ᠨᠢᠭᠡ᠂ ᠲᠥᠷᠥᠯ ᠵᠦᠢᠯ᠎ᠤᠨ ᠲᠦᠢᠮᠣ ᠪᠠᠢᠳᠠᠯ
ᠲᠣᠰ ᠤᠳᠠᠭᠠᠨ᠎ᠤ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠨ ᠭᠦᠢᠴᠡᠳᠭᠡᠬᠦ᠌ ᠲᠥᠷᠥᠯ ᠵᠦᠢᠯ ᠪᠣᠯ 2025 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ 《ᠮᠣᠩᠭᠤᠯ ᠠᠷᠠᠯᠵᠢᠶ᠎ᠠ ᠨᠡᠪᠲᠡᠷᠡᠭᠦ》 ᠱᠢᠰᠲ᠋ᠧᠮ᠎ᠤᠨ ᠬᠠᠮᠠᠭᠠᠯᠠᠯᠲᠠ ᠵᠢᠴᠢ ᠴᠢᠳᠠᠮᠵᠢ᠎ᠶ᠋ᠢ ᠥᠷᠭᠡᠳᠭᠡᠬᠦ᠌ ᠦᠢᠯᠡᠴᠢᠯᠡᠭᠡᠨ᠎ᠤ ᠲᠥᠷᠥᠯ ᠵᠦᠢᠯ ᠪᠣᠯᠤᠨ᠎ᠠ᠃
ᠬᠤᠶᠠᠷ᠂ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢᠨ ᠬᠢᠷᠢ ᠬᠡᠮ᠎ᠤᠨ ᠱᠠᠭᠠᠷᠳᠠᠯᠭ᠎ᠠ
1. ᠪᠡᠶ᠎ᠡ᠎ᠪᠠᠨ ᠳᠠᠭᠠᠭᠠᠭ᠍ᠰᠠᠨ ᠬᠠᠤᠯᠢ᠎ᠶ᠋ᠢᠨ ᠡᠷᠬᠡᠲᠡᠨ᠎ᠤ ᠬᠢᠷᠢ ᠬᠡᠮ᠎ᠲᠠᠢ;
2. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯ᠎ᠤᠨ ᠰᠦᠯᠵᠢᠶᠡᠨ ᠳᠡᠭᠡᠷ᠎ᠡ ᠳᠠᠩᠰᠠᠯᠠᠭᠤᠯᠬᠤ᠎ᠶ᠋ᠢᠨ ᠬᠠᠮᠲᠤ ᠪᠠᠢᠴᠠᠭᠠᠨ ᠯᠠᠪᠯᠠᠬᠤ ᠣᠭ᠍ᠲᠤᠯᠤᠭ᠍ᠰᠠᠨ ᠵᠢᠷᠤᠭ᠎ᠢ ᠬᠠᠩᠭᠠᠨ᠎ᠠ;
