ᠬᠠᠮᠢᠶᠠᠷᠤᠯᠲᠠ᠎ᠪᠠᠨ ᠤᠯᠠᠮ ᠨᠢᠭᠡ ᠠᠯᠬᠤᠮ ᠴᠢᠩᠭᠠᠳᠭᠠᠵᠤ᠂ ᠬᠤᠳᠠᠯᠳᠤᠨ ᠠᠪᠬᠤ ᠠᠵᠢᠯᠯᠠᠭ᠎ᠠ᠎ᠶ᠋ᠢ ᠵᠢᠷᠤᠮᠵᠢᠭᠤᠯᠤᠨ᠂ ᠥᠪᠥᠷ ᠮᠣᠩᠭᠤᠯ᠎ᠤᠨ ᠭᠤᠤᠯᠳᠠᠯᠭ᠎ᠠ᠎ᠲᠠᠢ ᠠᠵᠤ ᠦᠢᠯᠡᠰ᠎ᠤᠨ ᠶᠠᠷᠢᠯᠴᠠᠬᠤ ᠬᠤᠷᠠᠯ ( ᠱᠠᠩᠬᠠᠶ ) ᠤᠨ ᠬᠠᠮᠢᠶ᠎ᠠ ᠪᠥᠬᠦᠶ ᠲᠥᠷᠥᠯ ᠵᠦᠢᠯ᠎ᠢ ᠬᠤᠳᠠᠯᠳᠤᠨ ᠠᠪᠬᠤ ᠡᠭᠦᠷᠭᠡ᠎ᠶ᠋ᠢ ᠤᠷᠤᠭ᠍ᠰᠢᠲᠠᠶ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠬᠤ᠎ᠶ᠋ᠢᠨ ᠲᠤᠰᠠᠳᠠ᠂ ᠣᠲᠣ ᠬᠢᠷᠢ ᠬᠡᠮ᠎ᠤᠨ ᠨᠥᠬᠦᠴᠡᠯ᠎ᠳᠤ ᠨᠡᠢᠴᠡᠬᠦ᠌ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠨ ᠭᠦᠢᠴᠡᠳᠭᠡᠬᠦ᠌ ᠦᠢᠯᠡᠴᠢᠯᠡᠭᠡᠨ᠎ᠤ ᠪᠠᠢᠭᠤᠯᠤᠮᠵᠢ ᠨᠡᠷ᠎ᠡ ᠮᠡᠳᠡᠭᠦᠯᠦᠨ ᠣᠷᠣᠯᠴᠠᠬᠤ ᠶ᠋ᠢ ᠤᠷᠢᠵᠤ ᠪᠠᠢᠨ᠎ᠠ᠃
ᠨᠢᠭᠡ᠂ ᠲᠥᠷᠥᠯ ᠵᠦᠢᠯ᠎ᠤᠨ ᠲᠦᠢᠮᠣ ᠪᠠᠢᠳᠠᠯ
1. ᠲᠥᠷᠥᠯ ᠵᠦᠢᠯ᠎ᠤᠨ ᠨᠡᠷᠡᠢᠳᠦᠯ᠄ ᠥᠪᠥᠷ ᠮᠣᠩᠭᠤᠯ᠎ᠤᠨ ᠭᠤᠤᠯᠳᠠᠯᠭ᠎ᠠ᠎ᠲᠠᠢ ᠠᠵᠤ ᠦᠢᠯᠡᠰ᠎ᠤᠨ ᠶᠠᠷᠢᠯᠴᠠᠬᠤ ᠬᠤᠷᠠᠯ ( ᠱᠠᠩᠬᠠᠶ ) ᠤᠨ ᠬᠠᠮᠢᠶ᠎ᠠ ᠪᠥᠬᠦᠶ ᠲᠥᠷᠥᠯ ᠵᠦᠢᠯ
