11 ᠳ᠋ᠦ᠍ᠭᠡᠷ ᠰᠠᠷ᠎ᠠ᠎ᠶᠢᠨ 20 ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠨᠡᠢᠭᠡᠮ᠎ᠦᠨ ᠪᠦᠯᠬᠦᠮ᠎ᠦᠨ ᠬᠣᠷᠢᠶ᠎ᠠ ᠪᠠᠢᠭᠤᠯᠤᠭᠳᠠᠭᠰᠠᠨ ᠪᠠ ᠠᠩᠬᠠᠳᠤᠭᠠᠷ ᠤᠳᠠᠭᠠᠨ᠎ᠤ ᠨᠠᠮ᠎ᠤᠨ ᠭᠡᠰᠢᠭᠦᠳ᠎ᠦᠨ ᠲᠥᠯᠥᠭᠡᠯᠡᠭᠴᠢᠳ᠎ᠦᠨ ᠬᠤᠷᠠᠯ ᠬᠥᠬᠡᠬᠣᠲᠠᠨ᠎ᠠ ᠶᠠᠪᠤᠭᠳᠠᠪᠠ᠃ ᠬᠤᠷᠠᠯ᠎ᠢᠶᠡᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠤᠨ ᠨᠡᠢᠭᠡᠮ᠎ᠦᠨ ᠪᠦᠯᠬᠦᠮ᠎ᠦᠨ ᠨᠠᠮ᠎ᠤᠨ ᠬᠣᠷᠢᠶ᠎ᠠ᠎ᠶᠢᠨ ᠱᠦᠵᠢ᠂ ᠳᠡᠳ᠋ ᠱᠦᠵᠢ ᠵᠢᠴᠢ ᠨᠠᠮ᠎ᠤᠨ ᠬᠣᠷᠢᠶ᠎ᠠ᠎ᠶᠢᠨ ᠭᠡᠰᠢᠭᠦᠳ᠎ᠢ ᠰᠣᠩᠭᠣᠨ ᠭᠠᠷᠭᠠᠭᠰᠠᠨ᠎ᠤ ᠬᠠᠮᠲᠤ ᠠᠩᠬᠠᠳᠤᠭᠠᠷ ᠤᠳᠠᠭᠠᠨ᠎ᠤ ᠨᠠᠮ᠎ᠤᠨ ᠭᠡᠰᠢᠭᠦᠳ᠎ᠦᠨ ᠲᠥᠯᠥᠭᠡᠯᠡᠭᠴᠢᠳ᠎ᠦᠨ ᠬᠤᠷᠠᠯ᠎ᠢ ᠬᠤᠷᠠᠯᠳᠤᠭᠤᠯᠵᠠᠢ᠃
ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠨᠡᠢᠭᠡᠮ᠎ᠦᠨ ᠪᠦᠯᠬᠦᠮ ᠪᠣᠯ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠨᠡᠢᠭᠡᠮᠯᠢᠭ᠎ᠦᠨ ᠵᠣᠬᠢᠶᠠᠨ ᠪᠠᠢᠭᠤᠯᠤᠯᠲᠠ᠎ᠶᠢᠨ ᠴᠢᠬᠤᠯᠠ ᠪᠦᠷᠢᠯᠳᠦᠭᠦᠨ ᠬᠡᠰᠡᠭ ᠮᠥᠨ᠂ ᠨᠠᠮ ᠪᠠ ᠵᠠᠰᠠᠭ᠎ᠤᠨ ᠣᠷᠳᠣᠨ ᠥᠷᠭᠡᠨ ᠤᠯᠠᠨ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠠᠵᠢᠯᠲᠠᠳ ᠯᠤᠭ᠎ᠠ ᠬᠠᠷᠢᠯᠴᠠᠵᠤ ᠦᠢᠯᠡᠴᠢᠯᠡᠬᠦ᠎ᠶᠢᠨ ᠬᠥᠭᠥᠷᠭᠡ ᠬᠣᠯᠪᠣᠭᠠᠰᠤ ᠮᠥᠨ᠂ ᠤᠯᠤᠰ᠎ᠤᠨ ᠰᠢᠨ᠎ᠡ᠎ᠶᠢ ᠡᠭᠦᠳᠬᠦ ᠲᠣᠭᠲᠠᠯᠴᠠᠭᠠᠨ᠎ᠤ ᠴᠢᠬᠤᠯᠠ ᠬᠦᠴᠦᠨ ᠪᠣᠯᠣᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠨᠡᠢᠭᠡᠮ᠎ᠦᠨ ᠪᠦᠯᠬᠦᠮ᠎ᠢ ᠪᠠᠢᠭᠤᠯᠤᠭᠰᠠᠨ ᠨᠢ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠨᠡᠢᠭᠡᠮᠯᠢᠭ᠎ᠦᠨ ᠬᠢᠨ᠎ᠦ ᠨᠠᠮ᠎ᠤᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠴᠢᠩᠭᠠᠳᠬᠠᠬᠤ᠂ ᠤᠯᠠᠨ ᠲᠦᠮᠡᠨ᠎ᠦ ᠪᠦᠯᠬᠦᠮ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠂ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢᠨ ᠵᠠᠰᠠᠯᠲᠠ᠎ᠶᠢ ᠴᠢᠩᠭᠠᠳᠬᠠᠬᠤ᠂ ᠰᠢᠨ᠎ᠡ ᠴᠠᠭ ᠦᠶ᠎ᠡ᠎ᠶᠢᠨ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠴᠢᠳᠠᠪᠤᠷᠢᠲᠠᠨ᠎ᠤ ᠠᠵᠢᠯ᠎ᠢ ᠰᠠᠢᠲᠤᠷ ᠬᠢᠬᠦ ᠵᠡᠷᠭᠡ ᠲᠠᠯ᠎ᠠ᠎ᠪᠠᠷ ᠬᠢ ᠨᠠᠮ᠎ᠤᠨ ᠲᠥᠪ ᠬᠣᠷᠢᠶᠠᠨ᠎ᠤ ᠴᠢᠬᠤᠯᠠ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠨᠡᠢᠭᠡᠮ᠎ᠦᠨ ᠪᠦᠯᠬᠦᠮ᠎ᠳᠡᠬᠢ ᠨᠠᠮ᠎ᠤᠨ ᠪᠥᠬᠥ ᠲᠠᠯ᠎ᠠ᠎ᠶᠢᠨ ᠤᠳᠤᠷᠢᠳᠤᠯᠭ᠎ᠠ᠎ᠶᠢ ᠴᠢᠩᠭᠠᠳᠬᠠᠵᠤ᠂ ᠥᠷᠭᠡᠨ ᠣᠯᠠᠨ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠠᠵᠢᠯᠲᠠᠳ᠎ᠢ ᠪᠦᠯᠬᠦᠮᠳᠡᠭᠦᠯᠦᠨ ᠨᠢᠭ᠍ᠲᠠᠷᠠᠭᠤᠯᠵᠤ ᠣᠳᠣᠬᠢᠴᠢᠯᠠᠭᠰᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠳᠤ ᠢᠳᠡᠪᠬᠢᠲᠡᠢ ᠣᠷᠣᠯᠴᠠᠭᠤᠯᠬᠤ᠎ᠳᠤ ᠴᠢᠬᠤᠯᠠ ᠪᠥᠭᠡᠳ ᠠᠯᠤᠰ ᠬᠡᠲᠦ᠎ᠶᠢᠨ ᠠᠴᠢ ᠬᠣᠯᠪᠣᠭᠳᠠᠯ᠎ᠲᠠᠢ ᠶᠤᠮ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠨᠡᠢᠭᠡᠮ᠎ᠦᠨ ᠪᠦᠯᠬᠦᠮ᠎ᠦᠨ ᠬᠣᠷᠢᠶ᠎ᠠ ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ᠂ 