ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠠᠯᠪᠠᠨ ᠨᠡᠶ᠋ᠢᠲᠡᠯᠡᠯ
2026 ᠣᠨ᠎ᠤ ᠭᠠᠳᠠᠭᠠᠳᠤ ᠠᠵᠤ ᠠᠬᠤᠶ ᠠᠷᠠᠯᠵᠢᠶ᠎ᠠ ( ᠭᠠᠳᠠᠭᠠᠳᠤ᠎ᠳᠤ ᠪᠠᠯᠠ ᠣᠷᠣᠭᠤᠯᠤᠨ ᠬᠠᠮᠲᠤᠷᠠᠯᠴᠠᠬᠤ )᠎ᠶ᠋ᠢᠨ ᠲᠥᠷᠥᠯ ᠵᠦᠢᠯ᠎ᠢ ᠬᠢᠨᠠᠨ ᠲᠣᠭ᠍ᠲᠠᠭᠠᠵᠤ ᠬᠤᠳᠠᠯᠳᠤᠨ ᠠᠪᠬᠤ ᠠᠯᠪᠠᠨ ᠵᠠᠷ
ᠨᠡᠶ᠋ᠢᠲᠡᠯᠡᠭᠰᠡᠨ ᠴᠠᠭ᠄ 2025-09-25

  ᠨᠢᠭᠡ᠂ ᠦᠨᠳᠦᠰᠦᠨ ᠪᠠᠢᠳᠠᠯ

  ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠨᠢ 2026 ᠣᠨ᠎ᠤ ᠭᠠᠳᠠᠭᠠᠳᠤ ᠠᠵᠤ ᠠᠬᠤᠶ ᠠᠷᠠᠯᠵᠢᠶ᠎ᠠ ( ᠭᠠᠳᠠᠭᠠᠳᠤ᠎ᠳᠤ ᠪᠠᠯᠠ ᠣᠷᠣᠭᠤᠯᠤᠨ ᠬᠠᠮᠲᠤᠷᠠᠯᠴᠠᠬᠤ ) ᠶ᠋ᠢᠨ ᠲᠥᠷᠥᠯ ᠵᠦᠢᠯ᠎ᠳᠤ ᠬᠢᠨᠠᠨ ᠲᠣᠭ᠍ᠲᠠᠭᠠᠬᠤ ᠠᠵᠢᠯ᠎ᠢ ᠥᠷᠨᠢᠭᠦᠯᠵᠦ᠍᠂ ᠠᠳᠠᠯᠢᠳᠭᠠᠨ ᠰᠣᠩᠭᠤᠵᠤ ᠬᠤᠪᠢ ᠥᠭ᠌ᠬᠦ ᠠᠷᠭ᠎ᠠ ᠮᠠᠶᠢᠭ᠎ᠢᠶᠠᠷ ᠬᠠᠩᠭᠠᠯᠭ᠎ᠠ ᠎ᠶ᠋ᠢᠨ ᠬᠤᠳᠠᠯᠳᠤᠭᠠᠴᠢᠨ᠎ᠢ ᠰᠣᠩᠭᠤᠨ ᠲᠣᠭ᠍ᠲᠠᠭᠠᠵᠤ᠂ ᠣᠲᠣ ᠬᠢᠷᠢ ᠬᠡᠮ᠎ᠤᠨ ᠨᠥᠬᠦᠴᠡᠯ᠎ᠳᠤ ᠨᠡᠢᠴᠡᠬᠦ᠌ ᠬᠠᠩᠭᠠᠯᠭ᠎ᠠ ᠎ᠶ᠋ᠢᠨ ᠬᠤᠳᠠᠯᠳᠤᠭᠠᠴᠢᠨ ᠨᠡᠷ᠎ᠡ ᠮᠡᠳᠡᠭᠦᠯᠵᠦ᠍ ᠣᠷᠣᠯᠴᠠᠬᠤ ᠎ᠶ᠋ᠢ ᠪᠠᠶᠠᠷᠯᠠᠨ ᠤᠭ᠍ᠲᠤᠵᠤ ᠪᠠᠢᠨ᠎ᠠ᠃

