ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠠᠯᠪᠠᠨ ᠨᠡᠶ᠋ᠢᠲᠡᠯᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠶᠠᠭ᠍ᠳᠠᠮᠠᠯ ᠮᠠᠱᠢᠨ ᠲᠡᠷᠭᠡ᠎ᠶ᠋ᠢ ᠡᠭᠡᠭᠦᠯᠦᠨ ᠬᠤᠷᠢᠶᠠᠵᠤ ᠵᠠᠳᠠᠯᠤᠨ ᠰᠠᠯᠭᠠᠬᠤ ᠬᠢᠷᠢ ᠬᠡᠮ᠎ᠢ ᠮᠠᠭᠠᠳᠯᠠᠨ ᠲᠣᠭ᠍ᠲᠠᠭᠠᠬᠤ ᠠᠬᠤᠢ ᠲᠠᠯᠠᠪᠠᠢ ᠎ᠶ᠋ᠢᠨ ᠱᠢᠯᠭᠠᠨ ᠠᠪᠴᠤ᠌ ᠬᠢᠨᠠᠨ ᠲᠣᠭ᠍ᠲᠠᠭᠠᠬᠤ ᠲᠤᠰᠭᠠᠶ ᠮᠡᠷᠭᠡᠵᠢᠯᠲᠡᠨ᠎ᠢ ᠵᠠᠷᠯᠠᠨ ᠨᠡᠢᠲᠡᠯᠡᠬᠦ᠌
ᠨᠡᠶ᠋ᠢᠲᠡᠯᠡᠭᠰᠡᠨ ᠴᠠᠭ᠄ 2025-09-16