3. ᠣᠢᠷ᠎ᠠ᠎ᠶ᠋ᠢᠨ ᠨᠢᠭᠡ ᠵᠢᠯ᠎ᠦᠨ ᠭᠠᠢᠯᠢ ᠲᠤᠱᠢᠶᠠᠭ᠍ᠰᠠᠨ ᠭᠡᠷᠡᠴᠢ ( ᠭᠠᠢᠯᠢ᠎ᠶ᠋ᠢᠨ ᠶᠠᠪᠤᠳᠠᠯ᠎ᠤᠨ ᠪᠠᠢᠭᠤᠯᠤᠯᠭ᠎ᠠ᠎ᠶ᠋ᠢᠨ ᠬᠢᠵᠦ᠍ ᠥᠭ᠌ᠭᠦᠭ᠌ᠰᠡᠨ ᠭᠠᠢᠯᠢ ᠲᠤᠱᠢᠶᠠᠭ᠍ᠰᠠᠨ ᠪᠢᠴᠢᠭ ᠪᠤᠶᠤ ᠪᠠᠩᠬᠢ᠎ᠶ᠋ᠢᠨ ᠭᠠᠢᠯᠢ ᠬᠠᠰᠤᠭ᠍ᠰᠠᠨ ᠭᠡᠷᠡᠴᠢ᠎ᠪᠡᠷ ᠪᠠᠷᠢᠮᠵᠢᠶ᠎ᠠ ᠪᠣᠯᠭᠠᠨ᠎ᠠ );
4. ᠠᠵᠢᠯᠲᠠᠨ᠂ ᠲᠥᠬᠦᠭᠡᠷᠦᠮᠵᠢ ᠪᠠ ᠶᠠᠰᠤ ᠴᠢᠨᠠᠷ᠎ᠤᠨ ᠪᠠᠲᠤᠯᠠᠭ᠎ᠠ᠎ᠶ᠋ᠢ ᠪᠦᠷᠢᠯᠳᠦᠭᠦᠯᠵᠦ᠍᠂ ᠲᠦᠷᠦᠯ ᠵᠦᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠦᠭ᠌ᠰᠡᠨ ᠬᠦᠴᠦᠨ ᠪᠦᠬᠦᠢ ᠭᠡᠷᠡᠴᠢᠯᠡᠬᠦ᠌ ᠮᠠᠲ᠋ᠧᠷᠢᠶᠠᠯ;
5. ᠵᠠᠷᠯᠢᠭ᠍ᠳᠠᠵᠤ ᠪᠠᠢᠭᠠᠳ ᠠᠵᠢᠯ᠎ᠢ ᠨᠢ ᠵᠣᠭ᠍ᠰᠣᠭᠠᠬᠤ᠂ ᠳᠠᠭᠠᠭᠠᠴᠢᠯᠠᠯᠲᠠ᠎ᠳᠤ ᠣᠷᠣᠬᠤ ᠬᠢᠷᠢ ᠭᠡᠮ᠎ᠢ ᠨᠢ ᠬᠦᠴᠦᠨ ᠦᠭᠡᠢ ᠪᠣᠯᠭᠠᠬᠤ ᠂ ᠡᠳ᠋ ᠬᠥᠷᠥᠩᠭᠡ᠎ᠶ᠋ᠢ ᠨᠢ ᠬᠦᠯᠢᠶᠡᠨ ᠠᠪᠴᠤ᠌ ᠬᠠᠮᠢᠶᠠᠷᠬᠤ᠂ ᠴᠡᠪᠳᠡᠭ᠌ᠯᠡᠬᠦ᠌ ᠂ ᠲᠠᠮᠫᠤᠷᠠᠬᠤ ᠵᠡᠷᠭᠡ ᠪᠠᠢᠳᠠᠯ᠎ᠳᠤ ᠣᠷᠣᠭ᠎ᠠ ᠦᠭᠡᠢ ;
6. ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠠᠴᠠ ᠡᠮᠦᠨᠡᠬᠢ ᠭᠤᠷᠪᠠᠨ ᠵᠢᠯ᠎ᠤᠨ ᠳᠣᠲᠣᠷ᠎ᠠ᠂ ᠡᠵᠡᠩᠨᠡᠯᠲᠡ᠎ᠶ᠋ᠢᠨ ᠠᠵᠢᠯᠯᠠᠭ᠎ᠠ᠎ᠶ᠋ᠢᠨ ᠳᠤᠮᠳᠠ ᠬᠠᠤᠯᠢ᠎ᠠᠴᠠ ᠵᠥᠷᠢᠴᠡᠭ᠌ᠰᠡᠨ ᠬᠦᠨᠳᠦ ᠶᠡᠭᠡ ᠲᠡᠮᠳᠡᠭ᠌ᠯᠡᠯ ᠦᠭᠡᠢ ;
