠬᠠᠷᠭᠤᠭᠤᠯᠵᠦ᠂ ᠨᠠᠷᠢᠨ ᠬᠢᠨᠠᠮᠠᠭᠠᠢ ᠪᠠᠢᠴᠠᠭᠠᠨ ᠳᠡᠯᠭᠡᠵᠤ᠂ ᠭᠦᠨᠵᠡᠭᠡᠢ ᠵᠠᠳᠠᠯᠤᠨ ᠱᠢᠨᠵᠢᠯᠡᠵᠦ᠍᠂ ᠦᠨᠡᠨᠴᠢ᠎ᠪᠡᠷ ᠬᠠᠨᠳᠤᠵᠤ᠂ ᠪᠤᠳᠤᠭ᠍ᠰᠠᠠ᠎ᠢᠶᠠᠨ ᠪᠦᠭᠦᠳᠡ᠎ᠵᠢ ᠶᠠᠷᠢᠵᠤ᠂ ᠠᠭᠤᠷ ᠠᠮᠢᠰᠭᠤᠯ ᠲᠥᠪ ᠴᠢᠩᠭ᠎ᠠ ᠮᠦᠷᠲᠡᠭᠡᠨ ᠬᠥᠭ᠌ᠵᠢᠶᠡᠨᠲᠡᠢ ᠪᠠᠢᠵᠤ᠂ ᠵᠢᠱ᠌ᠢᠭ᠌ᠰᠡᠨ ᠦᠷ᠎ᠡ ᠪᠦᠲᠦᠮᠵᠢ ᠤᠯᠪᠠ᠃

  

 

  12 ᠰᠠᠷ᠎ᠠ᠎ᠶ᠋ᠢᠨ 25 ᠎ᠠᠴᠠ 26᠎ᠤ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶᠢᠨ ᠲᠣᠪᠴᠢᠶ᠎ᠠ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ ᠰᠢ᠎ᠵᠢᠨ᠎ᠫᠢᠩ ᠬᠤᠷᠠᠯ᠎ᠢ ᠡᠷᠬᠢᠯᠡᠭ᠌ᠰᠡᠨ ᠪᠥᠭᠡᠳ ᠴᠢᠬᠤᠯᠠ ᠶᠠᠷᠢᠶ᠎ᠠ ᠲᠠᠯᠪᠢᠪᠠ᠃

  ᠱᠢᠨᠬᠤᠸᠠ ᠬᠣᠷᠢᠶ᠎ᠠ᠎ᠶᠢᠨ ᠰᠤᠷᠪᠤᠯᠵᠢᠯᠠᠬᠴᠢ  ᠰᠢᠶᠧ ᠬᠤᠸᠠᠨ ᡂᠢ ᠰᠡᠬᠦᠳᠡᠷᠯᠡᠪᠡ

  ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠨᠥᠬᠥᠳ᠎ᠦᠨ ᠶᠠᠷᠢᠶ᠎ᠠ ᠨᠢ 5 ᠭᠣᠣᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠪᠡ᠃ ᠨᠢᠭᠡ᠎ᠳᠦ᠂ ᠲᠦᠷᠦᠭᠦᠯᠡᠨ ᠤᠯᠤᠰ ᠲᠦᠷᠦ᠍᠎ᠶ᠋ᠢᠨ ᠦᠨᠡᠨᠴᠢ ᠱᠢᠳᠤᠷᠭᠤ ᠪᠠᠢᠬᠤ᠎ᠪᠠᠨ ᠴᠢᠩᠭᠠᠳᠭᠠᠵᠤ᠂ ᠤᠯᠤᠰ ᠲᠦᠷᠦ᠍᠎ᠶ᠋ᠢᠨ ᠴᠢᠳᠠᠪᠤᠷᠢ᠎ᠪᠠᠨ ᠳᠡᠭᠡᠭ᠌ᠰᠢᠯᠡᠭᠦᠯᠦᠨ᠎ᠠ ᠂ ᠬᠣᠶᠠᠷ᠎ᠲᠤ᠂ ᠲᠦᠷᠦᠭᠦᠯᠡᠨ ᠦᠨᠳᠦᠰᠦ᠎ᠶᠢ ᠪᠡᠬᠢᠵᠢᠭᠦᠯᠦᠨ ᠰᠠᠭᠤᠷᠢ᠎ᠶᠢ ᠪᠠᠳᠤᠳᠬᠠᠵᠤ᠂ ᠨᠠᠮᠴᠢ ᠴᠢᠨᠠᠷ᠎ᠢᠶᠠᠨ ᠴᠢᠩᠭᠠᠳᠬᠠᠨ᠎ᠠ᠂ ᠭᠤᠷᠪᠠ᠎ᠳᠤ᠂ ᠲᠦᠷᠦᠭᠦᠯᠡᠨ ᠠᠷᠠᠳ ᠲᠦᠮᠡᠨ᠎ᠢ ᠬᠦᠨᠳᠦᠳᠭᠡᠵᠦ᠍᠂ ᠵᠣᠬᠢᠶᠠᠨ ᠪᠠᠢᠭᠤᠯᠤᠯᠲᠠ᠎ᠶ᠋ᠢ ᠬᠦᠨᠳᠦᠳᠭᠡᠵᠦ᠍᠂ ᠬᠠᠤᠯᠢ ᠰᠠᠬᠢᠯᠭ᠎ᠠ᠎ᠶ᠋ᠢ ᠬᠦᠨᠳᠦᠳᠭᠡᠨ᠎ᠠ᠂ ᠲᠦᠷᠪᠡ᠎ᠳᠦ᠂ ᠲᠦᠷᠦᠭᠦᠯᠡᠨ ᠠᠵᠢᠯ ᠬᠢᠵᠦ᠍ ᠦᠢᠯᠡᠰ ᠪᠤᠰᠭᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠨ᠎ᠠ᠂ ᠲᠠᠪᠤ᠎ᠳᠤ᠂ ᠲᠦᠷᠦᠭᠦᠯᠡᠨ ᠨᠠᠮ᠎ᠢ ᠬᠠᠮᠢᠶᠠᠷᠴᠤ᠌ ᠨᠠᠮ᠎ᠢ ᠵᠠᠰᠠᠬᠤ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠨ᠎ᠠ᠃