  《ᠬᠠᠶᠠᠭ᠍ᠳᠠᠮᠠᠯ ᠮᠠᠱᠢᠨ ᠲᠡᠷᠭᠡ᠎ᠶ᠋ᠢ ᠡᠭᠡᠭᠦᠯᠦᠨ ᠬᠤᠷᠢᠶᠠᠬᠤ ᠬᠠᠮᠢᠶᠠᠷᠤᠯᠲᠠ᠎ᠶ᠋ᠢᠨ ᠠᠷᠭ᠎ᠠ 》( ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠵᠠᠷᠯᠢᠭ 715 ᠳ᠋ᠤᠭᠠᠷ ᠲᠣᠭᠠᠲᠤ ) ᠵᠢᠴᠢ  《 ᠬᠠᠶᠠᠭ᠍ᠳᠠᠮᠠᠯ ᠮᠠᠱᠢᠨ ᠲᠡᠷᠭᠡ᠎ᠶ᠋ᠢ ᠡᠭᠡᠭᠦᠯᠦᠨ ᠬᠤᠷᠢᠶᠠᠬᠤ ᠬᠠᠮᠢᠶᠠᠷᠤᠯᠲᠠ᠎ᠶ᠋ᠢᠨ ᠠᠷᠭ᠎ᠠ᠎ᠶ᠋ᠢᠨ ᠬᠡᠷᠡᠭ᠌ᠵᠢᠭᠦᠯᠬᠦ᠌ ᠨᠠᠷᠢᠨ ᠳᠦᠷᠢᠮ 》 ( ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠵᠠᠷᠯᠢᠭ 2020 ᠣᠨ᠎ᠤ 2 ᠳ᠋ᠤᠭᠠᠷ ᠲᠣᠭᠠᠲᠤ ) ᠵᠡᠷᠭᠡ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠥᠬᠦ᠌ ᠣᠷᠣᠨ᠎ᠤ ᠬᠠᠶᠠᠭ᠍ᠳᠠᠮᠠᠯ ᠮᠠᠱᠢᠨ ᠲᠡᠷᠭᠡ᠎ᠶ᠋ᠢ ᠡᠭᠡᠭᠦᠯᠦᠨ ᠬᠤᠷᠢᠶᠠᠵᠤ ᠵᠠᠳᠠᠯᠤᠨ ᠰᠠᠯᠭᠠᠬᠤ ᠠᠵᠤ ᠠᠬᠤᠢᠯᠠᠯ᠎ᠤᠨ ᠬᠢᠷᠢ ᠬᠡᠮ᠎ᠢ ᠮᠠᠭᠠᠳᠯᠠᠨ ᠲᠣᠭ᠍ᠲᠠᠭᠠᠬᠤ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠢᠨᠠᠨ ᠲᠣᠭ᠍ᠲᠠᠭᠠᠵᠤ ᠲᠤᠰᠭᠠᠢᠵᠢᠭᠤᠯᠬᠤ ᠬᠢᠷᠢ ᠲᠦᠪᠱᠢᠨ ᠪᠠ ᠱᠢᠢᠳᠪᠦᠷᠢᠲᠦ ᠪᠣᠳᠣᠯᠭ᠎ᠠ᠎ᠶ᠋ᠢᠨ ᠱᠢᠨᠵᠢᠯᠡᠬᠦ᠌ ᠤᠬᠠᠭᠠᠨᠴᠢ ᠴᠢᠨᠠᠷ᠎ᠢ ᠳᠡᠭᠡᠭ᠌ᠰᠢᠯᠡᠭᠦᠯᠵᠦ᠍᠂ ᠠᠵᠢᠯ ᠲᠥᠷᠥᠯ᠎ᠤᠨ ᠪᠣᠬᠢᠷᠲᠤᠯ ᠥᠬᠡᠶ᠂ ᠵᠢᠷᠤᠮᠵᠢᠭ᠍ᠰᠠᠨ ᠬᠥᠭ᠌ᠵᠢᠯᠲᠡ᠎ᠶ᠋ᠢ ᠠᠬᠢᠭᠤᠯᠬᠤ᠎ᠶ᠋ᠢᠨ ᠲᠤᠰᠠᠳᠠ᠂ ᠬᠤᠪᠢ ᠬᠥᠮᠦᠨ ᠭᠤᠶᠤᠴᠢᠯᠠᠬᠤ᠂ ᠨᠢᠭᠡᠴᠢ ᠡᠷᠭᠦᠨ ᠲᠠᠨᠢᠯᠴᠠᠭᠤᠯᠬᠤ᠂ ᠠᠢᠮᠠᠭ ᠬᠤᠲᠠ᠎ᠶ᠋ᠢᠨ ᠠᠩᠬᠠᠨ᠎ᠤ ᠬᠢᠨᠠᠯᠲᠠ ᠵᠢᠴᠢ ᠮᠠᠨ᠎ᠤ ᠲᠢᠩᠬᠢᠮ᠎ᠤᠨ ᠬᠢᠨᠠᠨ ᠬᠠᠷᠭᠤᠭᠤᠯᠵᠤ ᠱᠢᠯᠢᠨ ᠰᠣᠩᠭᠤᠬᠤ᠎ᠪᠠᠷ ᠳᠡᠮᠵᠢᠨ᠂ ᠡᠳᠦᠭᠡ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠶᠠᠭ᠍ᠳᠠᠮᠠᠯ ᠮᠠᠱᠢᠨ ᠲᠡᠷᠭᠡ᠎ᠶ᠋ᠢ ᠡᠭᠡᠭᠦᠯᠦᠨ ᠬᠤᠷᠢᠶᠠᠵᠤ ᠵᠠᠳᠠᠯᠤᠨ ᠰᠠᠯᠭᠠᠬᠤ ᠬᠢᠷᠢ ᠬᠡᠮ᠎ᠢ ᠮᠠᠭᠠᠳᠯᠠᠨ ᠲᠣᠭ᠍ᠲᠠᠭᠠᠬᠤ ᠠᠬᠤᠢ ᠲᠠᠯᠠᠪᠠᠢ ᠎ᠶ᠋ᠢᠨ ᠱᠢᠯᠭᠠᠨ ᠠᠪᠴᠤ᠌ ᠬᠢᠨᠠᠨ ᠲᠣᠭ᠍ᠲᠠᠭᠠᠬᠤ ᠲᠤᠰᠭᠠᠶ ᠮᠡᠷᠭᠡᠵᠢᠯᠲᠡᠨ᠎ᠤ ᠬᠥᠮᠥᠷᠭᠡ᠎ᠳᠤ ᠬᠥᠳᠡᠯᠦᠩᠭᠦᠶ ᠲᠣᠬᠢᠷᠠᠭᠤᠯᠤᠯᠲᠠ ᠬᠢᠪᠠ᠃

  ᠯᠢᠦ ᠸᠧᠶ ᠸᠧᠶ᠂ ᠯᠢᠦ ᠱᠢᠨ ᠯᠢᠨ᠂ ᠸᠠᠩ ᠫᠧᠢ ᠷᠦᠨ ᠵᠡᠷᠭᠡ 33 ᠬᠥᠮᠦᠨ᠎ᠢ ᠬᠢᠨᠠᠨ ᠲᠣᠭ᠍ᠲᠠᠭᠠᠬᠤ ᠲᠤᠰᠭᠠᠶ ᠮᠡᠷᠭᠡᠵᠢᠯᠲᠡᠨ᠎ᠤ ᠬᠥᠮᠥᠷᠭᠡ᠎ᠳᠤ ᠣᠷᠣᠭᠤᠯᠬᠤ᠎ᠪᠠᠷ ᠲᠣᠭ᠍ᠲᠠᠭᠠᠪᠠ; ᠠᠵᠢᠯ᠎ᠤᠨ ᠬᠤᠪᠢᠷᠠᠯᠲᠠ᠂ ᠲᠤᠰᠭᠠᠶ ᠮᠡᠷᠭᠡᠵᠢᠯ᠎ᠤᠨ ᠬᠠᠨᠳᠤᠯᠭᠠᠲᠤ ᠴᠢᠨᠠᠷ᠎ᠢᠶᠠᠷ ᠴᠢᠩᠭ᠎ᠠ ᠪᠢᠰᠢ᠂ ᠬᠢᠨᠠᠨ ᠲᠣᠭ᠍ᠲᠠᠭᠠᠬᠤ᠎ᠳᠤ ᠣᠷᠣᠯᠴᠠᠬᠤ᠎ᠶ᠋ᠢ ᠣᠯᠠᠨ ᠤᠳᠠᠭ᠎ᠠ ᠲᠡᠪᠴᠢᠭ᠌ᠰᠡᠨ ᠵᠡᠷᠭᠡ ᠬᠦᠴᠦᠨ ᠵᠦᠢᠯ᠎ᠢ ᠶᠡᠷᠦᠩᠬᠡᠢᠯᠡᠨ ᠪᠣᠳᠣᠯᠬᠢᠯᠠᠵᠤ᠂ ᠯᠢᠦ ᠸᠧᠶ᠂ ᠬᠤᠤ ᠱᠢᠶᠤᠤ ᠯᠢ᠂ ᠯᠸᠢ ᠵᠢᠶᠦ᠋ᠨ ᠵᠡᠷᠭᠡ 103 ᠬᠥᠮᠦᠨ᠎ᠢ ᠬᠢᠨᠠᠨ ᠲᠣᠭ᠍ᠲᠠᠭᠠᠬᠤ ᠲᠤᠰᠭᠠᠶ ᠮᠡᠷᠭᠡᠵᠢᠯᠲᠡᠨ᠎ᠤ ᠬᠥᠮᠥᠷᠭᠡ᠎ᠳᠤ ᠣᠷᠣᠭᠤᠯᠬᠤ ᠥᠬᠡᠶ᠃ ᠣᠳᠣ ᠲᠣᠬᠢᠷᠠᠭᠤᠯᠤᠭ᠍ᠰᠠᠨ᠎ᠤ ᠳᠠᠷᠠᠭᠠᠬᠢ ᠲᠤᠰᠭᠠᠶ ᠮᠡᠷᠭᠡᠵᠢᠯᠲᠡᠨ᠎ᠦ ᠨᠡᠷᠡᠰ᠎ᠢ ᠨᠡᠢᠭᠡᠮ᠎ᠳᠦ ᠢᠯᠡ᠎ᠪᠠᠷ ᠨᠡᠢᠲᠡᠯᠡᠨ᠎ᠡ ᠃