7. ᠲᠣᠰ ᠲᠥᠷᠥᠯ ᠵᠦᠢᠯ᠎ᠨᠢ ᠬᠤᠯᠪᠣᠭᠠᠲᠤ ᠴᠣᠭ᠍ᠴᠠ᠎ᠶ᠋ᠢᠨ ᠳᠠᠭᠠᠭᠠᠴᠢᠯᠠᠯᠲᠠ᠎ᠶ᠋ᠢ ᠬᠦᠯᠢᠶᠡᠬᠦ᠌ ᠦᠭᠡᠢ᠃
ᠭᠤᠷᠪᠠ᠂ ᠨᠡᠷ᠎ᠡ ᠮᠡᠳᠡᠭᠦᠯᠬᠦ᠌ ᠤᠷᠤᠯᠠᠨ ᠭᠦᠢᠴᠡᠳᠭᠡᠬᠦ᠌ ᠪᠠᠢᠭᠤᠯᠤᠮᠵᠢ ᠳᠣᠤᠷᠠᠬᠢ ᠮᠠᠲ᠋ᠧᠷᠢᠶᠠᠯ᠎ᠤᠳ᠎ᠢ ᠬᠠᠩᠭᠠᠬᠤ ᠬᠡᠷᠡᠭ᠌ᠲᠡᠶ
1. ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠦᠨᠡᠮᠯᠡᠯ᠎ᠤᠨ ᠬᠠᠭᠤᠯᠪᠤᠷᠢ ᠳᠡᠪᠲᠡᠷ;
2. ᠬᠠᠤᠯᠢ᠎ᠪᠠᠷ ᠲᠣᠭ᠍ᠲᠠᠭᠠᠭ᠍ᠰᠠᠨ ᠲᠥᠯᠥᠭᠡᠯᠡᠭ᠌ᠴᠢ᠎ᠶ᠋ᠢᠨ ᠪᠡᠶ᠎ᠡ ᠶ᠋ᠢᠨ ᠦᠨᠡᠮᠯᠡᠯ ᠵᠢᠴᠢ ᠲᠥᠷᠥᠯ ᠵᠦᠢᠯ᠎ᠤᠨ ᠬᠠᠷᠢᠭᠤᠴᠠᠯᠭᠠᠲᠠᠨ᠎ᠤ ᠡᠷᠬᠡ ᠣᠯᠭᠤᠭ᠍ᠰᠠᠨ ᠨᠠᠢᠳᠠᠯᠭ᠎ᠠ᠎ᠶ᠋ᠢᠨ ᠪᠢᠴᠢᠭ;
3. ᠣᠷᠣᠯᠠᠬᠤ ᠪᠠᠢᠭᠤᠯᠤᠮᠵᠢ᠎ᠶ᠋ᠢᠨ ᠬᠢᠷᠢ ᠭᠡᠮ᠎ᠦᠨ ᠱᠠᠭᠠᠷᠳᠠᠯᠭ᠎ᠠ ᠳᠤ ᠪᠤᠰᠤᠳ ᠭᠡᠷᠡᠴᠢᠯᠡᠬᠦ᠌ ᠮᠠᠲ᠋ᠧᠷᠢᠶᠠᠯ᠎ᠤᠳ;
4. ᠳᠠᠭᠠᠭᠠᠴᠢᠯᠠᠯᠲᠠ ᠵᠠᠷᠯᠠᠬᠤ ᠪᠢᠴᠢᠭ ᠬᠠᠷ᠎ᠠ᠎ᠶ᠋ᠢ ᠨᠠᠢᠷᠠᠭᠤᠯᠤᠨ ᠵᠣᠬᠢᠶᠠᠬᠤ ᠦᠢᠯᠡᠴᠢᠯᠡᠭᠡᠨ᠎ᠦ ᠲᠥᠰᠦᠯ ᠵᠢᠴᠢ ᠦᠨ᠎ᠡ ᠮᠡᠳᠡᠭᠦᠯᠬᠦ᠌;