  ᠬᠤᠶᠠᠷ᠂ ᠲᠥᠷᠥᠯ ᠵᠦᠢᠯ᠎ᠤᠨ ᠲᠦᠢᠮᠣ ᠪᠠᠢᠳᠠᠯ

  ( ᠨᠢᠭᠡ ) ᠲᠥᠷᠥᠯ ᠵᠦᠢᠯ᠎ᠤᠨ ᠨᠡᠷᠡᠢᠳᠦᠯ᠄ ᠭᠠᠳᠠᠭᠠᠳᠤ ᠠᠵᠤ ᠠᠬᠤᠶ ᠠᠷᠠᠯᠵᠢᠶ᠎ᠠ ( ᠭᠠᠳᠠᠭᠠᠳᠤ᠎ᠳᠤ ᠪᠡᠯᠡ ᠣᠷᠣᠭᠤᠯᠤᠨ ᠬᠠᠮᠲᠤᠷᠠᠯᠴᠠᠬᠤ ) ᠶ᠋ᠢᠨ ᠲᠥᠷᠥᠯ ᠵᠦᠢᠯ᠎ᠢ ᠬᠢᠨᠠᠨ ᠲᠣᠭ᠍ᠲᠠᠭᠠᠬᠤ

  ( ᠬᠤᠶᠠᠷ )  ᠲᠥᠯᠥᠪᠯᠡᠭ᠌ᠰᠡᠨ ᠪᠡᠯᠡ ᠣᠷᠣᠭᠤᠯᠤᠯᠲᠠ᠄ 4 ᠲᠦᠮᠡᠨ ᠲᠥᠭᠦᠷᠢᠭ

  ( ᠭᠤᠷᠪᠠ )  ᠪᠡᠯᠡ ᠮᠥᠩᠭᠦ᠎ᠶ᠋ᠢᠨ ᠢᠷᠡᠯᠲᠡ᠄ ᠡᠳ᠋᠎ᠤᠨ ᠵᠠᠰᠠᠭ᠎ᠤᠨ ᠪᠡᠯᠡ ᠮᠥᠩᠭᠦ᠌

  ᠭᠤᠷᠪᠠ᠂ ᠬᠤᠳᠠᠯᠳᠤᠨ ᠠᠪᠬᠤ ᠠᠭᠤᠯᠭ᠎ᠠ

  ᠭᠠᠳᠠᠭᠠᠳᠤ ᠠᠵᠤ ᠠᠬᠤᠢ ᠠᠷᠠᠯᠵᠢᠶ᠎ᠠ ( ᠭᠠᠳᠠᠭᠠᠳᠤ᠎ᠳᠤ ᠪᠠᠯᠠ ᠣᠷᠣᠭᠤᠯᠤᠨ ᠬᠠᠮᠲᠤᠷᠠᠯᠴᠠᠬᠤ ) ᠶ᠋ᠢᠨ ᠲᠥᠷᠥᠯ ᠵᠦᠢᠯ᠎ᠳᠦ ᠬᠢᠨᠠᠨ ᠲᠣᠭ᠍ᠲᠠᠭᠠᠯᠲᠠ ᠬᠢᠨ᠎ᠡ᠃

  ᠳᠥᠷᠪᠡ᠂ ᠬᠠᠩᠭᠠᠯᠭ᠎ᠠ᠎ᠶ᠋ᠢᠨ ᠬᠤᠳᠠᠯᠳᠤᠭᠠᠴᠢᠨ᠎ᠤ ᠬᠢᠷᠢ ᠬᠡᠮ᠎ᠤᠨ ᠱᠠᠭᠠᠷᠳᠠᠯᠭ᠎ᠠ

  ( ᠨᠢᠭᠡ ) ᠬᠠᠩᠭᠠᠯᠭ᠎ᠠ᠎ᠶ᠋ᠢᠨ ᠬᠤᠳᠠᠯᠳᠤᠭᠠᠴᠢᠨ ᠡᠷᠬᠡᠪᠰᠢ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠬᠠᠮᠢᠶ᠎ᠠ ᠪᠥᠬᠦᠶ ᠲᠣᠭ᠍ᠲᠠᠭᠠᠯ᠎ᠳᠤ ᠨᠡᠢᠴᠡᠭ᠌ᠰᠡᠨ ᠪᠠᠢᠬᠤ ᠬᠡᠷᠡᠭ᠌ᠲᠡᠶ;

