ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠠᠯᠪᠠᠨ ᠨᠡᠶ᠋ᠢᠲᠡᠯᠡᠯ
2025 ᠣᠨ᠎ᠤ ᠲᠠᠸᠠᠷ᠎ᠤᠨ ᠪᠡᠯᠡᠨ ᠪᠠᠷᠠᠭᠠᠨ᠎ᠤ ᠠᠷᠠᠯᠵᠢᠶᠠᠨ᠎ᠤ ᠲᠠᠯᠠᠪᠤᠷ ᠭᠠᠵᠠᠷ᠎ᠤᠨ ᠪᠠᠢᠴᠠᠭᠠᠯᠲᠠ ( ᠯᠠᠪᠯᠠᠯᠲᠠ ) ᠎ᠶ᠋ᠢᠨ ᠲᠥᠷᠥᠯ ᠵᠦᠢᠯ᠎ᠤᠨ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢᠨ ᠠᠳᠠᠯᠢᠳᠭᠠᠨ ᠰᠣᠩᠭᠤᠬᠤ ᠠᠯᠪᠠᠨ ᠵᠠᠷ
ᠨᠡᠶ᠋ᠢᠲᠡᠯᠡᠭᠰᠡᠨ ᠴᠠᠭ᠄ 2025-08-11

  ᠨᠢᠭᠡ᠂ ᠲᠥᠷᠥᠯ ᠵᠦᠢᠯ᠎ᠤᠨ ᠲᠦᠢᠮᠣ ᠪᠠᠢᠳᠠᠯ

  ᠲᠣᠰ ᠤᠳᠠᠭᠠᠨ᠎ᠤ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠲᠥᠷᠥᠯ ᠵᠦᠢᠯ ᠪᠣᠯ 2025 ᠣᠨ᠎ᠤ ᠲᠠᠸᠠᠷ᠎ᠤᠨ ᠪᠡᠯᠡᠨ ᠪᠠᠷᠠᠭᠠᠨ᠎ᠤ ᠠᠷᠠᠯᠵᠢᠶᠠᠨ᠎ᠤ ᠲᠠᠯᠠᠪᠤᠷ ᠭᠠᠵᠠᠷ᠎ᠤᠨ ᠪᠠᠢᠴᠠᠭᠠᠯᠲᠠ᠂ ᠠᠰᠠᠭᠤᠨ ᠯᠠᠪᠯᠠᠬᠤ ᠲᠥᠷᠥᠯ ᠵᠦᠢᠯ ᠪᠣᠯᠤᠨ᠎ᠠ᠃

  ᠬᠤᠶᠠᠷ᠂ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢᠨ ᠬᠢᠷᠢ ᠬᠡᠮ᠎ᠤᠨ ᠱᠠᠭᠠᠷᠳᠠᠯᠭ᠎ᠠ

  1. ᠪᠡᠶ᠎ᠡ᠎ᠪᠠᠨ ᠳᠠᠭᠠᠭᠠᠭ᠍ᠰᠠᠨ ᠬᠠᠤᠯᠢ᠎ᠶ᠋ᠢᠨ ᠡᠷᠬᠡᠲᠡᠨ᠎ᠤ ᠬᠢᠷᠢ ᠬᠡᠮ᠎ᠲᠠᠢ ;

  2. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯ᠎ᠤᠨ ᠰᠦᠯᠵᠢᠶᠡᠨ ᠳᠡᠭᠡᠷ᠎ᠡ ᠳᠠᠩᠰᠠᠯᠠᠭᠤᠯᠬᠤ᠎ᠶ᠋ᠢᠨ ᠬᠠᠮᠲᠤ ᠪᠠᠢᠴᠠᠭᠠᠨ ᠯᠠᠪᠯᠠᠬᠤ ᠤᠭ᠍ᠲᠤᠯᠤᠭ᠍ᠰᠠᠨ ᠵᠢᠷᠤᠭ᠎ᠢ ᠬᠠᠩᠭᠠᠨ᠎ᠠ;

