ᠬᠠᠮᠢᠶᠠᠷᠤᠯᠲᠠ᠎ᠪᠠᠨ ᠤᠯᠠᠮ ᠨᠢᠭᠡ ᠠᠯᠬᠤᠮ ᠴᠢᠩᠭᠠᠳᠭᠠᠵᠤ᠂ ᠬᠤᠳᠠᠯᠳᠤᠨ ᠠᠪᠬᠤ ᠠᠵᠢᠯᠯᠠᠭ᠎ᠠ᠎ᠶ᠋ᠢ ᠵᠢᠷᠤᠮᠵᠢᠭᠤᠯᠤᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠥᠨᠳᠥᠷ ᠬᠢᠷᠢ ᠲᠦᠪᠱᠢᠨ ᠪᠦᠬᠦᠢ ᠭᠠᠳᠠᠭᠠᠳᠤ ᠨᠡᠭᠡᠭᠡᠯᠲᠡ᠎ᠶ᠋ᠢᠨ ᠬᠠᠮᠢᠶ᠎ᠠ ᠪᠦᠬᠦᠢ ᠠᠵᠢᠯᠯᠠᠭ᠎ᠠ᠎ᠶ᠋ᠢᠨ ᠲᠤᠰᠭᠠᠶ ᠦᠢᠯᠡᠴᠢᠯᠡᠭᠡᠨ᠎ᠦ ᠬᠤᠳᠠᠯᠳᠤᠨ ᠠᠪᠬᠤ ᠡᠭᠦᠷᠭᠡ᠎ᠶ᠋ᠢ ᠤᠷᠤᠭ᠍ᠰᠢᠲᠠᠶ ᠪᠡᠶᠡᠯᠡᠭᠦᠯᠬᠦ᠌᠎ᠶ᠋ᠢ ᠦᠨᠡᠨᠬᠦ᠌ ᠪᠠᠲᠤᠯᠠᠬᠤ᠎ᠶ᠋ᠢᠨ ᠲᠤᠰᠠᠳᠠ᠂ ᠡᠳᠦᠭᠡ ᠬᠢᠷᠢ ᠭᠡᠮ᠎ᠦᠨ ᠨᠥᠬᠥᠴᠡᠯ᠎ᠳᠦ ᠨᠡᠢᠴᠡᠭ᠌ᠰᠡᠨ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠦᠢᠯᠡᠴᠢᠯᠡᠭᠡᠨ᠎ᠦ ᠪᠠᠢᠭᠤᠯᠤᠮᠵᠢ᠎ᠶ᠋ᠢ ᠤᠷᠢᠵᠤ ᠨᠡᠷ᠎ᠡ ᠮᠡᠳᠡᠭᠦᠯᠵᠦ᠍ ᠣᠷᠣᠯᠴᠠᠭᠤᠯᠤᠨ᠎ᠠ᠃
ᠨᠢᠭᠡ᠂ ᠲᠦᠷᠦᠯ ᠵᠦᠢᠯ᠎ᠤᠨ ᠲᠦᠢᠮᠦ᠍ ᠪᠠᠢᠳᠠᠯ
1. ᠲᠥᠷᠥᠯ ᠵᠦᠢᠯ᠎ᠤᠨ ᠨᠡᠷᠡᠢᠳᠦᠯ᠄ ᠥᠪᠡᠷᠲᠡᠭᠡᠨ ᠵᠠᠰᠠᠬᠤ ᠣᠷᠣᠨ ᠥᠨᠳᠥᠷ ᠬᠢᠷᠢ ᠲᠦᠪᠱᠢᠨ ᠪᠦᠬᠦᠢ ᠭᠠᠳᠠᠭᠠᠳᠤ ᠨᠡᠭᠡᠭᠡᠯᠲᠡ᠎ᠶ᠋ᠢᠨ ᠬᠠᠮᠢᠶ᠎ᠠ ᠪᠦᠬᠦᠢ ᠠᠵᠢᠯᠯᠠᠭ᠎ᠠ᠎ᠶ᠋ᠢᠨ ᠲᠤᠰᠭᠠᠢ ᠮᠡᠷᠭᠡᠵᠢᠯ᠎ᠤᠨ ᠦᠢᠯᠡᠴᠢᠯᠡᠭᠡᠨ᠎ᠤ ᠳᠠᠭᠠᠭᠠᠴᠢᠯᠠᠯᠲᠠ ᠵᠠᠷᠯᠠᠬᠤ ᠶ᠋ᠢ ᠣᠷᠣᠯᠠᠬᠤ ᠦᠢᠯᠡᠴᠢᠯᠡᠭᠡ᠎ᠶ᠋ᠢ ᠰᠣᠩᠭᠤᠨ ᠬᠡᠷᠡᠭ᠌ᠯᠡᠬᠦ᠌᠎ᠶ᠋ᠢ ᠠᠬᠢᠭᠤᠯᠤᠨ᠎ᠠ;