5. ᠲᠣᠰ ᠲᠥᠷᠥᠯ ᠵᠦᠶ᠋ᠯ᠎ᠤᠨ ᠬᠠᠷᠢᠭᠤᠴᠠᠯᠭᠠᠲᠠᠨ᠎ᠤ ᠠᠵᠢᠯ ᠤᠨ ᠨᠠᠮᠲᠠᠷ᠂ ᠬᠢᠷᠢ ᠬᠡᠮ ᠵᠡᠷᠭᠡ ᠪᠠᠢᠳᠠᠯ; ᠲᠥᠷᠥᠯ ᠵᠦᠶ᠋ᠯ᠎ᠤᠨ ᠳᠤᠭᠤᠢᠯᠠᠩ᠎ᠤᠨ ᠠᠵᠢᠯᠲᠠᠨ᠎ᠤ ᠬᠢᠷᠢ ᠬᠡᠮ᠂ ᠠᠵᠢᠯ᠎ᠤᠨ ᠨᠠᠮᠲᠠᠷ ;
6. ᠲᠤᠰᠠᠭᠠᠷ ᠠᠵᠢᠯᠯᠠᠬᠤ ᠭᠠᠵᠠᠷ᠎ᠤᠨ ᠭᠡᠷᠡᠴᠢ᠂ ᠲᠤᠰᠠᠭᠠᠷ ᠵᠣᠬᠢᠶᠠᠨ ᠪᠠᠢᠭᠤᠯᠤᠯᠲᠠ᠎ᠶ᠋ᠢᠨ ᠲᠠᠯᠠᠪᠤᠷ ᠭᠠᠵᠠᠷ᠎ᠤᠨ ᠭᠡᠷᠡᠴᠢ᠂ ᠲᠠᠯᠠᠪᠤᠷ ᠭᠠᠵᠠᠷ᠎ᠲᠤ ᠲᠦᠷᠢᠶᠡᠰᠦᠯᠡᠬᠦ᠌ ᠬᠡᠯᠡᠯᠴᠡᠭᠡᠷ ᠪᠤᠶᠤ ᠬᠡᠷ ᠪᠠᠢᠱᠢᠩ ᠬᠤᠳᠠᠯᠳᠤᠨ ᠠᠪᠬᠤ ᠬᠡᠯᠡᠯᠴᠡᠭᠡᠷ ᠵᠢᠴᠢ ᠬᠡᠷ ᠪᠠᠢᠱᠢᠩ᠎ᠤᠨ ᠥᠮᠴᠢᠯᠡᠬᠦ᠌ ᠡᠷᠬᠡ᠎ᠶ᠋ᠢᠨ ᠦᠨᠡᠮᠯᠡᠯ ᠵᠡᠷᠭᠡ ᠭᠡᠷᠡᠴᠢᠯᠡᠬᠦ᠌ ᠮᠠᠲ᠋ᠧᠷᠢᠶᠠᠯ᠎ᠢ ᠬᠠᠩᠭᠠᠨ᠎ᠠ᠃
7. ᠬᠠᠮᠢᠶ᠎ᠠ ᠪᠥᠬᠦᠶ ᠠᠵᠢᠯ᠎ᠤᠨ ᠠᠮᠵᠢᠯᠲᠠ᠎ᠶ᠋ᠢᠨ ᠮᠠᠲ᠋ᠧᠷᠢᠶᠠᠯ;
ᠲᠣᠳᠣᠷᠬᠠᠢᠯᠠᠯ᠄ ᠳᠡᠭᠡᠷᠡᠬᠢ ᠮᠠᠲ᠋ᠧᠷᠢᠶᠠᠯ᠎ᠤᠨ ᠪᠠᠭᠤᠯᠭᠠᠪᠤᠷᠢ ᠨᠢ ᠨᠢᠭᠡᠴᠢ ᠶ᠋ᠢᠨ ᠲᠠᠮᠠᠭ᠎ᠠ᠎ᠶ᠋ᠢ ᠳᠠᠷᠤᠬᠤ ᠴᠢᠬᠤᠯᠠᠲᠠᠶ ᠪᠥᠭᠡᠳ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠤᠨ ᠠᠮᠠᠯᠠᠯᠲᠠ᠎ᠶ᠋ᠢᠨ ᠪᠢᠴᠢᠭ ᠢ ᠬᠠᠩᠭᠠᠬᠤ ᠬᠡᠷᠡᠭ᠌ᠲᠡᠶ᠃
