ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠠᠯᠪᠠᠨ ᠨᠡᠶ᠋ᠢᠲᠡᠯᠡᠯ
ᠥᠪᠥᠷ ᠮᠣᠩᠭᠤᠯ ᠎ᠤᠨ ᠳ᠋ᠢᠵᠢᠲ᠋ᠠᠯ ᠠᠵᠤ ᠠᠬᠤᠶ᠎ᠶ᠋ᠢᠨ ᠭᠤᠤᠯᠳᠠᠯᠭ᠎ᠠ᠎ᠲᠠᠢ ᠠᠵᠤ ᠦᠢᠯᠡᠰ᠎ᠤᠨ ᠪᠥᠯᠥᠭ᠌ᠵᠢᠯ᠎ᠢ ᠡᠯᠰᠡᠨ ᠣᠷᠤᠭᠤᠯᠬᠤ ᠶᠠᠷᠢᠯᠴᠠᠬᠤ ᠬᠤᠷᠠᠯ ( ᠪᠡᠭᠡᠵᠢᠩ )᠎ᠤᠨ ᠲᠥᠷᠥᠯ ᠵᠦᠢᠯ ᠎ᠤᠨ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢᠨ ᠨᠡᠷ᠎ᠡ ᠮᠡᠳᠡᠭᠦᠯᠬᠦ᠌ ᠲᠤᠬᠠᠶ ᠠᠯᠪᠠᠨ ᠵᠠᠷ
ᠨᠡᠶ᠋ᠢᠲᠡᠯᠡᠭᠰᠡᠨ ᠴᠠᠭ᠄ 2025-09-23

  ᠬᠠᠮᠢᠶᠠᠷᠤᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠬᠤᠳᠠᠯᠳᠤᠨ ᠠᠪᠬᠤ ᠠᠵᠢᠯᠯᠠᠭ᠎ᠠ᠎ᠶ᠋ᠢ ᠵᠢᠷᠤᠮᠵᠢᠭᠤᠯᠤᠨ᠂ ᠥᠪᠥᠷ ᠮᠣᠩᠭᠤᠯ᠎ᠤᠨ ᠳ᠋ᠢᠵᠢᠲ᠋ᠠᠯ ᠠᠵᠤ ᠠᠬᠤᠶ ᠎ᠶ᠋ᠢᠨ ᠭᠤᠤᠯᠳᠠᠯᠭ᠎ᠠ᠎ᠲᠠᠢ ᠠᠵᠤ ᠦᠢᠯᠡᠰ᠎ᠤᠨ ᠪᠥᠯᠥᠭ᠌ᠵᠢᠯ᠎ᠢ ᠡᠯᠰᠡᠨ ᠣᠷᠤᠭᠤᠯᠬᠤ ᠶᠠᠷᠢᠯᠴᠠᠬᠤ ᠬᠤᠷᠠᠯ ( ᠪᠡᠭᠡᠵᠢᠩ ) ᠎ᠤᠨ ᠲᠥᠷᠥᠯ ᠵᠦᠢᠯ᠎ᠢ ᠬᠤᠳᠠᠯᠳᠤᠨ ᠠᠪᠬᠤ ᠡᠭᠦᠷᠭᠡ᠎ᠶ᠋ᠢ ᠤᠷᠤᠭ᠍ᠰᠢᠲᠠᠶ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠬᠤ᠎ᠶ᠋ᠢᠨ ᠲᠤᠰᠠᠳᠠ᠂ ᠡᠳᠦᠭᠡ ᠬᠢᠷᠢ ᠬᠡᠮ᠎ᠤᠨ ᠨᠥᠬᠦᠴᠡᠯ᠎ᠳᠤ ᠨᠡᠢᠴᠡᠬᠦ᠌ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠨ ᠭᠦᠢᠴᠡᠳᠭᠡᠬᠦ᠌ ᠦᠢᠯᠡᠴᠢᠯᠡᠭᠡᠨ᠎ᠤ ᠪᠠᠢᠭᠤᠯᠤᠮᠵᠢ ᠨᠡᠷ᠎ᠡ ᠮᠡᠳᠡᠭᠦᠯᠦᠨ ᠣᠷᠣᠯᠴᠠᠬᠤ ᠎ᠶ᠋ᠢ ᠤᠷᠢᠵᠤ ᠪᠠᠢᠨ᠎ᠠ᠃