2. ᠠᠭᠤᠯᠭ᠎ᠠ ᠪᠠ ᠬᠤᠪᠢᠶᠠᠨ ᠳᠠᠭᠠᠭᠠᠴᠢᠯᠠᠭᠤᠯᠤᠭ᠍ᠰᠠᠨ ᠪᠠᠢᠳᠠᠯ ( ᠮᠡᠷᠭᠡᠵᠢᠯ᠎ᠤᠨ ᠬᠡᠪ ᠪᠠᠷᠢᠮᠵᠢᠶ᠎ᠠ᠂ ᠪᠣᠯᠵᠣᠯᠲᠤ ᠲᠤᠭ᠎ᠠ ᠵᠢᠴᠢ ᠱᠠᠭᠠᠷᠳᠠᠯᠭ᠎ᠠ )
ᠪᠤᠭᠤᠳᠠᠯ᠎ᠤᠨ ᠨᠤᠮᠸᠷ᠄ 1
ᠡᠳ᠋ ᠪᠠᠷᠠᠭ᠎ᠠ᠂ ᠦᠢᠯᠡᠴᠢᠯᠡᠭᠡ ᠪᠠ ᠢᠨᠵᠸᠨ᠋ᠸᠷᠢᠩ᠎ᠦᠨ ᠨᠡᠷᠡᠢᠳᠦᠯ᠄ ᠥᠪᠡᠷᠲᠡᠭᠡᠨ ᠵᠠᠰᠠᠬᠤ ᠣᠷᠣᠨ ᠥᠨᠳᠥᠷ ᠬᠢᠷᠢ ᠲᠦᠪᠱᠢᠨ ᠪᠥᠬᠦᠶ ᠭᠠᠳᠠᠭᠠᠳᠤ ᠨᠡᠭᠡᠭᠡᠯᠲᠡ᠎ᠶ᠋ᠢᠨ ᠬᠠᠮᠢᠶ᠎ᠠ ᠪᠥᠬᠦᠶ ᠠᠵᠢᠯᠯᠠᠭᠠᠨ᠎ᠤ ᠲᠤᠰᠭᠠᠶ ᠮᠡᠷᠭᠡᠵᠢᠯ᠎ᠤᠨ ᠦᠢᠯᠡᠴᠢᠯᠡᠭᠡᠨ᠎ᠤ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠨ ᠦᠢᠯᠡᠴᠢᠯᠡᠬᠦ᠌ ᠦᠢᠯᠡᠴᠢᠯᠡᠭᠡ᠎ᠶ᠋ᠢ ᠠᠬᠢᠭᠤᠯᠤᠨ᠎ᠠ
ᠲᠤᠭ᠎ᠠ ᠬᠡᠮᠵᠢᠶ᠎ᠡ᠄ 1 ᠵᠦᠢᠯ
ᠮᠡᠷᠭᠡᠵᠢᠯ᠎ᠦᠨ ᠪᠠᠷᠢᠮᠵᠢᠶ᠎ᠠ᠂ ᠪᠣᠯᠵᠤᠯ᠎ᠲᠦ ᠲᠣᠭ᠎ᠠ ᠵᠢᠴᠢ ᠱᠠᠭᠠᠷᠳᠠᠯᠭ᠎ᠠ ᠄ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠨ ᠦᠢᠯᠡᠴᠢᠯᠡᠬᠦ᠌
ᠵᠡᠭᠦᠯᠲᠡ
ᠬᠤᠶᠠᠷ᠂ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢᠨ ᠬᠢᠷᠢ ᠭᠡᠮ᠎ᠦᠨ ᠱᠠᠭᠠᠷᠳᠠᠯᠭ᠎ᠠ
ᠴᠤᠤᠷᠢᠶᠠᠳᠤᠨ ᠳᠠᠭᠠᠬᠤ ᠬᠥᠮᠦᠨ᠎ᠨᠢ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ》 ᠶ᠋ᠢᠨ ᠬᠤᠷᠢᠨ ᠬᠤᠶᠠᠳᠤᠭᠠᠷ ᠵᠦᠢᠯ᠎ᠳᠤ ᠲᠣᠭ᠍ᠲᠠᠭᠠᠭ᠍ᠰᠠᠨ ᠨᠥᠬᠦᠴᠡᠯ᠎ᠢ ᠪᠦᠷᠢᠯᠳᠦᠭᠦᠯᠵᠦ᠍᠂ ᠡᠯ᠎ᠡ ᠵᠦᠢᠯ᠎ᠤᠨ ᠲᠣᠭ᠍ᠲᠠᠭᠠᠯ᠎ᠳᠤ ᠨᠡᠢᠴᠡᠭ᠌ᠰᠡᠨ ᠬᠠᠩᠭᠠᠯᠭ᠎ᠠ᠎ᠶ᠋ᠢᠨ ᠬᠤᠳᠠᠯᠳᠤᠭᠠᠴᠢᠨ᠎ᠢ ᠮᠡᠳᠡᠷᠡᠬᠦ᠌ ᠪᠥᠭᠡᠳ ᠠᠮᠠᠯᠠᠯᠲᠠ᠎ᠪᠠᠷ ᠭᠦᠢᠴᠡᠳᠭᠡᠬᠦ᠌᠎ᠶ᠋ᠢᠨ ᠬᠠᠮᠲᠤ᠌᠂ ᠳᠣᠤᠷᠠᠬᠢ ᠨᠥᠬᠦᠴᠡᠯ᠎ᠢ ᠪᠦᠷᠢᠯᠳᠦᠭᠦᠯᠬᠦ᠌ ᠬᠡᠷᠡᠭ᠌ᠲᠡᠶ᠄
1. ᠪᠡᠶ᠎ᠡ᠎ᠪᠠᠨ ᠳᠠᠭᠠᠭᠠᠭ᠍ᠰᠠᠨ ᠬᠠᠤᠯᠢ᠎ᠶ᠋ᠢᠨ ᠡᠷᠬᠡᠲᠡᠨ᠎ᠤ ᠬᠢᠷᠢ ᠬᠡᠮ᠎ᠲᠠᠢ ;
2. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯ᠎ᠤᠨ ᠰᠦᠯᠵᠢᠶᠡᠨ ᠳᠡᠭᠡᠷ᠎ᠡ ᠳᠠᠩᠰᠠᠯᠠᠭᠤᠯᠬᠤ᠎ᠶ᠋ᠢᠨ ᠬᠠᠮᠲᠤ ᠪᠠᠢᠴᠠᠭᠠᠨ ᠯᠠᠪᠯᠠᠬᠤ ᠤᠭ᠍ᠲᠤᠯᠤᠭ᠍ᠰᠠᠨ ᠵᠢᠷᠤᠭ᠎ᠢ ᠬᠠᠩᠭᠠᠨ᠎ᠠ;
3. ᠣᠢᠷ᠎ᠠ᠎ᠶ᠋ᠢᠨ ᠨᠢᠭᠡ ᠵᠢᠯ᠎ᠦᠨ ᠭᠠᠢᠯᠢ ᠲᠤᠱᠢᠶᠠᠭ᠍ᠰᠠᠨ ᠭᠡᠷᠡᠴᠢ ( ᠭᠠᠢᠯᠢ᠎ᠶ᠋ᠢᠨ ᠶᠠᠪᠤᠳᠠᠯ᠎ᠤᠨ ᠪᠠᠢᠭᠤᠯᠭ᠎ᠠ᠎ᠶ᠋ᠢᠨ ᠬᠢᠵᠦ᠍ ᠥᠭ᠌ᠭᠦᠭ᠌ᠰᠡᠨ ᠭᠠᠢᠯᠢ ᠲᠤᠱᠢᠶᠠᠭ᠍ᠰᠠᠨ ᠵᠣᠭᠣᠰ ᠲᠤᠱᠢᠶᠠᠭ᠍ᠰᠠᠨ ᠪᠢᠴᠢᠭ ᠪᠤᠶᠤ ᠪᠠᠩᠬᠢ᠎ᠶ᠋ᠢᠨ ᠭᠠᠢᠯᠢ ᠬᠠᠰᠤᠭ᠍ᠰᠠᠨ ᠭᠡᠷᠡᠴᠢ᠎ᠪᠡᠷ ᠪᠠᠷᠢᠮᠵᠢᠶ᠎ᠠ ᠪᠣᠯᠭᠠᠨ᠎ᠠ ) ;