2. ᠠᠭᠤᠯᠭ᠎ᠠ ᠪᠠ ᠬᠤᠪᠢᠶᠠᠨ ᠳᠠᠭᠠᠭᠠᠴᠢᠯᠠᠭᠤᠯᠤᠭ᠍ᠰᠠᠨ ᠪᠠᠢᠳᠠᠯ ( ᠮᠡᠷᠭᠡᠵᠢᠯ᠎ᠤᠨ ᠬᠡᠪ ᠪᠠᠷᠢᠮᠵᠢᠶ᠎ᠠ᠂ ᠪᠣᠯᠵᠣᠯᠲᠤ ᠲᠤᠭ᠎ᠠ ᠵᠢᠴᠢ ᠱᠠᠭᠠᠷᠳᠠᠯᠭ᠎ᠠ )
ᠬᠤᠪᠢᠶᠠᠨ ᠳᠠᠭᠠᠭᠠᠴᠢᠯᠠᠭᠤᠯᠤᠭ᠍ᠰᠠᠨ ᠳ᠋ᠤᠭᠠᠷ᠄ 1
ᠡᠳ᠋ ᠪᠠᠷᠠᠭ᠎ᠠ᠂ ᠦᠢᠯᠡᠴᠢᠯᠡᠭᠡ ᠪᠠ ᠢᠨᠵᠸᠨ᠋ᠸᠷᠢᠩ ᠦᠨ ᠨᠡᠷᠡᠢᠳᠦᠯ᠄ ᠥᠪᠥᠷ ᠮᠣᠩᠭᠤᠯ᠎ᠤᠨ ᠭᠤᠤᠯᠳᠠᠯᠭ᠎ᠠ᠎ᠲᠠᠢ ᠠᠵᠤ ᠦᠢᠯᠡᠰ᠎ᠤᠨ ᠶᠠᠷᠢᠯᠴᠠᠬᠤ ᠬᠤᠷᠠᠯ ( ᠱᠠᠩᠬᠠᠶ )᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠎ᠤᠨ ᠣᠲᠣ ᠦᠶ᠎ᠡ᠎ᠶ᠋ᠢᠨ ᠦᠢᠯᠡᠴᠢᠯᠡᠭᠡᠨ᠎ᠤ ᠦᠢᠯᠡᠰ᠎ᠤᠨ ᠪᠥᠯᠦᠭ᠌ᠵᠢᠯᠤᠨ ᠲᠤᠰᠭᠠᠶ ᠠᠵᠢᠯᠯᠠᠭ᠎ᠠ
ᠲᠤᠭ᠎ᠠ ᠬᠡᠮᠵᠢᠶ᠎ᠡ᠄ 2
ᠮᠡᠷᠭᠡᠵᠢᠯ᠎ᠤᠨ ᠬᠡᠪ ᠪᠠᠷᠢᠮᠵᠢᠶ᠎ᠠ᠂ ᠪᠣᠯᠵᠣᠯᠲᠤ ᠲᠤᠭ᠎ᠠ ᠵᠢᠴᠢ ᠱᠠᠭᠠᠷᠳᠠᠯᠭ᠎ᠠ᠄ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠦᠢᠯᠡᠴᠢᠯᠡᠭᠡ
ᠵᠡᠭᠦᠯᠲᠡ
ᠬᠤᠪᠢᠶᠠᠨ ᠳᠠᠭᠠᠭᠠᠴᠢᠯᠠᠭᠤᠯᠤᠭ᠍ᠰᠠᠨ ᠳ᠋ᠤᠭᠠᠷ᠄ 2
ᠡᠳ᠋ ᠪᠠᠷᠠᠭ᠎ᠠ᠂ ᠦᠢᠯᠡᠴᠢᠯᠡᠭᠡ ᠪᠠ ᠢᠨᠵᠧᠨᠧᠷᠢᠩ᠎ᠤᠨ ᠨᠡᠷᠡᠢᠳᠦᠯ᠄ ᠥᠪᠥᠷ ᠮᠣᠩᠭᠤᠯ᠎ᠤᠨ ᠭᠤᠤᠯᠳᠠᠯᠭ᠎ᠠ᠎ᠲᠠᠢ ᠠᠵᠤ ᠦᠢᠯᠡᠰ᠎ᠤᠨ ᠶᠠᠷᠢᠯᠴᠠᠬᠤ ᠬᠤᠷᠠᠯ ( ᠬᠠᠩᠵᠧᠦ )᠂ ᠬᠢᠮᠡᠯ ᠣᠶᠤᠨ᠂ ᠱᠢᠨ᠎ᠡ ᠮᠠᠲ᠋ᠧᠷᠢᠶᠠᠯ᠎ᠤᠨ ᠠᠵᠤ ᠦᠢᠯᠡᠰ᠎ᠤᠨ ᠪᠦᠯᠦᠭ᠌ᠵᠢᠯ᠎ᠤᠨ ᠲᠤᠰᠭᠠᠶ ᠠᠵᠢᠯᠯᠠᠭ᠎ᠠ