  ᠨᠢᠭᠡ᠂ ᠲᠥᠷᠥᠯ ᠵᠦᠢᠯ᠎ᠤᠨ ᠲᠦᠢᠮᠣ ᠪᠠᠢᠳᠠᠯ

  1. ᠲᠥᠷᠥᠯ ᠵᠦᠢᠯ᠎ᠤᠨ ᠨᠡᠷᠡᠢᠳᠦᠯ᠄ ᠥᠪᠥᠷ ᠮᠣᠩᠭᠤᠯ᠎ᠤᠨ ᠳ᠋ᠢᠵᠢᠲ᠋ᠠᠯ ᠠᠵᠤ ᠠᠬᠤᠶ᠎ᠶ᠋ᠢᠨ ᠭᠤᠤᠯᠳᠠᠯᠭ᠎ᠠ᠎ᠲᠠᠢ ᠠᠵᠤ ᠦᠢᠯᠡᠰ᠎ᠤᠨ ᠪᠦᠯᠦᠭ᠌ᠵᠢᠯ᠎ᠢ ᠡᠯᠰᠡᠨ ᠣᠷᠤᠭᠤᠯᠬᠤ ᠶᠠᠷᠢᠯᠴᠠᠬᠤ ᠬᠤᠷᠠᠯ ( ᠪᠡᠭᠡᠵᠢᠩ ) ᠎ᠤᠨ ᠲᠥᠷᠥᠯ ᠵᠦᠢᠯ᠎ᠤᠨ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠦᠢᠯᠡᠴᠢᠯᠡᠭᠡ᠎ᠶ᠋ᠢ ᠰᠣᠩᠭᠤᠨ ᠬᠡᠷᠡᠭ᠌ᠯᠡᠬᠦ᠌

  2. ᠠᠭᠤᠯᠭ᠎ᠠ ᠪᠠ ᠬᠤᠪᠢᠶᠠᠨ ᠳᠠᠭᠠᠭᠠᠴᠢᠯᠠᠭᠤᠯᠤᠭ᠍ᠰᠠᠨ ᠪᠠᠢᠳᠠᠯ ( ᠮᠡᠷᠭᠡᠵᠢᠯ᠎ᠤᠨ ᠬᠡᠪ ᠪᠠᠷᠢᠮᠵᠢᠶ᠎ᠠ᠂ ᠪᠣᠯᠵᠣᠯᠲᠤ ᠲᠤᠭ᠎ᠠ ᠵᠢᠴᠢ ᠱᠠᠭᠠᠷᠳᠠᠯᠭ᠎ᠠ )

  ᠬᠤᠪᠢᠶᠠᠨ ᠳᠠᠭᠠᠭᠠᠴᠢᠯᠠᠭᠤᠯᠤᠭ᠍ᠰᠠᠨ ᠳ᠋ᠤᠭᠠᠷ᠄ 1

  ᠡᠳ᠋ ᠪᠠᠷᠠᠭ᠎ᠠ᠂ ᠦᠢᠯᠡᠴᠢᠯᠡᠭᠡ ᠪᠠ ᠢᠨᠵᠸᠨ᠋ᠸᠷᠢᠩ ᠎ᠦᠨ ᠨᠡᠷᠡᠢᠳᠦᠯ᠄ ᠥᠪᠥᠷ ᠮᠣᠩᠭᠤᠯ᠎ᠤᠨ ᠳ᠋ᠢᠵᠢᠲ᠋ᠠᠯ ᠠᠵᠤ ᠠᠬᠤᠶ᠎ᠶ᠋ᠢᠨ ᠭᠤᠤᠯᠳᠠᠯᠭ᠎ᠠ᠎ᠲᠠᠢ ᠠᠵᠤ ᠦᠢᠯᠡᠰ᠎ᠤᠨ ᠪᠦᠯᠦᠭ᠌ᠵᠢᠯ᠎ᠢ ᠡᠯᠰᠡᠨ ᠣᠷᠤᠭᠤᠯᠬᠤ ᠶᠠᠷᠢᠯᠴᠠᠬᠤ ᠬᠤᠷᠠᠯ ( ᠪᠡᠭᠡᠵᠢᠩ ) ᠎ᠤᠨ ᠲᠥᠷᠥᠯ ᠵᠦᠢᠯ

