ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠠᠯᠪᠠᠨ ᠨᠡᠶ᠋ᠢᠲᠡᠯᠡᠯ
ᠥᠪᠥᠷ ᠮᠣᠩᠭᠤᠯ᠎ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠨᠢᠯᠴᠠᠭᠤᠯᠭ᠎ᠠ᠎ᠶ᠋ᠢᠨ ᠬᠡᠰᠡᠭ᠎ᠤᠨ ᠦᠢᠯᠡᠴᠢᠯᠡᠭᠡᠨ᠎ᠤ ᠲᠥᠷᠥᠯ ᠵᠦᠢᠯ᠎ᠤᠨ ᠭᠤᠷᠪᠠᠳᠠᠬᠢ ᠡᠲᠡᠭᠡᠳ᠎ᠤᠨ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢᠨ ᠨᠡᠷ᠎ᠡ ᠮᠡᠳᠡᠭᠦᠯᠬᠦ᠌ ᠲᠤᠬᠠᠶ ᠠᠯᠪᠠᠨ ᠵᠠᠷ
ᠨᠡᠶ᠋ᠢᠲᠡᠯᠡᠭᠰᠡᠨ ᠴᠠᠭ᠄ 2025-11-21

  ᠬᠠᠮᠢᠶᠠᠷᠤᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠬᠤᠳᠠᠯᠳᠤᠨ ᠠᠪᠬᠤ ᠠᠵᠢᠯᠯᠠᠭ᠎ᠠ᠎ᠶ᠋ᠢ ᠵᠢᠷᠤᠮᠵᠢᠭᠤᠯᠤᠨ᠂ ᠥᠪᠥᠷ ᠮᠣᠩᠭᠤᠯ᠎ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠠᠨᠢᠯᠴᠠᠭᠤᠯᠭ᠎ᠠ᠎ᠶ᠋ᠢᠨ ᠬᠡᠰᠡᠭ᠎ᠤᠨ ᠦᠢᠯᠡᠴᠢᠯᠡᠭᠡᠨ᠎ᠤ ᠲᠥᠷᠥᠯ ᠵᠦᠢᠯ᠎ᠢ ᠬᠤᠳᠠᠯᠳᠤᠨ ᠠᠪᠬᠤ ᠡᠭᠦᠷᠭᠡ᠎ᠶ᠋ᠢ ᠤᠷᠤᠭ᠍ᠰᠢᠲᠠᠶ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠬᠤ᠎ᠶ᠋ᠢᠨ ᠲᠤᠰᠠᠳᠠ᠂ ᠣᠲᠣ ᠬᠢᠷᠢ ᠬᠡᠮ᠎ᠤᠨ ᠨᠥᠬᠦᠴᠡᠯ᠎ᠳᠤ ᠨᠡᠢᠴᠡᠬᠦ᠌ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠨ ᠭᠦᠢᠴᠡᠳᠭᠡᠬᠦ᠌ ᠦᠢᠯᠡᠴᠢᠯᠡᠭᠡᠨ᠎ᠤ ᠪᠠᠢᠭᠤᠯᠤᠮᠵᠢ᠎ᠶ᠋ᠢᠨ ᠤᠷᠢᠵᠤ ᠨᠡᠷ᠎ᠡ ᠮᠡᠳᠡᠭᠦᠯᠵᠦ᠍ ᠣᠷᠣᠯᠴᠠᠭᠤᠯᠤᠨ᠎ᠠ᠃

  ᠨᠢᠭᠡ᠂ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢᠨ ᠬᠢᠷᠢ ᠭᠡᠮ᠎ᠦᠨ ᠱᠠᠭᠠᠷᠳᠠᠯᠭ᠎ᠠ

