ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠠᠯᠪᠠᠨ ᠨᠡᠶ᠋ᠢᠲᠡᠯᠡᠯ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠲᠠᠩᠰᠠ ᠡᠪᠬᠡᠮᠡᠯ᠎ᠢ ᠡᠮᠬᠢᠯᠡᠨ ᠲᠢᠭ᠌ᠯᠡᠬᠦ᠌ ᠦᠢᠯᠡᠴᠢᠯᠡᠭᠡᠨ᠎ᠤ ᠭᠤᠷᠪᠠᠳᠠᠬᠢ ᠡᠲᠡᠭᠡᠳ᠎ᠤᠨ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢᠨ ᠨᠡᠷ᠎ᠡ ᠮᠡᠳᠡᠭᠦᠯᠬᠦ᠌ ᠲᠤᠬᠠᠶ ᠠᠯᠪᠠᠨ ᠵᠠᠷ
ᠨᠡᠶ᠋ᠢᠲᠡᠯᠡᠭᠰᠡᠨ ᠴᠠᠭ᠄ 2025-11-18

  ᠬᠠᠮᠢᠶᠠᠷᠤᠯᠲᠠ᠎ᠪᠠᠨ ᠤᠯᠠᠮ ᠨᠢᠭᠡ ᠠᠯᠬᠤᠮ ᠴᠢᠩᠭᠠᠳᠭᠠᠵᠤ᠂ ᠬᠤᠳᠠᠯᠳᠤᠨ ᠠᠪᠬᠤ ᠠᠵᠢᠯᠯᠠᠭ᠎ᠠ᠎ᠶ᠋ᠢ ᠵᠢᠷᠤᠮᠵᠢᠭᠤᠯᠤᠨ᠂ ᠳᠠᠩᠰᠠ ᠡᠪᠬᠡᠮᠡᠯ᠎ᠢ ᠡᠮᠬᠢᠯᠡᠬᠦ᠌ ᠦᠢᠯᠡᠴᠢᠯᠡᠭᠡᠨ᠎ᠤ ᠠᠵᠢᠯ᠎ᠤᠨ ᠤᠷᠤᠭ᠍ᠰᠢᠲᠠᠶ ᠪᠡᠶᠡᠯᠡᠭ᠌ᠳᠡᠬᠦ᠌᠎ᠶ᠋ᠢ ᠦᠨᠡᠨ ᠬᠦ᠌ ᠪᠠᠲᠤᠯᠠᠬᠤ᠎ᠶ᠋ᠢᠨ ᠲᠤᠰᠠᠳᠠ᠂ ᠡᠳᠦᠭᠡ ᠬᠢᠷᠢ ᠬᠡᠮ᠎ᠤᠨ ᠨᠥᠬᠦᠴᠡᠯ᠎ᠳᠤ ᠨᠡᠢᠴᠡᠬᠦ᠌ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠦᠢᠯᠡᠴᠢᠯᠡᠭᠡᠨ᠎ᠤ ᠪᠠᠢᠭᠤᠯᠤᠮᠵᠢ᠎ᠠᠴᠠ ᠨᠡᠷ᠎ᠡ ᠮᠡᠳᠡᠭᠦᠯᠵᠦ᠍ ᠣᠷᠣᠯᠴᠠᠭᠤᠯᠤᠨ᠎ᠠ᠃