ᠮᠡᠷᠭᠡᠵᠢᠯ᠎ᠤᠨ ᠬᠡᠪ ᠪᠠᠷᠢᠮᠵᠢᠶ᠎ᠠ᠂ ᠪᠣᠯᠵᠣᠯᠲᠤ ᠲᠤᠭ᠎ᠠ ᠵᠢᠴᠢ ᠱᠠᠭᠠᠷᠳᠠᠯᠭ᠎ᠠ᠄ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠦᠢᠯᠡᠴᠢᠯᠡᠭᠡ
ᠵᠡᠭᠦᠯᠲᠡ
ᠬᠤᠶᠠᠷ᠂ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢᠨ ᠬᠢᠷᠢ ᠬᠡᠮ᠎ᠤᠨ ᠱᠠᠭᠠᠷᠳᠠᠯᠭ᠎ᠠ
ᠴᠤᠤᠷᠢᠶᠠᠳᠤᠨ ᠳᠠᠭᠠᠭ᠍ᠴᠢ 《 ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ 》᠎ᠶ᠋ᠢᠨ ᠬᠤᠷᠢᠨ ᠬᠤᠶᠠᠳᠤᠭᠠᠷ ᠵᠤᠷᠪᠤᠰ ᠲᠤ ᠲᠣᠭ᠍ᠲᠠᠭᠠᠭ᠍ᠰᠠᠨ ᠨᠥᠬᠦᠴᠡᠯ᠎ᠢ ᠪᠦᠷᠢᠯᠳᠦᠭᠦᠯᠵᠦ᠍᠂ ᠡᠯ᠎ᠡ ᠵᠦᠢᠯ᠎ᠤᠨ ᠲᠣᠭ᠍ᠲᠠᠭᠠᠯ᠎ᠳᠤ ᠨᠡᠢᠴᠡᠭ᠌ᠰᠡᠨ ᠬᠠᠩᠭᠠᠯᠭ᠎ᠠ᠎ᠶ᠋ᠢᠨ ᠬᠤᠳᠠᠯᠳᠤᠭᠠᠴᠢᠨ᠎ᠢ ᠮᠡᠳᠡᠷᠡᠬᠦ᠌ ᠪᠥᠭᠡᠳ ᠠᠮᠠᠯᠠᠯᠲᠠ᠎ᠪᠠᠷ ᠭᠦᠢᠴᠡᠳᠭᠡᠬᠦ᠌᠎ᠶ᠋ᠢᠨ ᠬᠠᠮᠲᠤ᠌᠂ ᠳᠣᠤᠷᠠᠬᠢ ᠨᠥᠬᠦᠴᠡᠯ᠎ᠢ ᠪᠦᠷᠢᠯᠳᠦᠭᠦᠯᠬᠦ᠌ ᠬᠡᠷᠡᠭ᠌ᠲᠡᠶ᠄
1. ᠪᠡᠶ᠎ᠡ᠎ᠪᠠᠨ ᠳᠠᠭᠠᠭᠠᠭ᠍ᠰᠠᠨ ᠬᠠᠤᠯᠢ᠎ᠶ᠋ᠢᠨ ᠡᠷᠬᠡᠲᠡᠨ᠎ᠤ ᠬᠢᠷᠢ ᠬᠡᠮ᠎ᠲᠠᠢ ᠪᠥᠭᠡᠳ ᠬᠦᠴᠦᠨ ᠪᠦᠬᠦᠢ ᠡᠵᠡᠩᠨᠡᠯᠲᠡ᠎ᠶ᠋ᠢᠨ ᠦᠨᠡᠮᠯᠡᠯ᠎ᠲᠠᠢ ᠪᠠᠢᠬᠤ ᠬᠡᠷᠡᠭ᠌ᠲᠡᠢ ;
2. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶᠡᠨ ᠳᠡᠭᠡᠷ᠎ᠡ ᠳᠠᠩᠰᠠᠯᠠᠭᠤᠯᠬᠤ᠎ᠶ᠋ᠢᠨ ᠬᠠᠮᠲᠤ ᠪᠠᠢᠴᠠᠭᠠᠨ ᠯᠠᠪᠯᠠᠬᠤ ᠤᠭ᠍ᠲᠤᠯᠤᠭ᠍ᠰᠠᠨ ᠵᠢᠷᠤᠭ᠎ᠢ ᠬᠠᠩᠭᠠᠨ᠎ᠠ ;
3. ᠣᠢᠷ᠎ᠠ᠎ᠶ᠋ᠢᠨ ᠨᠢᠭᠡ ᠵᠢᠯ᠎ᠦᠨ ᠭᠠᠢᠯᠢ ᠲᠤᠱᠢᠶᠠᠭ᠍ᠰᠠᠨ ᠭᠡᠷᠡᠴᠢ ( ᠭᠠᠢᠯᠢ᠎ᠶ᠋ᠢᠨ ᠶᠠᠪᠤᠳᠠᠯ᠎ᠤᠨ ᠪᠠᠢᠭᠤᠯᠭ᠎ᠠ᠎ᠶ᠋ᠢᠨ ᠬᠢᠵᠦ᠍ ᠥᠭ᠌ᠭᠦᠭ᠌ᠰᠡᠨ ᠭᠠᠢᠯᠢ ᠲᠤᠱᠢᠶᠠᠭ᠍ᠰᠠᠨ ᠵᠣᠭᠣᠰ ᠲᠤᠱᠢᠶᠠᠭ᠍ᠰᠠᠨ ᠪᠢᠴᠢᠭ ᠪᠤᠶᠤ ᠪᠠᠩᠬᠢ᠎ᠶ᠋ᠢᠨ ᠭᠠᠢᠯᠢ ᠬᠠᠰᠤᠭ᠍ᠰᠠᠨ ᠭᠡᠷᠡᠴᠢ᠎ᠪᠡᠷ ᠪᠠᠷᠢᠮᠵᠢᠶ᠎ᠠ ᠪᠣᠯᠭᠠᠨ᠎ᠠ );
4. ᠠᠵᠢᠯᠲᠠᠨ᠂ ᠲᠥᠬᠦᠭᠡᠷᠦᠮᠵᠢ ᠪᠠ ᠶᠠᠰᠤ ᠴᠢᠨᠠᠷ᠎ᠤᠨ ᠪᠠᠲᠤᠯᠠᠭ᠎ᠠ᠎ᠶ᠋ᠢ ᠪᠦᠷᠢᠯᠳᠦᠭᠦᠯᠵᠦ᠍᠂ ᠲᠦᠷᠦᠯ ᠵᠦᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠦᠭ᠌ᠰᠡᠨ ᠬᠦᠴᠦᠨ ᠪᠦᠬᠦᠢ ᠭᠡᠷᠡᠴᠢᠯᠡᠬᠦ᠌ ᠮᠠᠲ᠋ᠧᠷᠢᠶᠠᠯ ;
5. ᠵᠠᠷᠯᠢᠭ᠍ᠳᠠᠵᠤ ᠪᠠᠢᠭᠠᠳ ᠠᠵᠢᠯ᠎ᠢ ᠨᠢ ᠵᠣᠭᠰᠤᠭᠠᠬᠤ ᠂ ᠳᠠᠭᠠᠭᠠᠴᠢᠯᠠᠯᠲᠠ᠎ᠳᠤ ᠣᠷᠣᠬᠤ ᠬᠢᠷᠢ ᠬᠡᠮ᠎ᠢ ᠨᠢ ᠬᠦᠴᠦᠨ ᠦᠭᠡᠢ ᠪᠣᠯᠭᠠᠬᠤ ᠂ ᠡᠳ᠋ ᠬᠥᠷᠥᠩᠭᠡ᠎ᠶᠢ ᠨᠢ ᠭᠥᠯᠢᠶᠡᠨ ᠠᠪᠴᠤ ᠬᠠᠮᠢᠶᠠᠷᠬᠤ ᠂ ᠴᠡᠪᠳᠡᠭᠯᠡᠬᠦ ᠂ ᠲᠠᠮᠫᠤᠷᠠᠬᠤ ᠵᠡᠷᠭᠡ ᠪᠠᠢᠳᠠᠯ᠎ᠳᠤ ᠣᠷᠣᠭ᠎ᠠ ᠦᠭᠡᠢ ;
