ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠠᠯᠪᠠᠨ ᠨᠡᠶ᠋ᠢᠲᠡᠯᠡᠯ
2026 ᠣᠨ᠎ᠤ ᠭᠠᠳᠠᠭᠠᠳᠤ ᠠᠵᠤ ᠠᠬᠤᠶ ᠠᠷᠠᠯᠵᠢᠶᠠᠨ᠎ᠤ ᠬᠥᠭ᠌ᠵᠢᠯᠲᠡ᠎ᠶ᠋ᠢᠨ ᠲᠤᠰᠭᠠᠶ ᠪᠠᠯᠠ ᠮᠥᠩᠭᠦ᠎ᠶ᠋ᠢ ᠭᠤᠷᠪᠠᠳᠠᠬᠢ ᠡᠲᠡᠭᠡᠳ ᠎ᠦᠨ ᠲᠥᠷᠥᠯ ᠵᠦᠶ᠋ᠯ᠎ᠢ ᠬᠢᠨᠠᠨ ᠲᠣᠭ᠍ᠲᠠᠭᠠᠬᠤ ᠦᠶ᠋ᠯᠡᠴᠢᠯᠡᠭᠡᠨ᠎ᠤ ᠲᠥᠷᠥᠯ ᠵᠦᠶ᠋ᠯ᠎ᠤᠨ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠳᠦ ᠨᠠᠢ᠌ᠳᠠᠵᠤ ᠨᠡᠷ᠎ᠡ ᠮᠡᠳᠡᠭᠦᠯᠬᠦ᠌ ᠲᠤᠬᠠᠢ ᠠᠯᠪᠠᠨ ᠵᠠᠷ
ᠨᠡᠶ᠋ᠢᠲᠡᠯᠡᠭᠰᠡᠨ ᠴᠠᠭ᠄ 2025-09-12

  ᠨᠢᠭᠡ᠂ ᠲᠥᠷᠥᠯ ᠵᠦᠢᠯ᠎ᠤᠨ ᠲᠦᠢᠮᠣ ᠪᠠᠢᠳᠠᠯ

  ᠲᠣᠰ ᠤᠳᠠᠭᠠᠨ᠎ᠤ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠲᠥᠷᠥᠯ ᠵᠦᠢᠯ ᠪᠣᠯ 2026  ᠣᠨ᠎ᠤ ᠭᠠᠳᠠᠭᠠᠳᠤ ᠠᠵᠤ ᠠᠬᠤᠶ ᠠᠷᠠᠯᠵᠢᠶᠠᠨ᠎ᠤ ᠬᠥᠭ᠌ᠵᠢᠯᠲᠡ᠎ᠶ᠋ᠢᠨ ᠲᠤᠰᠬᠠᠢ ᠪᠠᠯᠠ ᠮᠥᠩᠭᠦ ᠎ᠶ᠋ᠢᠨ ᠭᠤᠷᠪᠠᠳᠠᠬᠢ ᠲᠠᠯ᠎ᠠ ᠎ᠶ᠋ᠢᠨ ᠲᠥᠷᠥᠯ ᠵᠦᠢᠯ᠎ᠢ ᠬᠢᠨᠠᠨ ᠲᠣᠭ᠍ᠲᠠᠭᠠᠬᠤ ᠦᠢᠯᠡᠴᠢᠯᠡᠭᠡᠨ᠎ᠤ ᠲᠥᠷᠥᠯ ᠵᠦᠢᠯ ᠪᠣᠯᠤᠨ᠎ᠠ᠃

  ᠬᠤᠶᠠᠷ᠂ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢᠨ ᠬᠢᠷᠢ ᠬᠡᠮ᠎ᠤᠨ ᠱᠠᠭᠠᠷᠳᠠᠯᠭ᠎ᠠ

  1. ᠪᠡᠶ᠎ᠡ ᠎ᠪᠠᠨ ᠳᠠᠭᠠᠭᠠᠭ᠍ᠰᠠᠨ ᠬᠠᠤᠯᠢ᠎ᠶ᠋ᠢᠨ ᠡᠷᠬᠡᠲᠡᠨ᠎ᠤ ᠬᠢᠷᠢ ᠬᠡᠮ᠎ᠲᠠᠢ;