  ᠨᠢᠭᠡ᠂ ᠲᠥᠷᠥᠯ ᠵᠦᠢᠯ᠎ᠤᠨ ᠲᠦᠢᠮᠣ ᠪᠠᠢᠳᠠᠯ

  ᠲᠣᠰ ᠤᠳᠠᠭ᠎ᠠ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠲᠠᠩᠰᠠ ᠡᠪᠬᠡᠮᠡᠯ᠎ᠢ ᠡᠮᠬᠢᠯᠡᠨ ᠳᠢᠭ᠌ᠯᠡᠬᠦ᠌ ᠦᠶ᠋ᠯᠡᠴᠢᠯᠡᠭᠡ ᠬᠤᠳᠠᠯᠳᠤᠨ ᠠᠪᠬᠤ᠎ᠳᠤ ᠭᠤᠷᠪᠠᠳᠠᠬᠢ ᠡᠲᠡᠭᠡᠳ᠎ᠤᠨ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠨ ᠭᠦᠶ᠋ᠴᠡᠳᠭᠡᠬᠦ᠌ ᠦᠶ᠋ᠯᠡᠴᠢᠯᠡᠭᠡᠨ᠎ᠤ ᠪᠠᠢᠭᠤᠯᠤᠮᠵᠢ᠎ᠶ᠋ᠢ ᠰᠣᠩᠭᠤᠨ᠎ᠠ᠃

  ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠲᠠᠩᠰᠠ ᠡᠪᠬᠡᠮᠡᠯ᠎ᠢ ᠡᠮᠬᠢᠯᠡᠨ ᠳᠢᠭ᠌ᠯᠡᠬᠦ᠌ ᠦᠶ᠋ᠯᠡᠴᠢᠯᠡᠭᠡᠨ᠎ᠤ ᠲᠥᠰᠦᠪ᠎ᠤᠨ ᠶᠡᠷᠦᠩᠬᠡᠶ ᠲᠤᠭ᠎ᠠ᠄ 20 ᠲᠦᠮᠡᠨ ᠲᠥᠭᠦᠷᠢᠭ ᠠᠷᠠᠳ᠎ᠤᠨ ᠵᠣᠭᠤᠰ ᠪᠣᠯᠤᠨ᠎ᠠ᠃ ᠬᠤᠳᠠᠯᠳᠤᠨ ᠠᠪᠬᠤ ᠠᠷᠭ᠎ᠠ ᠮᠠᠶᠢᠭ᠄ ᠥᠷᠢᠰᠦᠯᠳᠦᠭᠡᠨ᠎ᠦ ᠴᠢᠨᠠᠷᠲᠠᠢ ᠵᠥᠪᠳᠡᠯᠴᠡᠭᠡ᠃ 

  ᠬᠤᠶᠠᠷ᠂ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢᠨ ᠬᠢᠷᠢ ᠬᠡᠮ᠎ᠤᠨ ᠱᠠᠭᠠᠷᠳᠠᠯᠭ᠎ᠠ

  1. ᠪᠡᠶ᠎ᠡ᠎ᠪᠠᠨ ᠳᠠᠭᠠᠭᠠᠭ᠍ᠰᠠᠨ ᠬᠠᠤᠯᠢ᠎ᠶ᠋ᠢᠨ ᠡᠷᠬᠡᠲᠡᠨ᠎ᠤ ᠬᠢᠷᠢ ᠬᠡᠮ᠎ᠲᠠᠢ ;

  2. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯ᠎ᠤᠨ ᠰᠦᠯᠵᠢᠶᠡᠨ ᠳᠡᠭᠡᠷ᠎ᠡ ᠳᠠᠩᠰᠠᠯᠠᠭᠤᠯᠬᠤ᠎ᠶ᠋ᠢᠨ ᠬᠠᠮᠲᠤ ᠪᠠᠢᠴᠠᠭᠠᠨ ᠯᠠᠪᠯᠠᠬᠤ ᠤᠭ᠍ᠲᠤᠯᠤᠭ᠍ᠰᠠᠨ ᠵᠢᠷᠤᠭ᠎ᠢ ᠬᠠᠩᠭᠠᠨ᠎ᠠ;