6. 《ᠢᠲᠡᠭᠡᠮᠵᠢᠲᠦ ᠳᠤᠮᠳᠠᠳᠤ ᠤᠯᠤᠰ》᠎ᠤᠨ ᠰᠦᠯᠵᠢᠶ᠎ᠡ ( http᠄ //www.creditchina.gov.cn/ )᠎ᠳᠤ ᠢᠲᠡᠭᠡᠯ᠎ᠢᠶᠠᠨ ᠠᠯᠳᠠᠭ᠍ᠰᠠᠨ ᠭᠦᠢᠴᠡᠳᠭᠡᠭ᠌ᠳᠡᠭ᠌ᠴᠢ ᠶ᠋ᠢᠨ ᠨᠡᠷᠡᠰ᠎ᠲᠤ ᠵᠢᠭ᠍ᠰᠠᠭᠠᠭ᠍ᠳᠠᠭ᠍ᠰᠠᠨ ᠬᠠᠩᠭᠠᠯᠭ᠎ᠠ᠎ᠶ᠋ᠢᠨ ᠬᠤᠳᠠᠯᠳᠤᠭᠠᠴᠢᠨ ᠨᠡᠷ᠎ᠡ ᠮᠡᠳᠡᠭᠦᠯᠵᠦ᠍ ᠪᠣᠯᠬᠤ ᠥᠬᠡᠶ;
7. ᠲᠣᠰ ᠲᠥᠷᠥᠯ ᠵᠦᠢᠯ᠎ᠨᠢ ᠬᠤᠯᠪᠣᠭᠠᠲᠤ ᠴᠣᠭ᠍ᠴᠠ᠎ᠶ᠋ᠢᠨ ᠳᠠᠭᠠᠭᠠᠴᠢᠯᠠᠯᠲᠠ᠎ᠶ᠋ᠢ ᠬᠦᠯᠢᠶᠡᠬᠦ᠌ ᠦᠭᠡᠢ᠃
ᠭᠤᠷᠪᠠ᠂ ᠨᠡᠷ᠎ᠡ ᠮᠡᠳᠡᠭᠦᠯᠬᠦ᠌ ᠤᠷᠤᠯᠠᠨ ᠭᠦᠢᠴᠡᠳᠭᠡᠬᠦ᠌ ᠪᠠᠢᠭᠤᠯᠤᠮᠵᠢ ᠳᠣᠤᠷᠠᠬᠢ ᠮᠠᠲ᠋ᠧᠷᠢᠶᠠᠯ᠎ᠤᠳ᠎ᠢ ᠬᠠᠩᠭᠠᠬᠤ ᠬᠡᠷᠡᠭ᠌ᠲᠡᠶ ( ᠳᠣᠤᠷᠠᠬᠢ ᠳᠡᠰ ᠳᠠᠷᠠᠭᠠᠯᠠᠯ ᠢᠶᠠᠷ ᠡᠮᠬᠢᠳᠭᠡ )
1. ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠦᠨᠡᠮᠯᠡᠯ᠎ᠤᠨ ᠬᠠᠭᠤᠯᠪᠤᠷᠢ ᠳᠡᠪᠲᠡᠷ ;
2. ᠬᠠᠤᠯᠢ᠎ᠪᠠᠷ ᠲᠣᠭ᠍ᠲᠠᠭᠠᠭ᠍ᠰᠠᠨ ᠲᠥᠯᠥᠭᠡᠯᠡᠭ᠌ᠴᠢ᠎ᠶ᠋ᠢᠨ ᠪᠡᠶ᠎ᠡ᠎ᠶ᠋ᠢᠨ ᠦᠨᠡᠮᠯᠡᠯ ᠵᠢᠴᠢ ᠲᠥᠷᠥᠯ ᠵᠦᠢᠯ᠎ᠤᠨ ᠬᠠᠷᠢᠭᠤᠴᠠᠯᠭᠠᠲᠠᠨ᠎ᠤ ᠡᠷᠬᠡ ᠣᠯᠭᠤᠭ᠍ᠰᠠᠨ ᠨᠠᠢᠳᠠᠯᠭ᠎ᠠ᠎ᠶ᠋ᠢᠨ ᠪᠢᠴᠢᠭ ;