  ( ᠬᠤᠶᠠᠷ ) ᠬᠠᠩᠭᠠᠯᠭ᠎ᠠ᠎ᠶ᠋ᠢᠨ ᠬᠤᠳᠠᠯᠳᠤᠭᠠᠴᠢᠨ ᠡᠷᠬᠡᠪᠰᠢ ᠬᠦᠴᠦᠨ ᠪᠦᠬᠦᠢ ᠡᠵᠡᠩᠨᠡᠯᠲᠡ᠎ᠶ᠋ᠢᠨ ᠦᠨᠡᠮᠯᠡᠯ ᠪᠤᠶᠤ ᠪᠤᠰᠤᠳ ᠬᠦᠴᠦᠨ ᠪᠦᠬᠦᠢ ᠭᠡᠷᠡᠴᠢᠯᠡᠬᠦ᠌ ᠮᠠᠲ᠋ᠧᠷᠢᠶᠠᠯ᠎ᠢ ᠪᠦᠷᠢᠯᠳᠦᠭᠦᠯᠬᠦ᠌ ᠬᠡᠷᠡᠭ᠌ᠲᠡᠢ;

  ( ᠭᠤᠷᠪᠠ ) ᠬᠦᠴᠦᠨ ᠲᠠᠢ ᠨᠢᠭ᠍ᠲᠠᠯᠠᠨ ᠪᠣᠳᠣᠭ᠍ᠴᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠠᠵᠢᠯ ᠡᠷᠬᠢᠯᠡᠬᠦ᠌ ᠦᠨᠡᠮᠯᠡᠯ ᠲᠡᠢ;

  ( ᠲᠦᠷᠪᠡ ) ᠲᠥᠷᠥᠯ ᠵᠦᠢᠯ᠎ᠤᠨ ᠬᠠᠷᠢᠭᠤᠴᠠᠯᠭᠠᠲᠠᠨ᠎ᠨᠢ ᠳᠠᠩᠰᠠᠯᠠᠭᠤᠯᠤᠭ᠍ᠰᠠᠨ ᠨᠢᠭ᠍ᠲᠠᠯᠠᠨ ᠪᠣᠳᠣᠭ᠍ᠴᠢ᠎ᠶ᠋ᠢᠨ ᠭᠡᠷᠡᠴᠢ ᠪᠠᠢᠬᠤ ᠬᠡᠷᠡᠭ᠌ᠲᠡᠢ;

  ( ᠲᠠᠪᠤ ) ᠲᠣᠰ ᠤᠳᠠᠭᠠᠨ᠎ᠤ ᠬᠤᠳᠠᠯᠳᠤᠨ ᠠᠪᠬᠤ᠎ᠳᠤ ᠬᠤᠯᠪᠣᠭᠠᠲᠤ ᠴᠣᠭ᠍ᠴᠠ᠎ᠶ᠋ᠢᠨ ᠳᠠᠭᠠᠭᠠᠴᠢᠯᠠᠯᠲᠠ ᠬᠦᠯᠢᠶᠡᠬᠦ᠌ ᠦᠭᠡᠢ᠃

  ᠲᠠᠪᠤ᠂ ᠨᠡᠷ᠎ᠡ ᠮᠡᠳᠡᠭᠦᠯᠬᠦ᠌᠎ᠳᠤ ᠠᠩᠬᠠᠷᠬᠤ ᠵᠦᠢᠯ

  ( ᠨᠢᠭᠡ ) ᠨᠡᠷ᠎ᠡ ᠮᠡᠳᠡᠭᠦᠯᠬᠦ᠌ ᠭᠠᠵᠠᠷ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠃

  ( ᠬᠤᠶᠠᠷ ) ᠨᠡᠷ᠎ᠡ ᠮᠡᠳᠡᠭᠦᠯᠬᠦ᠌ ᠬᠠᠶᠢᠭ᠄ ᠬᠥᠬᠡᠬᠤᠲᠠ᠎ᠶ᠋ᠢᠨ ᠱᠢᠨᠬᠤᠸᠠ ᠶᠡᠭᠡ ᠵᠡᠭᠡᠯᠢ᠎ᠶ᠋ᠢᠨ 63 ᠳ᠋ᠤᠭᠠᠷ ᠲᠣᠭᠠᠲᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ 706 ᠳ᠋ᠤᠭᠠᠷ ᠲᠠᠰᠤᠭ᠃