  ᠲᠤᠭ᠎ᠠ ᠬᠡᠮᠵᠢᠶ᠎ᠡ᠄ 1 ᠵᠦᠢᠯ

  ᠮᠡᠷᠭᠡᠵᠢᠯ᠎ᠤᠨ ᠬᠡᠪ ᠪᠠᠷᠢᠮᠵᠢᠶ᠎ᠠ᠂ ᠪᠣᠯᠵᠣᠯᠲᠤ ᠲᠤᠭ᠎ᠠ ᠵᠢᠴᠢ ᠱᠠᠭᠠᠷᠳᠠᠯᠭ᠎ᠠ᠄ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠦᠢᠯᠡᠴᠢᠯᠡᠭᠡ

  ᠵᠡᠭᠦᠯᠲᠡ

  ᠬᠤᠶᠠᠷ᠂ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢᠨ ᠬᠢᠷᠢ ᠬᠡᠮ᠎ᠤᠨ ᠱᠠᠭᠠᠷᠳᠠᠯᠭ᠎ᠠ

  ᠴᠤᠤᠷᠢᠶᠠᠳᠤᠨ ᠳᠠᠭᠠᠭ᠍ᠴᠢ 《 ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ 》᠎ᠶ᠋ᠢᠨ ᠬᠤᠷᠢᠨ ᠬᠤᠶᠠᠳᠤᠭᠠᠷ ᠵᠤᠷᠪᠤᠰ ᠎ᠲᠤ ᠲᠣᠭ᠍ᠲᠠᠭᠠᠭ᠍ᠰᠠᠨ ᠨᠥᠬᠦᠴᠡᠯ᠎ᠢ ᠪᠦᠷᠢᠯᠳᠦᠭᠦᠯᠵᠦ᠍᠂ ᠡᠯ᠎ᠡ ᠵᠦᠢᠯ᠎ᠤᠨ ᠲᠣᠭ᠍ᠲᠠᠭᠠᠯ᠎ᠳᠤ ᠨᠡᠢᠴᠡᠭ᠌ᠰᠡᠨ ᠬᠠᠩᠭᠠᠯᠭ᠎ᠠ᠎ᠶ᠋ᠢᠨ ᠬᠤᠳᠠᠯᠳᠤᠭᠠᠴᠢᠨ᠎ᠢ ᠮᠡᠳᠡᠷᠡᠬᠦ᠌ ᠪᠥᠭᠡᠳ ᠠᠮᠠᠯᠠᠯᠲᠠ᠎ᠪᠠᠷ ᠭᠦᠢᠴᠡᠳᠭᠡᠬᠦ᠌᠎ᠶ᠋ᠢᠨ ᠬᠠᠮᠲᠤ᠌᠂ ᠳᠣᠤᠷᠠᠬᠢ ᠨᠥᠬᠦᠴᠡᠯ᠎ᠢ ᠪᠦᠷᠢᠯᠳᠦᠭᠦᠯᠬᠦ᠌ ᠬᠡᠷᠡᠭ᠌ᠲᠡᠶ᠄

  1. ᠪᠡᠶ᠎ᠡ᠎ᠪᠠᠨ ᠳᠠᠭᠠᠭᠠᠭ᠍ᠰᠠᠨ ᠬᠠᠤᠯᠢ᠎ᠶ᠋ᠢᠨ ᠡᠷᠬᠡᠲᠡᠨ᠎ᠤ ᠬᠢᠷᠢ ᠬᠡᠮ᠎ᠲᠠᠢ ᠪᠥᠭᠡᠳ ᠬᠦᠴᠦᠨ ᠪᠦᠬᠦᠢ ᠡᠵᠡᠩᠨᠡᠯᠲᠡ᠎ᠶ᠋ᠢᠨ ᠦᠨᠡᠮᠯᠡᠯ᠎ᠲᠠᠢ ᠪᠠᠢᠬᠤ ᠬᠡᠷᠡᠭ᠌ᠲᠡᠢ ;

  2. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶᠡᠨ ᠳᠡᠭᠡᠷ᠎ᠡ ᠳᠠᠩᠰᠠᠯᠠᠭᠤᠯᠬᠤ᠎ᠶ᠋ᠢᠨ ᠬᠠᠮᠲᠤ ᠪᠠᠢᠴᠠᠭᠠᠨ ᠯᠠᠪᠯᠠᠬᠤ ᠤᠭ᠍ᠲᠤᠯᠤᠭ᠍ᠰᠠᠨ ᠵᠢᠷᠤᠭ᠎ᠢ ᠬᠠᠩᠭᠠᠨ᠎ᠠ ;

