ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠠᠯᠪᠠᠨ ᠨᠡᠶ᠋ᠢᠲᠡᠯᠡᠯ
ᠨᠠᠢ᠍ᠮᠠᠳᠤᠭᠠᠷ ᠪᠦᠯᠦᠭ ᠥᠪᠥᠷ ᠮᠣᠩᠭᠤᠯ᠎ᠤᠨ ᠬᠠᠭᠤᠴᠢᠨ ᠨᠡᠷᠡᠲᠦ ᠲᠡᠮᠳᠡᠭ᠎ᠢ ᠮᠠᠭᠠᠳᠯᠠᠨ ᠲᠣᠭ᠍ᠲᠠᠭᠠᠬᠤ ᠪᠠ ᠡᠮᠦᠨ᠎ᠡ ᠵᠢᠷᠭᠤᠭᠠᠨ ᠪᠦᠯᠦᠭ ᠥᠪᠥᠷ ᠮᠣᠩᠭᠤᠯ᠎ᠤᠨ ᠬᠠᠭᠤᠴᠢᠨ ᠨᠡᠷᠡᠲᠦ ᠲᠡᠮᠳᠡᠭ᠎ᠢ ᠳᠠᠬᠢᠨ ᠬᠢᠨᠠᠵᠦ ᠲᠤᠭᠲᠠᠭ᠋ᠠᠬᠤ ᠲᠥᠷᠥᠯ ᠵᠦᠢᠯ᠎ᠤᠨ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢᠨ ᠠᠳᠠᠯᠢᠳᠭᠠᠨ ᠰᠣᠩᠭᠤᠬᠤ ᠲᠤᠬᠠᠶ ᠠᠯᠪᠠᠨ ᠵᠠᠷ
ᠨᠡᠶ᠋ᠢᠲᠡᠯᠡᠭᠰᠡᠨ ᠴᠠᠭ᠄ 2025-10-28

  ᠨᠢᠭᠡ᠂ ᠲᠥᠷᠥᠯ ᠵᠦᠢᠯ᠎ᠤᠨ ᠲᠦᠢᠮᠣ ᠪᠠᠢᠳᠠᠯ

  ᠲᠣᠰ ᠤᠳᠠᠭᠠᠨ᠎ᠤ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠲᠥᠷᠥᠯ ᠵᠦᠢᠯ ᠪᠣᠯ ᠨᠠᠢ᠍ᠮᠠᠳᠤᠭᠠᠷ ᠪᠦᠯᠦᠭ᠎ᠤᠨ ᠥᠪᠥᠷ ᠮᠣᠩᠭᠤᠯ᠎ᠤᠨ ᠬᠠᠭᠤᠴᠢᠨ ᠨᠡᠷᠡᠲᠦ ᠲᠡᠮᠳᠡᠭ᠎ᠢ ᠮᠠᠭᠠᠳᠯᠠᠨ ᠲᠣᠭ᠍ᠲᠠᠭᠠᠬᠤ ᠪᠠ ᠡᠮᠦᠨ᠎ᠡ ᠵᠢᠷᠭᠤᠭᠠᠨ ᠪᠦᠯᠦᠭ ᠥᠪᠥᠷ ᠮᠣᠩᠭᠤᠯ᠎ᠤᠨ ᠬᠠᠭᠤᠴᠢᠨ ᠨᠡᠷᠡᠲᠦ ᠲᠡᠮᠳᠡᠭ᠎ᠢ ᠳᠠᠬᠢᠨ ᠬᠢᠨᠠᠵᠤ ᠲᠤᠭᠲᠠᠭ᠋ᠠᠬᠤ ᠲᠥᠷᠥᠯ ᠵᠦᠢᠯ ᠪᠣᠯᠤᠨ᠎ᠠ᠃

  ᠬᠤᠶᠠᠷ᠂ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢᠨ ᠬᠢᠷᠢ ᠬᠡᠮ᠎ᠤᠨ ᠱᠠᠭᠠᠷᠳᠠᠯᠭ᠎ᠠ

  1. ᠪᠡᠶ᠎ᠡ᠎ᠪᠠᠨ ᠳᠠᠭᠠᠭᠠᠭ᠍ᠰᠠᠨ ᠬᠠᠤᠯᠢ᠎ᠶ᠋ᠢᠨ ᠡᠷᠬᠡᠲᠡᠨ᠎ᠤ ᠬᠢᠷᠢ ᠬᠡᠮ᠎ᠲᠠᠢ ;

