ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠣᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠶ ᠠᠷᠠᠯᠵᠢᠶᠠᠨ᠎ᠤ ᠲᠦᠷᠢᠮ᠎ᠢ ᠪᠥᠬᠦ᠌ ᠲᠠᠯ᠎ᠠ᠎ᠪᠠᠷ ᠵᠣᠯᠭᠠᠭᠤᠯᠵᠤ ᠥᠨᠳᠥᠷ ᠬᠢᠷᠢ ᠲᠦᠪᠱᠢᠨ ᠪᠥᠬᠦᠶ ᠲᠦᠷᠢᠮ᠎ᠤᠨ ᠬᠡᠯᠪᠡᠷᠢ᠎ᠶ᠋ᠢᠨ ᠨᠡᠭᠡᠭᠡᠯᠲᠡ᠎ᠶ᠋ᠢ ᠠᠬᠢᠭᠤᠯᠬᠤ ᠲᠤᠷᠱᠢᠯᠲᠠ᠎ᠶ᠋ᠢᠨ ᠠᠷᠭ᠎ᠠ ᠬᠡᠮᠵᠢᠶ᠎ᠡ᠎ᠶ᠋ᠢ ᠬᠠᠭᠤᠯᠪᠤᠷᠢᠯᠠᠨ ᠳᠡᠯᠭᠡᠷᠡᠭᠦᠯᠬᠦ᠌ ᠠᠵᠢᠯ᠎ᠢ ᠰᠠᠢᠲᠤᠷ ᠬᠢᠬᠦ᠌᠎ᠶ᠋ᠢᠨ ᠲᠥᠯᠥᠭᠡ᠂ 11 ᠳ᠋ᠤᠭᠡᠷ ᠰᠠᠷ᠎ᠠ᠎ᠶ᠋ᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ 《ᠣᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠶ ᠠᠷᠠᠯᠵᠢᠶᠠᠨ᠎ᠤ ᠲᠦᠷᠢᠮ᠎ᠢ ᠵᠣᠯᠭᠠᠭᠤᠯᠬᠤ ᠲᠦᠷᠢᠮ᠎ᠤᠨ ᠬᠡᠯᠪᠡᠷᠢ᠎ᠶ᠋ᠢᠨ ᠨᠡᠭᠡᠭᠡᠯᠲᠡ᠎ᠪᠠᠷ ᠥᠨᠳᠥᠷ ᠬᠢᠷᠢ ᠲᠦᠪᠱᠢᠨ ᠪᠥᠬᠦᠶ ᠭᠠᠳᠠᠭᠠᠳᠤ ᠨᠡᠭᠡᠭᠡᠯᠲᠡ᠎ᠶ᠋ᠢ ᠠᠬᠢᠭᠤᠯᠬᠤ 》 ᠲᠤᠰᠭᠠᠶ ᠰᠡᠳᠦᠪᠲᠦ ᠲᠠᠢᠯᠤᠮᠵᠢ᠎ᠶ᠋ᠢ ᠵᠣᠬᠢᠶᠠᠨ ᠪᠠᠢᠭᠤᠯᠤᠨ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠂ ᠡᠯ᠎ᠡ ᠠᠢᠮᠠᠭ ᠬᠤᠲᠠ᠎ᠶ᠋ᠢᠨ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠂ ᠴᠢᠯᠥᠭᠡᠲᠦ ᠠᠷᠠᠯᠵᠢᠶ᠎ᠠ ᠭᠤᠶᠤᠴᠢᠯᠠᠨ ᠪᠠᠢᠭᠤᠯᠬᠤ ᠲᠤᠰᠭᠠᠶ ᠠᠩᠭᠢ᠎ᠶ᠋ᠢᠨ ᠬᠠᠮᠢᠶ᠎ᠠ ᠪᠥᠬᠦᠶ ᠠᠵᠢᠯᠲᠠᠨ ᠨᠡᠢᠲᠡ 200 ᠭᠠᠷᠤᠶ ᠺᠠᠳ᠋ᠷ ᠣᠷᠣᠯᠴᠠᠪᠠ᠃

