ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠦᠨᠦᠳᠣᠷ᠎ᠤᠨ ᠰᠣᠨᠢᠨ ᠮᠡᠳᠡᠭᠡ
ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠲᠠᠪᠤᠳᠤᠭᠠᠷ ᠬᠤᠭᠤᠴᠠᠭᠠᠨ᠎ᠤ ᠳᠤᠮᠳᠠᠳᠤ ᠮᠣᠩᠭᠤᠯ᠎ᠤᠨ ᠦᠵᠡᠰᠭᠦᠯᠡᠩ᠎ᠤᠨ ᠴᠤᠭ᠍ᠯᠠᠭᠠᠨ᠎ᠤ ᠠᠵᠢᠯ᠎ᠤᠨ ᠳ᠋ᠦᠩᠨᠡᠯᠲᠡ᠎ᠶ᠋ᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-11-07

  11 ᠳ᠋ᠦ᠍ᠭᠡᠷ ᠰᠠᠷ᠎ᠠ᠎ᠶ᠋ᠢᠨ 6 ᠎ᠤ ᠡᠳᠦᠷ᠂ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠲᠠᠪᠤᠳᠤᠭᠠᠷ ᠬᠤᠭᠤᠴᠠᠭᠠᠨ᠎ᠤ ᠳᠤᠮᠳᠠᠳᠤ ᠮᠣᠩᠭᠤᠯ᠎ᠤᠨ ᠦᠵᠡᠰᠭᠦᠯᠡᠩ᠎ᠤᠨ ᠴᠤᠭ᠍ᠯᠠᠭᠠᠨ᠎ᠤ ᠠᠵᠢᠯ᠎ᠤᠨ ᠳ᠋ᠦᠩᠨᠡᠯᠲᠡ᠎ᠶ᠋ᠢᠨ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠵᠤ᠂ ᠲᠠᠪᠤᠳᠤᠭᠠᠷ ᠬᠤᠭᠤᠴᠠᠭᠠᠨ᠎ᠤ ᠳᠤᠮᠳᠠᠳᠤ ᠮᠣᠩᠭᠤᠯ᠎ᠤᠨ ᠦᠵᠡᠰᠭᠦᠯᠡᠩ᠎ᠤᠨ ᠴᠤᠭ᠍ᠯᠠᠭᠠᠨ᠎ᠤ ᠳᠣᠲᠣᠷ᠎ᠠ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠢᠶᠠᠷ ᠲᠦᠷᠦᠭᠦᠯᠡᠭᠦᠯᠦᠭ᠌ᠰᠡᠨ ᠡᠯ᠎ᠡ ᠵᠦᠢᠯ᠎ᠤᠨ ᠠᠵᠢᠯ᠎ᠢ ᠪᠥᠬᠦ᠌ ᠲᠠᠯ᠎ᠠ᠎ᠪᠠᠷ ᠳ᠋ᠦᠩᠨᠡᠵᠦ᠍᠂ ᠠᠵᠢᠯ᠎ᠤᠨ ᠳᠤᠮᠳᠠ ᠴᠣᠯᠭᠤᠷᠠᠨ ᠭᠠᠷᠤᠭ᠍ᠰᠠᠨ ᠲᠡᠷᠢᠭᠦᠨ᠎ᠤ ᠬᠤᠪᠢ ᠬᠥᠮᠦᠨ᠎ᠢ ᠵᠠᠷᠯᠠᠨ ᠮᠡᠳᠡᠭ᠌ᠳᠡᠵᠦ᠍᠂ ᠲᠠᠷᠠᠭᠠᠴᠢ᠎ᠶ᠋ᠢᠨ ᠠᠯᠬᠤᠮ᠎ᠤᠨ ᠭᠤᠤᠯᠳᠠᠯᠭ᠎ᠠ᠎ᠲᠠᠢ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠳᠠᠷᠤᠭ᠎ᠠ ᠯᠦᠸᠧ ᠴᠢᠩ ᠬᠤᠷᠠᠯ᠎ᠳᠤ ᠣᠷᠣᠯᠴᠠᠭ᠍ᠰᠠᠨ ᠪᠥᠭᠡᠳ ᠳ᠋ᠦᠩᠨᠡᠯᠲᠡ᠎ᠶ᠋ᠢᠨ ᠶᠠᠷᠢᠶ᠎ᠠ ᠲᠠᠯᠪᠢᠪᠠ᠃

 

 