  2. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯ᠎ᠤᠨ ᠰᠦᠯᠵᠢᠶᠡᠨ ᠳᠡᠭᠡᠷ᠎ᠡ ᠳᠠᠩᠰᠠᠯᠠᠭᠤᠯᠬᠤ᠎ᠶ᠋ᠢᠨ ᠬᠠᠮᠲᠤ ᠪᠠᠢᠴᠠᠭᠠᠨ ᠯᠠᠪᠯᠠᠬᠤ ᠵᠢᠷᠤᠭ ᠬᠠᠩᠭᠠᠨ᠎ᠠ;

  3. ᠣᠢᠷ᠎ᠠ᠎ᠶ᠋ᠢᠨ ᠨᠢᠭᠡ ᠵᠢᠯ᠎ᠦᠨ ᠭᠠᠢᠯᠢ ᠲᠤᠱᠢᠶᠠᠭ᠍ᠰᠠᠨ ᠭᠡᠷᠡᠴᠢ ( ᠭᠠᠢᠯᠢ᠎ᠶ᠋ᠢᠨ ᠶᠠᠪᠤᠳᠠᠯ᠎ᠤᠨ  ᠪᠠᠢᠭᠤᠯᠭ᠎ᠠ᠎ᠶ᠋ᠢᠨ ᠬᠢᠵᠦ᠍ ᠥᠭ᠌ᠭᠦᠭ᠌ᠰᠡᠨ ᠭᠠᠢᠯᠢ ᠲᠤᠱᠢᠶᠠᠭ᠍ᠰᠠᠨ ᠵᠣᠭᠣᠰ ᠲᠤᠱᠢᠶᠠᠭ᠍ᠰᠠᠨ ᠪᠢᠴᠢᠭ ᠪᠤᠶᠤ ᠪᠠᠩᠬᠢ᠎ᠶ᠋ᠢᠨ ᠭᠠᠢᠯᠢ ᠬᠠᠰᠤᠭ᠍ᠰᠠᠨ ᠭᠡᠷᠡᠴᠢ᠎ᠪᠡᠷ ᠪᠠᠷᠢᠮᠵᠢᠶ᠎ᠠ ᠪᠣᠯᠭᠠᠨ᠎ᠠ ) ;

  4. ᠠᠵᠢᠯᠲᠠᠨ᠂ ᠲᠥᠬᠦᠭᠡᠷᠦᠮᠵᠢ ᠪᠠ ᠶᠠᠰᠤ ᠴᠢᠨᠠᠷ᠎ᠤᠨ ᠪᠠᠲᠤᠯᠠᠭ᠎ᠠ᠎ᠶ᠋ᠢ ᠪᠦᠷᠢᠯᠳᠦᠭᠦᠯᠵᠦ᠍᠂ ᠲᠦᠷᠦᠯ ᠵᠦᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠦᠭ᠌ᠰᠡᠨ ᠬᠦᠴᠦᠨ ᠪᠦᠬᠦᠢ ᠭᠡᠷᠡᠴᠢᠯᠡᠬᠦ᠌ ᠮᠠᠲ᠋ᠧᠷᠢᠶᠠᠯ ;

  5. ᠵᠠᠷᠯᠢᠭ᠍ᠳᠠᠵᠤ ᠪᠠᠢᠭᠠᠳ ᠠᠵᠢᠯ᠎ᠢ ᠨᠢ ᠵᠣᠭᠰᠤᠭᠠᠬᠤ ᠂ ᠳᠠᠭᠠᠭᠠᠴᠢᠯᠠᠯᠲᠠ᠎ᠳᠤ ᠣᠷᠣᠬᠤ ᠬᠢᠷᠢ ᠬᠡᠮ᠎ᠢ ᠨᠢ ᠬᠦᠴᠦᠨ ᠦᠭᠡᠢ ᠪᠣᠯᠭᠠᠬᠤ᠂ ᠡᠳ᠋ ᠬᠥᠷᠥᠩᠭᠡ᠎ᠶᠢ ᠨᠢ ᠭᠥᠯᠢᠶᠡᠨ ᠠᠪᠴᠤ ᠬᠠᠮᠢᠶᠠᠷᠬᠤ ᠂ ᠴᠡᠪᠳᠡᠭᠯᠡᠬᠦ᠂ ᠲᠠᠮᠫᠤᠷᠠᠬᠤ ᠵᠡᠷᠭᠡ ᠪᠠᠢᠳᠠᠯ᠎ᠳᠤ ᠣᠷᠣᠭ᠎ᠠ ᠦᠭᠡᠢ ;  