  ᠬᠤᠷᠠᠯ᠎ᠡᠴᠡ᠂ 2025 ᠣᠨ ᠪᠣᠯ ᠮᠠᠰᠢ ᠶᠡᠷᠦ᠍ ᠪᠤᠰᠤ᠎ᠶ᠋ᠢᠨ ᠨᠢᠭᠡ ᠵᠢᠯ ᠪᠠᠢᠵᠦ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠡᠴᠡ ᠪᠣᠯᠤᠭ᠍ᠰᠠᠨ ᠬᠦᠨᠳᠦ ᠬᠡᠴᠡᠭᠦᠦ ᠥᠷᠢᠰᠥᠯᠳᠦᠭᠡᠨ᠎ᠦ ᠡᠮᠦᠨ᠎ᠡ᠂ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠰᠦᠷᠦᠨ ᠤᠷᠤᠭ᠍ᠰᠢᠯᠠᠵᠤ᠂ ᠡᠷᠡᠮᠡᠬᠡᠢᠯᠡᠨ ᠲᠡᠮᠡᠴᠡᠵᠦ᠍᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ᠎ᠶ᠋ᠢ ᠤᠷᠤᠭ᠍ᠰᠢᠲᠠᠢ ᠪᠡᠶᠡᠯᠡᠭᠦᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠤᠳᠠᠯ ᠦᠭᠡᠢ ᠲᠡᠭᠦᠰ ᠠᠮᠵᠢᠯᠳᠠ ᠲᠠᠢ ᠰᠡᠭᠦᠯ ᠬᠤᠷᠢᠶᠠᠬᠤ ᠪᠤᠯᠤᠨ᠎ᠠ᠃ ᠮᠠᠨ᠎ᠤ ᠤᠯᠤᠰ᠎ᠤᠨ ᠠᠵᠤ ᠠᠬᠤᠢ ᠳᠠᠷᠤᠯᠲᠠ᠎ᠶ᠋ᠢ ᠰᠥᠷᠥᠨ ᠤᠷᠤᠭ᠍ᠰᠢᠯᠠᠵᠤ᠂ ᠱᠢᠨ᠎ᠡ ᠱᠢᠯᠢᠳᠡᠭ᠌ ᠲᠡᠢᠰᠢ ᠬᠥᠭ᠌ᠵᠢᠵᠦ᠍᠂ ᠥᠭᠡᠷᠡᠴᠢᠯᠡᠯᠲᠡ ᠨᠡᠭᠡᠭᠡᠯᠳᠡ ᠱᠢᠨ᠎ᠡ ᠠᠯᠬᠤᠮ᠎ᠢ ᠠᠯᠬᠤᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠨᠡᠩ ᠬᠦᠴᠦᠲᠡᠢ ᠪᠣᠯᠵᠥ᠍᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠪᠠᠲᠤᠯᠠᠪᠠ᠃ ᠡᠳᠡᠭᠡᠷ ᠠᠮᠵᠢᠯᠲᠠ ᠪᠦᠲᠦᠮᠵᠢ᠎ᠶ᠋ᠢ ᠤᠯᠤᠭᠰᠠᠨ ᠨᠢ ᠬᠢᠯᠪᠠᠷ ᠪᠤᠰᠤ ᠶᠤᠮ ᠭᠡᠵᠦ ᠴᠢᠬᠤᠯᠠᠴᠢᠯᠠᠪᠠ᠃