  3. ᠣᠢᠷ᠎ᠠ᠎ᠶ᠋ᠢᠨ ᠨᠢᠭᠡ ᠵᠢᠯ᠎ᠦᠨ ᠭᠠᠢᠯᠢ ᠲᠤᠱᠢᠶᠠᠭ᠍ᠰᠠᠨ ᠭᠡᠷᠡᠴᠢ ( ᠭᠠᠢᠯᠢ᠎ᠶ᠋ᠢᠨ ᠶᠠᠪᠤᠳᠠᠯ᠎ᠤᠨ  ᠪᠠᠢᠭᠤᠯᠭ᠎ᠠ᠎ᠶ᠋ᠢᠨ ᠬᠢᠵᠦ᠍ ᠥᠭ᠌ᠭᠦᠭ᠌ᠰᠡᠨ ᠭᠠᠢᠯᠢ ᠲᠤᠱᠢᠶᠠᠭ᠍ᠰᠠᠨ ᠵᠣᠭᠣᠰ ᠲᠤᠱᠢᠶᠠᠭ᠍ᠰᠠᠨ ᠪᠢᠴᠢᠭ ᠪᠤᠶᠤ ᠪᠠᠩᠬᠢ᠎ᠶ᠋ᠢᠨ ᠭᠠᠢᠯᠢ ᠬᠠᠰᠤᠭ᠍ᠰᠠᠨ ᠭᠡᠷᠡᠴᠢ᠎ᠪᠡᠷ ᠪᠠᠷᠢᠮᠵᠢᠶ᠎ᠠ ᠪᠣᠯᠭᠠᠨ᠎ᠠ ) ;

  4. ᠠᠵᠢᠯᠲᠠᠨ᠂ ᠲᠥᠬᠦᠭᠡᠷᠦᠮᠵᠢ ᠪᠠ ᠶᠠᠰᠤ ᠴᠢᠨᠠᠷ᠎ᠤᠨ ᠪᠠᠲᠤᠯᠠᠭ᠎ᠠ᠎ᠶ᠋ᠢ ᠪᠦᠷᠢᠯᠳᠦᠭᠦᠯᠵᠦ᠍᠂ ᠲᠦᠷᠦᠯ ᠵᠦᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠦᠭ᠌ᠰᠡᠨ ᠬᠦᠴᠦᠨ ᠪᠦᠬᠦᠢ ᠭᠡᠷᠡᠴᠢᠯᠡᠬᠦ᠌ ᠮᠠᠲ᠋ᠧᠷᠢᠶᠠᠯ ;

  5. ᠵᠠᠷᠯᠢᠭ᠍ᠳᠠᠵᠤ ᠪᠠᠢᠭᠠᠳ ᠠᠵᠢᠯ᠎ᠢ ᠨᠢ ᠵᠣᠭᠰᠤᠭᠠᠬᠤ ᠂ ᠳᠠᠭᠠᠭᠠᠴᠢᠯᠠᠯᠲᠠ᠎ᠳᠤ ᠣᠷᠣᠬᠤ ᠬᠢᠷᠢ ᠬᠡᠮ᠎ᠢ ᠨᠢ ᠬᠦᠴᠦᠨ ᠦᠭᠡᠢ ᠪᠣᠯᠭᠠᠬᠤ ᠂ ᠡᠳ᠋ ᠬᠥᠷᠥᠩᠭᠡ᠎ᠶᠢ ᠨᠢ ᠭᠥᠯᠢᠶᠡᠨ ᠠᠪᠴᠤ ᠬᠠᠮᠢᠶᠠᠷᠬᠤ ᠂ ᠴᠡᠪᠳᠡᠭᠯᠡᠬᠦ ᠂ ᠲᠠᠮᠫᠤᠷᠠᠬᠤ ᠵᠡᠷᠭᠡ ᠪᠠᠢᠳᠠᠯ᠎ᠳᠤ ᠣᠷᠣᠭ᠎ᠠ ᠦᠭᠡᠢ ;

  6. ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠠᠴᠠ ᠡᠮᠦᠨᠡᠬᠢ ᠭᠤᠷᠪᠠᠨ ᠵᠢᠯ᠎ᠤᠨ ᠳᠣᠲᠣᠷ᠎ᠠ᠂ ᠡᠵᠡᠩᠨᠡᠯᠲᠡ᠎ᠶ᠋ᠢᠨ ᠠᠵᠢᠯᠯᠠᠭ᠎ᠠ᠎ᠶ᠋ᠢᠨ ᠳᠤᠮᠳᠠ ᠬᠠᠤᠯᠢ᠎ᠠᠴᠠ ᠵᠥᠷᠢᠴᠡᠭ᠌ᠰᠡᠨ ᠬᠦᠨᠳᠦ ᠶᠡᠭᠡ ᠲᠡᠮᠳᠡᠭ᠌ᠯᠡᠯ ᠦᠭᠡᠢ ;