  3. ᠣᠢᠷ᠎ᠠ᠎ᠶ᠋ᠢᠨ ᠨᠢᠭᠡ ᠵᠢᠯ᠎ᠦᠨ ᠭᠠᠢᠯᠢ ᠲᠤᠱᠢᠶᠠᠭ᠍ᠰᠠᠨ ᠭᠡᠷᠡᠴᠢ ( ᠭᠠᠢᠯᠢ᠎ᠶ᠋ᠢᠨ ᠶᠠᠪᠤᠳᠠᠯ᠎ᠤᠨ  ᠪᠠᠢᠭᠤᠯᠭ᠎ᠠ᠎ᠶ᠋ᠢᠨ ᠬᠢᠵᠦ᠍ ᠥᠭ᠌ᠭᠦᠭ᠌ᠰᠡᠨ ᠭᠠᠢᠯᠢ ᠲᠤᠱᠢᠶᠠᠭ᠍ᠰᠠᠨ ᠵᠣᠭᠣᠰ ᠲᠤᠱᠢᠶᠠᠭ᠍ᠰᠠᠨ ᠪᠢᠴᠢᠭ ᠪᠤᠶᠤ ᠪᠠᠩᠬᠢ᠎ᠶ᠋ᠢᠨ ᠭᠠᠢᠯᠢ ᠬᠠᠰᠤᠭ᠍ᠰᠠᠨ ᠭᠡᠷᠡᠴᠢ᠎ᠪᠡᠷ ᠪᠠᠷᠢᠮᠵᠢᠶ᠎ᠠ ᠪᠣᠯᠭᠠᠨ᠎ᠠ );

  4. ᠠᠵᠢᠯᠲᠠᠨ᠂ ᠲᠥᠬᠦᠭᠡᠷᠦᠮᠵᠢ ᠪᠠ ᠶᠠᠰᠤ ᠴᠢᠨᠠᠷ᠎ᠤᠨ ᠪᠠᠲᠤᠯᠠᠭ᠎ᠠ᠎ᠶ᠋ᠢ ᠪᠦᠷᠢᠯᠳᠦᠭᠦᠯᠵᠦ᠍᠂ ᠲᠦᠷᠦᠯ ᠵᠦᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠦᠭ᠌ᠰᠡᠨ ᠬᠦᠴᠦᠨ ᠪᠦᠬᠦᠢ ᠭᠡᠷᠡᠴᠢᠯᠡᠬᠦ᠌ ᠮᠠᠲ᠋ᠧᠷᠢᠶᠠᠯ ;

  5. ᠵᠠᠷᠯᠢᠭ᠍ᠳᠠᠵᠤ ᠪᠠᠢᠭᠠᠳ ᠠᠵᠢᠯ᠎ᠢ ᠨᠢ ᠵᠣᠭᠰᠤᠭᠠᠬᠤ ᠂ ᠳᠠᠭᠠᠭᠠᠴᠢᠯᠠᠯᠲᠠ᠎ᠳᠤ ᠣᠷᠣᠬᠤ ᠬᠢᠷᠢ ᠬᠡᠮ᠎ᠢ ᠨᠢ ᠬᠦᠴᠦᠨ ᠦᠭᠡᠢ ᠪᠣᠯᠭᠠᠬᠤ ᠂ ᠡᠳ᠋ ᠬᠥᠷᠥᠩᠭᠡ᠎ᠶᠢ ᠨᠢ ᠭᠥᠯᠢᠶᠡᠨ ᠠᠪᠴᠤ ᠬᠠᠮᠢᠶᠠᠷᠬᠤ ᠂ ᠴᠡᠪᠳᠡᠭᠯᠡᠬᠦ ᠂ ᠲᠠᠮᠫᠤᠷᠠᠬᠤ ᠵᠡᠷᠭᠡ ᠪᠠᠢᠳᠠᠯ᠎ᠳᠤ ᠣᠷᠣᠭ᠎ᠠ ᠦᠭᠡᠢ ;