  3. ᠣᠢᠷ᠎ᠠ᠎ᠶ᠋ᠢᠨ ᠨᠢᠭᠡ ᠵᠢᠯ᠎ᠦᠨ ᠭᠠᠢᠯᠢ ᠲᠤᠱᠢᠶᠠᠭ᠍ᠰᠠᠨ ᠭᠡᠷᠡᠴᠢ ( ᠭᠠᠢᠯᠢ᠎ᠶ᠋ᠢᠨ ᠶᠠᠪᠤᠳᠠᠯ᠎ᠤᠨ  ᠪᠠᠢᠭᠤᠯᠭ᠎ᠠ᠎ᠶ᠋ᠢᠨ ᠬᠢᠵᠦ᠍ ᠥᠭ᠌ᠭᠦᠭ᠌ᠰᠡᠨ ᠭᠠᠢᠯᠢ ᠲᠤᠱᠢᠶᠠᠭ᠍ᠰᠠᠨ ᠵᠣᠭᠣᠰ ᠲᠤᠱᠢᠶᠠᠭ᠍ᠰᠠᠨ ᠪᠢᠴᠢᠭ ᠪᠤᠶᠤ ᠪᠠᠩᠬᠢ᠎ᠶ᠋ᠢᠨ ᠭᠠᠢᠯᠢ ᠬᠠᠰᠤᠭ᠍ᠰᠠᠨ ᠭᠡᠷᠡᠴᠢ᠎ᠪᠡᠷ ᠪᠠᠷᠢᠮᠵᠢᠶ᠎ᠠ ᠪᠣᠯᠭᠠᠨ᠎ᠠ ) ;

  4. ᠠᠵᠢᠯᠲᠠᠨ᠂ ᠲᠥᠬᠦᠭᠡᠷᠦᠮᠵᠢ ᠪᠠ ᠶᠠᠰᠤ ᠴᠢᠨᠠᠷ᠎ᠤᠨ ᠪᠠᠲᠤᠯᠠᠭ᠎ᠠ᠎ᠶ᠋ᠢ ᠪᠦᠷᠢᠯᠳᠦᠭᠦᠯᠵᠦ᠍᠂ ᠲᠦᠷᠦᠯ ᠵᠦᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠦᠭ᠌ᠰᠡᠨ ᠬᠦᠴᠦᠨ ᠪᠦᠬᠦᠢ ᠭᠡᠷᠡᠴᠢᠯᠡᠬᠦ᠌ ᠮᠠᠲ᠋ᠧᠷᠢᠶᠠᠯ ;

  5. ᠵᠠᠷᠯᠢᠭ᠍ᠳᠠᠵᠤ ᠪᠠᠢᠭᠠᠳ ᠠᠵᠢᠯ᠎ᠢ ᠨᠢ ᠵᠣᠭᠰᠤᠭᠠᠬᠤ ᠂ ᠳᠠᠭᠠᠭᠠᠴᠢᠯᠠᠯᠲᠠ᠎ᠳᠤ ᠣᠷᠣᠬᠤ ᠬᠢᠷᠢ ᠬᠡᠮ᠎ᠢ ᠨᠢ ᠬᠦᠴᠦᠨ ᠦᠭᠡᠢ ᠪᠣᠯᠭᠠᠬᠤ ᠂ ᠡᠳ᠋ ᠬᠥᠷᠥᠩᠭᠡ᠎ᠶᠢ ᠨᠢ ᠭᠥᠯᠢᠶᠡᠨ ᠠᠪᠴᠤ ᠬᠠᠮᠢᠶᠠᠷᠬᠤ ᠂ ᠴᠡᠪᠳᠡᠭᠯᠡᠬᠦ ᠂ ᠲᠠᠮᠫᠤᠷᠠᠬᠤ ᠵᠡᠷᠭᠡ ᠪᠠᠢᠳᠠᠯ᠎ᠳᠤ ᠣᠷᠣᠭ᠎ᠠ ᠦᠭᠡᠢ ;

  6. ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠠᠴᠠ ᠡᠮᠦᠨᠡᠬᠢ ᠭᠤᠷᠪᠠᠨ ᠵᠢᠯ᠎ᠦᠨ ᠳᠣᠲᠣᠷ᠎ᠠ᠂ ᠡᠵᠡᠩᠨᠡᠯᠲᠡ᠎ᠶᠢᠨ ᠠᠵᠢᠯᠯᠠᠭ᠎ᠠ᠎ᠶᠢᠨ ᠳᠤᠮᠳᠠ ᠬᠠᠤᠯᠢ᠎ᠶᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠦᠭᠡᠢ;