  6. ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠠᠴᠠ ᠡᠮᠦᠨᠡᠬᠢ ᠭᠤᠷᠪᠠᠨ ᠵᠢᠯ᠎ᠤᠨ ᠳᠣᠲᠣᠷ᠎ᠠ᠂ ᠡᠵᠡᠩᠨᠡᠯᠲᠡ᠎ᠶ᠋ᠢᠨ ᠠᠵᠢᠯᠯᠠᠭ᠎ᠠ᠎ᠶ᠋ᠢᠨ ᠳᠤᠮᠳᠠ ᠬᠠᠤᠯᠢ᠎ᠠᠴᠠ ᠵᠥᠷᠢᠴᠡᠭ᠌ᠰᠡᠨ ᠬᠦᠨᠳᠦ ᠶᠡᠭᠡ ᠲᠡᠮᠳᠡᠭ᠌ᠯᠡᠯ᠎ᠲᠠᠢ              ᠦᠭᠡᠢ ;

  7. ᠲᠣᠰ ᠲᠥᠷᠥᠯ ᠵᠦᠢᠯ᠎ᠨᠢ ᠬᠤᠯᠪᠣᠭᠠᠲᠤ ᠴᠣᠭ᠍ᠴᠠ᠎ᠶ᠋ᠢᠨ ᠳᠠᠭᠠᠭᠠᠴᠢᠯᠠᠯᠲᠠ᠎ᠶ᠋ᠢ ᠬᠦᠯᠢᠶᠡᠬᠦ᠌ ᠦᠭᠡᠢ᠃

  ᠭᠤᠷᠪᠠ᠂ ᠨᠡᠷ᠎ᠡ ᠮᠡᠳᠡᠭᠦᠯᠬᠦ᠌  ᠤᠷᠤᠯᠠᠨ ᠭᠦᠢᠴᠡᠳᠭᠡᠬᠦ᠌ ᠪᠠᠢᠭᠤᠯᠤᠮᠵᠢ ᠳᠣᠤᠷᠠᠬᠢ ᠮᠠᠲ᠋ᠧᠷᠢᠶᠠᠯ᠎ᠤᠳ᠎ᠢ ᠬᠠᠩᠭᠠᠬᠤ ᠬᠡᠷᠡᠭ᠌ᠲᠡᠶ

  1. ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠦᠨᠡᠮᠯᠡᠯ᠎ᠤᠨ ᠬᠠᠭᠤᠯᠪᠤᠷᠢ ᠳᠡᠪᠲᠡᠷ;

  2. ᠬᠠᠤᠯᠢ᠎ᠪᠠᠷ ᠲᠣᠭ᠍ᠲᠠᠭᠠᠭ᠍ᠰᠠᠨ ᠲᠥᠯᠥᠭᠡᠯᠡᠭ᠌ᠴᠢ᠎ᠶ᠋ᠢᠨ ᠪᠡᠶ᠎ᠡ᠎ᠶ᠋ᠢᠨ ᠦᠨᠡᠮᠯᠡᠯ ᠵᠢᠴᠢ ᠲᠥᠷᠥᠯ ᠵᠦᠢᠯ᠎ᠤᠨ ᠬᠠᠷᠢᠭᠤᠴᠠᠯᠭᠠᠲᠠᠨ᠎ᠤ ᠡᠷᠬᠡ ᠣᠯᠭᠤᠭ᠍ᠰᠠᠨ ᠨᠠᠢᠳᠠᠯᠭ᠎ᠠ᠎ᠶ᠋ᠢᠨ ᠪᠢᠴᠢᠭ;

  3. ᠣᠷᠣᠯᠠᠬᠤ ᠪᠠᠢᠭᠤᠯᠤᠮᠵᠢ᠎ᠶ᠋ᠢᠨ ᠬᠢᠷᠢ ᠭᠡᠮ᠎ᠦᠨ ᠱᠠᠭᠠᠷᠳᠠᠯᠭ᠎ᠠ᠎ᠳᠤ ᠪᠤᠰᠤᠳ ᠭᠡᠷᠡᠴᠢᠯᠡᠬᠦ᠌ ᠮᠠᠲ᠋ᠧᠷᠢᠶᠠᠯ᠎ᠤᠳ;

  4. ᠳᠠᠭᠠᠭᠠᠴᠢᠯᠠᠯᠲᠠ ᠵᠠᠷᠯᠠᠬᠤ ᠪᠢᠴᠢᠭ ᠬᠠᠷ᠎ᠠ᠎ᠶ᠋ᠢ ᠨᠠᠢᠷᠠᠭᠤᠯᠤᠨ ᠵᠣᠬᠢᠶᠠᠬᠤ ᠦᠢᠯᠡᠴᠢᠯᠡᠭᠡᠨ᠎ᠦ ᠲᠥᠰᠦᠯ ᠵᠢᠴᠢ ᠦᠨ᠎ᠡ ᠮᠡᠳᠡᠭᠦᠯᠬᠦ᠌ ;

