ᠨᠢᠭᠡ᠂ ᠲᠥᠷᠥᠯ ᠵᠦᠢᠯ᠎ᠤᠨ ᠲᠦᠢᠮᠣ ᠪᠠᠢᠳᠠᠯ
ᠲᠣᠰ ᠤᠳᠠᠭᠠᠨ᠎ᠤ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠲᠥᠷᠥᠯ ᠵᠦᠢᠯ᠎ᠨᠢ ᠲᠣᠰ ᠭᠠᠵᠠᠷ᠎ᠤᠨ ᠦᠢᠯᠡᠳᠭᠦᠨ᠎ᠤ ᠣᠷᠣᠨ᠎ᠤ ᠳᠣᠲᠤᠷᠠᠬᠢ ᠪᠣᠷᠣᠯᠠᠭᠤᠯᠭ᠎ᠠ᠂ ᠭᠤᠤᠯᠳᠠᠯᠭ᠎ᠠ᠎ᠲᠠᠢ ᠬᠤᠳᠠᠯᠳᠤᠭᠠᠨ᠎ᠤ ᠬᠦᠷᠢᠶᠡᠨ᠎ᠤ ᠡᠵᠡᠩᠨᠡᠯᠲᠡ᠎ᠶ᠋ᠢᠨ ᠲᠤᠭ᠎ᠠ ᠪᠠᠷᠢᠮᠲᠠ᠎ᠶ᠋ᠢ ᠬᠢᠨᠠᠨ ᠬᠡᠮᠵᠢᠬᠦ᠌ ᠦᠢᠯᠡᠴᠢᠯᠡᠭᠡᠨ᠎ᠤ ᠲᠥᠷᠥᠯ ᠵᠦᠢᠯ ᠪᠣᠯᠤᠨ᠎ᠠ᠃
ᠬᠤᠶᠠᠷ᠂ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢᠨ ᠬᠢᠷᠢ ᠬᠡᠮ᠎ᠤᠨ ᠱᠠᠭᠠᠷᠳᠠᠯᠭ᠎ᠠ
1. ᠪᠡᠶ᠎ᠡ᠎ᠪᠠᠨ ᠳᠠᠭᠠᠭᠠᠭ᠍ᠰᠠᠨ ᠬᠠᠤᠯᠢ᠎ᠶ᠋ᠢᠨ ᠡᠷᠬᠡᠲᠡᠨ᠎ᠤ ᠬᠢᠷᠢ ᠬᠡᠮ᠎ᠲᠠᠢ ;
2. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯ᠎ᠤᠨ ᠰᠦᠯᠵᠢᠶᠡᠨ ᠳᠡᠭᠡᠷ᠎ᠡ ᠳᠠᠩᠰᠠᠯᠠᠭᠤᠯᠬᠤ᠎ᠶ᠋ᠢᠨ ᠬᠠᠮᠲᠤ ᠪᠠᠢᠴᠠᠭᠠᠨ ᠯᠠᠪᠯᠠᠬᠤ ᠤᠭ᠍ᠲᠤᠯᠤᠭ᠍ᠰᠠᠨ ᠵᠢᠷᠤᠭ᠎ᠢ ᠬᠠᠩᠭᠠᠨ᠎ᠠ;