  7. ᠲᠣᠰ ᠲᠥᠷᠥᠯ ᠵᠦᠢᠯ᠎ᠨᠢ ᠬᠤᠯᠪᠣᠭᠠᠲᠤ ᠴᠣᠭ᠍ᠴᠠ᠎ᠶ᠋ᠢᠨ ᠳᠠᠭᠠᠭᠠᠴᠢᠯᠠᠯᠲᠠ᠎ᠶ᠋ᠢ ᠬᠦᠯᠢᠶᠡᠬᠦ᠌ ᠦᠭᠡᠢ᠃

  8. 《ᠢᠲᠡᠭᠡᠮᠵᠢᠲᠦ ᠳᠤᠮᠳᠠᠳᠤ ᠤᠯᠤᠰ》 ᠎ᠤᠨ ᠰᠦᠯᠵᠢᠶ᠎ᠡ (http://www、creditchina、gov、cn/) ᠎ᠳᠤ ᠢᠲᠡᠭᠡᠮᠵᠢ ᠠᠯᠳᠠᠭ᠍ᠰᠠᠨ ᠭᠦᠢᠴᠡᠳᠭᠡᠭ᠌ᠳᠡᠭ᠌ᠴᠢ᠎ᠶ᠋ᠢᠨ ᠨᠡᠷᠡᠰ᠎ᠲᠤ ᠵᠢᠭ᠍ᠰᠠᠭᠠᠭ᠍ᠳᠠᠭ᠍ᠰᠠᠨ ᠦᠭᠡᠢ᠃

  ᠭᠤᠷᠪᠠ᠂ ᠣᠷᠣᠯᠠᠬᠤ ᠪᠠᠢᠭᠤᠯᠤᠮᠵᠢ ᠳᠣᠤᠷᠠᠬᠢ ᠮᠠᠲ᠋ᠧᠷᠢᠶᠠᠯ᠎ᠢ ᠬᠠᠩᠭᠠᠬᠤ ᠬᠡᠷᠡᠭ᠌ᠲᠡᠶ

  1. ᠠᠵᠤ ᠠᠬᠤᠢᠯᠠᠯ᠎ᠤᠨ ᠡᠵᠡᠩᠨᠡᠬᠦ ᠦᠨᠡᠮᠯᠡᠯ᠎ᠦᠨ ᠬᠠᠭᠤᠯᠪᠤᠷᠢ ᠳᠡᠪᠲᠡᠷ ; 

  2. ᠲᠥᠷᠥᠯ ᠵᠦᠢᠯ᠎ᠤᠨ ᠬᠠᠷᠢᠭᠤᠴᠠᠯᠭᠠᠲᠠᠨ᠎ᠤ ᠡᠷᠬᠡ ᠣᠯᠭᠤᠭ᠍ᠰᠠᠨ ᠨᠠᠢᠳᠠᠯᠭ᠎ᠠ᠎ᠶ᠋ᠢᠨ ᠪᠢᠴᠢᠭ ;

  3. 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠎ᠶ᠋ᠢᠨ ᠣᠷᠣᠯᠠᠬᠤ ᠪᠠᠢᠭᠤᠯᠤᠮᠵᠢ᠎ᠳᠤ ᠳᠡᠩᠰᠡᠯᠡᠨ ᠲᠡᠮᠳᠡᠭ᠌ᠯᠡᠵᠦ᠍᠂ ᠰᠦᠯᠵᠢᠶᠡᠨ ᠥᠷᠲᠡᠭᠡ᠎ᠶ᠋ᠢᠨ ᠪᠠᠢᠴᠠᠭᠠᠨ ᠯᠠᠪᠯᠠᠬᠤ  ᠤᠭ᠍ᠲᠤᠯᠤᠭ᠍ᠰᠠᠨ ᠵᠢᠷᠤᠭ᠎ᠢ ᠬᠠᠩᠭᠠᠨ᠎ᠠ ;

