《ᠭᠤᠸᠠᠩᠵᠧᠦ᠍᠎ᠶ᠋ᠢᠨ ᠠᠷᠠᠯᠵᠢᠶᠠᠨ᠎ᠤ ᠴᠤᠭ᠍ᠯᠠᠭᠠᠨ᠎ᠨᠢ ᠲᠣᠭ᠍ᠲᠠᠭᠠᠯ᠎ᠠᠴᠠ ᠵᠥᠷᠢᠴᠡᠨ ᠡᠭᠡᠭᠦᠯᠦᠨ ᠬᠤᠷᠢᠶᠠᠭ᠍ᠰᠠᠨ ᠡᠩ᠎ᠤᠨ ᠴᠢᠨᠠᠷᠲᠠᠶ ᠦᠵᠡᠭᠦᠯᠭᠡ᠎ᠶ᠋ᠢᠨ ᠪᠠᠢᠷᠢ᠎ᠶ᠋ᠢᠨ ᠲᠣᠬᠢᠷᠠᠭᠤᠯᠤᠯᠲᠠ᠎ᠶ᠋ᠢᠨ ᠠᠷᠭ᠎ᠠ 》᠂ 《ᠭᠤᠸᠠᠩᠵᠧᠦ᠍᠎ᠶ᠋ᠢᠨ ᠠᠷᠠᠯᠵᠢᠶᠠᠨ᠎ᠤ ᠴᠤᠭ᠍ᠯᠠᠭᠠᠨ᠎ᠤ ᠭᠠᠳᠠᠭᠠᠳᠤ ᠭᠠᠷᠭᠠᠯᠲᠠ᠎ᠶ᠋ᠢᠨ ᠠᠷᠠᠯᠵᠢᠶᠠᠨ᠎ᠤ ᠪᠦᠯᠬᠦᠮ᠎ᠤᠨ ᠳᠤᠭᠤᠢᠯᠠᠩ᠎ᠤᠨ ᠠᠵᠢᠯ᠎ᠤᠨ ᠬᠥᠬᠢᠭᠦᠯᠦᠨ ᠰᠠᠢᠱᠢᠶᠠᠬᠤ ᠪᠠᠷᠢᠮᠵᠢᠶ᠎ᠠ》᠎ᠶ᠋ᠢ ᠦᠨᠳᠦᠰᠦᠯᠡᠪᠡᠯ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠭᠠᠳᠠᠭᠠᠳᠤ ᠠᠷᠠᠯᠵᠢᠶᠠᠨ᠎ᠤ ᠵᠤᠷᠭᠠᠨ᠎ᠠᠴᠠ ᠮᠠᠨ᠎ᠤ ᠣᠷᠣᠨ᠎ᠤ ᠢᠳᠡᠭᠡᠨ᠎ᠤ ᠦᠵᠡᠭᠦᠯᠭᠡ᠎ᠶ᠋ᠢᠨ ᠲᠣᠭᠤᠷᠢᠭ᠎ᠤᠨ ᠦᠵᠡᠭᠦᠯᠭᠡ᠎ᠶ᠋ᠢᠨ ᠪᠠᠢᠷᠢ᠎ᠶ᠋ᠢ 3 ᠱᠠᠩᠨᠠᠵᠤ᠂ ᠶᠡᠷᠦᠩᠬᠡᠢᠯᠡᠨ ᠪᠣᠳᠣᠯᠬᠢᠯᠠᠬᠤ᠎ᠪᠠᠷ ᠳᠡᠮᠵᠢᠨ᠂ ᠥᠪᠥᠷ ᠮᠣᠩᠭᠤᠯ᠎ᠤᠨ ᠢᠯᠢ ᠠᠵᠤ ᠦᠢᠯᠡᠰ᠎ᠤᠨ ᠪᠦᠯᠦᠭ᠌ᠯᠡᠯ᠎ᠤᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ᠎ᠤᠨ ᠮᠧᠩ ᠨᠢᠦ ᠰᠦ᠎ᠶ᠋ᠢᠨ ᠦᠢᠯᠡᠰ (ᠪᠦᠯᠦᠭ᠌ᠯᠡᠯ) ᠤᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠂ ᠪᠠᠶᠠᠨᠨᠠᠭᠤᠷ ᠬᠤᠲᠠ᠎ᠶ᠋ᠢᠨ ᠢ ᠭᠤᠸᠠᠩ ᠪᠠ ᠠᠷᠠᠯᠵᠢᠶ᠎ᠠ ᠬᠤᠳᠠᠯᠳᠤᠭᠠᠨ᠎ᠤ ᠬᠢᠵᠠᠭᠠᠷᠲᠤ ᠺᠣᠮᠫᠠᠨᠢ ᠲᠣᠰ ᠪᠦᠷᠢ 1 ᠬᠤᠪᠢᠶᠠᠷᠢᠯᠠᠬᠤ᠎ᠪᠠᠷ ᠲᠥᠯᠥᠪᠯᠡᠵᠦ᠍᠂ ᠣᠲᠣ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠭᠠᠳᠠᠭᠠᠳᠤ ᠠᠷᠠᠯᠵᠢᠶᠠᠨ᠎ᠤ ᠵᠤᠷᠭᠠᠨ᠎ᠤ ᠱᠠᠭᠠᠷᠳᠠᠯᠭ᠎ᠠ ᠶᠣᠰᠣᠭᠠᠷ ᠢᠯᠡ ᠨᠡᠢᠲᠡᠯᠡᠵᠦ᠍᠂ ᠢᠯᠡ ᠨᠡᠢᠲᠡᠯᠡᠬᠦ᠌ ᠴᠠᠭ᠎ᠢ ᠲᠣᠰ ᠡᠳᠦᠷ᠎ᠠᠴᠠ ᠡᠬᠢᠯᠡᠨ 2025 ᠣᠨ᠎ᠤ 9 ᠳ᠋ᠦ᠍ᠭᠡᠷ ᠰᠠᠷ᠎ᠠ᠎ᠶ᠋ᠢᠨ 3 ᠤ ᠡᠳᠦᠷ᠎ᠤᠨ 17 ᠴᠠᠭ ᠪᠣᠯᠲᠠᠯ᠎ᠠ ᠬᠢᠵᠠᠭᠠᠷᠯᠠᠪᠠ᠃
ᠬᠠᠷᠢᠯᠴᠠᠬᠤ ᠬᠥᠮᠦᠨ᠄ ᠫᠠᠨ ᠶᠤᠸᠠᠢ ᠮᠧᠶ
ᠤᠲᠠᠰᠤ᠄ 0471 - 6946796