  7. ᠲᠣᠰ ᠲᠥᠷᠥᠯ ᠵᠦᠢᠯ᠎ᠨᠢ ᠬᠤᠯᠪᠣᠭᠠᠲᠤ ᠴᠣᠭ᠍ᠴᠠ᠎ᠶ᠋ᠢᠨ ᠳᠠᠭᠠᠭᠠᠴᠢᠯᠠᠯᠲᠠ᠎ᠶ᠋ᠢ ᠬᠦᠯᠢᠶᠡᠬᠦ᠌ ᠦᠭᠡᠢ᠃

  ᠭᠤᠷᠪᠠ᠂ ᠨᠡᠷ᠎ᠡ ᠮᠡᠳᠡᠭᠦᠯᠬᠦ᠌  ᠤᠷᠤᠯᠠᠨ ᠭᠦᠢᠴᠡᠳᠭᠡᠬᠦ᠌ ᠪᠠᠢᠭᠤᠯᠤᠮᠵᠢ ᠳᠣᠤᠷᠠᠬᠢ ᠮᠠᠲ᠋ᠧᠷᠢᠶᠠᠯ᠎ᠤᠳ᠎ᠢ ᠬᠠᠩᠭᠠᠬᠤ ᠬᠡᠷᠡᠭ᠌ᠲᠡᠶ

  1. ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠦᠨᠡᠮᠯᠡᠯ᠎ᠤᠨ ᠬᠠᠭᠤᠯᠪᠤᠷᠢ ᠳᠡᠪᠲᠡᠷ ;

  2. ᠬᠠᠤᠯᠢ᠎ᠪᠠᠷ ᠲᠣᠭ᠍ᠲᠠᠭᠠᠭ᠍ᠰᠠᠨ ᠲᠥᠯᠥᠭᠡᠯᠡᠭ᠌ᠴᠢ᠎ᠶ᠋ᠢᠨ ᠪᠡᠶ᠎ᠡ᠎ᠶ᠋ᠢᠨ ᠦᠨᠡᠮᠯᠡᠯ ᠵᠢᠴᠢ ᠲᠥᠷᠥᠯ ᠵᠦᠢᠯ᠎ᠤᠨ ᠬᠠᠷᠢᠭᠤᠴᠠᠯᠭᠠᠲᠠᠨ᠎ᠤ ᠡᠷᠬᠡ ᠣᠯᠭᠤᠭ᠍ᠰᠠᠨ ᠨᠠᠢᠳᠠᠯᠭ᠎ᠠ᠎ᠶ᠋ᠢᠨ ᠪᠢᠴᠢᠭ;

  3. ᠣᠷᠣᠯᠠᠬᠤ ᠪᠠᠢᠭᠤᠯᠤᠮᠵᠢ᠎ᠶ᠋ᠢᠨ ᠬᠢᠷᠢ ᠭᠡᠮ᠎ᠦᠨ ᠱᠠᠭᠠᠷᠳᠠᠯᠭ᠎ᠠ᠎ᠳᠤ ᠪᠤᠰᠤᠳ ᠭᠡᠷᠡᠴᠢᠯᠡᠬᠦ᠌ ᠮᠠᠲ᠋ᠧᠷᠢᠶᠠᠯ᠎ᠤᠳ;

  4. ᠳᠠᠭᠠᠭᠠᠴᠢᠯᠠᠯᠲᠠ ᠵᠠᠷᠯᠠᠬᠤ ᠪᠢᠴᠢᠭ ᠬᠠᠷ᠎ᠠ᠎ᠶ᠋ᠢ ᠨᠠᠢᠷᠠᠭᠤᠯᠤᠨ ᠵᠣᠬᠢᠶᠠᠬᠤ ᠦᠢᠯᠡᠴᠢᠯᠡᠭᠡᠨ᠎ᠦ ᠲᠥᠰᠦᠯ ᠵᠢᠴᠢ ᠦᠨ᠎ᠡ ᠮᠡᠳᠡᠭᠦᠯᠬᠦ᠌ ;

  5. ᠲᠣᠰ ᠲᠥᠷᠥᠯ ᠵᠦᠶ᠋ᠯ᠎ᠤᠨ ᠬᠠᠷᠢᠭᠤᠴᠠᠯᠭᠠᠲᠠᠨ᠎ᠤ ᠠᠵᠢᠯ ᠎ᠤᠨ ᠨᠠᠮᠲᠠᠷ᠂ ᠬᠢᠷᠢ ᠬᠡᠮ ᠵᠡᠷᠭᠡ ᠪᠠᠢᠳᠠᠯ; ᠲᠥᠷᠥᠯ ᠵᠦᠶ᠋ᠯ᠎ᠤᠨ ᠳᠤᠭᠤᠢᠯᠠᠩ᠎ᠤᠨ ᠠᠵᠢᠯᠲᠠᠨ᠎ᠤ ᠬᠢᠷᠢ ᠬᠡᠮ᠂ ᠠᠵᠢᠯ᠎ᠤᠨ ᠨᠠᠮᠲᠠᠷ;