《ᠬᠣᠶᠠᠷ ᠰᠢᠨ᠎ᠡ 》᠎ᠶᠢᠨ ᠠᠵᠢᠯ᠎ᠤᠨ ᠬᠣᠷᠢᠶ᠎ᠠ ᠵᠢᠴᠢ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠨᠡᠢᠭᠡᠮᠯᠢᠭ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠤᠳᠤᠷᠢᠳᠤᠯᠭ᠎ᠠ᠎ᠶᠢ ᠬᠦᠯᠢᠶᠡᠵᠦ᠂ ᠲᠠᠪᠤᠨ ᠲᠠᠯ᠎ᠠ᠎ᠶᠢᠨ ᠠᠵᠢᠯ᠎ᠤᠨ ᠡᠭᠦᠷᠭᠡ᠎ᠶᠢ ᠭᠣᠣᠯᠳᠠᠯᠭ᠎ᠠ᠎ᠲᠠᠢ ᠠᠬᠢᠭᠤᠯᠤᠨ᠎ᠠ᠄ ᠨᠠᠮ᠎ᠤᠨ ᠤᠳᠤᠷᠢᠳᠤᠯᠭ᠎ᠠ᠎ᠶᠢ ᠴᠢᠩᠭᠠᠳᠬᠠᠵᠤ᠂ ᠨᠠᠮ᠎ᠤᠨ ᠤᠳᠤᠷᠢᠳᠤᠯᠭ᠎ᠠ ᠳᠣᠣᠷᠠᠬᠢ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠨᠡᠢᠭᠡᠮ᠎ᠦᠨ ᠪᠦᠯᠬᠦᠮ᠎ᠦᠨ ᠬᠠᠮᠢᠶᠠᠷᠤᠯᠲᠠ᠎ᠶᠢᠨ ᠲᠣᠭᠲᠠᠴᠠ᠎ᠶᠢ ᠲᠡᠭᠦᠯᠳᠡᠷᠵᠢᠭᠦᠯᠦᠨ ᠪᠦᠷᠢᠨᠰᠢᠭᠦᠯᠦᠨ᠎ᠡ; ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠎ᠶᠢ ᠴᠢᠩᠭᠠᠳᠬᠠᠵᠤ᠂ 《ᠨᠠᠮ᠎ᠤᠨ ᠪᠠᠢᠭᠤᠯᠤᠯᠲᠠ + ᠲᠤᠬᠠᠢᠯᠠᠭᠰᠠᠨ ᠠᠵᠢᠯ》 ᠬᠣᠶᠠᠷ᠎ᠢ ᠠᠬᠢᠭᠤᠯᠵᠤ ᠬᠣᠶᠠᠷ᠎ᠢ ᠠᠭᠤᠰᠤᠯᠴᠠᠭᠤᠯᠬᠤ ᠰᠢᠨ᠎ᠡ ᠲᠥᠯᠥᠪ ᠪᠠᠢᠳᠠᠯ᠎ᠢ ᠴᠣᠭᠴᠠᠯᠠᠨ᠎ᠠ; ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠎ᠶᠢ ᠭᠦᠨᠵᠡᠭᠡᠢᠷᠡᠭᠦᠯᠵᠦ᠂ ᠨᠠᠮ᠎ᠤᠨ ᠪᠠᠢᠭᠤᠯᠤᠯᠲᠠ᠎ᠶᠢ ᠵᠣᠬᠢᠴᠠᠯᠳᠤᠭᠤᠯᠤᠨ ᠬᠥᠭᠵᠢᠭᠦᠯᠬᠦ ᠬᠣᠯᠪᠣᠭᠠᠯᠠᠭᠰᠠᠨ ᠰᠢᠨ᠎ᠡ ᠬᠡᠪ ᠵᠠᠭᠪᠤᠷ᠎ᠢ ᠰᠦᠪᠡᠭᠴᠢᠯᠡᠵᠦ᠂ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠨᠡᠢᠭᠡᠮ᠎ᠦᠨ ᠪᠦᠯᠬᠦᠮ᠎ᠦᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠪᠦᠬᠦ ᠲᠠᠯ᠎ᠠ᠎ᠪᠠᠷ ᠠᠬᠢᠭᠤᠯᠤᠨ᠎ᠠ; ᠴᠢᠳᠠᠪᠤᠷᠢᠲᠠᠨ᠎ᠤ ᠬᠦᠴᠦᠨ᠎ᠢ ᠨᠢᠭ᠍ᠲᠠᠷᠠᠭᠤᠯᠵᠤ᠂ ᠡᠯ᠎ᠡ ᠵᠦᠢᠯ᠎ᠦᠨ ᠠᠵᠢᠯ᠎ᠤᠨ ᠡᠭᠦᠷᠭᠡ᠎ᠶᠢ ᠪᠤᠲᠠᠲᠠᠢᠵᠢᠭᠤᠯᠤᠨ ᠦᠷ᠎ᠡ ᠪᠦᠲᠦᠮᠵᠢ ᠣᠯᠬᠤ᠎ᠶᠢ ᠦᠨᠡᠨ ᠬᠦ᠌ ᠪᠠᠲᠤᠯᠠᠨ᠎ᠠ; ᠲᠣᠰ ᠪᠡᠶ᠎ᠡ᠎ᠶᠢᠨ ᠪᠠᠢᠭᠤᠯᠤᠯᠲᠠ᠎ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠨᠡᠢᠭᠡᠮ᠎ᠦᠨ ᠪᠦᠯᠬᠦᠮ᠎ᠦᠨ ᠵᠣᠬᠢᠶᠠᠨ ᠪᠠᠢᠭᠤᠯᠤᠯᠲᠠ᠎ᠶᠢᠨ ᠨᠢᠭ᠍ᠲᠠᠷᠠᠯ᠎ᠤᠨ ᠬᠦᠴᠦᠨ᠂ ᠨᠥᠯᠥᠭᠡᠯᠡᠬᠦ ᠬᠦᠴᠦᠨ ᠪᠠ ᠳᠠᠶ᠋ᠢᠴᠢᠨ ᠬᠦᠴᠦᠨ᠎ᠢ ᠳᠡᠭᠡᠭᠰᠢᠯᠡᠭᠦᠯᠵᠦ᠂ ᠪᠥᠬᠥ ᠣᠷᠣᠨ᠎ᠤ ᠥᠷᠭᠡᠨ ᠣᠯᠠᠨ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠠᠵᠢᠯᠲᠠᠳ᠎ᠢ ᠪᠦᠯᠬᠦᠮᠳᠡᠭᠦᠯᠦᠨ ᠳᠠᠭᠠᠭᠤᠯᠵᠤ ᠪᠠᠢᠭᠠᠳ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠰᠢᠨ᠎ᠡ᠎ᠶᠢ ᠡᠭᠦᠳᠬᠦ ᠬᠣᠰᠢᠭᠤᠴᠢ ᠪᠣᠯᠵᠤ᠂ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ ᠪᠠ ᠨᠡᠢᠭᠡᠮ᠎ᠦᠨ ᠪᠦᠯᠬᠦᠮ᠎ᠦᠨ ᠨᠠᠮ᠎ᠤᠨ ᠪᠠᠢᠭᠤᠯᠤᠯᠲᠠ ᠢᠵᠢᠯ ᠠᠯᠬᠤᠮ᠎ᠢᠶᠠᠷ ᠬᠥᠭᠵᠢᠭᠰᠡᠨ᠂ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠨᠡᠢᠭᠡᠮᠯᠢᠭ᠎ᠦᠨ ᠲᠤᠬᠠᠢᠯᠠᠭᠰᠠᠨ ᠠᠵᠢᠯ ᠪᠠ ᠨᠡᠢᠭᠡᠮ᠎ᠦᠨ ᠪᠦᠯᠬᠦᠮ᠎ᠦᠨ ᠲᠤᠬᠠᠢᠯᠠᠭᠰᠠᠨ ᠠᠵᠢᠯ ᠬᠠᠷᠢᠯᠴᠠᠨ ᠠᠬᠢᠭᠤᠯᠤᠭᠰᠠᠨ ᠠᠮᠢᠳᠤᠯᠢᠭ᠋ ᠪᠠᠢᠳᠠᠯ᠎ᠢ ᠴᠢᠷᠮᠠᠢᠨ ᠪᠣᠶ ᠪᠣᠯᠭᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠨᠠᠩ ᠶᠡᠬᠡ ᠰᠢᠨ᠎ᠡ ᠬᠤᠪᠢ ᠨᠡᠮᠡᠷᠢ᠎ᠪᠠᠨ ᠦᠵᠡᠭᠦᠯᠬᠦ ᠪᠣᠯᠣᠨ᠎ᠠ᠃