  2. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯ᠎ᠤᠨ ᠰᠦᠯᠵᠢᠶᠡᠨ ᠳᠡᠭᠡᠷ᠎ᠡ ᠳᠠᠩᠰᠠᠯᠠᠭᠤᠯᠬᠤ᠎ᠶ᠋ᠢᠨ ᠬᠠᠮᠲᠤ ᠪᠠᠢᠴᠠᠭᠠᠨ ᠯᠠᠪᠯᠠᠬᠤ ᠤᠭ᠍ᠲᠤᠯᠤᠭ᠍ᠰᠠᠨ ᠵᠢᠷᠤᠭ᠎ᠢ ᠬᠠᠩᠭᠠᠨ᠎ᠠ;

  3. ᠣᠢᠷ᠎ᠠ᠎ᠶ᠋ᠢᠨ ᠨᠢᠭᠡ ᠵᠢᠯ᠎ᠦᠨ ᠭᠠᠢᠯᠢ ᠲᠤᠱᠢᠶᠠᠭ᠍ᠰᠠᠨ ᠭᠡᠷᠡᠴᠢ ( ᠭᠠᠢᠯᠢ᠎ᠶ᠋ᠢᠨ ᠶᠠᠪᠤᠳᠠᠯ᠎ᠤᠨ  ᠪᠠᠢᠭᠤᠯᠭ᠎ᠠ᠎ᠶ᠋ᠢᠨ ᠬᠢᠵᠦ᠍ ᠥᠭ᠌ᠭᠦᠭ᠌ᠰᠡᠨ ᠭᠠᠢᠯᠢ ᠲᠤᠱᠢᠶᠠᠭ᠍ᠰᠠᠨ ᠵᠣᠭᠣᠰ ᠲᠤᠱᠢᠶᠠᠭ᠍ᠰᠠᠨ ᠪᠢᠴᠢᠭ ᠪᠤᠶᠤ ᠪᠠᠩᠬᠢ᠎ᠶ᠋ᠢᠨ ᠭᠠᠢᠯᠢ ᠬᠠᠰᠤᠭ᠍ᠰᠠᠨ ᠭᠡᠷᠡᠴᠢ᠎ᠪᠡᠷ ᠪᠠᠷᠢᠮᠵᠢᠶ᠎ᠠ ᠪᠣᠯᠭᠠᠨ᠎ᠠ ) ;

  4. ᠠᠵᠢᠯᠲᠠᠨ᠂ ᠲᠥᠬᠦᠭᠡᠷᠦᠮᠵᠢ ᠪᠠ ᠶᠠᠰᠤ ᠴᠢᠨᠠᠷ᠎ᠤᠨ ᠪᠠᠲᠤᠯᠠᠭ᠎ᠠ᠎ᠶ᠋ᠢ ᠪᠦᠷᠢᠯᠳᠦᠭᠦᠯᠵᠦ᠍᠂ ᠲᠦᠷᠦᠯ ᠵᠦᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠦᠭ᠌ᠰᠡᠨ ᠬᠦᠴᠦᠨ ᠪᠦᠬᠦᠢ ᠭᠡᠷᠡᠴᠢᠯᠡᠬᠦ᠌ ᠮᠠᠲ᠋ᠧᠷᠢᠶᠠᠯ ;

  5. ᠵᠠᠷᠯᠢᠭ᠍ᠳᠠᠵᠤ ᠪᠠᠢᠭᠠᠳ ᠠᠵᠢᠯ᠎ᠢ ᠨᠢ ᠵᠣᠭᠰᠤᠭᠠᠬᠤ ᠂ ᠳᠠᠭᠠᠭᠠᠴᠢᠯᠠᠯᠲᠠ᠎ᠳᠤ ᠣᠷᠣᠬᠤ ᠬᠢᠷᠢ ᠬᠡᠮ᠎ᠢ ᠨᠢ ᠬᠦᠴᠦᠨ ᠦᠭᠡᠢ ᠪᠣᠯᠭᠠᠬᠤ ᠂ ᠡᠳ᠋ ᠬᠥᠷᠥᠩᠭᠡ᠎ᠶᠢ ᠨᠢ ᠭᠥᠯᠢᠶᠡᠨ ᠠᠪᠴᠤ ᠬᠠᠮᠢᠶᠠᠷᠬᠤ ᠂ ᠴᠡᠪᠳᠡᠭᠯᠡᠬᠦ ᠂ ᠲᠠᠮᠫᠤᠷᠠᠬᠤ ᠵᠡᠷᠭᠡ ᠪᠠᠢᠳᠠᠯ᠎ᠳᠤ ᠣᠷᠣᠭ᠎ᠠ ᠦᠭᠡᠢ ;