4. ᠠᠵᠢᠯᠲᠠᠨ᠂ ᠲᠥᠬᠦᠭᠡᠷᠦᠮᠵᠢ ᠪᠠ ᠶᠠᠰᠤ ᠴᠢᠨᠠᠷ᠎ᠤᠨ ᠪᠠᠲᠤᠯᠠᠭ᠎ᠠ᠎ᠶ᠋ᠢ ᠪᠦᠷᠢᠯᠳᠦᠭᠦᠯᠵᠦ᠍᠂ ᠲᠦᠷᠦᠯ ᠵᠦᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠦᠭ᠌ᠰᠡᠨ ᠬᠦᠴᠦᠨ ᠪᠦᠬᠦᠢ ᠭᠡᠷᠡᠴᠢᠯᠡᠬᠦ᠌ ᠮᠠᠲ᠋ᠧᠷᠢᠶᠠᠯ ;
5. ᠵᠠᠷᠯᠢᠭ᠍ᠳᠠᠵᠤ ᠪᠠᠢᠭᠠᠳ ᠠᠵᠢᠯ᠎ᠢ ᠨᠢ ᠵᠣᠭᠰᠤᠭᠠᠬᠤ ᠂ ᠳᠠᠭᠠᠭᠠᠴᠢᠯᠠᠯᠲᠠ᠎ᠳᠤ ᠣᠷᠣᠬᠤ ᠬᠢᠷᠢ ᠬᠡᠮ᠎ᠢ ᠨᠢ ᠬᠦᠴᠦᠨ ᠦᠭᠡᠢ ᠪᠣᠯᠭᠠᠬᠤ ᠂ ᠡᠳ᠋ ᠬᠥᠷᠥᠩᠭᠡ᠎ᠶᠢ ᠨᠢ ᠭᠥᠯᠢᠶᠡᠨ ᠠᠪᠴᠤ ᠬᠠᠮᠢᠶᠠᠷᠬᠤ ᠂ ᠴᠡᠪᠳᠡᠭᠯᠡᠬᠦ ᠂ ᠲᠠᠮᠫᠤᠷᠠᠬᠤ ᠵᠡᠷᠭᠡ ᠪᠠᠢᠳᠠᠯ᠎ᠳᠤ ᠣᠷᠣᠭ᠎ᠠ ᠦᠭᠡᠢ ;
6. 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (http://www.creditchina.gov.cn/)᠎ᠶ᠋ᠢᠨ ᠳᠤᠮᠳᠠ ᠢᠲᠡᠭᠡᠯ᠎ᠢᠶᠠᠨ ᠠᠯᠳᠠᠭ᠍ᠰᠠᠨ ᠭᠦᠢᠴᠡᠳᠭᠡᠭ᠌ᠳᠡᠭ᠌ᠴᠢ᠎ᠶ᠋ᠢᠨ ᠨᠡᠷᠡᠰ᠎ᠲᠤ ᠵᠢᠭ᠍ᠰᠠᠭᠠᠭ᠍ᠳᠠᠭ᠍ᠰᠠᠨ ᠬᠠᠩᠭᠠᠯᠭ᠎ᠠ᠎ᠶ᠋ᠢᠨ ᠬᠤᠳᠠᠯᠳᠤᠭᠠᠴᠢᠨ ᠨᠡᠷ᠎ᠡ ᠮᠡᠳᠡᠭᠦᠯᠵᠦ᠍ ᠣᠷᠣᠯᠴᠠᠵᠤ ᠪᠣᠯᠬᠤ ᠥᠬᠡᠶ;