  ᠵᠠᠷᠯᠠᠨ ᠨᠡᠢᠲᠡᠯᠡᠬᠦ᠌ ᠬᠤᠭᠤᠴᠠᠭ᠎ᠠ᠎ᠨᠢ 2025 ᠣᠨ᠎ᠤ 9 ᠳ᠋ᠤᠭᠡᠷ ᠰᠠᠷ᠎ᠠ᠎ᠶ᠋ᠢᠨ 16 ᠎ᠤ ᠡᠳᠦᠷ᠎ᠠᠴᠠ 2025 ᠣᠨ᠎ᠤ 9 ᠳ᠋ᠤᠭᠡᠷ ᠰᠠᠷ᠎ᠠ᠎ᠶ᠋ᠢᠨ 23᠎ᠤ ᠡᠳᠦᠷ ᠪᠣᠯᠲᠠᠯ᠎ᠠ᠃ ᠣᠨᠳᠣᠣ ᠰᠠᠨᠠᠯ᠎ᠲᠠᠢ ᠪᠣᠯ᠂ ᠵᠠᠷᠯᠠᠨ ᠨᠡᠢᠲᠡᠯᠡᠬᠦ᠌ ᠬᠤᠭᠤᠴᠠᠭᠠᠨ᠎ᠳᠤ ᠦᠨᠡᠨ ᠨᠡᠷ᠎ᠡ ᠎ᠶ᠋ᠢᠨ ᠬᠡᠯᠪᠡᠷᠢ᠎ᠪᠡᠷ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠳᠤ ᠲᠤᠰᠭᠠᠬᠤ᠎ᠶ᠋ᠢᠨ ᠬᠠᠮᠲᠤ ᠪᠣᠳᠠᠲᠠᠶ ᠱᠢᠯᠲᠠᠭᠠᠨ᠂ ᠬᠠᠮᠢᠶ᠎ᠠ ᠪᠥᠬᠦᠶ ᠭᠡᠷᠡᠴᠢ ᠪᠠᠷᠢᠮᠲᠠ ᠵᠢᠴᠢ  ᠬᠦᠴᠦᠨ ᠲᠡᠶ ᠬᠠᠷᠢᠯᠴᠠᠬᠤ ᠠᠷᠭ᠎ᠠ ᠮᠠᠶᠢᠭ᠎ᠢ ᠬᠠᠩᠭᠠᠨ᠎ᠠ᠃ ᠬᠤᠭᠤᠴᠠᠭ᠎ᠠ ᠥᠩᠭᠡᠷᠡᠭ᠌ᠰᠡᠨ ᠪᠤᠶᠤ ᠨᠡᠷ᠎ᠡ ᠪᠤᠷᠤᠭᠤᠯᠠᠭ᠍ᠰᠠᠨ ᠣᠨᠳᠣᠣ ᠰᠠᠨᠠᠯ ᠎ᠢ ᠬᠦᠯᠢᠶᠡᠨ ᠠᠪᠴᠤ᠌ ᠱᠢᠢᠳᠪᠦᠷᠢᠯᠡᠬᠦ᠌ ᠦᠭᠡᠢ᠃

  ᠬᠦᠯᠢᠶᠡᠨ ᠠᠪᠴᠤ᠌ ᠱᠢᠢᠳᠪᠦᠷᠢᠯᠡᠬᠦ᠌ ᠨᠢᠭᠡᠴᠢ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ

  ᠬᠠᠶᠢᠭ᠄ ᠬᠥᠬᠡᠬᠤᠲᠠ᠎ᠶ᠋ᠢᠨ ᠱᠢᠨᠬᠤᠸᠠ ᠶᠡᠭᠡ ᠵᠡᠭᠡᠯᠢ᠎ᠶ᠋ᠢᠨ 63 ᠳ᠋ᠤᠭᠠᠷ ᠲᠣᠭᠠᠲᠤ

  ᠬᠠᠷᠢᠯᠴᠠᠬᠤ ᠤᠲᠠᠰᠤ᠄ 0471 - 5332429

  ᠢᠮᠧᠯ᠄ 1321593472@qq.com

  

  ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ

  2025 ᠣᠨ᠎ᠤ 9 ᠳ᠋ᠤᠭᠡᠷ ᠰᠠᠷ᠎ᠠ᠎ᠶ᠋ᠢᠨ 16 ᠎ᠤ ᠡᠳᠦᠷ

  