  ( ᠭᠤᠷᠪᠠ ) ᠳᠠᠭᠠᠭᠤᠯᠬᠤ ᠮᠠᠲ᠋ᠧᠷᠢᠶᠠᠯ᠄

  1. ᠬᠠᠤᠯᠢ᠎ᠶ᠋ᠢᠨ ᠡᠷᠬᠡᠲᠡᠨ᠎ᠤ ᠡᠵᠡᠩᠨᠡᠯᠲᠡ᠎ᠶ᠋ᠢᠨ ᠦᠨᠡᠮᠯᠡᠯ᠎ᠤᠨ ᠬᠠᠭᠤᠯᠪᠤᠷᠢ ᠳᠡᠪᠲᠡᠷ ᠪᠤᠶᠤ ᠪᠤᠰᠤᠳ ᠬᠦᠴᠦᠨ ᠪᠦᠬᠦᠢ ᠭᠡᠷᠡᠴᠢᠯᠡᠬᠦ᠌ ᠮᠠᠲ᠋ᠧᠷᠢᠶᠠᠯ;

  2. ᠠᠵᠤ ᠠᠬᠤᠢᠯᠠᠯ ᠣᠢᠷ᠎ᠠ᠎ᠶ᠋ᠢᠨ ᠬᠠᠭᠠᠰ ᠵᠢᠯ ᠎ᠳᠤ 2025 ᠣᠨ᠎ᠤ 1 ᠳ᠋ᠤᠭᠡᠷ ᠰᠠᠷ᠎ᠠ᠎ᠠᠴᠠ 2025 ᠣᠨ᠎ᠤ 6 ᠳ᠋ᠤᠭᠠᠷ ᠰᠠᠷ᠎ᠠ ᠪᠣᠯᠲᠠᠯ᠎ᠠ ᠳᠤᠷ᠎ᠠ᠎ᠶ᠋ᠢᠨ ᠨᠢᠭᠡ ᠰᠠᠷ᠎ᠠ᠎ᠶ᠋ᠢᠨ ᠭᠠᠢᠯᠢ ᠲᠤᠱᠢᠶᠠᠭ᠍ᠰᠠᠨ ᠭᠡᠷᠡᠴᠢ ( ᠭᠠᠢᠯᠢ᠎ᠶ᠋ᠢᠨ ᠶᠠᠪᠤᠳᠠᠯ᠎ᠤᠨ ᠰᠠᠯᠠᠭ᠎ᠠ ᠮᠥᠴᠢᠷ᠎ᠤᠨ ᠲᠠᠮᠠᠭ᠎ᠠ ᠳᠠᠷᠤᠭ᠍ᠰᠠᠨ ᠪᠤᠶᠤ ᠭᠠᠷᠲᠠᠨ ᠭᠦᠢᠴᠡᠳᠭᠡᠭ᠌ᠰᠡᠨ ᠪᠠᠩᠬᠢ᠎ᠶ᠋ᠢᠨ ᠲᠠᠮᠠᠭ᠎ᠠ ᠳᠠᠷᠤᠭ᠍ᠰᠠᠨ ᠵᠡᠷᠭᠡ ᠭᠠᠢᠯᠢ ᠲᠤᠱᠢᠶᠠᠭ᠍ᠰᠠᠨ ᠭᠡᠷᠡᠴᠢ ᠮᠠᠲ᠋ᠧᠷᠢᠶᠠᠯ᠂ ᠭᠠᠢᠯᠢ ᠲᠤᠱᠢᠶᠠᠬᠤ ᠰᠠᠷ᠎ᠠ᠎ᠶ᠋ᠢᠨ ᠭᠠᠢᠯᠢ ᠲᠤᠱᠢᠶᠠᠬᠤ ᠮᠡᠳᠡᠭᠦᠯᠦᠯᠲᠡ᠎ᠶ᠋ᠢᠨ ᠪᠠᠷᠢᠮᠲᠠ ᠬᠠᠩᠭᠠᠵᠤ ᠥᠭ᠌ᠭᠦᠭᠡᠳᠦᠢ ) 

  3. ᠨᠢᠭ᠍ᠲᠠᠯᠠᠨ ᠪᠣᠳᠣᠭ᠍ᠴᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠠᠵᠢᠯ ᠡᠷᠬᠢᠯᠡᠬᠦ᠌ ᠦᠨᠡᠮᠯᠡᠯ;