7. ᠲᠣᠰ ᠲᠥᠷᠥᠯ ᠵᠦᠢᠯ᠎ᠨᠢ ᠬᠤᠯᠪᠣᠭᠠᠲᠤ ᠴᠣᠭ᠍ᠴᠠ᠎ᠶ᠋ᠢᠨ ᠳᠠᠭᠠᠭᠠᠴᠢᠯᠠᠯᠲᠠ᠎ᠶ᠋ᠢ ᠬᠦᠯᠢᠶᠡᠬᠦ᠌ ᠦᠭᠡᠢ᠃
ᠭᠤᠷᠪᠠ᠂ ᠣᠷᠣᠯᠠᠬᠤ ᠪᠠᠢᠭᠤᠯᠤᠮᠵᠢ ᠳᠣᠤᠷᠠᠬᠢ ᠮᠠᠲ᠋ᠧᠷᠢᠶᠠᠯ᠎ᠢ ᠬᠠᠩᠭᠠᠬᠤ ᠬᠡᠷᠡᠭ᠌ᠲᠡᠶ
1. ᠡᠵᠡᠩᠨᠡᠯᠲᠡ᠎ᠶ᠋ᠢᠨ ᠦᠨᠡᠮᠯᠡᠯ ᠬᠢᠭᠡᠳ ᠬᠠᠤᠯᠢ᠎ᠶ᠋ᠢᠨ ᠡᠷᠬᠡᠲᠡᠨ᠎ᠤ ᠪᠡᠶ᠎ᠡ᠎ᠶ᠋ᠢᠨ ᠦᠨᠡᠮᠯᠡᠯ;
2. ᠲᠥᠷᠥᠯ ᠵᠦᠢᠯ᠎ᠤᠨ ᠬᠠᠷᠢᠭᠤᠴᠠᠯᠭᠠᠲᠠᠨ᠎ᠤ ᠡᠷᠬᠡ ᠣᠯᠭᠤᠭ᠍ᠰᠠᠨ ᠨᠠᠢᠳᠠᠯᠭ᠎ᠠ᠎ᠶ᠋ᠢᠨ ᠪᠢᠴᠢᠭ;
3. 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠶ᠋ᠢᠨ ᠣᠷᠣᠯᠠᠬᠤ ᠪᠠᠢᠭᠤᠯᠤᠮᠵᠢ᠎ᠳᠤ ᠳᠡᠩᠰᠡᠯᠡᠨ ᠲᠡᠮᠳᠡᠭ᠌ᠯᠡᠵᠦ᠍᠂ ᠰᠦᠯᠵᠢᠶᠡᠨ ᠥᠷᠲᠡᠭᠡ᠎ᠶ᠋ᠢᠨ ᠪᠠᠢᠴᠠᠭᠠᠨ ᠯᠠᠪᠯᠠᠬᠤ ᠤᠭ᠍ᠲᠤᠯᠤᠭ᠍ᠰᠠᠨ ᠵᠢᠷᠤᠭ᠎ᠢ ᠬᠠᠩᠭᠠᠨ᠎ᠠ;
4. ᠢᠲᠡᠭᠡᠮᠵᠢᠲᠦ ᠳᠤᠮᠳᠠᠳᠤ ᠤᠯᠤᠰ᠎ᠤᠨ ᠰᠦᠯᠵᠢᠶᠡᠨ ᠥᠷᠲᠡᠭᠡ᠎ᠳᠤ ᠢᠲᠡᠭᠡᠯ ᠠᠯᠳᠠᠭ᠍ᠰᠠᠨ ᠭᠦᠢᠴᠡᠳᠭᠡᠭ᠌ᠳᠡᠭ᠌ᠴᠢ᠎ᠶ᠋ᠢᠨ ᠨᠡᠷᠡᠰ᠎ᠤᠨ ᠬᠤᠯᠪᠣᠭ᠍ᠳᠠᠯ ᠪᠦᠬᠦᠢ ᠤᠭ᠍ᠲᠤᠯᠤᠭ᠍ᠰᠠᠨ ᠵᠢᠷᠤᠭᠲᠤ ᠵᠢᠭ᠍ᠰᠠᠭᠠᠭ᠍ᠳᠠᠭ᠍ᠰᠠᠨ ᠦᠭᠡᠢ;
5. ᠳᠠᠭᠠᠭᠠᠴᠢᠯᠠᠯᠲᠠ ᠵᠠᠷᠯᠠᠬᠤ ᠪᠢᠴᠢᠭ ᠬᠠᠷ᠎ᠠ᠎ᠶ᠋ᠢ ᠨᠠᠢᠷᠠᠭᠤᠯᠤᠨ ᠵᠣᠬᠢᠶᠠᠬᠤ ᠦᠢᠯᠡᠴᠢᠯᠡᠭᠡᠨ᠎ᠦ ᠲᠥᠰᠦᠯ ᠵᠢᠴᠢ ᠮᠡᠳᠡᠭᠦᠯᠬᠦ᠌ ᠦᠨ᠎ᠡ;