  ᠴᠤᠤᠷᠢᠶᠠᠳᠤᠨ ᠳᠠᠭᠠᠬᠤ ᠬᠥᠮᠦᠨ᠎ᠨᠢ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ》 ᠎ᠶ᠋ᠢᠨ ᠬᠤᠷᠢᠨ ᠬᠤᠶᠠᠳᠤᠭᠠᠷ ᠵᠦᠢᠯ᠎ᠳᠤ ᠲᠣᠭ᠍ᠲᠠᠭᠠᠭ᠍ᠰᠠᠨ ᠨᠥᠬᠦᠴᠡᠯ᠎ᠢ ᠪᠦᠷᠢᠯᠳᠦᠭᠦᠯᠵᠦ᠍᠂ ᠡᠯ᠎ᠡ ᠵᠦᠢᠯ᠎ᠤᠨ ᠲᠣᠭ᠍ᠲᠠᠭᠠᠯ᠎ᠳᠤ ᠨᠡᠢᠴᠡᠭ᠌ᠰᠡᠨ ᠬᠠᠩᠭᠠᠯᠭ᠎ᠠ᠎ᠶ᠋ᠢᠨ ᠬᠤᠳᠠᠯᠳᠤᠭᠠᠴᠢᠨ᠎ᠢ ᠮᠡᠳᠡᠷᠡᠬᠦ᠌ ᠪᠥᠭᠡᠳ ᠠᠮᠠᠯᠠᠯᠲᠠ᠎ᠪᠠᠷ ᠭᠦᠢᠴᠡᠳᠭᠡᠬᠦ᠌᠎ᠶ᠋ᠢᠨ ᠬᠠᠮᠲᠤ᠌᠂ ᠳᠣᠤᠷᠠᠬᠢ ᠨᠥᠬᠦᠴᠡᠯ᠎ᠢ ᠪᠦᠷᠢᠯᠳᠦᠭᠦᠯᠬᠦ᠌ ᠬᠡᠷᠡᠭ᠌ᠲᠡᠶ᠄

  1. ᠪᠡᠶ᠎ᠡ᠎ᠪᠠᠨ ᠳᠠᠭᠠᠭᠠᠭ᠍ᠰᠠᠨ ᠬᠠᠤᠯᠢ᠎ᠶ᠋ᠢᠨ ᠡᠷᠬᠡᠲᠡᠨ᠎ᠤ ᠬᠢᠷᠢ ᠬᠡᠮ᠎ᠲᠠᠢ ;

  2. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯ᠎ᠤᠨ ᠰᠦᠯᠵᠢᠶᠡᠨ ᠳᠡᠭᠡᠷ᠎ᠡ ᠳᠠᠩᠰᠠᠯᠠᠭᠤᠯᠬᠤ᠎ᠶ᠋ᠢᠨ ᠬᠠᠮᠲᠤ ᠪᠠᠢᠴᠠᠭᠠᠨ ᠯᠠᠪᠯᠠᠬᠤ ᠤᠭ᠍ᠲᠤᠯᠤᠭ᠍ᠰᠠᠨ ᠵᠢᠷᠤᠭ᠎ᠢ ᠬᠠᠩᠭᠠᠨ᠎ᠠ;

  3. ᠣᠢᠷ᠎ᠠ᠎ᠶ᠋ᠢᠨ ᠨᠢᠭᠡ ᠵᠢᠯ᠎ᠦᠨ ᠭᠠᠢᠯᠢ ᠲᠤᠱᠢᠶᠠᠭ᠍ᠰᠠᠨ ᠭᠡᠷᠡᠴᠢ ( ᠭᠠᠢᠯᠢ᠎ᠶ᠋ᠢᠨ ᠶᠠᠪᠤᠳᠠᠯ᠎ᠤᠨ  ᠪᠠᠢᠭᠤᠯᠭ᠎ᠠ᠎ᠶ᠋ᠢᠨ ᠬᠢᠵᠦ᠍ ᠥᠭ᠌ᠭᠦᠭ᠌ᠰᠡᠨ ᠭᠠᠢᠯᠢ ᠲᠤᠱᠢᠶᠠᠭ᠍ᠰᠠᠨ ᠵᠣᠭᠣᠰ ᠲᠤᠱᠢᠶᠠᠭ᠍ᠰᠠᠨ ᠪᠢᠴᠢᠭ ᠪᠤᠶᠤ ᠪᠠᠩᠬᠢ᠎ᠶ᠋ᠢᠨ ᠭᠠᠢᠯᠢ ᠬᠠᠰᠤᠭ᠍ᠰᠠᠨ ᠭᠡᠷᠡᠴᠢ᠎ᠪᠡᠷ ᠪᠠᠷᠢᠮᠵᠢᠶ᠎ᠠ ᠪᠣᠯᠭᠠᠨ᠎ᠠ ) ;

  4. ᠠᠵᠢᠯᠲᠠᠨ᠂ ᠲᠥᠬᠦᠭᠡᠷᠦᠮᠵᠢ ᠪᠠ ᠶᠠᠰᠤ ᠴᠢᠨᠠᠷ᠎ᠤᠨ ᠪᠠᠲᠤᠯᠠᠭ᠎ᠠ᠎ᠶ᠋ᠢ ᠪᠦᠷᠢᠯᠳᠦᠭᠦᠯᠵᠦ᠍᠂ ᠲᠦᠷᠦᠯ ᠵᠦᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠦᠭ᠌ᠰᠡᠨ ᠬᠦᠴᠦᠨ ᠪᠦᠬᠦᠢ ᠭᠡᠷᠡᠴᠢᠯᠡᠬᠦ᠌ ᠮᠠᠲ᠋ᠧᠷᠢᠶᠠᠯ ;

  5. ᠵᠠᠷᠯᠢᠭ᠍ᠳᠠᠵᠤ ᠪᠠᠢᠭᠠᠳ ᠠᠵᠢᠯ᠎ᠢ ᠨᠢ ᠵᠣᠭᠰᠤᠭᠠᠬᠤ ᠂ ᠳᠠᠭᠠᠭᠠᠴᠢᠯᠠᠯᠲᠠ᠎ᠳᠤ ᠣᠷᠣᠬᠤ ᠬᠢᠷᠢ ᠬᠡᠮ᠎ᠢ ᠨᠢ ᠬᠦᠴᠦᠨ ᠦᠭᠡᠢ ᠪᠣᠯᠭᠠᠬᠤ ᠂ ᠡᠳ᠋ ᠬᠥᠷᠥᠩᠭᠡ᠎ᠶᠢ ᠨᠢ ᠭᠥᠯᠢᠶᠡᠨ ᠠᠪᠴᠤ ᠬᠠᠮᠢᠶᠠᠷᠬᠤ ᠂ ᠴᠡᠪᠳᠡᠭᠯᠡᠬᠦ ᠂ ᠲᠠᠮᠫᠤᠷᠠᠬᠤ ᠵᠡᠷᠭᠡ ᠪᠠᠢᠳᠠᠯ᠎ᠳᠤ ᠣᠷᠣᠭ᠎ᠠ ᠦᠭᠡᠢ ;

  6. 《ᠢᠲᠡᠭᠡᠮᠵᠢᠲᠦ ᠳᠤᠮᠳᠠᠳᠤ ᠤᠯᠤᠰ》ᠰᠦᠯᠵᠢᠶ᠎ᠡ ( http://www.creditchina.gov.cn/) ᠎ᠶ᠋ᠢᠨ ᠳᠤᠮᠳᠠ ᠢᠲᠡᠭᠡᠯ᠎ᠢᠶᠠᠨ ᠠᠯᠳᠠᠭ᠍ᠰᠠᠨ ᠭᠦᠢᠴᠡᠳᠭᠡᠭ᠌ᠳᠡᠭ᠌ᠴᠢ᠎ᠶ᠋ᠢᠨ ᠨᠡᠷᠡᠰ᠎ᠲᠤ ᠵᠢᠭ᠍ᠰᠠᠭᠠᠭ᠍ᠳᠠᠭ᠍ᠰᠠᠨ ᠬᠠᠩᠭᠠᠯᠭ᠎ᠠ᠎ᠶ᠋ᠢᠨ ᠬᠤᠳᠠᠯᠳᠤᠭᠠᠴᠢᠨ ᠨᠡᠷ᠎ᠡ ᠮᠡᠳᠡᠭᠦᠯᠵᠦ᠍ ᠣᠷᠣᠯᠴᠠᠵᠤ ᠪᠣᠯᠬᠤ ᠥᠬᠡᠶ ;