  ᠲᠦᠪ᠎ᠤᠨ ᠤᠯᠤᠰ ᠲᠦᠷᠦ᠍᠎ᠶ᠋ᠢᠨ ᠲᠣᠪᠴᠢᠶᠠᠨ᠎ᠤ ᠨᠥᠬᠥᠳ᠂ ᠨᠠᠮ ᠪᠣᠯᠤᠨ ᠤᠯᠤᠰ᠎ᠤᠨ ᠠᠵᠢᠯ ᠦᠢᠯᠡᠰ ᠱᠢᠨ᠎ᠡ ᠴᠢᠬᠤᠯᠠ ᠶᠡᠬᠡ ᠠᠮᠵᠢᠯᠲᠠ ᠪᠦᠲᠦᠮᠵᠢ ᠣᠯᠤᠭ᠍ᠰᠠᠨ᠎ᠤ ᠦᠨᠳᠦᠰᠦ ᠨᠢ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠭᠰᠡᠨ᠎ᠳᠤ ᠪᠤᠢ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠤᠢ᠃ ᠪᠦᠬᠦ᠌ ᠨᠠᠮ᠎ᠢᠶᠠᠷ᠎ᠢᠶᠠᠨ ᠡᠷᠬᠡᠪᠰᠢ《ᠬᠣᠶᠠᠷ᠎ᠢ ᠲᠣᠭ᠍ᠲᠠᠭᠠᠭᠰᠠᠨ》᠎ᠦ ᠱᠢᠢᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠳᠦᠷᠪᠡᠨ ᠤᠬᠠᠮᠰᠠᠷ》᠎ᠢᠶᠠᠨ ᠴᠢᠩᠭᠠᠳᠭᠠᠵᠤ᠂ 《ᠳᠦᠷᠪᠡᠨ ᠢᠲᠡᠭᠡᠯ》᠎ᠢᠶᠠᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠬᠦ᠌ ᠬᠡᠷᠡᠭ᠌ᠲᠡᠢ᠃ ᠢᠷᠡᠬᠦ᠌ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ ᠪᠣᠯᠤᠨ᠎ᠠ᠂ ᠨᠠᠮ᠎ᠤᠨ ᠲᠥᠪ ᠬᠣᠷᠢᠶ᠎ᠠ᠎ᠶᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠡᠷᠡᠰ ᠨᠠᠢᠳᠠᠪᠤᠷᠢᠵᠢᠭᠤᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠵᠦ᠍᠂ ᠬᠥᠭ᠌ᠵᠢᠯᠲᠡ ᠪᠠ ᠠᠮᠤᠷ ᠲᠦᠪᠱᠢᠨ᠎ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠵᠦ᠍᠂ ᠠᠵᠤ ᠠᠬᠤᠶ᠎ᠶ᠋ᠢᠨ ᠶᠠᠰᠤ ᠴᠢᠨᠠᠷ᠎ᠢ ᠪᠦᠲᠦᠮᠵᠢᠲᠡᠶ ᠳᠡᠭᠡᠭ᠌ᠰᠢᠯᠡᠭᠦᠯᠬᠦ᠌ ᠪᠠ ᠲᠣᠭ᠎ᠠ ᠬᠡᠮᠵᠢᠶ᠎ᠡ᠎ᠶ᠋ᠢ ᠵᠦᠶ ᠵᠣᠬᠢᠰᠲᠠᠶ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠠᠷᠠᠳ᠎ᠤᠨ ᠠᠮᠢᠳᠤᠷᠠᠯ᠎ᠢ ᠦᠷᠭᠦᠯᠵᠢᠯᠡᠨ ᠰᠠᠢᠵᠢᠷᠠᠭᠤᠯᠵᠤ᠂ ᠨᠡᠢᠭᠡᠮ᠎ᠦᠨ ᠡᠶ᠎ᠡ ᠵᠣᠬᠢᠴᠠᠩᠭᠤᠶ ᠲᠣᠭ᠍ᠲᠠᠭᠤᠨ᠎ᠢ ᠪᠠᠲᠤᠯᠠᠵᠤ᠂ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠶ ᠠᠬᠢᠭᠤᠯᠵᠤ᠂ ᠰᠠᠢᠨ ᠰᠠᠢᠬᠠᠨ ᠡᠬᠢᠯᠡᠯᠲᠡ᠎ᠶ᠋ᠢ ᠴᠢᠷᠮᠠᠢᠨ ᠪᠡᠶᠡᠯᠡᠭᠦᠯᠬᠦ᠌ ᠬᠡᠷᠡᠭ᠌ᠲᠡᠶ ᠭᠡᠵᠦ᠍ ᠰᠠᠨᠠᠯ ᠨᠢᠭᠡᠲᠡᠢ ᠦᠵᠡᠪᠡ᠃