3. ᠣᠢᠷ᠎ᠠ᠎ᠶ᠋ᠢᠨ ᠨᠢᠭᠡ ᠵᠢᠯ᠎ᠦᠨ ᠭᠠᠢᠯᠢ ᠲᠤᠱᠢᠶᠠᠭ᠍ᠰᠠᠨ ᠭᠡᠷᠡᠴᠢ ( ᠭᠠᠢᠯᠢ᠎ᠶ᠋ᠢᠨ ᠶᠠᠪᠤᠳᠠᠯ᠎ᠤᠨ ᠪᠠᠢᠭᠤᠯᠭ᠎ᠠ᠎ᠶ᠋ᠢᠨ ᠬᠢᠵᠦ᠍ ᠥᠭ᠌ᠭᠦᠭ᠌ᠰᠡᠨ ᠭᠠᠢᠯᠢ ᠲᠤᠱᠢᠶᠠᠭ᠍ᠰᠠᠨ ᠵᠣᠭᠣᠰ ᠲᠤᠱᠢᠶᠠᠭ᠍ᠰᠠᠨ ᠪᠢᠴᠢᠭ ᠪᠤᠶᠤ ᠪᠠᠩᠬᠢ᠎ᠶ᠋ᠢᠨ ᠭᠠᠢᠯᠢ ᠬᠠᠰᠤᠭ᠍ᠰᠠᠨ ᠭᠡᠷᠡᠴᠢ᠎ᠪᠡᠷ ᠪᠠᠷᠢᠮᠵᠢᠶ᠎ᠠ ᠪᠣᠯᠭᠠᠨ᠎ᠠ ) ;
4. ᠠᠵᠢᠯᠲᠠᠨ᠂ ᠲᠥᠬᠦᠭᠡᠷᠦᠮᠵᠢ ᠪᠠ ᠶᠠᠰᠤ ᠴᠢᠨᠠᠷ᠎ᠤᠨ ᠪᠠᠲᠤᠯᠠᠭ᠎ᠠ᠎ᠶ᠋ᠢ ᠪᠦᠷᠢᠯᠳᠦᠭᠦᠯᠵᠦ᠍᠂ ᠲᠦᠷᠦᠯ ᠵᠦᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠦᠭ᠌ᠰᠡᠨ ᠬᠦᠴᠦᠨ ᠪᠦᠬᠦᠢ ᠭᠡᠷᠡᠴᠢᠯᠡᠬᠦ᠌ ᠮᠠᠲ᠋ᠧᠷᠢᠶᠠᠯ ;
5. ᠵᠠᠷᠯᠢᠭ᠍ᠳᠠᠵᠤ ᠪᠠᠢᠭᠠᠳ ᠠᠵᠢᠯ᠎ᠢ ᠨᠢ ᠵᠣᠭᠰᠤᠭᠠᠬᠤ ᠂ ᠳᠠᠭᠠᠭᠠᠴᠢᠯᠠᠯᠲᠠ᠎ᠳᠤ ᠣᠷᠣᠬᠤ ᠬᠢᠷᠢ ᠬᠡᠮ᠎ᠢ ᠨᠢ ᠬᠦᠴᠦᠨ ᠦᠭᠡᠢ ᠪᠣᠯᠭᠠᠬᠤ ᠂ ᠡᠳ᠋ ᠬᠥᠷᠥᠩᠭᠡ᠎ᠶᠢ ᠨᠢ ᠭᠥᠯᠢᠶᠡᠨ ᠠᠪᠴᠤ ᠬᠠᠮᠢᠶᠠᠷᠬᠤ ᠂ ᠴᠡᠪᠳᠡᠭᠯᠡᠬᠦ ᠂ ᠲᠠᠮᠫᠤᠷᠠᠬᠤ ᠵᠡᠷᠭᠡ ᠪᠠᠢᠳᠠᠯ᠎ᠳᠤ ᠣᠷᠣᠭ᠎ᠠ ᠦᠭᠡᠢ ;
6. ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠠᠴᠠ ᠡᠮᠦᠨᠡᠬᠢ ᠭᠤᠷᠪᠠᠨ ᠵᠢᠯ᠎ᠤᠨ ᠳᠣᠲᠣᠷ᠎ᠠ᠂ ᠡᠵᠡᠩᠨᠡᠯᠲᠡ᠎ᠶ᠋ᠢᠨ ᠠᠵᠢᠯᠯᠠᠭ᠎ᠠ᠎ᠶ᠋ᠢᠨ ᠳᠤᠮᠳᠠ ᠬᠠᠤᠯᠢ᠎ᠠᠴᠠ ᠵᠥᠷᠢᠴᠡᠭ᠌ᠰᠡᠨ ᠬᠦᠨᠳᠦ ᠶᠡᠭᠡ ᠲᠡᠮᠳᠡᠭ᠌ᠯᠡᠯ ᠦᠭᠡᠢ ;