  4. ᠢᠲᠡᠭᠡᠮᠵᠢᠲᠦ ᠳᠤᠮᠳᠠᠳᠤ ᠤᠯᠤᠰ᠎ᠤᠨ ᠰᠦᠯᠵᠢᠶᠡᠨ ᠥᠷᠲᠡᠭᠡ᠎ᠳᠤ ᠢᠲᠡᠭᠡᠯ ᠠᠯᠳᠠᠭ᠍ᠰᠠᠨ ᠭᠦᠢᠴᠡᠳᠭᠡᠭ᠌ᠳᠡᠭ᠌ᠴᠢ᠎ᠶ᠋ᠢᠨ ᠨᠡᠷᠡᠰ᠎ᠤᠨ ᠬᠤᠯᠪᠣᠭ᠍ᠳᠠᠯ ᠪᠦᠬᠦᠢ ᠤᠭ᠍ᠲᠤᠯᠤᠭ᠍ᠰᠠᠨ ᠵᠢᠷᠤᠭ᠎ᠲᠤ ᠵᠢᠭ᠍ᠰᠠᠭᠠᠭ᠍ᠳᠠᠭ᠍ᠰᠠᠨ ᠦᠭᠡᠢ ;

  5. ᠲᠣᠰ ᠲᠥᠷᠥᠯ ᠵᠦᠢᠯ᠎ᠤᠨ ᠬᠠᠷᠢᠭᠤᠴᠠᠯᠭᠠᠲᠠᠨ᠎ᠤ ᠲᠤᠱᠢᠶᠠᠯ᠎ᠢ ᠡᠭᠦᠷᠭᠡᠯᠡᠬᠦ᠌᠎ᠪᠠᠷ ᠪᠠᠢᠭ᠎ᠠ ᠠᠵᠢᠯ᠎ᠤᠨ ᠨᠠᠮᠲᠠᠷ᠂ ᠬᠢᠷᠢ ᠬᠡᠮ ᠵᠡᠷᠭᠡ ᠪᠠᠢᠳᠠᠯ; ᠲᠥᠷᠥᠯ ᠵᠦᠢᠯ᠎ᠤᠨ ᠳᠤᠭᠤᠢᠯᠠᠩ᠎ᠤᠨ ᠠᠵᠢᠯᠲᠠᠨ᠎ᠤ ᠬᠢᠷᠢ ᠬᠡᠮ᠂ ᠠᠵᠢᠯ᠎ᠤᠨ ᠨᠠᠮᠲᠠᠷ ;

  6. ᠲᠤᠰᠠᠭᠠᠷ ᠠᠵᠢᠯᠯᠠᠬᠤ ᠭᠠᠵᠠᠷ᠎ᠤᠨ ᠭᠡᠷᠡᠴᠢ᠂ ᠪᠡᠶ᠎ᠡ᠎ᠪᠠᠨ ᠳᠠᠭᠠᠭᠠᠭ᠍ᠰᠠᠨ ᠬᠢᠨᠠᠨ ᠲᠣᠭ᠍ᠲᠠᠭᠠᠬᠤ ᠲᠠᠯᠠᠪᠤᠷ ᠭᠠᠵᠠᠷ᠎ᠤᠨ ᠭᠡᠷᠡᠴᠢ ᠬᠠᠩᠭᠠᠵᠤ᠂ ᠲᠠᠯᠠᠪᠤᠷ ᠭᠠᠵᠠᠷ᠎ᠲᠤ ᠲᠦᠷᠢᠶᠡᠰᠦᠯᠡᠭᠦᠯᠬᠦ᠌ ᠬᠡᠯᠡᠯᠴᠡᠭᠡᠷ ᠪᠤᠶᠤ ᠭᠡᠷ ᠪᠠᠢᠱᠢᠩ ᠬᠤᠳᠠᠯᠳᠤᠨ ᠠᠪᠬᠤ ᠬᠡᠯᠡᠯᠴᠡᠭᠡᠷ ᠪᠤᠶᠤ ᠭᠡᠷ ᠪᠠᠢᠱᠢᠩ᠎ᠤᠨ ᠥᠮᠴᠢᠯᠡᠬᠦ᠌ ᠡᠷᠬᠡ᠎ᠶ᠋ᠢᠨ ᠦᠨᠡᠮᠯᠡᠯ ᠵᠡᠷᠭᠡ ᠭᠡᠷᠡᠴᠢᠯᠡᠬᠦ᠌ ᠮᠠᠲ᠋ᠧᠷᠢᠶᠠᠯ᠎ᠢ ᠬᠠᠩᠭᠠᠨ᠎ᠠ ;