6. ᠲᠣᠰ ᠲᠥᠷᠥᠯ ᠵᠦᠢᠯ᠎ᠤᠨ ᠬᠠᠷᠢᠭᠤᠴᠠᠯᠭᠠᠲᠠᠨ᠎ᠤ ᠲᠤᠱᠢᠶᠠᠯ᠎ᠢ ᠡᠭᠦᠷᠭᠡᠯᠡᠬᠦ᠌᠎ᠪᠠᠷ ᠪᠠᠢᠭ᠎ᠠ ᠠᠵᠢᠯ᠎ᠤᠨ ᠨᠠᠮᠲᠠᠷ᠂ ᠬᠢᠷᠢ ᠬᠡᠮ ᠵᠡᠷᠭᠡ ᠪᠠᠢᠳᠠᠯ; ᠲᠥᠷᠥᠯ ᠵᠦᠢᠯ᠎ᠤᠨ ᠳᠤᠭᠤᠢᠯᠠᠩ᠎ᠤᠨ ᠠᠵᠢᠯᠲᠠᠨ᠎ᠤ ᠬᠢᠷᠢ ᠬᠡᠮ᠂ ᠠᠵᠢᠯ᠎ᠤᠨ ᠨᠠᠮᠲᠠᠷ;
7. ᠲᠤᠰᠠᠭᠠᠷ ᠠᠵᠢᠯᠯᠠᠬᠤ ᠭᠠᠵᠠᠷ᠎ᠤᠨ ᠭᠡᠷᠡᠴᠢ᠂ ᠪᠡᠶ᠎ᠡ᠎ᠪᠠᠨ ᠳᠠᠭᠠᠭᠠᠭ᠍ᠰᠠᠨ ᠬᠢᠨᠠᠨ ᠲᠣᠭ᠍ᠲᠠᠭᠠᠬᠤ ᠲᠠᠯᠠᠪᠤᠷ ᠭᠠᠵᠠᠷ᠎ᠤᠨ ᠭᠡᠷᠡᠴᠢ ᠬᠠᠩᠭᠠᠵᠤ᠂ ᠲᠠᠯᠠᠪᠤᠷ ᠭᠠᠵᠠᠷ᠎ᠲᠤ ᠲᠦᠷᠢᠶᠡᠰᠦᠯᠡᠭᠦᠯᠬᠦ᠌ ᠬᠡᠯᠡᠯᠴᠡᠭᠡᠷ ᠪᠤᠶᠤ ᠭᠡᠷ ᠪᠠᠢᠱᠢᠩ ᠬᠤᠳᠠᠯᠳᠤᠨ ᠠᠪᠬᠤ ᠬᠡᠯᠡᠯᠴᠡᠭᠡᠷ ᠪᠤᠶᠤ ᠭᠡᠷ ᠪᠠᠢᠱᠢᠩ᠎ᠤᠨ ᠥᠮᠴᠢᠯᠡᠬᠦ᠌ ᠡᠷᠬᠡ᠎ᠶ᠋ᠢᠨ ᠦᠨᠡᠮᠯᠡᠯ ᠵᠡᠷᠭᠡ ᠭᠡᠷᠡᠴᠢᠯᠡᠬᠦ᠌ ᠮᠠᠲ᠋ᠧᠷᠢᠶᠠᠯ᠎ᠢ ᠬᠠᠩᠭᠠᠨ᠎ᠠ;
8. ᠣᠢᠷ᠎ᠠ᠎ᠶ᠋ᠢᠨ ᠭᠤᠷᠪᠠᠨ ᠵᠢᠯ᠎ᠤᠨ ᠳᠣᠲᠣᠷ᠎ᠠ ᠪᠡᠶᠡᠯᠡᠭᠦᠯᠦᠭ᠌ᠰᠡᠨ ᠬᠠᠮᠢᠶ᠎ᠠ ᠪᠦᠬᠦᠢ ᠠᠵᠢᠯ᠎ᠤᠨ ᠠᠮᠵᠢᠯᠲᠠ᠎ᠶ᠋ᠢᠨ ᠭᠡᠷᠡᠴᠢ ᠮᠠᠲ᠋ᠧᠷᠢᠶᠠᠯ;
9. ᠣᠷᠣᠯᠠᠬᠤ ᠪᠠᠢᠭᠤᠯᠤᠮᠵᠢ᠎ᠶ᠋ᠢᠨ ᠬᠢᠷᠢ ᠬᠡᠮ᠎ᠤᠨ ᠱᠠᠭᠠᠷᠳᠠᠯᠭ᠎ᠠ᠎ᠳᠤ ᠪᠤᠰᠤᠳ ᠭᠡᠷᠡᠴᠢᠯᠡᠬᠦ᠌ ᠮᠠᠲ᠋ᠧᠷᠢᠶᠠᠯ᠎ᠤᠳ;