7. ᠲᠣᠰ ᠲᠥᠷᠥᠯ ᠵᠦᠢᠯ᠎ᠨᠢ ᠬᠤᠯᠪᠣᠭᠠᠲᠤ ᠴᠣᠭ᠍ᠴᠠ᠎ᠶ᠋ᠢᠨ ᠳᠠᠭᠠᠭᠠᠴᠢᠯᠠᠯᠲᠠ᠎ᠶ᠋ᠢ ᠬᠦᠯᠢᠶᠡᠬᠦ᠌ ᠦᠭᠡᠢ᠃
ᠭᠤᠷᠪᠠ᠂ ᠨᠡᠷ᠎ᠡ ᠮᠡᠳᠡᠭᠦᠯᠬᠦ᠌ ᠤᠷᠤᠯᠠᠨ ᠭᠦᠢᠴᠡᠳᠭᠡᠬᠦ᠌ ᠪᠠᠢᠭᠤᠯᠤᠮᠵᠢ ᠳᠣᠤᠷᠠᠬᠢ ᠮᠠᠲ᠋ᠧᠷᠢᠶᠠᠯ᠎ᠤᠳ᠎ᠢ ᠬᠠᠩᠭᠠᠬᠤ ᠬᠡᠷᠡᠭ᠌ᠲᠡᠶ
1. ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠦᠨᠡᠮᠯᠡᠯ᠎ᠤᠨ ᠬᠠᠭᠤᠯᠪᠤᠷᠢ ᠳᠡᠪᠲᠡᠷ ;
2. ᠬᠠᠤᠯᠢ᠎ᠪᠠᠷ ᠲᠣᠭ᠍ᠲᠠᠭᠠᠭ᠍ᠰᠠᠨ ᠲᠥᠯᠥᠭᠡᠯᠡᠭ᠌ᠴᠢ᠎ᠶ᠋ᠢᠨ ᠪᠡᠶ᠎ᠡ᠎ᠶ᠋ᠢᠨ ᠦᠨᠡᠮᠯᠡᠯ ᠵᠢᠴᠢ ᠲᠥᠷᠥᠯ ᠵᠦᠢᠯ᠎ᠤᠨ ᠬᠠᠷᠢᠭᠤᠴᠠᠯᠭᠠᠲᠠᠨ᠎ᠤ ᠡᠷᠬᠡ ᠣᠯᠭᠤᠭ᠍ᠰᠠᠨ ᠨᠠᠢᠳᠠᠯᠭ᠎ᠠ᠎ᠶ᠋ᠢᠨ ᠪᠢᠴᠢᠭ;
3. ᠣᠷᠣᠯᠠᠬᠤ ᠪᠠᠢᠭᠤᠯᠤᠮᠵᠢ᠎ᠶ᠋ᠢᠨ ᠬᠢᠷᠢ ᠭᠡᠮ᠎ᠦᠨ ᠱᠠᠭᠠᠷᠳᠠᠯᠭ᠎ᠠ᠎ᠳᠤ ᠪᠤᠰᠤᠳ ᠭᠡᠷᠡᠴᠢᠯᠡᠬᠦ᠌ ᠮᠠᠲ᠋ᠧᠷᠢᠶᠠᠯ᠎ᠤᠳ;
4. ᠳᠠᠭᠠᠭᠠᠴᠢᠯᠠᠯᠲᠠ ᠵᠠᠷᠯᠠᠬᠤ ᠪᠢᠴᠢᠭ ᠬᠠᠷ᠎ᠠ᠎ᠶ᠋ᠢ ᠨᠠᠢᠷᠠᠭᠤᠯᠤᠨ ᠵᠣᠬᠢᠶᠠᠬᠤ ᠦᠢᠯᠡᠴᠢᠯᠡᠭᠡᠨ᠎ᠦ ᠲᠥᠰᠦᠯ ᠵᠢᠴᠢ ᠦᠨ᠎ᠡ ᠮᠡᠳᠡᠭᠦᠯᠬᠦ᠌ ;