  6. 《ᠢᠲᠡᠭᠡᠮᠵᠢᠲᠦ ᠳᠤᠮᠳᠠᠳᠤ ᠤᠯᠤᠰ》᠎ᠤᠨ ᠰᠦᠯᠵᠢᠶ᠎ᠡ                                                          ( http᠄ //www.creditchina.gov.cn/ )᠎ᠳᠤ ᠢᠲᠡᠭᠡᠯ᠎ᠢᠶᠠᠨ ᠠᠯᠳᠠᠭ᠍ᠰᠠᠨ ᠭᠦᠢᠴᠡᠳᠭᠡᠭ᠌ᠳᠡᠭ᠌ᠴᠢ ᠎ᠶ᠋ᠢᠨ ᠨᠡᠷᠡᠰ᠎ᠲᠤ ᠵᠢᠭ᠍ᠰᠠᠭᠠᠭ᠍ᠳᠠᠭ᠍ᠰᠠᠨ ᠬᠠᠩᠭᠠᠯᠭ᠎ᠠ᠎ᠶ᠋ᠢᠨ ᠬᠤᠳᠠᠯᠳᠤᠭᠠᠴᠢᠨ ᠨᠡᠷ᠎ᠡ ᠮᠡᠳᠡᠭᠦᠯᠵᠦ᠍ ᠪᠣᠯᠬᠤ ᠥᠬᠡᠶ;

  7. ᠲᠣᠰ ᠲᠥᠷᠥᠯ ᠵᠦᠢᠯ᠎ᠨᠢ ᠬᠤᠯᠪᠣᠭᠠᠲᠤ ᠴᠣᠭ᠍ᠴᠠ᠎ᠶ᠋ᠢᠨ ᠳᠠᠭᠠᠭᠠᠴᠢᠯᠠᠯᠲᠠ᠎ᠶ᠋ᠢ ᠬᠦᠯᠢᠶᠡᠬᠦ᠌ ᠦᠭᠡᠢ᠃

  ᠭᠤᠷᠪᠠ᠂ ᠨᠡᠷ᠎ᠡ ᠮᠡᠳᠡᠭᠦᠯᠬᠦ᠌  ᠤᠷᠤᠯᠠᠨ ᠭᠦᠢᠴᠡᠳᠭᠡᠬᠦ᠌ ᠪᠠᠢᠭᠤᠯᠤᠮᠵᠢ ᠳᠣᠤᠷᠠᠬᠢ ᠮᠠᠲ᠋ᠧᠷᠢᠶᠠᠯ᠎ᠤᠳ᠎ᠢ ᠬᠠᠩᠭᠠᠬᠤ ᠬᠡᠷᠡᠭ᠌ᠲᠡᠶ ( ᠳᠣᠤᠷᠠᠬᠢ ᠳᠡᠰ ᠳᠠᠷᠠᠭᠠᠯᠠᠯ ᠎ᠢᠶᠠᠷ ᠡᠮᠬᠢᠳᠭᠡ )

  1. ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠦᠨᠡᠮᠯᠡᠯ᠎ᠤᠨ ᠬᠠᠭᠤᠯᠪᠤᠷᠢ ᠳᠡᠪᠲᠡᠷ ;

  2. ᠬᠠᠤᠯᠢ᠎ᠪᠠᠷ ᠲᠣᠭ᠍ᠲᠠᠭᠠᠭ᠍ᠰᠠᠨ ᠲᠥᠯᠥᠭᠡᠯᠡᠭ᠌ᠴᠢ᠎ᠶ᠋ᠢᠨ ᠪᠡᠶ᠎ᠡ᠎ᠶ᠋ᠢᠨ ᠦᠨᠡᠮᠯᠡᠯ ᠵᠢᠴᠢ ᠲᠥᠷᠥᠯ ᠵᠦᠢᠯ᠎ᠤᠨ ᠬᠠᠷᠢᠭᠤᠴᠠᠯᠭᠠᠲᠠᠨ᠎ᠤ ᠡᠷᠬᠡ ᠣᠯᠭᠤᠭ᠍ᠰᠠᠨ ᠨᠠᠢᠳᠠᠯᠭ᠎ᠠ᠎ᠶ᠋ᠢᠨ ᠪᠢᠴᠢᠭ ;