  ᠰᠢ᠎ᠵᠢᠨ᠎ᠫᠢᠩ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠨᠥᠬᠥᠳ᠎ᠦᠨ ᠬᠠᠷᠭᠤᠭᠤᠯᠤᠨ ᠪᠠᠢᠴᠠᠭᠠᠭᠰᠠᠨ ᠶᠠᠷᠢᠶ᠎ᠠ᠎ᠶ᠋ᠢ ᠨᠢᠭᠡᠳ ᠨᠢᠭᠡ᠎ᠪᠡᠷ ᠦᠨᠡᠯᠡᠵᠦ᠍ ᠂ ᠨᠢᠭᠡᠳ ᠨᠢᠭᠡ᠎ᠪᠠᠷ ᠱᠠᠭᠠᠷᠳᠠᠯᠭ᠎ᠠ ᠳᠤᠷᠠᠳᠤᠭ᠍ᠰᠠᠨ ᠪᠥᠭᠡᠳ ᠳ᠋ᠦᠩᠨᠡᠯᠲᠡ ᠬᠢᠪᠡ᠃ ᠲᠡᠷᠡ᠂ ᠡᠨᠡ ᠤᠳᠠᠭ᠎ᠠ᠎ᠶ᠋ᠢᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠮᠠᠰᠢ ᠪᠦᠲᠦᠮᠵᠢᠲᠡᠢ ᠬᠤᠷᠠᠯᠳᠤᠭᠤᠯᠵᠤ᠂ ᠲᠥᠪ᠎ᠦᠨ ᠤᠯᠤᠰ ᠲᠦᠷᠦ᠍᠎ᠶ᠋ᠢᠨ ᠲᠣᠪᠴᠢᠶᠠᠨ᠎ᠤ ᠨᠢᠭ᠍ᠲᠠᠷᠠᠯ᠎ᠤᠨ ᠬᠦᠴᠦᠨ᠂ ᠲᠠᠢ᠌ᠴᠢᠨ ᠬᠦᠴᠦᠨ᠎ᠢ ᠴᠢᠩᠭᠠᠳᠭᠠᠵᠤ᠂ ᠳᠤᠮᠳᠠᠳᠤ ᠤᠯᠤᠰ᠎ᠤᠨ ᠣᠨᠴᠠᠯᠢᠭ ᠎ᠪᠦᠬᠦᠢ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠲᠠᠰᠤᠷᠠᠯᠳᠠ ᠦᠭᠡᠢ ᠡᠭᠦᠳᠬᠦ᠌᠎ᠳᠦ ᠴᠢᠬᠤᠯᠠ ᠠᠴᠢ ᠬᠣᠯᠪᠣᠭ᠍ᠳᠠᠯ᠎ᠲᠠᠶ ᠶᠤᠮ ᠭᠡᠵᠦ ᠵᠢᠭᠠᠵᠤ ᠭᠠᠷᠭᠠᠪᠠ᠃

  ᠰᠢ᠎ᠵᠢᠨ᠎ᠫᠢᠩ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠪᠢᠳᠡ ᠲᠥᠪ᠎ᠦᠨ ᠤᠯᠤᠰ ᠲᠦᠷᠦ᠍᠎ᠶ᠋ᠢᠨ ᠲᠣᠪᠴᠢᠢ᠎ᠠ᠎ᠡᠴᠡ ᠲᠦᠷᠦᠬᠦᠯᠡᠨ ᠬᠢᠵᠦ᠍᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠬᠤ᠎ᠡᠴᠡ ᠭᠠᠷᠳᠠᠵᠤ᠂ 《ᠲᠦᠷᠪᠡᠨ ᠰᠤᠷᠲᠠᠯ》᠎ᠢ ᠬᠦᠴᠦᠯᠡᠨ ᠵᠠᠯᠠᠷᠠᠭᠤᠯᠵᠤ᠂ ᠢᠯᠡᠳᠲᠡ ᠦᠷ᠎ᠡ ᠪᠦᠲᠦᠮᠵᠢ ᠤᠯᠪᠠ᠃ ᠡᠨᠡ ᠵᠢᠯ ᠪᠦᠬᠦ᠌ ᠨᠠᠮ᠎ᠤᠨ ᠳᠣᠲᠣᠷ᠎ᠠ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠵᠦ᠍᠂ ᠬᠠᠳᠠᠭᠤ ᠲᠠᠢ ᠨᠢ ᠬᠠᠯᠳᠠᠵᠤ ᠲᠤᠪᠤᠢᠮ᠎ᠠ ᠠᠰᠠᠭᠤᠳᠠᠯ᠎ᠢ ᠦᠨᠡᠨ ᠬᠦ᠌ ᠱᠢᠢᠳᠪᠦᠷᠢᠯᠡᠵᠦ᠂ ᠰᠤᠷᠲᠠᠯ᠎ᠤᠨ ᠪᠠᠢᠭᠤᠯᠤᠯᠲᠠ᠎ᠶ᠋ᠢᠨ ᠢᠯᠡᠳᠲᠡ ᠱᠢᠨ᠎ᠡ ᠦᠷ᠎ᠡ ᠪᠦᠲᠦᠮᠵᠢ ᠤᠯᠬᠤ᠎ᠶ᠋ᠢ ᠠᠬᠢᠭᠤᠯᠪᠠ᠃ ᠲᠥᠪ᠎ᠦᠨ ᠨᠠᠢ᠍ᠮᠠᠨ ᠲᠣᠭ᠍ᠲᠠᠭᠠᠯ᠎ᠢ ᠴᠢᠨᠭᠭ᠎ᠠ ᠶᠣᠰᠣ᠂ ᠬᠠᠲᠠᠭᠤ ᠪᠠᠷᠢᠮᠵᠢᠶ᠎ᠠ ᠪᠣᠯᠭᠠᠬᠤ᠎ᠶ᠋ᠢ ᠪᠠᠷᠢᠮᠲᠠᠯᠠᠵᠤ᠂ 《ᠲᠦᠷᠪᠡᠨ ᠰᠤᠷᠲᠠᠯ》᠎ᠤᠨ ᠠᠷᠬᠠᠭ ᠭᠡᠮ᠎ᠢ ᠥᠴᠦᠬᠡᠨ ᠴᠦ᠍ ᠰᠤᠯᠠᠷᠠᠭᠤᠯᠤᠯ ᠦᠭᠡᠢ ᠴᠡᠭ᠌ᠴᠡᠯᠡᠨ ᠵᠠᠰᠠᠵᠤ᠂ ᠰᠤᠷᠲᠠᠯ᠎ᠤᠨ ᠪᠠᠢᠭᠤᠯᠤᠯᠲᠠ᠎ᠶᠢ ᠪᠠᠢᠩᠭᠤᠵᠢᠭᠤᠯᠵᠤ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ᠎ᠶ᠋ᠢ ᠲᠠᠰᠤᠷᠠᠯᠳᠠ ᠦᠭᠡᠢ ᠠᠬᠢᠭᠤᠯᠬᠤ ᠬᠡᠷᠡᠭᠳᠡᠢ᠃ ᠲᠦᠪ᠎ᠤᠨ ᠤᠯᠤᠰ ᠲᠥᠷᠥ᠎ᠶ᠋ᠢᠨ ᠲᠣᠪᠴᠢᠶᠠᠨ᠎ᠤ ᠨᠥᠬᠥᠳ ᠨᠠᠮᠴᠢ ᠴᠢᠨᠠᠷ ᠨᠠᠮ᠎ᠤᠨ ᠰᠤᠷᠲᠠᠯ᠎ᠤᠨ ᠬᠡᠪ ᠳᠠᠭᠤᠷᠢᠶᠠᠯ ᠪᠣᠯᠵᠣ᠂ ᠪᠠᠲᠤ ᠢᠲᠡᠭᠡᠬᠦ᠌᠂ ᠪᠣᠳᠠᠲᠠᠶ᠎ᠶ᠋ᠢ ᠡᠷᠬᠢᠮᠯᠡᠬᠦ᠌᠂ ᠬᠠᠷᠢᠭᠤᠴᠠᠯᠭ᠎ᠠ ᠡᠭᠦᠷᠭᠡᠯᠡᠬᠦ᠌᠂ ᠥᠪᠡᠷ᠎ᠢ᠎ᠪᠡᠨ ᠱᠠᠭᠠᠷᠳᠠᠬᠤ ᠲᠠᠯ᠎ᠠ᠎ᠪᠠᠷ ᠪᠥᠬᠥ᠌ ᠨᠠᠮ᠎ᠤᠨ ᠰᠠᠢᠨ ᠳᠠᠭᠠᠭᠤᠯᠤᠭ᠍ᠴᠢ ᠪᠣᠯᠵᠣ᠂ ᠵᠢᠱ᠌ᠢᠶ᠎ᠡ ᠦᠵᠡᠭᠦᠯᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃

  ᠰᠢ᠎ᠵᠢᠨ᠎ᠫᠢᠩ᠂ ᠮᠠᠷᠺᠰ᠎ᠤᠨ ᠦᠵᠡᠯ᠎ᠢ ᠪᠠᠲᠤ ᠢᠲᠡᠭᠡᠵᠦ᠍᠂ ᠬᠦᠰᠡᠯᠡᠩ ᠢᠲᠡᠭᠡᠯ ᠪᠢᠱᠢᠷᠡᠯ᠎ᠢᠶᠡᠨ ᠪᠠᠲᠤᠳᠭᠠᠬᠤ ᠪᠣᠯ ᠡᠪ ᠬᠠᠮᠲᠤᠴᠤᠳ᠎ᠤᠨ ᠣᠷᠣᠱᠢᠨ ᠲᠣᠭ᠍ᠲᠠᠨᠢᠬᠤ ᠦᠨᠳᠦᠰᠦ ᠮᠥᠨ᠃ ᠤᠳᠤᠷᠢᠳᠭᠤ ᠺᠠᠳ᠋ᠷᠴᠤᠳ ᠨᠠᠮ᠎ᠤᠨ ᠲᠡᠦᠬᠡᠲᠦ ᠡᠭᠦᠷᠭᠡ ᠪᠠ ᠥᠪᠡᠷ᠎ᠦᠨ ᠡᠭᠦᠷᠭᠡᠯᠡᠵᠦ᠍ ᠪᠠᠢᠭ᠎ᠠ ᠬᠠᠷᠢᠭᠤᠴᠠᠯᠭ᠎ᠠ᠎ᠲᠠᠶ᠎ᠪᠠᠨ ᠤᠶᠠᠯᠳᠤᠭᠤᠯᠤᠨ᠂ ᠤᠨᠤᠯ᠎ᠤᠨ ᠰᠤᠷᠤᠯᠴᠠᠯᠭ᠎ᠠ᠎ᠪᠠᠨ ᠭᠦᠨᠵᠡᠭᠡᠢᠷᠡᠭᠦᠯᠵᠦ᠍᠂ ᠥᠪᠡᠷ᠎ᠦᠨ ᠪᠠᠢᠴᠠᠭᠠᠯᠲᠠ᠎ᠪᠠᠨ ᠴᠢᠩᠭᠠᠳᠭᠠᠨ᠂ ᠡᠷᠡᠰ ᠪᠠᠲᠤ ᠮᠠᠷᠺᠰ᠎ᠤᠨ ᠦᠵᠡᠯᠳᠡᠨ ᠪᠣᠯᠬᠤ ᠬᠡᠷᠡᠭ᠌ᠲᠡᠢ᠃ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠠᠭᠤᠤ ᠶᠡᠬᠡ ᠦᠢᠯᠡᠰ᠎ᠲᠦ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠣᠷᠣᠯᠴᠠᠵᠤ᠂ ᠰᠡᠳᠭᠢᠯ ᠰᠠᠨᠠᠭ᠎ᠠ ᠪᠠ ᠤᠶᠤᠨ ᠴᠢᠳᠠᠯ᠎ᠢᠶᠠᠨ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠦ ᠦᠨᠳᠦᠰᠦᠨ ᠠᠱᠢᠭ ᠲᠤᠰᠠ᠎ᠶ᠋ᠢ ᠰᠠᠢᠲᠤᠷ ᠪᠡᠶᠡᠯᠡᠭᠦᠯᠬᠦ᠌᠂ ᠰᠠᠢᠲᠤᠷ ᠬᠠᠮᠠᠭᠠᠯᠠᠬᠤ᠂ ᠰᠠᠢᠲᠤᠷ ᠬᠥᠭ᠌ᠵᠢᠭᠦᠯᠬᠦ᠌ ᠳᠡᠭᠡᠷ᠎ᠡ ᠲᠥᠪᠯᠡᠷᠡᠭᠦᠯᠵᠦ᠍᠂ ᠴᠠᠭ ᠦᠶ᠎ᠡ᠎ᠳᠦ ᠣᠰᠣᠯᠳᠠᠬᠤ ᠦᠭᠡᠢ ᠠᠮᠵᠢᠯᠲᠠ ᠪᠦᠲᠦᠮᠵᠢ᠎ᠶ᠋ᠢ ᠡᠭᠦᠳᠬᠦ᠌ ᠬᠡᠷᠡᠭ᠌ᠲᠡᠢ᠃ ᠤᠯᠤᠰ ᠲᠦᠷᠦ᠍᠎ᠶ᠋ᠢᠨ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠨᠠᠮ᠎ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ᠎ᠶ᠋ᠢ ᠡᠷᠡᠰ ᠲᠤᠭᠤᠱᠢᠯᠠᠭᠤᠯᠵᠤ᠂ ᠤᠯᠤᠰ ᠲᠦᠷᠦ᠍᠎ᠶ᠋ᠢᠨ ᠵᠣᠭ᠍ᠰᠣᠯᠲᠠ᠂ ᠤᠯᠤᠰ ᠲᠦᠷᠦ᠍᠎ᠶ᠋ᠢᠨ ᠵᠠᠷᠴᠢᠮ᠂ ᠤᠯᠤᠰ ᠲᠦᠷᠦ᠍᠎ᠶ᠋ᠢᠨ ᠴᠢᠭ᠌ᠯᠡᠯ᠎ᠢ ᠣᠨᠣᠪᠴᠢᠲᠠᠢ ᠡᠵᠡᠮᠳᠡᠵᠦ᠍᠂ ᠢᠮᠠᠭ᠍ᠲᠠ ᠨᠠᠮ᠎ᠤᠨ ᠲᠥᠪ ᠬᠣᠷᠢᠢ᠎ᠠ᠎ᠲᠠᠶ ᠳᠡᠭᠡᠳᠦ ᠬᠡᠮᠵᠢᠢ᠎ᠡ᠎ᠪᠡᠷ ᠨᠢᠭᠡᠳᠦᠯᠲᠡᠢ ᠪᠠᠢᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃

  ᠰᠢ᠎ᠵᠢᠨ᠎ᠫᠢᠩ᠂ ᠡᠪ ᠬᠠᠮᠲᠤᠴᠤᠳ ᠪᠣᠯ ᠪᠣᠳᠠᠰᠴᠢ ᠦᠵᠡᠯᠲᠡᠨ ᠮᠥᠨ᠂ ᠪᠣᠳᠠᠲᠠᠢ᠎ᠶ᠋ᠢ ᠡᠷᠬᠢᠮᠯᠡᠬᠦ᠌ ᠪᠣᠯ ᠵᠠᠪᠠᠯ ᠪᠦᠷᠢᠯᠳᠦᠭᠦᠯᠬᠦ᠌ ᠬᠡᠪ ᠰᠤᠷᠲᠠᠯ ᠮᠥᠨ᠂ ᠡᠷᠬᠡᠪᠰᠢ ᠦᠨᠡᠨ᠎ᠡᠴᠡ ᠵᠥᠪ᠎ᠢ ᠡᠷᠢᠵᠦ᠍᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠵᠦ᠍᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ ᠬᠡᠷᠡᠭ᠌ᠲᠡᠢ᠃ ᠤᠳᠤᠷᠢᠳᠭᠤ ᠺᠠᠳ᠋ᠷᠴᠤᠳ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠭᠦᠨᠵᠡᠭᠡᠢᠷᠡᠵᠦ᠍᠂ ᠠᠳᠠᠯᠢ ᠪᠤᠰᠤ ᠲᠠᠭᠤᠨ᠎ᠢ ᠠᠩᠬᠠᠷᠤᠨ ᠰᠣᠨᠣᠰᠴᠤ᠌᠂ ᠪᠣᠳᠠᠲᠤ ᠪᠠᠢᠳᠠᠯ᠎ᠤᠨ ᠲᠤᠬᠠᠢ ᠳᠣᠲᠣᠷ᠎ᠠ᠎ᠪᠠᠨ ᠲᠣᠭ᠎ᠠ᠎ᠲᠠᠶ ᠪᠠᠢᠬᠤ ᠬᠡᠷᠡᠭ᠌ᠲᠡᠢ᠃ ᠰᠤᠷᠤᠯᠴᠠᠨ ᠰᠤᠳᠤᠯᠬᠤ ᠳᠡᠭᠡᠷ᠎ᠡ ᠬᠦᠴᠦ᠍ ᠲᠠᠯᠪᠢᠵᠤ᠂ ᠪᠠᠢᠳᠠᠯ᠎ᠤᠨ ᠲᠤᠬᠠᠢ ᠵᠠᠳᠠᠯᠤᠯᠲᠠ᠎ᠪᠠᠨ ᠴᠢᠩᠭᠠᠳᠭᠠᠨ᠂ ᠦᠵᠡᠭ᠌ᠳᠡᠯ᠎ᠡᠴᠡ ᠮᠥᠨ ᠴᠢᠨᠠᠷ᠎ᠢ ᠲᠣᠳᠣᠷᠬᠠᠢ ᠣᠯᠵᠤ ᠬᠠᠷᠠᠨ᠂ ᠵᠢᠮ᠎ᠡ ᠶᠣᠰᠣ᠎ᠶ᠋ᠢ ᠡᠵᠡᠮᠱᠢᠬᠦ᠌ ᠬᠡᠷᠡᠭ᠌ᠲᠡᠢ᠃ ᠲᠦᠷᠦᠭᠦᠯᠡᠨ ᠬᠡᠯᠪᠡᠷᠢᠴᠢ ᠦᠵᠡᠯ᠎ᠢ ᠡᠰᠡᠷᠭᠦᠴᠡᠵᠦ᠍᠂ ᠪᠣᠳᠠᠲᠠᠢ ᠠᠵᠢᠯᠯᠠᠬᠤ᠎ᠶ᠋ᠢ ᠴᠢᠬᠤᠯᠠᠴᠢᠯᠠᠵᠤ ᠪᠣᠳᠠᠲᠤ ᠦᠷ᠎ᠡ ᠪᠦᠲᠦᠮᠵᠢ᠎ᠶ᠋ᠢ ᠡᠷᠬᠢᠮᠯᠡᠬᠦ᠌ ᠭᠦᠨ ᠵᠤᠵᠠᠭᠠᠨ ᠠᠭᠤᠷ ᠠᠮᠢᠰᠭᠤᠯ᠎ᠢ ᠪᠦᠷᠢᠯᠳᠦᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

  ᠰᠢ᠎ᠵᠢᠨ᠎ᠫᠢᠩ᠂ ᠤᠳᠤᠷᠢᠳᠭᠤ ᠺᠠᠳ᠋ᠷᠴᠤᠳ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠲᠤᠰᠢᠶᠠᠯ᠎ᠳᠦ ᠪᠠᠢᠪᠠᠰᠤ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠡᠭᠦᠷᠭᠡ ᠲᠤᠰᠢᠶᠠᠯ᠎ᠢᠶᠠᠨ ᠭᠦᠢᠴᠡᠳᠭᠡᠵᠦ᠂ ᠡᠭᠦᠷᠭᠡ ᠬᠠᠷᠢᠭᠤᠴᠠᠯᠭ᠎ᠠ᠎ᠶ᠋ᠢᠨ ᠬᠡᠪᠴᠢᠶᠡᠨ ᠳᠣᠲᠣᠷ᠎ᠠ᠎ᠪᠠᠨ ᠰᠠᠨᠠᠭᠠᠴᠢᠯᠠᠭ᠎ᠠ᠎ᠡᠴᠡ᠎ᠪᠠᠨ ᠬᠦᠨᠳᠦ ᠬᠦᠴᠢᠷ ᠡᠭᠦᠷᠭᠡ᠎ᠶ᠋ᠢ ᠡᠭᠦᠷᠭᠡᠯᠡᠬᠦ ᠬᠡᠷᠡᠭ᠌ᠲᠡᠢ᠃ ᠬᠦᠴᠢᠷᠳᠡᠯ ᠵᠥᠷᠢᠴᠡᠯ᠂ ᠠᠶᠤᠯ ᠲᠦᠭ᠌ᠰᠢᠭᠦᠷᠢ ᠬᠡᠮ ᠰᠣᠭᠣᠭ᠎ᠲᠤ ᠵᠥᠪ᠎ᠢᠶᠡᠷ ᠬᠠᠨᠳᠤᠵᠤ ᠬᠦᠴᠢᠷ᠎ᠢ ᠰᠦᠷᠦᠨ ᠤᠷᠤᠭ᠍ᠰᠢᠯᠠᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠬᠤ ᠬᠡᠷᠡᠭ᠌ᠲᠡᠢ᠃ ᠨᠠᠮᠴᠢ ᠴᠢᠨᠠᠷ᠎ᠤᠨ ᠵᠠᠷᠴᠢᠮ᠎ᠢ ᠪᠠᠷᠢᠮᠲᠠᠯᠠᠨ᠂ ᠵᠥᠪ ᠪᠤᠷᠤᠭᠤ᠎ᠶ᠋ᠢ ᠲᠣᠳᠣᠷᠬᠠᠢ ᠢᠯᠭᠠᠵᠤ᠂ ᠵᠣᠷᠢᠭ᠍ᠲᠠᠢ᠎ᠪᠠᠷ ᠲᠡᠮᠡᠴᠡᠵᠦ᠍᠂ ᠴᠢᠬᠤᠯᠠ ᠶᠡᠬᠡ ᠠᠰᠠᠭᠤᠳᠠᠯ᠂ ᠵᠠᠷᠴᠢᠮ᠎ᠤᠨ ᠠᠰᠠᠭᠤᠳᠠᠯ ᠳᠡᠭᠡᠷ᠎ᠡ ᠲᠤᠭ ᠲᠡᠮᠳᠡᠭ ᠲᠣᠳᠣᠷᠬᠠᠢ ᠪᠠᠢᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃

  ᠰᠢ᠎ᠵᠢᠨ᠎ᠫᠢᠩ᠂ ᠤᠳᠤᠷᠢᠳᠭᠤ ᠺᠠᠳ᠋ᠷᠴᠤᠳ ᠢᠯᠠᠩᠭᠤᠶ᠎ᠠ ᠳᠡᠭᠡᠳᠦ ᠲᠡᠰ᠎ᠤᠨ ᠺᠠᠳ᠋ᠷᠴᠤᠳ ᠡᠷᠬᠡᠪᠰᠢ ᠲᠠᠷᠢᠬᠢ ᠲᠣᠯᠣᠭᠠᠢ᠎ᠪᠠᠨ ᠰᠡᠷᠭᠡᠭ ᠪᠠᠢᠯᠭᠠᠵᠤ᠂ ᠪᠡᠶ᠎ᠡ᠎ᠪᠡᠨ ᠴᠢᠩᠭ᠎ᠠ ᠱᠠᠭᠠᠷᠳᠠᠵᠤ᠂ ᠤᠤᠷ ᠴᠢᠨᠠᠷ᠎ᠢᠶᠠᠨ ᠢᠮᠠᠭ᠍ᠲᠠ ᠪᠠᠲᠤᠯᠠᠵᠤ᠂ ᠬᠡᠪ᠎ᠢᠶᠠᠨ ᠰᠠᠬᠢᠵᠤ᠂ ᠬᠢᠨᠠᠮᠠᠭᠠᠢ ᠪᠤᠯᠭᠤᠮᠵᠢᠳᠠᠢ ᠳᠠᠷᠤᠤ ᠬᠢᠴᠢᠶᠡᠩᠭᠦᠢ ᠪᠠᠢᠬᠤ ᠬᠡᠷᠡᠭ᠌ᠲᠡᠢ᠃ ᠠᠷᠠᠳᠴᠢᠯᠠᠯ ᠲᠥᠪᠯᠡᠷᠡᠯ᠎ᠦᠨ ᠶᠣᠰᠣ᠎ᠶ᠋ᠢ ᠴᠢᠩᠭ᠎ᠠ ᠬᠡᠷᠡᠭ᠌ᠵᠢᠭᠦᠯᠵᠦ᠍᠂ ᠲᠥᠪ᠎ᠦᠨ ᠨᠠᠢ᠍ᠮᠠᠨ ᠲᠣᠭ᠍ᠲᠠᠭᠠᠯ ᠵᠢᠴᠢ ᠲᠡᠭᠦᠨ᠎ᠦ ᠬᠡᠷᠡᠭ᠌ᠵᠢᠭᠦᠯᠬᠦ᠌ ᠨᠠᠷᠢᠨ ᠲᠦᠷᠢᠮ᠎ᠦᠨ ᠵᠣᠷᠢᠭ ᠰᠠᠨᠠᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠬᠡᠷᠡᠭ ᠵᠥᠪᠯᠡᠵᠦ᠍ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠲᠦᠷᠢᠮ᠎ᠢ ᠴᠢᠩᠭ᠎ᠠ ᠵᠢᠷᠤᠮᠯᠠᠵᠤ᠂ ᠤᠬᠠᠮᠰᠠᠷ᠎ᠡᠴᠡ᠎ᠪᠠᠨ ᠲᠦᠷᠢᠮ ᠲᠣᠭ᠍ᠲᠠᠭᠠᠯ ᠶᠣᠰᠣᠭᠠᠷ ᠠᠵᠢᠯ ᠶᠠᠪᠤᠳᠠᠯ ᠭᠦᠢᠴᠡᠳᠭᠡᠬᠦ ᠬᠡᠷᠡᠭ᠌ᠲᠡᠢ᠃ ᠮᠣᠷᠠᠯ᠎ᠢ ᠡᠷᠬᠢᠮᠯᠡᠨ ᠪᠡᠶ᠎ᠡ᠎ᠪᠡᠨ ᠬᠦᠨᠳᠦᠳᠭᠡᠵᠦ᠍᠂ ᠠᠷᠢᠭᠤᠨ ᠴᠢᠭᠡᠴᠢ ᠪᠠᠢᠵᠤ᠂ ᠣᠨᠴᠠ ᠡᠷᠬᠡ᠎ᠶ᠋ᠢᠨ ᠦᠵᠡᠯ ᠰᠠᠨᠠᠭ᠎ᠠ ᠪᠣᠯᠤᠨ ᠣᠨᠴᠠ ᠡᠷᠬᠡ᠎ᠶ᠋ᠢᠨ ᠠᠵᠢᠯᠯᠠᠭ᠎ᠠ᠎ᠶ᠋ᠢ ᠡᠰᠡᠷᠭᠦᠴᠡᠵᠦ᠍᠂ ᠳᠡᠷᠭᠡᠳᠡᠬᠢ ᠬᠥᠮᠦᠰ ᠳᠡᠷᠭᠡᠳᠡᠬᠢ ᠶᠠᠪᠤᠳᠠᠯ᠎ᠢᠶᠠᠨ ᠰᠠᠢᠲᠤᠷ ᠬᠠᠮᠢᠶᠠᠷᠴᠤ᠌᠂ ᠦᠨᠡᠨ ᠬᠦ᠌ ᠲᠦᠪ ᠴᠢᠬᠡᠴᠢ ᠪᠠᠢᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            