  4. ᠳᠠᠩᠰᠠᠯᠠᠭᠤᠯᠤᠭ᠍ᠰᠠᠨ ᠨᠢᠭ᠍ᠲᠠᠯᠠᠨ ᠪᠣᠳᠣᠭ᠍ᠴᠢ᠎ᠶ᠋ᠢᠨ ᠦᠨᠡᠮᠯᠡᠯ;

  5. 《ᠢᠲᠡᠭᠡᠮᠵᠢᠲᠦ ᠳᠤᠮᠳᠠᠳᠤ ᠤᠯᠤᠰ》᠎ᠤᠨ ᠰᠦᠯᠵᠢᠶ᠎ᠡ ( www.creditchina.gov.cn ) ᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ ( www.ccgp.gov.cn ) ᠎ᠶ᠋ᠢᠨ ᠢᠲᠡᠭᠡᠮᠵᠢ᠎ᠶ᠋ᠢᠨ ᠪᠠᠢᠴᠠᠭᠠᠨ ᠯᠠᠪᠯᠠᠬᠤ ᠲᠡᠮᠳᠡᠭ᠌ᠯᠡᠯ᠎ᠤᠨ᠎ᠤᠭ᠍ᠲᠤᠯᠤᠭ᠍ᠰᠠᠨ ᠵᠢᠷᠤᠭ᠎ᠢ ᠬᠠᠩᠭᠠᠨ᠎ᠠ;

  6. ᠬᠠᠩᠭᠠᠯᠭ᠎ᠠ᠎ᠶ᠋ᠢᠨ ᠬᠤᠳᠠᠯᠳᠤᠭᠠᠴᠢᠨ ᠣᠢᠷ᠎ᠠ᠎ᠶ᠋ᠢᠨ ᠭᠤᠷᠪᠠᠨ ᠵᠢᠯ᠎ᠤᠨ ᠬᠤᠳᠠᠯᠳᠤᠨ ᠠᠪᠬᠤ ᠠᠵᠢᠯᠯᠠᠭ᠎ᠠ᠎ᠳᠤ ᠬᠠᠤᠯᠢ᠎ᠶ᠋ᠢ ᠵᠥᠷᠢᠴᠡᠭ᠌ᠰᠡᠨ ᠬᠦᠨᠳᠦ ᠶᠡᠭᠡ ᠲᠡᠮᠳᠡᠭ᠌ᠯᠡᠯ᠎ᠤᠨ ᠲᠣᠳᠣᠷᠬᠠᠢᠯᠠᠯᠲᠠ᠎ᠶ᠋ᠢᠨ ᠪᠢᠴᠢᠭ  ᠦᠭᠡᠢ;

  7. ᠬᠠᠩᠭᠠᠯᠭ᠎ᠠ᠎ᠶ᠋ᠢᠨ ᠬᠤᠳᠠᠯᠳᠤᠭᠠᠴᠢᠨ ᠣᠢᠷ᠎ᠠ᠎ᠶ᠋ᠢᠨ ᠭᠤᠷᠪᠠᠨ ᠵᠢᠯ᠎ᠤᠨ ᠡᠢᠮᠦᠷᠬᠦ᠌ ᠲᠥᠷᠥᠯ ᠵᠦᠢᠯ᠎ᠤᠨ ᠠᠮᠵᠢᠯᠲᠠ ᠪᠦᠲᠦᠮᠵᠢ ᠬᠠᠩᠭᠠᠨ᠎ᠠ;

  8. ᠮᠡᠳᠡᠭᠦᠯᠬᠦ᠌ ᠦᠨ᠎ᠡ ᠎ᠶ᠋ᠢᠨ ᠬᠠᠭᠤᠳᠠᠰᠤ;

  9. ᠦᠢᠯᠡᠴᠢᠯᠡᠭᠡᠨ᠎ᠤ ᠲᠥᠰᠦᠯ᠂ ᠦᠢᠯᠡᠴᠢᠯᠡᠭᠡᠨ᠎ᠤ ᠠᠮᠠᠯᠠᠯᠲᠠ ᠵᠢᠴᠢ ᠦᠢᠯᠡᠴᠢᠯᠡᠭᠡᠨ᠎ᠤ ᠶᠠᠰᠤ ᠴᠢᠨᠠᠷ᠎ᠤᠨ ᠪᠠᠲᠤᠯᠠᠭ᠎ᠠ;