3. 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ 》᠎ᠶ᠋ᠢᠨ ᠣᠷᠣᠯᠠᠬᠤ ᠪᠠᠢᠭᠤᠯᠤᠮᠵᠢ᠎ᠳᠤ ᠪᠦᠷᠢᠳᠭᠡᠨ ᠳᠡᠩᠰᠡᠯᠡᠵᠦ᠍᠂ ᠪᠠᠢᠴᠠᠭᠠᠨ ᠯᠠᠪᠯᠠᠬᠤ ᠤᠭ᠍ᠲᠤᠯᠤᠭ᠍ᠰᠠᠨ ᠵᠢᠷᠤᠭ᠎ᠢ ᠬᠠᠩᠭᠠᠨ᠎ᠠ ;
4. ᠢᠲᠡᠭᠡᠮᠵᠢᠲᠦ ᠳᠤᠮᠳᠠᠳᠤ ᠤᠯᠤᠰ᠎ᠤᠨ ᠰᠦᠯᠵᠢᠶᠡᠨ ᠳᠤ ᠢᠲᠡᠭᠡᠯ᠎ᠢᠶᠠᠨ ᠠᠯᠳᠠᠭ᠍ᠰᠠᠨ ᠭᠦᠢᠴᠡᠳᠭᠡᠭ᠌ᠳᠡᠭ᠌ᠴᠢ᠎ᠶ᠋ᠢᠨ ᠨᠡᠷᠡᠰ᠎ᠤᠨ ᠬᠤᠯᠪᠣᠭ᠍ᠳᠠᠯ ᠪᠦᠬᠦᠢ ᠤᠭ᠍ᠲᠤᠯᠤᠭ᠍ᠰᠠᠨ ᠵᠢᠷᠤᠭᠲᠤ ᠵᠢᠭ᠍ᠰᠠᠭᠠᠭ᠍ᠳᠠᠭ᠍ᠰᠠᠨ ᠦᠭᠡᠢ ;
5. ᠳᠠᠭᠠᠭᠠᠴᠢᠯᠠᠯᠲᠠ ᠵᠠᠷᠯᠠᠬᠤ ᠪᠢᠴᠢᠭ ᠬᠠᠷ᠎ᠠ᠎ᠶ᠋ᠢ ᠨᠠᠢᠷᠠᠭᠤᠯᠤᠨ ᠵᠣᠬᠢᠶᠠᠬᠤ ᠦᠢᠯᠡᠴᠢᠯᠡᠭᠡᠨ᠎ᠦ ᠲᠥᠰᠦᠯ ᠵᠢᠴᠢ ᠦᠨ᠎ᠡ ᠮᠡᠳᠡᠭᠦᠯᠬᠦ᠌ ;
6. ᠲᠣᠰ ᠲᠥᠷᠥᠯ ᠵᠦᠶ᠋ᠯ᠎ᠤᠨ ᠬᠠᠷᠢᠭᠤᠴᠠᠯᠭᠠᠲᠠᠨ᠎ᠤ ᠠᠵᠢᠯ ᠤᠨ ᠨᠠᠮᠲᠠᠷ᠂ ᠬᠢᠷᠢ ᠬᠡᠮ ᠵᠡᠷᠭᠡ ᠪᠠᠢᠳᠠᠯ ; ᠲᠥᠷᠥᠯ ᠵᠦᠶ᠋ᠯ᠎ᠤᠨ ᠳᠤᠭᠤᠢᠯᠠᠩ᠎ᠤᠨ ᠠᠵᠢᠯᠲᠠᠨ᠎ᠤ ᠬᠢᠷᠢ ᠬᠡᠮ᠂ ᠠᠵᠢᠯ᠎ᠤᠨ ᠨᠠᠮᠲᠠᠷ ;