5. ᠲᠣᠰ ᠲᠥᠷᠥᠯ ᠵᠦᠶ᠋ᠯ᠎ᠤᠨ ᠬᠠᠷᠢᠭᠤᠴᠠᠯᠭᠠᠲᠠᠨ᠎ᠤ ᠠᠵᠢᠯ ᠤᠨ ᠨᠠᠮᠲᠠᠷ᠂ ᠬᠢᠷᠢ ᠬᠡᠮ ᠵᠡᠷᠭᠡ ᠪᠠᠢᠳᠠᠯ; ᠲᠥᠷᠥᠯ ᠵᠦᠶ᠋ᠯ᠎ᠤᠨ ᠳᠤᠭᠤᠢᠯᠠᠩ᠎ᠤᠨ ᠠᠵᠢᠯᠲᠠᠨ᠎ᠤ ᠬᠢᠷᠢ ᠬᠡᠮ᠂ ᠠᠵᠢᠯ᠎ᠤᠨ ᠨᠠᠮᠲᠠᠷ;
6. ᠲᠤᠰᠠᠭᠠᠷ ᠠᠵᠢᠯᠯᠠᠬᠤ ᠭᠠᠵᠠᠷ᠎ᠤᠨ ᠭᠡᠷᠡᠴᠢ᠂ ᠲᠤᠰᠠᠭᠠᠷ ᠵᠣᠬᠢᠶᠠᠨ ᠪᠠᠢᠭᠤᠯᠤᠯᠲᠠ᠎ᠶ᠋ᠢᠨ ᠲᠠᠯᠠᠪᠤᠷ ᠭᠠᠵᠠᠷ᠎ᠤᠨ ᠭᠡᠷᠡᠴᠢ᠂ ᠲᠠᠯᠠᠪᠤᠷ ᠭᠠᠵᠠᠷ᠎ᠲᠤ ᠲᠦᠷᠢᠶᠡᠰᠦᠯᠡᠬᠦ᠌ ᠬᠡᠯᠡᠯᠴᠡᠭᠡᠷ ᠪᠤᠶᠤ ᠭᠡᠷ ᠪᠠᠢᠱᠢᠩ ᠬᠤᠳᠠᠯᠳᠤᠨ ᠠᠪᠬᠤ ᠬᠡᠯᠡᠯᠴᠡᠭᠡᠷ ᠵᠢᠴᠢ ᠭᠡᠷ ᠪᠠᠢᠱᠢᠩ᠎ᠤᠨ ᠥᠮᠴᠢᠯᠡᠬᠦ᠌ ᠡᠷᠬᠡ᠎ᠶ᠋ᠢᠨ ᠦᠨᠡᠮᠯᠡᠯ ᠵᠡᠷᠭᠡ ᠭᠡᠷᠡᠴᠢᠯᠡᠬᠦ᠌ ᠮᠠᠲ᠋ᠧᠷᠢᠶᠠᠯ᠎ᠢ ᠬᠠᠩᠭᠠᠨ᠎ᠠ;
7. ᠬᠠᠮᠢᠶ᠎ᠠ ᠪᠦᠬᠦᠢ ᠠᠵᠢᠯ᠎ᠤᠨ ᠠᠮᠵᠢᠯᠲᠠ᠎ᠶ᠋ᠢᠨ ᠮᠠᠲ᠋ᠧᠷᠢᠶᠠᠯ᠄
ᠲᠣᠳᠣᠷᠬᠠᠢᠯᠠᠯ᠄ ᠳᠡᠭᠡᠷᠡᠬᠢ ᠮᠠᠲ᠋ᠧᠷᠢᠶᠠᠯ᠎ᠤᠨ ᠪᠠᠭᠤᠯᠭᠠᠪᠤᠷᠢ ᠨᠢ ᠨᠢᠭᠡᠴᠢ ᠶ᠋ᠢᠨ ᠲᠠᠮᠠᠭ᠎ᠠ᠎ᠶ᠋ᠢ ᠳᠠᠷᠤᠬᠤ ᠴᠢᠬᠤᠯᠠᠲᠠᠶ ᠪᠥᠭᠡᠳ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠤᠨ ᠠᠮᠠᠯᠠᠯᠲᠠ᠎ᠶ᠋ᠢᠨ ᠪᠢᠴᠢᠭ᠎ᠢ ᠬᠠᠩᠭᠠᠬᠤ ᠬᠡᠷᠡᠭ᠌ᠲᠡᠶ᠃
ᠳᠥᠷᠪᠡ᠂ ᠨᠡᠷ᠎ᠡ ᠮᠡᠳᠡᠭᠦᠯᠬᠦ᠌ ᠪᠢᠴᠢᠭ ᠮᠠᠲ᠋ᠧᠷᠢᠶᠠᠯ᠎ᠢ ᠭᠠᠷᠳᠠᠭᠤᠯᠬᠤ ᠴᠠᠭ ᠪᠠ ᠬᠠᠶᠢᠭ