  10. ᠠᠵᠢᠯᠲᠠᠨ᠎ᠤ ᠲᠣᠬᠢᠷᠠᠭᠤᠯᠤᠯᠲᠠ᠃

  ᠳᠡᠭᠡᠷᠡᠬᠢ ᠮᠠᠲ᠋ᠧᠷᠢᠶᠠᠯ᠎ᠢ ᠳᠡᠪᠲᠡᠷ ᠪᠣᠯᠭᠠᠨ ᠦᠳᠡᠬᠦ᠌ ᠎ᠶ᠋ᠢᠨ ᠬᠠᠮᠲᠤ ᠤᠭᠤᠲᠠᠯᠠᠵᠤ ᠪᠢᠲᠡᠭᠦᠮᠵᠢᠯᠡᠨ᠎ᠡ᠂ ᠪᠢᠲᠡᠭᠦᠮᠵᠢᠯᠡᠬᠦ᠌ ᠬᠡᠰᠡᠭ᠎ᠲᠦ ᠨᠢᠭᠡᠴᠢ᠎ᠶ᠋ᠢᠨ ᠠᠯᠪᠠᠨ ᠲᠠᠮᠠᠭ᠎ᠠ᠎ᠶ᠋ᠢ ᠳᠠᠷᠤᠵᠤ᠂ ᠮᠠᠲ᠋ᠧᠷᠢᠶᠠᠯ᠎ᠤᠨ ᠳᠣᠲᠣᠷ᠎ᠠ ᠬᠠᠭᠤᠯᠪᠤᠷᠢ᠎ᠨᠢ ᠨᠢᠭᠡᠴᠢ ᠎ᠶ᠋ᠢᠨ ᠠᠯᠪᠠᠨ ᠲᠠᠮᠠᠭ᠎ᠠ᠎ᠶ᠋ᠢ ᠳᠠᠷᠤᠬᠤ ᠬᠡᠷᠡᠭ᠌ᠲᠡᠶ᠃

  ( ᠲᠦᠷᠪᠡ ) ᠮᠠᠲ᠋ᠧᠷᠢᠶᠠᠯ᠎ᠤᠨ ᠭᠠᠷᠳᠠᠭᠤᠯᠤᠨ ᠲᠤᠱᠢᠶᠠᠯᠲᠠ ᠎ᠶ᠋ᠢᠨ ᠳᠠᠰᠤᠯᠬᠤ ᠴᠠᠭ᠄ 2025 ᠣᠨ᠎ᠤ 9 ᠳ᠋ᠤᠭᠡᠷ ᠰᠠᠷ᠎ᠠ᠎ᠶ᠋ᠢᠨ 28 ᠎ᠤ ᠡᠳᠦᠷ 17᠄ 00 ᠴᠠᠭ᠃

  ᠵᠢᠷᠭᠤᠭ᠎ᠠ᠂ ᠬᠠᠷᠢᠯᠴᠠᠬᠤ ᠠᠷᠭ᠎ᠠ ᠮᠠᠶᠢᠭ

  ᠬᠤᠳᠠᠯᠳᠤᠨ ᠠᠪᠤᠭ᠍ᠴᠢ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ

  ᠬᠠᠷᠢᠯᠴᠠᠬᠤ ᠬᠥᠮᠥᠨ᠄ ᠫᠧᠩ ᠬᠠᠢ ᠱᠢᠶᠠ

  ᠬᠠᠷᠢᠯᠴᠠᠬᠤ ᠤᠲᠠᠰᠤ᠄ 0471 - 6946140

  
                          2025 ᠣᠨ᠎ᠤ 9 ᠳ᠋ᠤᠭᠡᠷ ᠰᠠᠷ᠎ᠠ᠎ᠶ᠋ᠢᠨ 23 ᠎ᠤ ᠡᠳᠦᠷ

ᠢᠷᠡᠯᠲᠡ᠄ ᠭᠠᠳᠠᠭᠠᠳᠤ ᠠᠵᠤ ᠠᠬᠤᠢ ᠠᠷᠠᠯᠵᠢᠶᠠᠨ᠎ᠤ ᠭᠠᠵᠠᠷ
          
ᠬᠠᠮᠢᠶ᠎ᠡ ᠪᠦᠬᠦᠢ ᠰᠣᠨᠢᠨ
 
            