7. ᠲᠤᠰᠠᠭᠠᠷ ᠠᠵᠢᠯᠯᠠᠬᠤ ᠭᠠᠵᠠᠷ᠎ᠤᠨ ᠭᠡᠷᠡᠴᠢ᠂ ᠲᠤᠰᠠᠭᠠᠷ ᠵᠣᠬᠢᠶᠠᠨ ᠪᠠᠢᠭᠤᠯᠤᠯᠲᠠ᠎ᠶ᠋ᠢᠨ ᠲᠠᠯᠠᠪᠤᠷ ᠭᠠᠵᠠᠷ᠎ᠤᠨ ᠭᠡᠷᠡᠴᠢ᠂ ᠲᠠᠯᠠᠪᠤᠷ ᠭᠠᠵᠠᠷ᠎ᠲᠤ ᠲᠦᠷᠢᠶᠡᠰᠦᠯᠡᠬᠦ᠌ ᠬᠡᠯᠡᠯᠴᠡᠭᠡᠷ ᠪᠤᠶᠤ ᠭᠡᠷ ᠪᠠᠢᠱᠢᠩ ᠬᠤᠳᠠᠯᠳᠤᠨ ᠠᠪᠬᠤ ᠬᠡᠯᠡᠯᠴᠡᠭᠡᠷ ᠵᠢᠴᠢ ᠭᠡᠷ ᠪᠠᠢᠱᠢᠩ᠎ᠤᠨ ᠥᠮᠴᠢᠯᠡᠬᠦ᠌ ᠡᠷᠬᠡ᠎ᠶ᠋ᠢᠨ ᠦᠨᠡᠮᠯᠡᠯ ᠵᠡᠷᠭᠡ ᠭᠡᠷᠡᠴᠢᠯᠡᠬᠦ᠌ ᠮᠠᠲ᠋ᠧᠷᠢᠶᠠᠯ᠎ᠢ ᠬᠠᠩᠭᠠᠨ᠎ᠠ ;
8. ᠣᠢᠷ᠎ᠠ᠎ᠶ᠋ᠢᠨ ᠭᠤᠷᠪᠠᠨ ᠵᠢᠯ᠎ᠤᠨ ᠳᠣᠲᠣᠷ᠎ᠠ ᠪᠡᠶᠡᠯᠡᠭᠦᠯᠦᠭ᠌ᠰᠡᠨ ᠬᠠᠮᠢᠶ᠎ᠠ ᠪᠥᠬᠦᠶ ᠠᠵᠢᠯ᠎ᠤᠨ ᠠᠮᠵᠢᠯᠲᠠ᠎ᠶ᠋ᠢᠨ ᠭᠡᠷᠡᠴᠢ ᠮᠠᠲ᠋ᠧᠷᠢᠶᠠᠯ ;
9. ᠣᠷᠣᠯᠠᠬᠤ ᠪᠠᠢᠭᠤᠯᠤᠮᠵᠢ ᠶ᠋ᠢᠨ ᠬᠢᠷᠢ ᠭᠡᠮ᠎ᠦᠨ ᠱᠠᠭᠠᠷᠳᠠᠯᠭ᠎ᠠ ᠳᠤ ᠪᠤᠰᠤᠳ ᠭᠡᠷᠡᠴᠢᠯᠡᠬᠦ᠌ ᠮᠠᠲ᠋ᠧᠷᠢᠶᠠᠯ᠎ᠤᠳ;
10. ᠬᠠᠷᠢᠯᠴᠠᠬᠤ ᠬᠠᠭᠤᠳᠠᠰᠤ ( ᠨᠢᠭᠡᠴᠢ ᠶ᠋ᠢᠨ ᠨᠡᠷᠡᠢᠳᠦᠯ᠂ ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠮᠠᠶᠢᠭ᠎ᠢ ᠪᠠᠭ᠍ᠲᠠᠭᠠᠨ᠎ᠠ )
ᠲᠣᠳᠣᠷᠬᠠᠢᠯᠠᠯ᠄ ᠳᠡᠭᠡᠷᠡᠬᠢ ᠮᠠᠲ᠋ᠧᠷᠢᠶᠠᠯ᠎ᠤᠨ ᠪᠠᠭᠤᠯᠭᠠᠪᠤᠷᠢ ᠨᠢ ᠨᠢᠭᠡᠴᠢ ᠶ᠋ᠢᠨ ᠲᠠᠮᠠᠭ᠎ᠠ᠎ᠶ᠋ᠢ ᠳᠠᠷᠤᠬᠤ ᠴᠢᠬᠤᠯᠠᠲᠠᠶ ᠪᠥᠭᠡᠳ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠤᠨ ᠠᠮᠠᠯᠠᠯᠲᠠ᠎ᠶ᠋ᠢᠨ ᠪᠢᠴᠢᠭ᠎ᠢ ᠬᠠᠩᠭᠠᠬᠤ ᠬᠡᠷᠡᠭ᠌ᠲᠡᠶ᠃