  6. ᠲᠤᠰᠠᠭᠠᠷ ᠠᠵᠢᠯᠯᠠᠬᠤ ᠭᠠᠵᠠᠷ᠎ᠤᠨ ᠭᠡᠷᠡᠴᠢ᠂ ᠲᠤᠰᠠᠭᠠᠷ ᠵᠣᠬᠢᠶᠠᠨ ᠪᠠᠢᠭᠤᠯᠤᠯᠲᠠ᠎ᠶ᠋ᠢᠨ ᠲᠠᠯᠠᠪᠤᠷ ᠭᠠᠵᠠᠷ᠎ᠤᠨ ᠭᠡᠷᠡᠴᠢ᠂ ᠲᠠᠯᠠᠪᠤᠷ ᠭᠠᠵᠠᠷ᠎ᠲᠤ ᠲᠦᠷᠢᠶᠡᠰᠦᠯᠡᠬᠦ᠌ ᠬᠡᠯᠡᠯᠴᠡᠭᠡᠷ ᠪᠤᠶᠤ ᠭᠡᠷ ᠪᠠᠢᠱᠢᠩ ᠬᠤᠳᠠᠯᠳᠤᠨ ᠠᠪᠬᠤ ᠬᠡᠯᠡᠯᠴᠡᠭᠡᠷ ᠵᠢᠴᠢ ᠭᠡᠷ ᠪᠠᠢᠱᠢᠩ᠎ᠤᠨ ᠥᠮᠴᠢᠯᠡᠬᠦ᠌ ᠡᠷᠬᠡ᠎ᠶ᠋ᠢᠨ ᠦᠨᠡᠮᠯᠡᠯ ᠵᠡᠷᠭᠡ ᠭᠡᠷᠡᠴᠢᠯᠡᠬᠦ᠌ ᠮᠠᠲ᠋ᠧᠷᠢᠶᠠᠯ᠎ᠢ ᠬᠠᠩᠭᠠᠨ᠎ᠠ;

  7. ᠬᠠᠮᠢᠶ᠎ᠠ ᠪᠦᠬᠦᠢ ᠠᠵᠢᠯ᠎ᠤᠨ ᠠᠮᠵᠢᠯᠲᠠ᠎ᠶ᠋ᠢᠨ ᠮᠠᠲ᠋ᠧᠷᠢᠶᠠᠯ᠃

  ᠲᠣᠳᠣᠷᠬᠠᠢᠯᠠᠯ᠄ ᠳᠡᠭᠡᠷᠡᠬᠢ ᠮᠠᠲ᠋ᠧᠷᠢᠶᠠᠯ᠎ᠤᠨ ᠪᠠᠭᠤᠯᠭᠠᠪᠤᠷᠢ ᠨᠢ ᠨᠢᠭᠡᠴᠢ ᠎ᠶ᠋ᠢᠨ ᠲᠠᠮᠠᠭ᠎ᠠ᠎ᠶ᠋ᠢ ᠳᠠᠷᠤᠬᠤ ᠴᠢᠬᠤᠯᠠ᠎ᠲᠠᠶ ᠪᠥᠭᠡᠳ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠤᠨ ᠠᠮᠠᠯᠠᠯᠲᠠ᠎ᠶ᠋ᠢᠨ ᠪᠢᠴᠢᠭ᠎ᠢ ᠬᠠᠩᠭᠠᠬᠤ ᠬᠡᠷᠡᠭ᠌ᠲᠡᠶ᠃

  ᠳᠥᠷᠪᠡ᠂ ᠨᠡᠷ᠎ᠡ ᠮᠡᠳᠡᠭᠦᠯᠬᠦ᠌ ᠪᠢᠴᠢᠭ ᠮᠠᠲ᠋ᠧᠷᠢᠶᠠᠯ᠎ᠢ ᠭᠠᠷᠳᠠᠭᠤᠯᠬᠤ ᠴᠠᠭ ᠪᠠ ᠬᠠᠶᠢᠭ

  1. ᠴᠠᠭ᠄ 2025 ᠣᠨ᠎ᠤ 8 ᠳ᠋ᠤᠭᠠᠷ ᠰᠠᠷ᠎ᠠ᠎ᠶ᠋ᠢᠨ 13 ᠎ᠤ ᠡᠳᠦᠷ᠎ᠤᠨ ᠦᠳᠡ᠎ᠶ᠋ᠢᠨ ᠡᠮᠦᠨ᠎ᠡ 9᠄ 00 - 12᠄ 00 ᠴᠠᠭ᠂ ᠦᠳᠡ᠎ᠶ᠋ᠢᠨ ᠬᠤᠢᠨ᠎ᠠ 14᠄ 30 - 17᠄ 00 ᠴᠠᠭ᠃