  3. 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ                       ᠰᠦᠯᠵᠢᠶ᠎ᠡ 》᠎ᠶ᠋ᠢᠨ ᠣᠷᠣᠯᠠᠬᠤ ᠪᠠᠢᠭᠤᠯᠤᠮᠵᠢ᠎ᠳᠤ ᠪᠦᠷᠢᠳᠭᠡᠨ ᠳᠡᠩᠰᠡᠯᠡᠵᠦ᠍᠂ ᠪᠠᠢᠴᠠᠭᠠᠨ ᠯᠠᠪᠯᠠᠬᠤ ᠤᠭ᠍ᠲᠤᠯᠤᠭ᠍ᠰᠠᠨ ᠵᠢᠷᠤᠭ᠎ᠢ ᠬᠠᠩᠭᠠᠨ᠎ᠠ ;

  4. ᠢᠲᠡᠭᠡᠮᠵᠢᠲᠦ ᠳᠤᠮᠳᠠᠳᠤ ᠤᠯᠤᠰ᠎ᠤᠨ ᠰᠦᠯᠵᠢᠶᠡᠨ ᠎ᠳᠤ ᠢᠲᠡᠭᠡᠯ᠎ᠢᠶᠠᠨ ᠠᠯᠳᠠᠭ᠍ᠰᠠᠨ ᠭᠦᠢᠴᠡᠳᠭᠡᠭ᠌ᠳᠡᠭ᠌ᠴᠢ᠎ᠶ᠋ᠢᠨ ᠨᠡᠷᠡᠰ᠎ᠤᠨ ᠬᠤᠯᠪᠣᠭ᠍ᠳᠠᠯ ᠪᠦᠬᠦᠢ ᠤᠭ᠍ᠲᠤᠯᠤᠭ᠍ᠰᠠᠨ ᠵᠢᠷᠤᠭ᠎ᠲᠤ ᠵᠢᠭ᠍ᠰᠠᠭᠠᠭ᠍ᠳᠠᠭ᠍ᠰᠠᠨ ᠦᠭᠡᠢ ;

  5. ᠳᠠᠭᠠᠭᠠᠴᠢᠯᠠᠯᠲᠠ ᠵᠠᠷᠯᠠᠬᠤ ᠪᠢᠴᠢᠭ ᠬᠠᠷ᠎ᠠ᠎ᠶ᠋ᠢ ᠨᠠᠢᠷᠠᠭᠤᠯᠤᠨ ᠵᠣᠬᠢᠶᠠᠬᠤ ᠦᠢᠯᠡᠴᠢᠯᠡᠭᠡᠨ᠎ᠦ ᠲᠥᠰᠦᠯ ᠵᠢᠴᠢ ᠦᠨ᠎ᠡ ᠮᠡᠳᠡᠭᠦᠯᠬᠦ᠌ ;

  6. ᠲᠣᠰ ᠲᠥᠷᠥᠯ ᠵᠦᠶ᠋ᠯ᠎ᠤᠨ ᠬᠠᠷᠢᠭᠤᠴᠠᠯᠭᠠᠲᠠᠨ᠎ᠤ ᠠᠵᠢᠯ ᠎ᠤᠨ ᠨᠠᠮᠲᠠᠷ᠂ ᠬᠢᠷᠢ ᠬᠡᠮ ᠵᠡᠷᠭᠡ ᠪᠠᠢᠳᠠᠯ ; ᠲᠥᠷᠥᠯ ᠵᠦᠶ᠋ᠯ᠎ᠤᠨ ᠳᠤᠭᠤᠢᠯᠠᠩ᠎ᠤᠨ ᠠᠵᠢᠯᠲᠠᠨ᠎ᠤ ᠬᠢᠷᠢ ᠬᠡᠮ᠂ ᠠᠵᠢᠯ᠎ᠤᠨ ᠨᠠᠮᠲᠠᠷ ;

  7. ᠲᠤᠰᠠᠭᠠᠷ ᠠᠵᠢᠯᠯᠠᠬᠤ ᠭᠠᠵᠠᠷ᠎ᠤᠨ ᠭᠡᠷᠡᠴᠢ᠂ ᠲᠤᠰᠠᠭᠠᠷ ᠵᠣᠬᠢᠶᠠᠨ ᠪᠠᠢᠭᠤᠯᠤᠯᠲᠠ᠎ᠶ᠋ᠢᠨ ᠲᠠᠯᠠᠪᠤᠷ ᠭᠠᠵᠠᠷ᠎ᠤᠨ ᠭᠡᠷᠡᠴᠢ᠂ ᠲᠠᠯᠠᠪᠤᠷ ᠭᠠᠵᠠᠷ᠎ᠲᠤ ᠲᠦᠷᠢᠶᠡᠰᠦᠯᠡᠬᠦ᠌ ᠬᠡᠯᠡᠯᠴᠡᠭᠡᠷ ᠪᠤᠶᠤ ᠭᠡᠷ ᠪᠠᠢᠱᠢᠩ ᠬᠤᠳᠠᠯᠳᠤᠨ ᠠᠪᠬᠤ ᠬᠡᠯᠡᠯᠴᠡᠭᠡᠷ ᠵᠢᠴᠢ ᠭᠡᠷ ᠪᠠᠢᠱᠢᠩ᠎ᠤᠨ ᠥᠮᠴᠢᠯᠡᠬᠦ᠌ ᠡᠷᠬᠡ᠎ᠶ᠋ᠢᠨ ᠦᠨᠡᠮᠯᠡᠯ ᠵᠡᠷᠭᠡ ᠭᠡᠷᠡᠴᠢᠯᠡᠬᠦ᠌ ᠮᠠᠲ᠋ᠧᠷᠢᠶᠠᠯ᠎ᠢ ᠬᠠᠩᠭᠠᠨ᠎ᠠ ;

  8. ᠣᠢᠷ᠎ᠠ᠎ᠶ᠋ᠢᠨ ᠭᠤᠷᠪᠠᠨ ᠵᠢᠯ᠎ᠤᠨ ᠳᠣᠲᠣᠷ᠎ᠠ ᠪᠡᠶᠡᠯᠡᠭᠦᠯᠦᠭ᠌ᠰᠡᠨ ᠬᠠᠮᠢᠶ᠎ᠠ ᠪᠥᠬᠦᠶ ᠠᠵᠢᠯ᠎ᠤᠨ ᠠᠮᠵᠢᠯᠲᠠ᠎ᠶ᠋ᠢᠨ ᠭᠡᠷᠡᠴᠢ ᠮᠠᠲ᠋ᠧᠷᠢᠶᠠᠯ ;

  9. ᠣᠷᠣᠯᠠᠬᠤ ᠪᠠᠢᠭᠤᠯᠤᠮᠵᠢ ᠎ᠶ᠋ᠢᠨ ᠬᠢᠷᠢ ᠭᠡᠮ᠎ᠦᠨ ᠱᠠᠭᠠᠷᠳᠠᠯᠭ᠎ᠠ ᠎ᠳᠤ ᠪᠤᠰᠤᠳ ᠭᠡᠷᠡᠴᠢᠯᠡᠬᠦ᠌ ᠮᠠᠲ᠋ᠧᠷᠢᠶᠠᠯ᠎ᠤᠳ;

  10. ᠬᠠᠷᠢᠯᠴᠠᠬᠤ ᠬᠠᠭᠤᠳᠠᠰᠤ ( ᠨᠢᠭᠡᠴᠢ ᠎ᠶ᠋ᠢᠨ ᠨᠡᠷᠡᠢᠳᠦᠯ᠂ ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠮᠠᠶᠢᠭ᠎ᠢ ᠪᠠᠭ᠍ᠲᠠᠭᠠᠨ᠎ᠠ )

  ᠲᠣᠳᠣᠷᠬᠠᠢᠯᠠᠯ᠄ ᠳᠡᠭᠡᠷᠡᠬᠢ ᠮᠠᠲ᠋ᠧᠷᠢᠶᠠᠯ᠎ᠤᠨ ᠪᠠᠭᠤᠯᠭᠠᠪᠤᠷᠢ ᠨᠢ ᠨᠢᠭᠡᠴᠢ ᠎ᠶ᠋ᠢᠨ ᠲᠠᠮᠠᠭ᠎ᠠ᠎ᠶ᠋ᠢ ᠳᠠᠷᠤᠬᠤ ᠴᠢᠬᠤᠯᠠ᠎ᠲᠠᠶ ᠪᠥᠭᠡᠳ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠤᠨ ᠠᠮᠠᠯᠠᠯᠲᠠ᠎ᠶ᠋ᠢᠨ ᠪᠢᠴᠢᠭ᠎ᠢ ᠬᠠᠩᠭᠠᠬᠤ ᠬᠡᠷᠡᠭ᠌ᠲᠡᠶ᠃