  6. ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠠᠴᠠ ᠡᠮᠦᠨᠡᠬᠢ ᠭᠤᠷᠪᠠᠨ ᠵᠢᠯ᠎ᠤᠨ ᠳᠣᠲᠣᠷ᠎ᠠ᠂ ᠡᠵᠡᠩᠨᠡᠯᠲᠡ᠎ᠶ᠋ᠢᠨ ᠠᠵᠢᠯᠯᠠᠭ᠎ᠠ᠎ᠶ᠋ᠢᠨ ᠳᠤᠮᠳᠠ ᠬᠠᠤᠯᠢ᠎ᠠᠴᠠ ᠵᠥᠷᠢᠴᠡᠭ᠌ᠰᠡᠨ ᠬᠦᠨᠳᠦ ᠶᠡᠭᠡ ᠲᠡᠮᠳᠡᠭ᠌ᠯᠡᠯ᠎ᠲᠠᠢ ᠪᠠᠢᠬᠤ ᠦᠭᠡᠢ;

  7. ᠲᠣᠰ ᠲᠥᠷᠥᠯ ᠵᠦᠢᠯ᠎ᠨᠢ ᠬᠤᠯᠪᠣᠭᠠᠲᠤ ᠴᠣᠭ᠍ᠴᠠ᠎ᠶ᠋ᠢᠨ ᠳᠠᠭᠠᠭᠠᠴᠢᠯᠠᠯᠲᠠ ᠬᠦᠯᠢᠶᠡᠬᠦ᠌᠎ᠶ᠋ᠢ ᠬᠦᠯᠢᠶᠡᠬᠦ᠌ ᠦᠭᠡᠢ᠃

  ᠭᠤᠷᠪᠠ᠂ ᠣᠷᠣᠯᠠᠬᠤ ᠪᠠᠢᠭᠤᠯᠤᠮᠵᠢ ᠳᠣᠤᠷᠠᠬᠢ ᠮᠠᠲ᠋ᠧᠷᠢᠶᠠᠯ᠎ᠢ ᠬᠠᠩᠭᠠᠬᠤ ᠬᠡᠷᠡᠭ᠌ᠲᠡᠶ

  1. ᠡᠵᠡᠩᠨᠡᠯᠲᠡ᠎ᠶ᠋ᠢᠨ ᠦᠨᠡᠮᠯᠡᠯ ᠬᠢᠭᠡᠳ ᠬᠠᠤᠯᠢ᠎ᠶ᠋ᠢᠨ ᠡᠷᠬᠡᠲᠡᠨ᠎ᠤ ᠪᠡᠶ᠎ᠡ᠎ᠶ᠋ᠢᠨ ᠦᠨᠡᠮᠯᠡᠯ ;

  2. ᠲᠥᠷᠥᠯ ᠵᠦᠢᠯ᠎ᠤᠨ ᠬᠠᠷᠢᠭᠤᠴᠠᠯᠭᠠᠲᠠᠨ᠎ᠤ ᠡᠷᠬᠡ ᠣᠯᠭᠤᠭ᠍ᠰᠠᠨ ᠨᠠᠢᠳᠠᠯᠭ᠎ᠠ᠎ᠶ᠋ᠢᠨ ᠪᠢᠴᠢᠭ 

  3. ᠣᠷᠣᠯᠠᠬᠤ ᠪᠠᠢᠭᠤᠯᠤᠮᠵᠢ᠎ᠶ᠋ᠢᠨ ᠬᠢᠷᠢ ᠭᠡᠮ᠎ᠦᠨ ᠱᠠᠭᠠᠷᠳᠠᠯᠭ᠎ᠠ᠎ᠳᠤ ᠪᠤᠰᠤᠳ ᠭᠡᠷᠡᠴᠢᠯᠡᠬᠦ᠌ ᠮᠠᠲ᠋ᠧᠷᠢᠶᠠᠯ᠎ᠤᠳ;

  4. ᠳᠠᠭᠠᠭᠠᠴᠢᠯᠠᠯᠲᠠ ᠵᠠᠷᠯᠠᠬᠤ ᠪᠢᠴᠢᠭ ᠬᠠᠷ᠎ᠠ᠎ᠶ᠋ᠢ ᠨᠠᠢᠷᠠᠭᠤᠯᠤᠨ ᠵᠣᠬᠢᠶᠠᠬᠤ ᠦᠢᠯᠡᠴᠢᠯᠡᠭᠡᠨ᠎ᠦ ᠲᠥᠰᠦᠯ ᠵᠢᠴᠢ ᠮᠡᠳᠡᠭᠦᠯᠬᠦ᠌ ᠦᠨ᠎ᠡ ;