ᠳᠥᠷᠪᠡ᠂ ᠨᠡᠷ᠎ᠡ ᠮᠡᠳᠡᠭᠦᠯᠬᠦ᠌ ᠪᠢᠴᠢᠭ ᠮᠠᠲ᠋ᠧᠷᠢᠶᠠᠯ᠎ᠢ ᠭᠠᠷᠳᠠᠭᠤᠯᠬᠤ ᠴᠠᠭ ᠪᠠ ᠬᠠᠶᠢᠭ
ᠳᠡᠭᠡᠷ᠎ᠡ ᠳᠤᠷᠠᠳᠤᠭ᠍ᠰᠠᠨ ᠨᠥᠬᠦᠴᠡᠯ᠎ᠳᠤ ᠨᠡᠢᠴᠡᠬᠦ᠌ ᠬᠠᠩᠭᠠᠯᠭ᠎ᠠ ᠶ᠋ᠢᠨ ᠬᠤᠳᠠᠯᠳᠤᠭᠠᠴᠢᠨ 2025 ᠣᠨ᠎ᠤ 9 ᠳ᠋ᠤᠭᠡᠷ ᠰᠠᠷ᠎ᠠ᠎ᠶ᠋ᠢᠨ 26 ᠤ ᠡᠳᠦᠷ᠎ᠤᠨ 12 ᠴᠠᠭ᠎ᠠᠴᠠ ᠡᠮᠦᠨ᠎ᠡ ᠨᠡᠷ᠎ᠡ ᠮᠡᠳᠡᠭᠦᠯᠦᠭ᠌ᠰᠡᠨ ᠮᠠᠲ᠋ᠧᠷᠢᠶᠠᠯ ᠤᠨ ᠠᠯᠪᠠᠨ ᠲᠠᠮᠠᠭ᠎ᠠ ᠳᠠᠷᠤᠭ᠍ᠰᠠᠨ᠎ᠤ ᠳᠠᠷᠠᠭᠠᠬᠢ ᠱᠢᠷᠪᠢᠯᠲᠡ᠎ᠶ᠋ᠢᠨ ᠪᠢᠴᠢᠭ᠎ᠢ ᠱᠢᠤᠳᠠᠨ᠎ᠤ ᠬᠠᠢᠷᠴᠠᠭ zzqblzx@163.com ᠳᠤ ᠢᠯᠡᠭᠡᠵᠦ᠍ ᠪᠣᠯᠤᠨ᠎ᠠ᠃
ᠲᠠᠪᠤ᠂ ᠬᠠᠷᠢᠯᠴᠠᠬᠤ ᠠᠷᠭ᠎ᠠ ᠮᠠᠶᠢᠭ
ᠨᠢᠭᠡᠴᠢ ᠶ᠋ᠢᠨ ᠨᠡᠷᠡᠢᠳᠦᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ
ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ᠎ᠶ᠋ᠢᠨ ᠱᠢᠨᠬᠤᠸᠠ ᠶᠡᠭᠡ ᠵᠡᠭᠡᠯᠢ᠎ᠶ᠋ᠢᠨ 63 ᠳ᠋ᠤᠭᠠᠷ ᠲᠣᠭᠠᠲᠤ ᠬᠦᠷᠢᠶᠡᠯᠡᠩ
ᠬᠠᠷᠢᠯᠴᠠᠬᠤ ᠬᠥᠮᠦᠨ᠄ ᠯᠢ ᠱᠢᠨ
ᠬᠠᠷᠢᠯᠴᠠᠬᠤ ᠤᠲᠠᠰᠤ᠄ 0471 - 6618106
2025 ᠣᠨ᠎ᠤ 9 ᠰᠠᠷ᠎ᠠ᠎ᠶ᠋ᠢᠨ 24 ᠤ ᠡᠳᠦᠷ