ᠲᠤᠰᠭᠠᠶ ᠰᠡᠳᠦᠪᠲᠦ ᠲᠠᠢᠯᠤᠮᠵᠢ᠎ᠳᠤ ᠳᠤᠮᠳᠠᠳᠤ ᠤᠯᠤᠰ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠬᠠᠮᠵᠢᠯᠴᠠᠨ ᠱᠢᠨ᠎ᠡ᠎ᠶ᠋ᠢ ᠡᠭᠦᠳᠬᠦ᠌ ᠲᠥᠪ᠎ᠤᠨ ᠲᠦᠷᠦᠭᠦᠦ ᠮᠡᠷᠭᠡᠵᠢᠯᠲᠡᠨ᠂ ᠱᠠᠩᠬᠠᠶ᠎ᠶ᠋ᠢᠨ ᠡᠳ᠋᠎ᠤᠨ ᠵᠠᠰᠠᠭ ᠠᠵᠤ ᠠᠬᠤᠶ᠎ᠶ᠋ᠢᠨ ᠶᠡᠭᠡ ᠰᠤᠷᠭᠠᠭᠤᠯᠢ᠎ᠶ᠋ᠢᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠰᠤᠳᠤᠯᠭᠠᠨ᠎ᠤ ᠬᠦᠷᠢᠶᠡᠯᠡᠩ᠎ᠤᠨ ᠣᠨᠴᠠ ᠤᠷᠢᠭ᠍ᠰᠠᠨ ᠰᠤᠳᠤᠯᠤᠭ᠍ᠴᠢ ᠰᠦᠨ ᠶᠤᠸᠠᠨ ᠱᠢᠨ ᠫᠷᠤᠹᠧᠰᠰᠤᠷ᠎ᠢ ᠤᠷᠢᠵᠤ ᠰᠦᠯᠵᠢᠶᠡᠨ ᠳᠡᠭᠡᠷ᠎ᠡ ᠬᠢᠴᠢᠶᠡᠯᠯᠡᠭᠦᠯᠪᠡ᠃ ᠰᠦᠨ ᠶᠤᠸᠠᠨ ᠱᠢᠨ ᠫᠷᠤᠹᠧᠰᠰᠤᠷ ᠳᠤᠮᠳᠠᠳᠤ ᠤᠯᠤᠰ ( ᠱᠠᠩᠬᠠᠢ )᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠣᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠶ ᠠᠷᠠᠯᠵᠢᠶᠠᠨ᠎ᠤ ᠲᠦᠷᠢᠮ᠎ᠢ ᠪᠥᠬᠦ᠌ ᠲᠠᠯ᠎ᠠ᠎ᠪᠠᠷ ᠵᠣᠯᠭᠠᠭᠤᠯᠵᠤ ᠲᠦᠷᠢᠮ᠎ᠤᠨ ᠬᠡᠯᠪᠡᠷᠢ᠎ᠶ᠋ᠢᠨ ᠨᠡᠭᠡᠭᠡᠯᠲᠡ᠎ᠶ᠋ᠢ ᠠᠬᠢᠭᠤᠯᠬᠤ ᠲᠤᠷᠱᠢᠯᠲᠠ᠎ᠶ᠋ᠢᠨ ᠴᠡᠭ᠎ᠤᠨ ᠠᠷᠭ᠎ᠠ ᠬᠡᠮᠵᠢᠶ᠎ᠡ᠎ᠶ᠋ᠢᠨ ᠠᠭᠤᠯᠭ᠎ᠠ᠎ᠶ᠋ᠢᠨ ᠲᠣᠭᠤᠷᠢᠨ᠎ᠳᠤ᠂ ᠱᠠᠩᠬᠠᠶ᠎ᠶ᠋ᠢᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠬᠥᠲᠥᠯᠦᠨ ᠳᠠᠭᠠᠭᠤᠯᠬᠤ ᠴᠢᠨᠠᠷᠲᠠᠶ᠂ ᠪᠡᠯᠭᠡ ᠲᠡᠮᠳᠡᠭ᠎ᠤᠨ ᠴᠢᠨᠠᠷᠲᠠᠶ ᠲᠦᠷᠢᠮ᠎ᠤᠨ ᠱᠢᠨ᠎ᠡ ᠡᠭᠦᠳᠦᠯᠲᠡ᠎ᠶ᠋ᠢ ᠨᠠᠷᠢᠨ ᠲᠠᠢᠯᠪᠤᠷᠢᠯᠠᠵᠤ᠂ ᠱᠠᠩᠬᠠᠶ᠎ᠶ᠋ᠢᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠥᠲᠥᠭᠡᠨ ᠪᠠᠢᠭᠤᠯᠤᠯᠲᠠ᠎ᠶ᠋ᠢᠨ ᠲᠡᠷᠢᠭᠦᠨ᠎ᠤ ᠲᠤᠷᠱᠢᠯᠭ᠎ᠠ ᠪᠠ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠵᠠᠳᠠᠯᠵᠤ᠂ ᠮᠠᠨ᠎ᠤ ᠣᠷᠣᠨ᠎ᠤ ᠲᠠᠷᠠᠭᠠᠴᠢ᠎ᠶ᠋ᠢᠨ ᠠᠯᠬᠤᠮ᠎ᠳᠤ ᠬᠠᠭᠤᠯᠪᠤᠷᠢᠯᠠᠨ ᠳᠡᠯᠭᠡᠷᠡᠭᠦᠯᠬᠦ᠌ ᠲᠤᠷᠱᠢᠯᠲᠠ᠎ᠶ᠋ᠢᠨ ᠠᠷᠭ᠎ᠠ ᠬᠡᠮᠵᠢᠶ᠎ᠡ᠎ᠳᠤ ᠨᠠᠷᠢᠯᠢᠭ ᠣᠨᠣᠪᠴᠢᠲᠠᠢ ᠪᠠᠷ ᠬᠦᠴᠦᠨ ᠨᠡᠮᠡᠷᠢᠯᠡᠪᠡ᠃