  5. ᠲᠣᠰ ᠲᠥᠷᠥᠯ ᠵᠦᠶ᠋ᠯ᠎ᠤᠨ ᠬᠠᠷᠢᠭᠤᠴᠠᠯᠭᠠᠲᠠᠨ᠎ᠤ ᠠᠵᠢᠯ ᠎ᠤᠨ ᠨᠠᠮᠲᠠᠷ᠂ ᠬᠢᠷᠢ ᠬᠡᠮ ᠵᠡᠷᠭᠡ ᠪᠠᠢᠳᠠᠯ; ᠲᠥᠷᠥᠯ ᠵᠦᠶ᠋ᠯ᠎ᠤᠨ ᠳᠤᠭᠤᠢᠯᠠᠩ᠎ᠤᠨ ᠠᠵᠢᠯᠲᠠᠨ᠎ᠤ ᠬᠢᠷᠢ ᠬᠡᠮ᠂ ᠠᠵᠢᠯ᠎ᠤᠨ ᠨᠠᠮᠲᠠᠷ;

  6. ᠲᠤᠰᠠᠭᠠᠷ ᠠᠵᠢᠯᠯᠠᠬᠤ ᠭᠠᠵᠠᠷ᠎ᠤᠨ ᠭᠡᠷᠡᠴᠢ᠂ ᠲᠤᠰᠠᠭᠠᠷ ᠵᠣᠬᠢᠶᠠᠨ ᠪᠠᠢᠭᠤᠯᠤᠯᠲᠠ᠎ᠶ᠋ᠢᠨ ᠲᠠᠯᠠᠪᠤᠷ ᠭᠠᠵᠠᠷ᠎ᠤᠨ ᠭᠡᠷᠡᠴᠢ᠂ ᠲᠠᠯᠠᠪᠤᠷ ᠭᠠᠵᠠᠷ᠎ᠲᠤ ᠲᠦᠷᠢᠶᠡᠰᠦᠯᠡᠬᠦ᠌ ᠬᠡᠯᠡᠯᠴᠡᠭᠡᠷ ᠪᠤᠶᠤ ᠭᠡᠷ ᠪᠠᠢᠱᠢᠩ ᠬᠤᠳᠠᠯᠳᠤᠨ ᠠᠪᠬᠤ ᠬᠡᠯᠡᠯᠴᠡᠭᠡᠷ ᠵᠢᠴᠢ ᠭᠡᠷ ᠪᠠᠢᠱᠢᠩ᠎ᠤᠨ ᠥᠮᠴᠢᠯᠡᠬᠦ᠌ ᠡᠷᠬᠡ᠎ᠶ᠋ᠢᠨ ᠦᠨᠡᠮᠯᠡᠯ ᠵᠡᠷᠭᠡ ᠭᠡᠷᠡᠴᠢᠯᠡᠬᠦ᠌ ᠮᠠᠲ᠋ᠧᠷᠢᠶᠠᠯ᠎ᠢ ᠬᠠᠩᠭᠠᠨ᠎ᠠ᠃

  7. ᠬᠠᠮᠢᠶ᠎ᠠ ᠪᠦᠬᠦᠢ ᠠᠵᠢᠯ᠎ᠤᠨ ᠠᠮᠵᠢᠯᠲᠠ᠎ᠶ᠋ᠢᠨ ᠮᠠᠲ᠋ᠧᠷᠢᠶᠠᠯ;

  ᠲᠣᠳᠣᠷᠬᠠᠢᠯᠠᠯ᠄ ᠳᠡᠭᠡᠷᠡᠬᠢ ᠮᠠᠲ᠋ᠧᠷᠢᠶᠠᠯ᠎ᠤᠨ ᠪᠠᠭᠤᠯᠭᠠᠪᠤᠷᠢ ᠨᠢ ᠨᠢᠭᠡᠴᠢ ᠎ᠶ᠋ᠢᠨ ᠲᠠᠮᠠᠭ᠎ᠠ᠎ᠶ᠋ᠢ ᠳᠠᠷᠤᠬᠤ ᠴᠢᠬᠤᠯᠠ᠎ᠲᠠᠶ ᠪᠥᠭᠡᠳ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠤᠨ ᠠᠮᠠᠯᠠᠯᠲᠠ᠎ᠶ᠋ᠢᠨ ᠪᠢᠴᠢᠭ ᠎ᠢ ᠬᠠᠩᠭᠠᠬᠤ ᠬᠡᠷᠡᠭ᠌ᠲᠡᠶ᠃