ᠳᠥᠷᠪᠡ᠂ ᠨᠡᠷ᠎ᠡ ᠮᠡᠳᠡᠭᠦᠯᠬᠦ᠌ ᠪᠢᠴᠢᠭ ᠮᠠᠲ᠋ᠧᠷᠢᠶᠠᠯ ᠢ ᠭᠠᠷᠳᠠᠭᠤᠯᠬᠤ ᠴᠠᠭ ᠪᠠ ᠬᠠᠶᠢᠭ
1. ᠴᠠᠭ᠄ 2025 ᠣᠨ᠎ᠤ 9 ᠳ᠋ᠦ᠍ᠭᠡᠷ ᠰᠠᠷ᠎ᠠ ᠶ᠋ᠢᠨ 15 ᠤ ᠡᠳᠦᠷ᠎ᠠᠴᠠ 9 ᠳ᠋ᠦ᠍ᠭᠡᠷ ᠰᠠᠷ᠎ᠠ᠎ᠶ᠋ᠢᠨ 17 ᠤ ᠡᠳᠦᠷ᠂ ᠦᠳᠡ᠎ᠶ᠋ᠢᠨ ᠡᠮᠦᠨ᠎ᠡ 9᠄ 00 - 12᠄ 00 ᠴᠠᠭ᠂ ᠦᠳᠡ᠎ᠶ᠋ᠢᠨ ᠬᠤᠢᠨ᠎ᠠ 14᠄ 00 -17᠄ 00 ᠴᠠᠭ᠃
2. ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ᠎ᠶ᠋ᠢᠨ ᠱᠢᠨᠬᠤᠸᠠ ᠶᠡᠭᠡ ᠵᠡᠭᠡᠯᠢ᠎ᠶ᠋ᠢᠨ 63 ᠳ᠋ᠤᠭᠠᠷ ᠲᠣᠭᠠᠲᠤ 5 ᠳ᠋ᠤᠭᠠᠷ ᠠᠰᠠᠷ᠎ᠤᠨ 722 ᠳ᠋ᠤᠭᠠᠷ ᠲᠠᠰᠤᠭ
ᠲᠠᠪᠤ᠂ ᠬᠠᠷᠢᠯᠴᠠᠬᠤ ᠠᠷᠭ᠎ᠠ ᠮᠠᠶᠢᠭ
ᠬᠤᠳᠠᠯᠳᠤᠨ ᠠᠪᠴᠤ᠌ ᠬᠠᠩᠭᠠᠬᠤ ᠨᠢᠭᠡᠴᠢ ᠶ᠋ᠢᠨ ᠨᠡᠷᠡᠢᠳᠦᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ
ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ᠎ᠶ᠋ᠢᠨ ᠱᠢᠨᠬᠤᠸᠠ ᠶᠡᠭᠡ ᠵᠡᠭᠡᠯᠢ᠎ᠶ᠋ᠢᠨ 63 ᠳ᠋ᠤᠭᠠᠷ ᠲᠣᠭᠠᠲᠤ
ᠬᠠᠷᠢᠯᠴᠠᠬᠤ ᠬᠥᠮᠦᠨ᠄ ᠸᠠᠩ ᠶᠦᠩ ᠱᠧᠩ
ᠬᠠᠷᠢᠯᠴᠠᠬᠤ ᠤᠲᠠᠰᠤ᠄ 0471 - 6946026
2025 ᠣᠨ᠎ᠤ 9 ᠳ᠋ᠤᠭᠡᠷ ᠰᠠᠷ᠎ᠠ᠎ᠶ᠋ᠢᠨ 12᠎ᠤᠨ ᠡᠳᠦᠷ