  5. ᠲᠣᠰ ᠲᠥᠷᠥᠯ ᠵᠦᠶ᠋ᠯ᠎ᠤᠨ ᠬᠠᠷᠢᠭᠤᠴᠠᠯᠭᠠᠲᠠᠨ᠎ᠤ ᠠᠵᠢᠯ ᠎ᠤᠨ ᠨᠠᠮᠲᠠᠷ᠂ ᠬᠢᠷᠢ ᠬᠡᠮ ᠵᠡᠷᠭᠡ ᠪᠠᠢᠳᠠᠯ; ᠲᠥᠷᠥᠯ ᠵᠦᠶ᠋ᠯ᠎ᠤᠨ ᠳᠤᠭᠤᠢᠯᠠᠩ᠎ᠤᠨ ᠠᠵᠢᠯᠲᠠᠨ᠎ᠤ ᠬᠢᠷᠢ ᠬᠡᠮ᠂ ᠠᠵᠢᠯ᠎ᠤᠨ ᠨᠠᠮᠲᠠᠷ

  6. ᠲᠣᠰ ᠲᠥᠷᠥᠯ ᠵᠦᠢᠯ᠎ᠤᠨ ᠬᠠᠷᠢᠭᠤᠴᠠᠯᠭᠠᠲᠠᠨ᠎ᠤ ᠲᠤᠱᠢᠶᠠᠯ᠎ᠢ ᠡᠭᠦᠷᠭᠡᠯᠡᠬᠦ᠌᠎ᠪᠠᠷ ᠪᠠᠢᠭ᠎ᠠ ᠠᠵᠢᠯ᠎ᠤᠨ ᠨᠠᠮᠲᠠᠷ᠂ ᠬᠢᠷᠢ ᠬᠡᠮ ᠵᠡᠷᠭᠡ ᠪᠠᠢᠳᠠᠯ; ᠲᠥᠷᠥᠯ ᠵᠦᠢᠯ᠎ᠤᠨ ᠳᠤᠭᠤᠢᠯᠠᠩ᠎ᠤᠨ ᠠᠵᠢᠯᠲᠠᠨ᠎ᠤ ᠬᠢᠷᠢ ᠬᠡᠮ᠂ ᠠᠵᠢᠯ᠎ᠤᠨ ᠨᠠᠮᠲᠠᠷ ;

  7. ᠬᠠᠮᠢᠶ᠎ᠠ ᠪᠦᠬᠦᠢ ᠠᠵᠢᠯ᠎ᠤᠨ ᠠᠮᠵᠢᠯᠲᠠ᠎ᠶ᠋ᠢᠨ ᠮᠠᠲ᠋ᠧᠷᠢᠶᠠᠯ ;

  ᠲᠣᠳᠣᠷᠬᠠᠢᠯᠠᠯ᠄ ᠳᠡᠭᠡᠷᠡᠬᠢ ᠮᠠᠲ᠋ᠧᠷᠢᠶᠠᠯ᠎ᠤᠨ ᠪᠠᠭᠤᠯᠭᠠᠪᠤᠷᠢ ᠨᠢ ᠨᠢᠭᠡᠴᠢ ᠎ᠶ᠋ᠢᠨ ᠲᠠᠮᠠᠭ᠎ᠠ᠎ᠶ᠋ᠢ ᠳᠠᠷᠤᠬᠤ ᠴᠢᠬᠤᠯᠠ᠎ᠲᠠᠶ ᠪᠥᠭᠡᠳ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠤᠨ ᠠᠮᠠᠯᠠᠯᠲᠠ᠎ᠶ᠋ᠢᠨ ᠪᠢᠴᠢᠭ᠎ᠢ ᠬᠠᠩᠭᠠᠬᠤ ᠬᠡᠷᠡᠭ᠌ᠲᠡᠶ᠃