  7. ᠲᠣᠰ ᠲᠥᠷᠥᠯ ᠵᠦᠢᠯ᠎ᠨᠢ ᠬᠤᠯᠪᠣᠭᠠᠲᠤ ᠴᠣᠭ᠍ᠴᠠ᠎ᠶ᠋ᠢᠨ ᠳᠠᠭᠠᠭᠠᠴᠢᠯᠠᠯᠲᠠ᠎ᠶ᠋ᠢ ᠬᠦᠯᠢᠶᠡᠬᠦ᠌ ᠦᠭᠡᠢ᠃

  ᠬᠤᠶᠠᠷ᠂ ᠣᠷᠣᠯᠠᠬᠤ ᠪᠠᠢᠭᠤᠯᠤᠮᠵᠢ ᠳᠣᠤᠷᠠᠬᠢ ᠮᠠᠲ᠋ᠧᠷᠢᠶᠠᠯ᠎ᠢ ᠬᠠᠩᠭᠠᠬᠤ ᠬᠡᠷᠡᠭ᠌ᠲᠡᠶ

  1. ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠦᠨᠡᠮᠯᠡᠯ᠎ᠤᠨ ᠬᠠᠭᠤᠯᠪᠤᠷᠢ ᠳᠡᠪᠲᠡᠷ;

  2. 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠎ᠶ᠋ᠢᠨ ᠣᠷᠣᠯᠠᠬᠤ ᠪᠠᠢᠭᠤᠯᠤᠮᠵᠢ᠎ᠳᠤ ᠪᠦᠷᠢᠳᠭᠡᠨ ᠳᠡᠩᠰᠡᠯᠡᠵᠦ᠍᠂ ᠰᠦᠯᠵᠢᠶᠡᠨ ᠥᠷᠲᠡᠭᠡ᠎ᠶ᠋ᠢᠨ ᠪᠠᠢᠴᠠᠭᠠᠨ ᠯᠠᠪᠯᠠᠭᠰᠠᠨ ᠤᠭᠲᠤᠯᠤᠭᠰᠠᠨ ᠵᠢᠷᠤᠭ᠎ᠢ ᠬᠠᠩᠭᠠᠨ᠎ᠠ;

  3. ᠢᠲᠡᠭᠡᠮᠵᠢᠲᠦ ᠳᠤᠮᠳᠠᠳᠤ ᠤᠯᠤᠰ᠎ᠤᠨ ᠰᠦᠯᠵᠢᠶᠡᠨ ᠥᠷᠲᠡᠭᠡ᠎ᠳᠤ ᠢᠲᠡᠭᠡᠯ ᠠᠯᠳᠠᠭ᠍ᠰᠠᠨ ᠭᠦᠢᠴᠡᠳᠭᠡᠭ᠌ᠳᠡᠭ᠌ᠴᠢ᠎ᠶ᠋ᠢᠨ ᠨᠡᠷᠡᠰ᠎ᠤᠨ ᠬᠤᠯᠪᠣᠭ᠍ᠳᠠᠯ ᠪᠦᠬᠦᠢ ᠤᠭ᠍ᠲᠤᠯᠤᠭ᠍ᠰᠠᠨ ᠵᠢᠷᠤᠭ᠎ᠲᠤ ᠵᠢᠭ᠍ᠰᠠᠭᠠᠭ᠍ᠳᠠᠭ᠍ᠰᠠᠨ ᠦᠭᠡᠢ ;

  4. ᠦᠢᠯᠡᠴᠢᠯᠡᠭᠡᠨ᠎ᠤ ᠦᠨ᠎ᠡ ᠮᠡᠳᠡᠭᠦᠯᠬᠦ᠌ ᠨᠠᠷᠢᠨ ᠵᠦᠢᠯᠡᠰ;