1. ᠴᠠᠭ᠄ 2025 ᠣᠨ᠎ᠤ 9 ᠳ᠋ᠦ᠍ᠭᠡᠷ ᠰᠠᠷ᠎ᠠ᠎ᠶ᠋ᠢᠨ 18 ᠤ ᠡᠳᠦᠷ᠎ᠤᠨ ᠦᠳᠡ ᠶ᠋ᠢᠨ ᠡᠮᠦᠨ᠎ᠡ 9᠄ 00 - 12᠄ 00᠂ ᠦᠳᠡ᠎ᠶ᠋ᠢᠨ ᠬᠤᠢᠨ᠎ᠠ 14᠄ 30 - 17᠄ 00 ᠴᠠᠭ᠃
2. ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ 614 ᠳ᠋ᠦ᠍ᠭᠡᠷ ᠲᠠᠰᠤᠭ᠃
ᠲᠠᠪᠤ᠂ ᠳᠠᠭᠠᠭᠠᠴᠢᠯᠠᠯᠲᠠ ᠨᠡᠢᠲᠡᠯᠡᠬᠦ᠌ ᠴᠠᠭ ᠵᠢᠴᠢ ᠬᠠᠶᠢᠭ
1. ᠳᠠᠭᠠᠭᠠᠴᠢᠯᠠᠯᠲᠠ ᠨᠡᠢᠲᠡᠯᠡᠬᠦ᠌ ᠴᠠᠭ᠄ 2025 ᠣᠨ᠎ᠤ 9 ᠳ᠋ᠦ᠍ᠭᠡᠷ ᠰᠠᠷ᠎ᠠ᠎ᠶ᠋ᠢᠨ 19 ᠤ ᠡᠳᠦᠷ᠎ᠤᠨ 15᠄ 30᠃
2. ᠳᠠᠭᠠᠭᠠᠴᠢᠯᠠᠯᠲᠠ ᠵᠠᠷᠯᠠᠬᠤ ᠬᠠᠶᠢᠭ᠄ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠃
3. ᠭᠤᠶᠤᠴᠢᠯᠠᠭ᠍ᠴᠢ᠎ᠶ᠋ᠢᠨ ᠮᠡᠳᠡᠭᠦᠯᠦᠭ᠌ᠰᠡᠨ ᠦᠨ᠎ᠡ᠂ ᠦᠢᠯᠡᠴᠢᠯᠡᠭᠡᠨ᠎ᠤ ᠲᠥᠰᠦᠯ᠂ ᠠᠵᠢᠯ᠎ᠤᠨ ᠠᠮᠵᠢᠯᠲᠠ ᠪᠦᠲᠦᠮᠵᠢ ᠵᠡᠷᠭᠡ ᠠᠭᠤᠯᠭ᠎ᠠ ᠶ᠋ᠢ ᠶᠡᠷᠦᠩᠬᠡᠢᠯᠡᠨ ᠬᠠᠷᠢᠴᠠᠭᠤᠯᠵᠤ ᠪᠠᠢᠭᠠᠳ ᠳᠠᠭᠠᠭᠠᠴᠢᠯᠠᠯᠲᠠ ᠣᠯᠣᠭ᠍ᠰᠠᠳ᠎ᠢ ᠰᠣᠩᠭᠤᠨ ᠲᠣᠭ᠍ᠲᠠᠭᠠᠨ᠎ᠠ᠃
ᠵᠢᠷᠭᠤᠭ᠎ᠠ᠂ ᠬᠠᠷᠢᠯᠴᠠᠬᠤ ᠠᠷᠭ᠎ᠠ ᠮᠠᠶᠢᠭ
ᠬᠠᠷᠢᠯᠴᠠᠬᠤ ᠬᠥᠮᠥᠨ᠄ ᠬᠠᠨ ᠱᠠᠩ ᠵᠢᠶᠦ᠋ᠨ
ᠬᠠᠷᠢᠯᠴᠠᠬᠤ ᠤᠲᠠᠰᠤ᠄ 0471-6945209