  ᠳᠥᠷᠪᠡ᠂ ᠠᠳᠠᠯᠢᠳᠭᠠᠨ ᠰᠣᠩᠭᠤᠬᠤ ᠪᠢᠴᠢᠭ ᠮᠠᠲ᠋ᠧᠷᠢᠶᠠᠯ᠎ᠢ ᠭᠠᠷᠳᠠᠭᠣᠯᠬᠤ ᠴᠠᠭ ᠪᠠ ᠭᠠᠵᠠᠷ ᠣᠷᠣᠨ

  1. ᠴᠠᠭ᠄ 2025 ᠣᠨ᠎ᠤ 10 ᠳ᠋ᠤᠭᠠᠷ ᠰᠠᠷ᠎ᠠ᠎ᠶ᠋ᠢᠨ 30 ᠎ᠤ ᠡᠳᠦᠷ᠎ᠤᠨ ᠦᠳᠡ᠎ᠶ᠋ᠢᠨ ᠡᠮᠦᠨ᠎ᠡ 9᠄ 00-12᠄ 00 ᠴᠠᠭ᠂ ᠦᠳᠡ᠎ᠶ᠋ᠢᠨ ᠬᠤᠢᠨ᠎ᠠ 14᠄ 30-17᠄ 00 ᠴᠠᠭ

  2. ᠭᠠᠵᠠᠷ ᠣᠷᠣᠨ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ 614  ᠳ᠋ᠦ᠍ᠭᠡᠷ ᠠᠯᠪᠠᠨ ᠭᠡᠷ᠃

  ᠲᠠᠪᠤ᠂ ᠳᠠᠭᠠᠭᠠᠴᠢᠯᠠᠯᠲᠠ ᠨᠡᠢᠲᠡᠯᠡᠬᠦ᠌ ᠴᠠᠭ ᠵᠢᠴᠢ ᠭᠠᠵᠠᠷ

  1. ᠳᠠᠭᠠᠭᠠᠴᠢᠯᠠᠯᠲᠠ ᠨᠡᠢᠲᠡᠯᠡᠬᠦ᠌ ᠴᠠᠭ᠄ 2025 ᠣᠨ᠎ᠤ 10 ᠳ᠋ᠤᠭᠠᠷ ᠰᠠᠷ᠎ᠠ᠎ᠶ᠋ᠢᠨ 31 ᠎ᠤ ᠡᠳᠦᠷ᠎ᠤᠨ 15᠄ 30 ᠮᠢᠨᠦ᠋ᠲ᠃

  2. ᠳᠠᠭᠠᠭᠠᠴᠢᠯᠠᠯᠲᠠ ᠨᠡᠢᠲᠡᠯᠡᠬᠦ᠌ ᠭᠠᠵᠠᠷ ᠣᠷᠣᠨ᠄ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠃

  3. ᠭᠤᠶᠤᠴᠢᠯᠠᠭ᠍ᠴᠢ᠎ᠶ᠋ᠢᠨ ᠮᠡᠳᠡᠭᠦᠯᠦᠭ᠌ᠰᠡᠨ ᠦᠨ᠎ᠡ᠂ ᠦᠢᠯᠡᠴᠢᠯᠡᠭᠡᠨ᠎ᠤ ᠲᠥᠰᠦᠯ᠂ ᠠᠵᠢᠯ᠎ᠤᠨ ᠠᠮᠵᠢᠯᠲᠠ ᠪᠦᠲᠦᠮᠵᠢ ᠵᠡᠷᠭᠡ ᠠᠭᠤᠯᠭ᠎ᠠ᠎ᠶ᠋ᠢ ᠬᠠᠷᠢᠴᠠᠭᠤᠯᠤᠨ ᠶᠡᠷᠦᠩᠬᠡᠢᠯᠡᠨ ᠬᠠᠷᠢᠴᠠᠭᠤᠯᠵᠤ ᠪᠠᠢᠭᠠᠳ ᠳᠠᠭᠠᠭᠠᠴᠢᠯᠠᠯᠲᠠ ᠣᠯᠣᠭ᠍ᠰᠠᠳ᠎ᠢ ᠰᠣᠩᠭᠤᠨ ᠲᠣᠭ᠍ᠲᠠᠭᠠᠨ᠎ᠠ᠃

  ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ

  ᠬᠠᠷᠢᠯᠴᠠᠬᠤ ᠬᠥᠮᠥᠨ᠄ ᠯᠢᠦ ᠱᠦ᠍ ᠶᠣᠣ

  ᠬᠠᠷᠢᠯᠴᠠᠬᠤ ᠤᠲᠠᠰᠤ᠄ 0471 - 6946508

ᠢᠷᠡᠯᠲᠡ᠄ ᠭᠦᠢᠯᠭᠡᠭᠡᠨ᠎ᠤ ᠦᠢᠯᠡᠰ᠎ᠤᠨ ᠬᠥᠭ᠌ᠵᠢᠯᠲᠡ᠎ᠶ᠋ᠢᠨ ᠭᠠᠵᠠᠷ
          
ᠬᠠᠮᠢᠶ᠎ᠡ ᠪᠦᠬᠦᠢ ᠰᠣᠨᠢᠨ
 
            