  ᠳᠥᠷᠪᠡ᠂ ᠨᠡᠷ᠎ᠡ ᠮᠡᠳᠡᠭᠦᠯᠬᠦ᠌ ᠪᠢᠴᠢᠭ ᠮᠠᠲ᠋ᠧᠷᠢᠶᠠᠯ᠎ᠢ ᠭᠠᠷᠳᠠᠭᠤᠯᠬᠤ ᠴᠠᠭ ᠪᠠ ᠬᠠᠶᠢᠭ

  ᠳᠡᠭᠡᠷ᠎ᠡ ᠳᠤᠷᠠᠳᠤᠭ᠍ᠰᠠᠨ ᠨᠥᠬᠦᠴᠡᠯ᠎ᠳᠤ ᠨᠡᠢᠴᠡᠬᠦ᠌ ᠬᠠᠩᠭᠠᠯᠭ᠎ᠠ ᠎ᠶ᠋ᠢᠨ ᠬᠤᠳᠠᠯᠳᠤᠭᠠᠴᠢᠨ 2025 ᠣᠨ᠎ᠤ 9 ᠳ᠋ᠤᠭᠡᠷ ᠰᠠᠷ᠎ᠠ᠎ᠶ᠋ᠢᠨ 25᠎ᠤ ᠡᠳᠦᠷ᠎ᠤᠨ 12 ᠴᠠᠭ᠎ᠠᠴᠠ ᠡᠮᠦᠨ᠎ᠡ ᠨᠡᠷ᠎ᠡ ᠮᠡᠳᠡᠭᠦᠯᠦᠭ᠌ᠰᠡᠨ ᠮᠠᠲ᠋ᠧᠷᠢᠶᠠᠯ ᠎ᠤᠨ ᠠᠯᠪᠠᠨ ᠲᠠᠮᠠᠭ᠎ᠠ ᠳᠠᠷᠤᠭ᠍ᠰᠠᠨ᠎ᠤ ᠳᠠᠷᠠᠭᠠᠬᠢ ᠱᠢᠷᠪᠢᠯᠲᠡ᠎ᠶ᠋ᠢᠨ ᠪᠢᠴᠢᠭ᠎ᠢ ᠱᠢᠤᠳᠠᠨ᠎ᠤ ᠬᠠᠢᠷᠴᠠᠭ swttcyk@163.com ᠎ᠳᠤ ᠢᠯᠡᠭᠡᠵᠦ᠍ ᠪᠣᠯᠤᠨ᠎ᠠ᠃

  ᠲᠠᠪᠤ᠂ ᠬᠠᠷᠢᠯᠴᠠᠬᠤ ᠠᠷᠭ᠎ᠠ ᠮᠠᠶᠢᠭ

  ᠨᠢᠭᠡᠴᠢ ᠎ᠶ᠋ᠢᠨ ᠨᠡᠷᠡᠢᠳᠦᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ

  ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ᠎ᠶ᠋ᠢᠨ ᠱᠢᠨᠬᠤᠸᠠ ᠶᠡᠭᠡ ᠵᠡᠭᠡᠯᠢ᠎ᠶ᠋ᠢᠨ 63 ᠳ᠋ᠤᠭᠠᠷ ᠲᠣᠭᠠᠲᠤ ᠬᠦᠷᠢᠶᠡᠯᠡᠩ

  ᠬᠠᠷᠢᠯᠴᠠᠬᠤ ᠬᠥᠮᠦᠨ᠄ ᠶᠤᠸᠠᠨ ᠬᠠᠶ ᠰᠢ

  ᠬᠠᠷᠢᠯᠴᠠᠬᠤ ᠤᠲᠠᠰᠤ᠄ 0471 - 6618129

ᠢᠷᠡᠯᠲᠡ᠄ ᠪᠡᠯᠡ ᠣᠷᠣᠭᠤᠯᠤᠯᠲᠠ ᠎ᠶ᠋ᠢ ᠠᠬᠢᠭᠤᠯᠬᠤ ᠲᠥᠪ
          
ᠬᠠᠮᠢᠶ᠎ᠡ ᠪᠦᠬᠦᠢ ᠰᠣᠨᠢᠨ
 
            