10. ᠬᠠᠷᠢᠯᠴᠠᠬᠤ ᠬᠠᠭᠤᠳᠠᠰᠤ ( ᠪᠠᠢᠭᠤᠯᠭ᠎ᠠ ᠶ᠋ᠢᠨ ᠨᠡᠷᠡᠢᠳᠦᠯ ᠂ ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠮᠠᠶᠢᠭ᠎ᠢ ᠪᠠᠭ᠍ᠲᠠᠭᠠᠨ᠎ᠠ ) ᠃
ᠲᠣᠳᠣᠷᠬᠠᠢᠯᠠᠯ᠄ ᠳᠡᠭᠡᠷᠡᠬᠢ ᠮᠠᠲ᠋ᠧᠷᠢᠶᠠᠯ᠎ᠤᠨ ᠪᠠᠭᠤᠯᠭᠠᠪᠤᠷᠢ ᠨᠢ ᠨᠢᠭᠡᠴᠢ ᠶ᠋ᠢᠨ ᠲᠠᠮᠠᠭ᠎ᠠ᠎ᠶ᠋ᠢ ᠳᠠᠷᠤᠬᠤ ᠴᠢᠬᠤᠯᠠᠲᠠᠶ ᠪᠥᠭᠡᠳ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠤᠨ ᠠᠮᠠᠯᠠᠯᠲᠠ᠎ᠶ᠋ᠢᠨ ᠪᠢᠴᠢᠭ᠎ᠢ ᠬᠠᠩᠭᠠᠬᠤ ᠬᠡᠷᠡᠭ᠌ᠲᠡᠶ᠃
ᠳᠦᠷᠪᠡ᠂ ᠨᠡᠷ᠎ᠡ ᠮᠡᠳᠡᠭᠦᠯᠬᠦ᠌ ᠪᠢᠴᠢᠭ ᠮᠠᠲ᠋ᠧᠷᠢᠶᠠᠯ᠎ᠤᠨ ᠴᠠᠭ᠂ ᠭᠠᠵᠠᠷ᠂ ᠠᠷᠭ᠎ᠠ ᠮᠠᠶᠢᠭ
1. ᠴᠠᠭ᠄ 2025 ᠣᠨ᠎ᠤ 8 ᠳ᠋ᠤᠭᠠᠷ ᠰᠠᠷ᠎ᠠ᠎ᠶ᠋ᠢᠨ19᠎ᠦ ᠡᠳᠦᠷ᠎ᠦᠨ17 ᠴᠠᠭ᠎ᠠᠴᠠ ᠡᠮᠦᠨ᠎ᠡ
2. ᠠᠷᠭ᠎ᠠ ᠮᠠᠶᠢᠭ᠄ ᠳᠡᠭᠡᠷ᠎ᠡ ᠳᠤᠷᠠᠳᠤᠭ᠍ᠰᠠᠨ ᠨᠥᠬᠦᠴᠡᠯ᠎ᠳᠤ ᠨᠡᠢᠴᠡᠭ᠌ᠰᠡᠨ ᠬᠠᠩᠭᠠᠯᠭ᠎ᠠ᠎ᠶ᠋ᠢᠨ ᠬᠤᠳᠠᠯᠳᠤᠭᠠᠴᠢᠨ ᠨᠡᠷ᠎ᠡ ᠮᠡᠳᠡᠭᠦᠯᠬᠦ᠌ ᠮᠠᠲ᠋ᠧᠷᠢᠶᠠᠯ᠎ᠢᠶᠠᠨ ᠠᠯᠪᠠᠨ ᠲᠠᠮᠠᠭ᠎ᠠ ᠳᠠᠷᠤᠭ᠍ᠰᠠᠨ᠎ᠤ ᠳᠠᠷᠠᠭᠠᠬᠢ ᠱᠢᠷᠪᠢᠯᠲᠡ᠎ᠶ᠋ᠢᠨ ᠮᠠᠲ᠋ᠧᠷᠢᠶᠠᠯ᠎ᠢᠶᠠᠨ nmgswtzmc@126.com᠎ᠳᠦ ᠶᠠᠪᠤᠭᠤᠯᠤᠭᠠᠷᠠᠢ᠃
ᠲᠠᠪᠤ᠂ ᠠᠳᠠᠯᠢᠳᠭᠠᠨ ᠰᠣᠩᠭᠤᠬᠤ ᠴᠠᠭ ᠵᠢᠴᠢ ᠭᠠᠵᠠᠷ