  7. ᠣᠢᠷ᠎ᠠ᠎ᠶ᠋ᠢᠨ ᠭᠤᠷᠪᠠᠨ ᠵᠢᠯ᠎ᠤᠨ ᠳᠣᠲᠣᠷ᠎ᠠ ᠪᠡᠶᠡᠯᠡᠭᠦᠯᠦᠭ᠌ᠰᠡᠨ ᠬᠠᠮᠢᠶ᠎ᠠ ᠪᠦᠬᠦᠢ ᠠᠵᠢᠯ᠎ᠤᠨ ᠠᠮᠵᠢᠯᠲᠠ᠎ᠶ᠋ᠢᠨ ᠭᠡᠷᠡᠴᠢ ᠮᠠᠲ᠋ᠧᠷᠢᠶᠠᠯ ;

  8. ᠣᠷᠣᠯᠠᠬᠤ ᠪᠠᠢᠭᠤᠯᠤᠮᠵᠢ᠎ᠶ᠋ᠢᠨ ᠬᠢᠷᠢ ᠬᠡᠮ᠎ᠤᠨ ᠱᠠᠭᠠᠷᠳᠠᠯᠭ᠎ᠠ᠎ᠳᠤ ᠪᠤᠰᠤᠳ ᠭᠡᠷᠡᠴᠢᠯᠡᠬᠦ᠌ ᠮᠠᠲ᠋ᠧᠷᠢᠶᠠᠯ᠎ᠤᠳ ;

  9. ᠬᠠᠷᠢᠯᠴᠠᠬᠤ ᠬᠠᠭᠤᠳᠠᠰᠤ (  ᠪᠠᠢᠭᠤᠯᠭ᠎ᠠ ᠶ᠋ᠢᠨ ᠨᠡᠷᠡᠢᠳᠦᠯ ᠂ ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ  ᠮᠠᠶᠢᠭ᠎ᠢ ᠪᠠᠭ᠍ᠲᠠᠭᠠᠨ᠎ᠠ ) ᠃

  ᠲᠣᠳᠣᠷᠬᠠᠢᠯᠠᠯ᠄ ᠳᠡᠭᠡᠷᠡᠬᠢ ᠮᠠᠲ᠋ᠧᠷᠢᠶᠠᠯ᠎ᠤᠨ ᠪᠠᠭᠤᠯᠭᠠᠪᠤᠷᠢ ᠨᠢ ᠨᠢᠭᠡᠴᠢ᠎ᠶ᠋ᠢᠨ ᠲᠠᠮᠠᠭ᠎ᠠ᠎ᠶ᠋ᠢ ᠳᠠᠷᠤᠬᠤ ᠴᠢᠬᠤᠯᠠ᠎ᠲᠠᠶ ᠪᠥᠭᠡᠳ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠤᠨ ᠠᠮᠠᠯᠠᠯᠲᠠ᠎ᠶ᠋ᠢᠨ ᠪᠢᠴᠢᠭ᠎ᠢ ᠬᠠᠩᠭᠠᠬᠤ ᠬᠡᠷᠡᠭ᠌ᠲᠡᠶ᠃