  ᠭᠤᠷᠪᠠ᠂ ᠲᠠᠱᠢᠷᠠᠮ᠎ᠢᠶᠡᠷ ᠰᠤᠭᠤᠯᠬᠤ ᠴᠠᠭ ᠪᠠ ᠭᠠᠵᠠᠷ

  ᠳᠡᠭᠡᠷ᠎ᠡ ᠳᠤᠷᠠᠳᠤᠭ᠍ᠰᠠᠨ ᠨᠥᠬᠦᠴᠡᠯ᠎ᠳᠤ ᠨᠡᠢᠴᠡᠬᠦ᠌ ᠬᠠᠩᠭ᠋ᠠᠯᠭ᠎ᠠ᠎ᠶᠢᠨ ᠬᠤᠳᠠᠯᠳᠤᠭ᠋ᠠᠴᠢᠨ 2025 ᠣᠨ᠎ᠤ 11 ᠳ᠋ᠦ᠍ᠭᠡᠷ ᠰᠠᠷ᠎ᠠ᠎ᠶ᠋ᠢᠨ 25 ᠎ᠤ ᠡᠳᠦᠷ᠎ᠤᠨ 17 ᠴᠠᠭ᠎ᠠᠴᠠ ᠡᠮᠦᠨ᠎ᠡ ᠨᠡᠷ᠎ᠡ ᠮᠡᠳᠡᠭᠦᠯᠦᠭ᠌ᠰᠡᠨ ᠮᠠᠲ᠋ᠧᠷᠢᠶᠠᠯ᠎ᠳᠤ ᠠᠯᠪᠠᠨ ᠲᠠᠮᠠᠭ᠎ᠠ ᠳᠠᠷᠤᠭ᠍ᠰᠠᠨ᠎ᠤ ᠳᠠᠷᠠᠭᠠᠬᠢ ᠱᠢᠷᠪᠢᠯᠲᠡ᠎ᠶ᠋ᠢᠨ ᠮᠠᠲ᠋ᠧᠷᠢᠶᠠᠯ᠎ᠢ ᠱᠢᠤᠳᠠᠨ᠎ᠤ ᠬᠠᠢᠷᠴᠠᠭ 120717853@qq.com ᠎ᠳᠤ ᠶᠠᠪᠤᠭᠤᠯᠤᠭ᠋ᠠᠷᠠᠢ᠃

  ᠲᠠᠪᠤ᠂ ᠬᠠᠷᠢᠯᠴᠠᠬᠤ ᠠᠷᠭ᠎ᠠ ᠮᠠᠶᠢᠭ

  ᠬᠤᠳᠠᠯᠳᠤᠨ ᠠᠪᠬᠤ ᠨᠢᠭᠡᠴᠢ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ

  ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ᠎ᠶ᠋ᠢᠨ ᠱᠢᠨᠬᠤᠸᠠ ᠶᠡᠭᠡ ᠵᠡᠭᠡᠯᠢ᠎ᠶ᠋ᠢᠨ 63 ᠳ᠋ᠤᠭᠠᠷ ᠲᠣᠭᠠᠲᠤ ᠬᠦᠷᠢᠶᠡᠯᠡᠩ

  ᠬᠠᠷᠢᠯᠴᠠᠭ᠍ᠴᠢ᠄ ᠸᠠᠩ ᠬᠤᠢ

  ᠬᠠᠷᠢᠯᠴᠠᠬᠤ ᠤᠲᠠᠰᠤ᠄ 16604813559

  

  2025 ᠣᠨ᠎ᠤ 11 ᠳ᠋ᠦ᠍ᠭᠡᠷ ᠰᠠᠷ᠎ᠠ᠎ᠶ᠋ᠢᠨ 20 ᠎ᠤ ᠡᠳᠦᠷ

ᠢᠷᠡᠯᠲᠡ᠄ ᠪᠡᠯᠡ ᠤᠷᠤᠭᠤᠯᠤᠯᠲᠠ ᠬᠠᠮᠲᠤᠷᠠᠯᠴᠠᠭ᠎ᠠ᠎ᠶᠢ ᠠᠬᠢᠭᠤᠯᠬᠤ ᠭᠠᠵᠠᠷ
          
ᠬᠠᠮᠢᠶ᠎ᠡ ᠪᠦᠬᠦᠢ ᠰᠣᠨᠢᠨ
 
            