  ᠳᠠᠭᠠᠯᠳᠤᠭᠤᠯᠤᠯ 1᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠶᠠᠭ᠍ᠳᠠᠮᠠᠯ ᠮᠠᠱᠢᠨ ᠲᠡᠷᠭᠡ᠎ᠶ᠋ᠢ ᠡᠭᠡᠭᠦᠯᠦᠨ ᠬᠤᠷᠢᠶᠠᠵᠤ ᠵᠠᠳᠠᠯᠤᠨ ᠰᠠᠯᠭᠠᠬᠤ ᠬᠢᠷᠢ  ᠬᠡᠮ᠎ᠢ ᠮᠠᠭᠠᠳᠯᠠᠨ ᠲᠣᠭ᠍ᠲᠠᠭᠠᠬᠤ ᠠᠬᠤᠢ ᠲᠠᠯᠠᠪᠠᠢ ᠎ᠶ᠋ᠢᠨ ᠱᠢᠯᠭᠠᠨ ᠠᠪᠴᠤ᠌ ᠬᠢᠨᠠᠨ ᠲᠣᠭ᠍ᠲᠠᠭᠠᠬᠤ ᠲᠤᠰᠭᠠᠶ ᠮᠡᠷᠭᠡᠵᠢᠯᠲᠡᠨ᠎ᠦ ᠬᠥᠮᠥᠷᠭᠡ ᠎ᠶ᠋ᠢᠨ ᠣᠳᠣ᠎ᠶ᠋ᠢᠨ ᠪᠠᠢᠭ᠎ᠠ ᠲᠤᠰᠭᠠᠶ ᠮᠡᠷᠭᠡᠵᠢᠯᠲᠡᠨ᠎ᠦ ᠨᠡᠷᠡᠰ ( ᠨᠡᠷᠡᠰ᠎ᠦᠨ ᠵᠢᠭᠰᠠᠭ᠋ᠠᠯᠲᠠ ᠨᠢ ᠡᠮᠦᠨ᠎ᠡ ᠬᠤᠢ᠌ᠨ᠎ᠠ ᠭᠡᠵᠦ ᠢᠯᠭ᠋ᠠᠬᠤ ᠦᠭᠡᠢ )

   2᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠶᠠᠭ᠍ᠳᠠᠮᠠᠯ ᠮᠠᠱᠢᠨ ᠲᠡᠷᠭᠡ᠎ᠶ᠋ᠢ ᠡᠭᠡᠭᠦᠯᠦᠨ ᠬᠤᠷᠢᠶᠠᠵᠤ ᠵᠠᠳᠠᠯᠤᠨ ᠰᠠᠯᠭᠠᠬᠤ ᠬᠢᠷᠢ ᠬᠡᠮ᠎ᠢ ᠱᠢᠯᠭᠠᠨ ᠠᠪᠴᠤ᠌  ᠮᠠᠭᠠᠳᠯᠠᠨ ᠲᠣᠭ᠍ᠲᠠᠭᠠᠬᠤ ᠠᠬᠤᠢ ᠲᠠᠯᠠᠪᠠᠢ ᠎ᠶ᠋ᠢᠨ ᠱᠢᠯᠭᠠᠨ ᠠᠪᠴᠤ᠌ ᠬᠢᠨᠠᠨ ᠲᠣᠭ᠍ᠲᠠᠭᠠᠬᠤ ᠲᠤᠰᠭᠠᠶ ᠮᠡᠷᠭᠡᠵᠢᠯᠲᠡᠨ᠎ᠤ ᠬᠥᠮᠥᠷᠭᠡ᠎ᠠᠴᠠ ᠭᠠᠷᠭᠠᠬᠤ ᠲᠤᠰᠭᠠᠶ ᠮᠡᠷᠭᠡᠵᠢᠯᠲᠡᠨ᠎ᠤ ᠨᠡᠷᠡᠰ᠎ᠤᠨ ᠵᠢᠭ᠍ᠰᠠᠭᠠᠯᠲᠠ (ᠨᠡᠷᠡᠰ᠎ᠦᠨ ᠵᠢᠭᠰᠠᠭ᠋ᠠᠯᠲᠠ ᠨᠢ ᠡᠮᠦᠨ᠎ᠡ ᠬᠤᠢ᠌ᠨ᠎ᠠ ᠭᠡᠵᠦ ᠢᠯᠭ᠋ᠠᠬᠤ ᠦᠭᠡᠢ )

ᠢᠷᠡᠯᠲᠡ᠄ ᠶᠡᠭᠡ ᠲᠢᠩᠬᠢᠮ
          
ᠬᠠᠮᠢᠶ᠎ᠡ ᠪᠦᠬᠦᠢ ᠰᠣᠨᠢᠨ
 
            