  ᠳᠥᠷᠪᠡ᠂ ᠨᠡᠷ᠎ᠡ ᠮᠡᠳᠡᠭᠦᠯᠬᠦ᠌ ᠪᠢᠴᠢᠭ ᠮᠠᠲ᠋ᠧᠷᠢᠶᠠᠯ᠎ᠢ ᠭᠠᠷᠳᠠᠭᠤᠯᠬᠤ ᠴᠠᠭ ᠪᠠ ᠬᠠᠶᠢᠭ

  ᠳᠡᠭᠡᠷ᠎ᠡ ᠳᠤᠷᠠᠳᠤᠭ᠍ᠰᠠᠨ ᠨᠥᠬᠦᠴᠡᠯ᠎ᠳᠤ ᠨᠡᠢᠴᠡᠬᠦ᠌ ᠬᠠᠩᠭ᠋ᠠᠯᠭ᠎ᠠ᠎ᠶᠢᠨ ᠬᠤᠳᠠᠯᠳᠤᠭ᠋ᠠᠴᠢᠨ 2025 ᠣᠨ᠎ᠤ 11 ᠳ᠋ᠦ᠍ᠭᠡᠷ ᠰᠠᠷ᠎ᠠ᠎ᠶ᠋ᠢᠨ 24 ᠎ᠤ ᠡᠳᠦᠷ᠎ᠤᠨ 17᠄ 00 ᠎ᠠᠴᠠ ᠡᠮᠦᠨ᠎ᠡ ᠨᠡᠷ᠎ᠡ ᠮᠡᠳᠡᠭᠦᠯᠦᠭ᠌ᠰᠡᠨ ᠮᠠᠲ᠋ᠧᠷᠢᠶᠠᠯ᠎ᠢ ᠠᠯᠪᠠᠨ ᠲᠠᠮᠠᠭ᠎ᠠ ᠳᠠᠷᠤᠭ᠍ᠰᠠᠨ᠎ᠤ ᠳᠠᠷᠠᠭ᠎ᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ᠎ᠶ᠋ᠢᠨ ᠱᠢᠨᠬᠤᠸᠠ ᠶᠡᠭᠡ ᠵᠡᠭᠡᠯᠢ᠎ᠶ᠋ᠢᠨ 63 ᠳ᠋ᠤᠭᠠᠷ ᠲᠣᠭᠠᠲᠤ ᠬᠦᠷᠢᠶᠡᠨ᠎ᠤ 5 ᠳ᠋ᠤᠭᠠᠷ ᠠᠰᠠᠷ᠎ᠤᠨ 601 ᠳ᠋ᠦ᠍ᠭᠡᠷ ᠲᠠᠰᠤᠭ᠎ᠲᠤ ᠬᠦᠷᠭᠡᠵᠦ᠍ ᠪᠣᠯᠤᠨ᠎ᠠ᠃

  ᠲᠠᠪᠤ᠂ ᠬᠠᠷᠢᠯᠴᠠᠬᠤ ᠠᠷᠭ᠎ᠠ ᠮᠠᠶᠢᠭ

  ᠬᠤᠳᠠᠯᠳᠤᠨ ᠠᠪᠬᠤ ᠨᠢᠭᠡᠴᠢ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ

  ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ᠎ᠶ᠋ᠢᠨ ᠱᠢᠨᠬᠤᠸᠠ ᠶᠡᠭᠡ ᠵᠡᠭᠡᠯᠢ᠎ᠶ᠋ᠢᠨ 63 ᠳ᠋ᠤᠭᠠᠷ ᠲᠣᠭᠠᠲᠤ

  ᠬᠠᠷᠢᠯᠴᠠᠬᠤ ᠬᠥᠮᠦᠨ᠄  ᠵᠣᠣ ᠸᠸᠨ ᠲᠣᠣ

  ᠬᠠᠷᠢᠯᠴᠠᠬᠤ ᠤᠲᠠᠰᠤ᠄ 0471-6945014

  

  ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠡᠣᠷᠤᠨ ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ

  2025 ᠣᠨ᠎ᠤ 11 ᠳ᠋ᠦ᠍ᠭᠡᠷ ᠰᠠᠷ᠎ᠠ᠎ᠶ᠋ᠢᠨ 18 ᠎ᠤ ᠡᠳᠦᠷ

ᠢᠷᠡᠯᠲᠡ᠄ ᠠᠯᠪᠠᠨ ᠭᠡᠷ
          
ᠬᠠᠮᠢᠶ᠎ᠡ ᠪᠦᠬᠦᠢ ᠰᠣᠨᠢᠨ
 
            