  ᠬᠤᠷᠠᠯ᠎ᠠᠴᠠ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠳᠡᠮᠵᠢᠯᠭᠡ ᠵᠢᠯᠤᠭᠤᠳᠤᠯᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠠᠪᠤᠳᠤᠭᠠᠷ ᠬᠤᠭᠤᠴᠠᠭᠠᠨ᠎ᠤ ᠳᠤᠮᠳᠠᠳᠤ ᠮᠣᠩᠭᠤᠯ᠎ᠤᠨ ᠦᠵᠡᠰᠭᠦᠯᠡᠩ᠎ᠤᠨ ᠴᠤᠭ᠍ᠯᠠᠭᠠᠨ ᠲᠡᠭᠦᠰ ᠠᠮᠵᠢᠯᠲᠠ ᠣᠯᠵᠠᠢ᠃ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠨᠢ ᠦᠵᠡᠰᠭᠦᠯᠡᠩ᠎ᠤᠨ ᠴᠤᠭ᠍ᠯᠠᠭᠠᠨ᠎ᠢ ᠳᠠᠭᠠᠭᠠᠴᠢᠯᠠᠨ ᠡᠷᠬᠢᠯᠡᠬᠦ᠌ ᠨᠢᠭᠡᠴᠢ ᠪᠠ ᠨᠠᠷᠢᠨ ᠪᠢᠴᠢᠭ᠎ᠤᠨ ᠭᠠᠵᠠᠷ᠎ᠲᠤ ᠰᠠᠭᠤᠭ᠎ᠠ ᠨᠢᠭᠡᠴᠢ ᠪᠣᠯᠤᠭ᠍ᠰᠠᠨ᠎ᠤ ᠬᠤᠪᠢ᠎ᠳᠤ᠂ ᠦᠵᠡᠰᠭᠦᠯᠡᠩ᠎ᠤᠨ ᠴᠤᠭ᠍ᠯᠠᠭᠠᠨ᠎ᠤ ᠭᠦᠢᠴᠡᠳᠭᠡᠬᠦ᠌ ᠺᠣᠮᠢᠰ᠎ᠤᠨ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ 《ᠬᠠᠷᠢᠯᠴᠠᠨ ᠠᠱᠢᠭ᠍ᠲᠠᠶ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍  ᠬᠠᠮᠲᠤᠷᠠᠨ ᠠᠵᠢᠯᠯᠠᠵᠤ ᠬᠠᠮᠲᠤ᠎ᠪᠠᠷ ᠠᠱᠢᠭ ᠭᠥᠷᠳᠡᠬᠦ᠌᠎ᠶ᠋ᠢ ᠠᠬᠢᠭᠤᠯᠬᠤ》 ᠭᠤᠤᠯ ᠰᠡᠳᠦᠪ᠎ᠤᠨ ᠲᠣᠭᠤᠷᠢᠨ᠎ᠳᠤ᠂ ᠶᠡᠷᠦᠩᠬᠡᠢᠯᠡᠨ ᠵᠣᠬᠢᠴᠠᠭᠤᠯᠬᠤ᠂ ᠠᠵᠤ ᠠᠬᠤᠶ ᠠᠷᠠᠯᠵᠢᠶᠠᠨ᠎ᠤ ᠵᠥᠪᠳᠡᠯᠴᠡᠭᠡ ᠬᠢᠬᠦ᠂ ᠡᠳ᠋᠎ᠤᠨ ᠶᠠᠪᠤᠳᠠᠯ᠎ᠤᠨ ᠬᠢᠨᠠᠨ ᠪᠤᠳᠤᠯᠳᠠ ᠪᠠ ᠦᠵᠡᠭᠦᠯᠭᠡ᠎ᠶᠢᠨ ᠪᠤᠭᠤᠮᠳᠠ᠎ᠪᠠᠷ ᠥᠩᠭᠡᠷᠡᠬᠦ᠌ ᠳᠥᠷᠪᠡᠨ ᠠᠵᠢᠯ᠎ᠤᠨ ᠬᠡᠯᠲᠡᠰ᠎ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠳᠤ ᠰᠠᠭᠤᠷᠢᠯᠠᠨ᠂ ᠡᠯ᠎ᠡ ᠲᠠᠯ᠎ᠠ᠎ᠶ᠋ᠢᠨ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠠᠷ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠲᠣᠰ ᠬᠤᠭᠤᠴᠠᠭᠠᠨ᠎ᠤ ᠦᠵᠡᠰᠭᠦᠯᠡᠩ᠎ᠤᠨ ᠴᠤᠭ᠍ᠯᠠᠭᠠᠨ᠎ᠢ ᠠᠮᠵᠢᠯᠲᠠ᠎ᠲᠠᠢ ᠡᠷᠭᠢᠯᠡᠬᠦ᠌᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠬᠤᠳᠠᠯᠳᠤᠭᠠᠨ᠎ᠤ ᠶᠠᠪᠤᠳᠠᠯ᠎ᠤᠨ ᠱᠢᠰᠲ᠋ᠧᠮ᠎ᠤᠨ ᠪᠦᠯᠬᠦᠮᠳᠡᠨ ᠬᠠᠮᠵᠢᠯᠴᠠᠬᠤ᠂ ᠬᠠᠲᠠᠭᠤ ᠳᠠᠢᠯᠠᠯᠳᠤᠭᠠᠨ ᠬᠢᠵᠦ᠍ ᠳᠡᠢᠯᠬᠦ᠌ ᠱᠢᠯᠢᠳᠡᠭ ᠰᠤᠷᠲᠠᠯ᠎ᠢ ᠭᠦᠢᠴᠡᠳ ᠢᠯᠡᠷᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

  ᠬᠤᠷᠠᠯ ᠳᠡᠭᠡᠷ᠎ᠡ᠂ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠲᠣᠰ ᠬᠤᠭᠤᠴᠠᠭᠠᠨ᠎ᠤ ᠦᠵᠡᠰᠭᠦᠯᠡᠩ᠎ᠤᠨ ᠴᠤᠭ᠍ᠯᠠᠭᠠᠨ᠎ᠳᠤ ᠡᠭᠦᠷᠭᠡᠯᠡᠭ᠌ᠰᠡᠨ ᠠᠵᠢᠯ᠎ᠢᠶᠠᠨ ᠥᠷᠨᠢᠭᠦᠯᠦᠭ᠌ᠰᠡᠨ ᠪᠠᠢᠳᠠᠯ᠎ᠢ ᠮᠡᠳᠡᠭ᠌ᠳᠡᠵᠦ᠍᠂ ᠲᠣᠰ ᠬᠤᠭᠤᠴᠠᠭᠠᠨ᠎ᠤ ᠦᠵᠡᠰᠭᠦᠯᠡᠩ᠎ᠤᠨ ᠴᠤᠭ᠍ᠯᠠᠭᠠᠨ᠎ᠤ ᠶᠡᠷᠦᠩᠬᠡᠢᠯᠡᠨ ᠵᠣᠬᠢᠴᠠᠭᠤᠯᠬᠤ ᠠᠵᠢᠯ ᠥᠨᠳᠥᠷ ᠪᠦᠲᠦᠮᠵᠢᠲᠡᠶ ᠪᠥᠭᠡᠳ ᠤᠷᠤᠭ᠍ᠰᠢᠲᠠᠶ ᠶᠠᠪᠤᠭ᠍ᠳᠠᠵᠤ᠂ ᠠᠵᠤ ᠠᠬᠤᠶ ᠠᠷᠠᠯᠵᠢᠶᠠᠨ᠎ᠤ ᠵᠥᠪᠳᠡᠯᠴᠡᠭᠡᠨ᠎ᠤ ᠠᠵᠢᠯᠯᠠᠭ᠎ᠠ᠎ᠶ᠋ᠢᠨ ᠦᠷ᠎ᠡ ᠪᠦᠲᠦᠭᠡᠯ ᠡᠯᠪᠡᠭ ᠳᠡᠯᠪᠡᠭ᠂ ᠳᠡᠯᠭᠡᠨ ᠦᠵᠡᠭᠦᠯᠭᠡ ᠭᠤᠢᠳᠠ ᠰᠠᠢᠬᠠᠨ ᠶᠠᠪᠤᠭ᠍ᠳᠠᠵᠤ᠂ ᠡᠳ᠋᠎ᠤᠨ ᠶᠠᠪᠤᠳᠠᠯ᠎ᠤᠨ ᠬᠢᠨᠠᠨ ᠪᠤᠳᠤᠯᠲᠠ᠎ᠶ᠋ᠢ ᠵᠢᠷᠤᠮᠵᠢᠯ᠎ᠲᠠᠢ ᠴᠢᠩᠭ᠎ᠠ ᠨᠢᠮᠪᠠᠶ ᠪᠠᠢᠯᠭᠠᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠵᠡᠷᠭᠡ ᠲᠠᠯ᠎ᠠ᠎ᠪᠠᠷ ᠱᠢᠨ᠎ᠡ᠎ᠶ᠋ᠢ ᠡᠭᠦᠳᠦᠭ᠌ᠰᠡᠨ ᠦᠢᠯᠡᠳᠦᠯᠭᠡ ᠬᠢᠵᠦ᠍᠂ ᠵᠣᠬᠢᠬᠤ ᠦᠷ᠎ᠡ ᠪᠦᠲᠦᠮᠵᠢ ᠣᠯᠤᠭ᠍ᠰᠠᠨ ᠪᠠᠢᠨ᠎ᠠ ᠭᠡᠵᠦ᠍ ᠵᠢᠭᠠᠵᠤ ᠭᠠᠷᠭᠠᠪᠠ᠃ ᠡᠭᠦᠨ᠎ᠤ ᠬᠠᠮᠲᠤ ᠬᠥᠬᠢᠭᠦᠯᠦᠨ ᠰᠠᠢᠱᠢᠶᠠᠬᠤ ᠲᠣᠭ᠍ᠲᠠᠭᠠᠯ᠎ᠢ ᠤᠩᠱᠢᠨ ᠨᠡᠢᠲᠡᠯᠡᠵᠦ᠍᠂ ᠲᠤᠰ ᠬᠤᠭᠤᠴᠠᠭᠠᠨ᠎ᠤ ᠦᠵᠡᠰᠭᠦᠯᠡᠩ᠎ᠤᠨ ᠴᠤᠭ᠍ᠯᠠᠭᠠᠨ᠎ᠤ ᠳᠤᠮᠳᠠ ᠲᠤᠪᠤᠢᠮ᠎ᠠ ᠢᠯᠡᠷᠡᠯ᠎ᠲᠠᠢ 11 ᠬᠤᠪᠢ ᠬᠥᠮᠦᠨ᠎ᠢ ᠵᠠᠷᠯᠠᠨ ᠰᠠᠢᠱᠢᠶᠠᠪᠠ᠃ ᠰᠠᠢᠱᠢᠶᠠᠭ᠍ᠳᠠᠭ᠍ᠰᠠᠨ ᠭᠤᠷᠪᠠᠨ ᠲᠥᠯᠥᠭᠡᠯᠡᠭ᠌ᠴᠢ ᠲᠤᠰ ᠲᠤᠰ᠎ᠤᠨ ᠠᠵᠢᠯ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠰᠠᠨᠠᠯ᠎ᠢᠶᠠᠨ ᠰᠣᠯᠢᠯᠴᠠᠬᠤ ᠶᠠᠷᠢᠶ᠎ᠠ ᠲᠠᠯᠪᠢᠪᠠ᠃

  ᠲᠢᠩᠬᠢᠮ᠎ᠤᠨ ᠳᠠᠷᠤᠭ᠎ᠠ ᠯᠦᠸᠧ ᠴᠢᠩ ᠳ᠋ᠦᠩᠨᠡᠯᠲᠡ᠎ᠶ᠋ᠢᠨ ᠶᠠᠷᠢᠶᠠᠨ᠎ᠳᠠᠭᠠᠨ ᠲᠤᠰ ᠬᠤᠭᠤᠴᠠᠭᠠᠨ᠎ᠤ ᠦᠵᠡᠰᠭᠦᠯᠡᠩ᠎ᠤᠨ ᠴᠤᠭ᠍ᠯᠠᠭᠠᠨ᠎ᠤ ᠣᠯᠤᠭ᠍ᠰᠠᠨ ᠡᠯ᠎ᠡ ᠵᠦᠢᠯ᠎ᠤᠨ ᠦᠷ᠎ᠡ ᠪᠦᠲᠦᠮᠵᠢ᠎ᠶ᠋ᠢ ᠭᠦᠢᠴᠡᠳ ᠨᠤᠲᠠᠯᠠᠪᠠ᠃ ᠲᠡᠷᠡ᠂ ᠪᠦᠬᠦ᠌ ᠲᠢᠩᠬᠢᠮ᠎ᠤᠨ᠎ᠬᠢᠨ ᠲᠣᠰ ᠤᠳᠠᠭᠠᠨ᠎ᠤ ᠳ᠋ᠦᠩᠨᠡᠯᠲᠡ᠎ᠶ᠋ᠢᠨ ᠬᠤᠷᠠᠯ᠎ᠢᠶᠠᠷ ᠱᠢᠨ᠎ᠡ ᠡᠬᠢᠯᠡᠯᠲᠡ ᠪᠣᠯᠭᠠᠵᠤ᠂ ᠦᠵᠡᠰᠭᠦᠯᠡᠩ᠎ᠤᠨ ᠴᠤᠭ᠍ᠯᠠᠭᠠᠨ᠎ᠤ ᠬᠤᠭᠤᠴᠠᠭᠠᠨ᠎ᠳᠠᠬᠢ ᠦᠷ᠎ᠡ ᠪᠦᠲᠦᠭᠡᠯ᠎ᠢ ᠨᠠᠢᠳᠠᠪᠤᠷᠢᠵᠢᠭᠤᠯᠤᠨ ᠪᠣᠳᠠᠲᠠᠢᠵᠢᠭᠤᠯᠬᠤ᠎ᠶ᠋ᠢ ᠲᠦᠷᠭᠡᠳᠭᠡᠨ ᠠᠬᠢᠭᠤᠯᠵᠤ᠂ ᠲᠠᠪᠴᠠᠩ᠎ᠤᠨ ᠪᠠᠢᠭᠤᠯᠤᠯᠲᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠬᠠᠮᠲᠤᠷᠠᠯᠴᠠᠭᠠᠨ᠎ᠤ ᠬᠡᠯᠪᠡᠷᠢ᠎ᠶ᠋ᠢ ᠪᠠᠶᠠᠯᠢᠭ᠍ᠵᠢᠭᠤᠯᠤᠨ᠂ ᠬᠠᠮᠲᠤᠷᠠᠯᠴᠠᠭᠠᠨ᠎ᠤ ᠬᠦᠷᠢᠶ᠎ᠡ᠎ᠶ᠋ᠢ ᠥᠷᠭᠡᠳᠭᠡᠵᠦ᠍᠂ ᠦᠵᠡᠰᠭᠦᠯᠡᠩ᠎ᠤᠨ ᠴᠤᠭ᠍ᠯᠠᠭᠠᠨ᠎ᠤ ᠡᠯ᠎ᠡ ᠵᠦᠢᠯ᠎ᠤᠨ ᠦᠷ᠎ᠡ ᠪᠦᠲᠦᠭᠡᠯ᠎ᠢ ᠦᠨᠡᠨ ᠬᠦ᠌ ᠪᠣᠳᠠᠲᠠᠶ ᠬᠥᠭ᠌ᠵᠢᠯᠲᠡ᠎ᠶ᠋ᠢᠨ ᠦᠷ᠎ᠡ ᠠᠱᠢᠭ ᠪᠣᠯᠭᠠᠨ ᠬᠤᠪᠢᠷᠠᠭᠤᠯᠵᠤ᠂ ᠦᠵᠡᠰᠭᠦᠯᠡᠩ᠎ᠤᠨ ᠴᠤᠭ᠍ᠯᠠᠭᠠᠨ᠎ᠤ ᠳᠤᠮᠳᠠ ᠢᠯᠡᠷᠡᠭᠦᠯᠦᠭ᠌ᠰᠡᠨ ᠲᠡᠮᠡᠴᠡᠯ᠎ᠤᠨ ᠵᠣᠷᠢᠭ ᠰᠠᠨᠠᠭᠠᠨ᠎ᠤ ᠬᠠᠮᠵᠢᠯᠴᠠᠬᠤ ᠤᠬᠠᠮᠰᠠᠷ ᠪᠠ ᠪᠣᠳᠠᠲᠠᠶ᠎ᠶ᠋ᠢ ᠡᠷᠬᠢᠮᠯᠡᠬᠦ᠌ ᠰᠤᠷᠲᠠᠯ᠎ᠢ ᠡᠳᠦᠷ ᠲᠤᠲᠤᠮ᠎ᠤᠨ ᠠᠵᠢᠯ᠎ᠳᠠᠭᠠᠨ ᠦᠨᠡᠨ ᠬᠦ᠌ ᠠᠭᠤᠰᠤᠯᠴᠠᠭᠤᠯᠵᠤ᠂ ᠪᠥᠬᠦ᠌ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠳᠡᠭ᠌ᠲᠡᠷ᠎ᠲᠤ ᠭᠠᠷᠬᠤ᠎ᠶ᠋ᠢ ᠬᠦᠴᠦᠯᠡᠨ ᠠᠬᠢᠭᠤᠯᠬᠤ ᠬᠡᠷᠡᠭ᠌ᠲᠡᠶ ᠭᠡᠵᠦ ᠴᠢᠬᠤᠯᠠᠴᠢᠯᠠᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠪᠡᠯᠡ ᠤᠷᠤᠭᠤᠯᠤᠯᠲᠠ ᠬᠠᠮᠲᠤᠷᠠᠯᠴᠠᠭ᠎ᠠ᠎ᠶᠢ ᠠᠬᠢᠭᠤᠯᠬᠤ ᠲᠦᠪ
          
ᠬᠠᠮᠢᠶ᠎ᠡ ᠪᠦᠬᠦᠢ ᠰᠣᠨᠢᠨ
 
            