1. ᠠᠳᠠᠯᠢᠳᠭᠠᠨ ᠰᠣᠩᠭᠤᠬᠤ ᠴᠠᠭ᠄ 8 ᠳ᠋ᠤᠭᠠᠷ ᠰᠠᠷ᠎ᠠ᠎ᠶ᠋ᠢᠨ 19 ᠤ ᠡᠳᠦᠷ᠎ᠤᠨ 17 ᠴᠠᠭ 15 ᠮᠢᠨᠦ᠋ᠲ
2. ᠠᠳᠠᠯᠢᠳᠭᠠᠨ ᠰᠣᠩᠭᠤᠬᠤ ᠭᠠᠵᠠᠷ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ
3. ᠠᠳᠠᠯᠢᠳᠭᠠᠨ ᠰᠣᠩᠭᠤᠬᠤ ᠠᠷᠭ᠎ᠠ ᠮᠠᠶᠢᠭ᠄ ᠭᠤᠶᠤᠴᠢᠯᠠᠭ᠍ᠴᠢ᠎ᠶ᠋ᠢᠨ ᠮᠡᠳᠡᠭᠦᠯᠦᠭ᠌ᠰᠡᠨ ᠦᠨ᠎ᠡ᠂ ᠦᠢᠯᠡᠴᠢᠯᠡᠭᠡᠨ᠎ᠤ ᠲᠥᠰᠦᠯ᠂ ᠠᠵᠢᠯ᠎ᠤᠨ ᠠᠮᠵᠢᠯᠲᠠ ᠪᠦᠲᠦᠮᠵᠢ ᠵᠡᠷᠭᠡ ᠠᠭᠤᠯᠭ᠎ᠠ᠎ᠶ᠋ᠢ ᠬᠠᠷᠢᠴᠠᠭᠤᠯᠤᠨ ᠶᠡᠷᠦᠩᠬᠡᠢᠯᠡᠨ ᠬᠠᠷᠢᠴᠠᠭᠤᠯᠵᠤ ᠪᠠᠢᠭᠠᠳ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠦᠢᠯᠡᠴᠢᠯᠡᠭᠡᠨ᠎ᠤ ᠪᠠᠢᠭᠤᠯᠤᠮᠵᠢ᠎ᠶ᠋ᠢ ᠰᠣᠩᠭᠤᠨ ᠲᠣᠭ᠍ᠲᠠᠭᠠᠨ᠎ᠠ᠃
ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ
ᠨᠢᠭᠡᠴᠢ᠎ᠶ᠋ᠢᠨ ᠨᠡᠷᠡᠢᠳᠦᠯ ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ
ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ᠎ᠶ᠋ᠢᠨ ᠱᠢᠨᠬᠤᠸᠠ ᠶᠡᠭᠡ ᠵᠡᠭᠡᠯᠢ᠎ᠶ᠋ᠢᠨ 63 ᠳ᠋ᠤᠭᠠᠷ ᠲᠣᠭᠠᠲᠤ
ᠬᠠᠷᠢᠯᠴᠠᠬᠤ ᠤᠲᠠᠰᠤ᠄ 0471 - 6946332