  ᠳᠥᠷᠪᠡ᠂ ᠨᠡᠷ᠎ᠡ ᠮᠡᠳᠡᠭᠦᠯᠬᠦ᠌ ᠪᠢᠴᠢᠭ ᠮᠠᠲ᠋ᠧᠷᠢᠶᠠᠯ᠎ᠢ ᠭᠠᠷᠳᠠᠭᠤᠯᠬᠤ ᠴᠠᠭ ᠪᠠ ᠬᠠᠶᠢᠭ

  1. ᠴᠠᠭ᠄ 2025 ᠣᠨ᠎ᠤ 9 ᠳ᠋ᠦ᠍ᠭᠡᠷ ᠰᠠᠷ᠎ᠠ᠎ᠶ᠋ᠢᠨ 11 ᠎ᠤ ᠡᠳᠦᠷ᠎ᠠᠴᠠ 9 ᠳ᠋ᠦ᠍ᠭᠡᠷ ᠰᠠᠷ᠎ᠠ ᠎ᠶ᠋ᠢᠨ 15 ᠎ᠤ ᠡᠳᠦᠷ᠂ ᠦᠳᠡ᠎ᠶ᠋ᠢᠨ ᠡᠮᠦᠨ᠎ᠡ 9᠄ 00 -12᠄ 00 ᠴᠠᠭ᠂ ᠦᠳᠡ᠎ᠶ᠋ᠢᠨ ᠬᠤᠢᠨ᠎ᠠ 14᠄ 00 - 17᠄ 00 ᠴᠠᠭ᠃

  2. ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ᠎ᠶ᠋ᠢᠨ ᠱᠢᠨᠬᠤᠸᠠ ᠶᠡᠭᠡ ᠵᠡᠭᠡᠯᠢ᠎ᠶ᠋ᠢᠨ 63 ᠳ᠋ᠤᠭᠠᠷ ᠲᠣᠭᠠᠲᠤ 5 ᠳ᠋ᠤᠭᠠᠷ ᠠᠰᠠᠷ᠎ᠤᠨ 723 ᠳ᠋ᠤᠭᠠᠷ ᠲᠠᠰᠤᠭ

  ᠲᠠᠪᠤ᠂ ᠬᠠᠷᠢᠯᠴᠠᠬᠤ ᠠᠷᠭ᠎ᠠ ᠮᠠᠶᠢᠭ

  ᠬᠤᠳᠠᠯᠳᠤᠨ ᠠᠪᠴᠤ᠌ ᠬᠠᠩᠭᠠᠬᠤ ᠨᠢᠭᠡᠴᠢ᠎ᠶ᠋ᠢᠨ ᠨᠡᠷᠡᠢᠳᠦᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ

  ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ᠎ᠶ᠋ᠢᠨ ᠱᠢᠨᠬᠤᠸᠠ ᠶᠡᠭᠡ ᠵᠡᠭᠡᠯᠢ᠎ᠶ᠋ᠢᠨ 63 ᠳ᠋ᠤᠭᠠᠷ ᠲᠣᠭᠠᠲᠤ

  ᠬᠠᠷᠢᠯᠴᠠᠬᠤ ᠬᠥᠮᠦᠨ᠄ ᠫᠠᠨ ᠶᠤᠸᠠᠢ ᠮᠧᠶ

  ᠬᠠᠷᠢᠯᠴᠠᠬᠤ ᠤᠲᠠᠰᠤ᠄ 0471 - 6946796

 

                         2025 ᠣᠨ᠎ᠤ 9 ᠳ᠋ᠤᠭᠡᠷ ᠰᠠᠷ᠎ᠠ᠎ᠶ᠋ᠢᠨ 11᠎ᠤ ᠡᠳᠦᠷ

ᠢᠷᠡᠯᠲᠡ᠄ ᠭᠠᠳᠠᠭᠠᠳᠤ ᠠᠷᠠᠯᠵᠢᠶᠠᠨ᠎ᠤ ᠭᠠᠵᠠᠷ
          
ᠬᠠᠮᠢᠶ᠎ᠡ ᠪᠦᠬᠦᠢ ᠰᠣᠨᠢᠨ
 
            