  2. ᠬᠠᠶᠢᠭ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ 614 ᠳ᠋ᠦ᠍ᠭᠡᠷ ᠠᠯᠪᠠᠨ ᠭᠡᠷ

  ᠲᠠᠪᠤ᠂ ᠳᠠᠭᠠᠭᠠᠴᠢᠯᠠᠯᠲᠠ ᠨᠡᠢᠲᠡᠯᠡᠬᠦ᠌ ᠴᠠᠭ ᠵᠢᠴᠢ ᠭᠠᠵᠠᠷ

  1. ᠳᠠᠭᠠᠭᠠᠴᠢᠯᠠᠯᠲᠠ ᠨᠡᠢᠲᠡᠯᠡᠬᠦ᠌ ᠴᠠᠭ᠄ 2025 ᠣᠨ᠎ᠤ 8 ᠳ᠋ᠤᠭᠠᠷ ᠰᠠᠷ᠎ᠠ᠎ᠶ᠋ᠢᠨ 15 ᠎ᠤ ᠡᠳᠦᠷ᠎ᠤᠨ 15᠄ 30 ᠴᠠᠭ᠃

  2. ᠳᠠᠭᠠᠭᠠᠴᠢᠯᠠᠯᠲᠠ ᠵᠠᠷᠯᠠᠬᠤ ᠭᠠᠵᠠᠷ᠄ ᠬᠤᠳᠠᠯᠳᠤᠭᠠᠨ᠎ᠤ ᠶᠠᠪᠤᠳᠠᠯ᠎ᠤᠨ ᠲᠢᠩᠬᠢᠮ

  3. ᠭᠤᠶᠤᠴᠢᠯᠠᠭ᠍ᠴᠢ᠎ᠶ᠋ᠢᠨ ᠮᠡᠳᠡᠭᠦᠯᠦᠭ᠌ᠰᠡᠨ ᠦᠨ᠎ᠡ᠂ ᠦᠢᠯᠡᠴᠢᠯᠡᠭᠡᠨ᠎ᠤ ᠲᠥᠰᠦᠯ᠂ ᠠᠵᠢᠯ᠎ᠤᠨ ᠠᠮᠵᠢᠯᠲᠠ ᠪᠦᠲᠦᠮᠵᠢ ᠵᠡᠷᠭᠡ ᠠᠭᠤᠯᠭ᠎ᠠ᠎ᠶ᠋ᠢ ᠬᠠᠷᠢᠴᠠᠭᠤᠯᠤᠨ ᠶᠡᠷᠦᠩᠬᠡᠢᠯᠡᠨ ᠬᠠᠷᠢᠴᠠᠭᠤᠯᠵᠤ ᠪᠠᠢᠭᠠᠳ ᠳᠠᠭᠠᠭᠠᠴᠢᠯᠠᠯᠲᠠ ᠣᠯᠣᠭ᠍ᠰᠠᠳ᠎ᠢ ᠰᠣᠩᠭᠤᠨ ᠲᠣᠭ᠍ᠲᠠᠭᠠᠨ᠎ᠠ᠃

  ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ

  ᠬᠠᠷᠢᠯᠴᠠᠬᠤ ᠬᠥᠮᠤᠨ᠄ ᠬᠠᠨ ᠱᠠᠩ ᠵᠢᠶᠦ᠋ᠨ᠂ ᠸᠠᠩ ᠶᠠ ᠮᠢᠩ

  ᠬᠠᠷᠢᠯᠴᠠᠬᠤ ᠤᠲᠠᠰᠤ᠄ 6945209᠂ 6945323

ᠢᠷᠡᠯᠲᠡ᠄ ᠭᠦᠢᠯᠭᠡᠭᠡᠨ᠎ᠤ ᠦᠢᠯᠡᠰ᠎ᠦᠨ ᠬᠦᠭ᠌ᠵᠢᠭᠦᠯᠦᠯᠲᠡ᠎ᠶ᠋ᠢᠨ ᠭᠠᠵᠠᠷ
          
ᠬᠠᠮᠢᠶ᠎ᠡ ᠪᠦᠬᠦᠢ ᠰᠣᠨᠢᠨ
 
            