2025 ᠣᠨ᠎ᠤ 11 ᠳ᠋ᠤᠭᠡᠷ ᠰᠠᠷ᠎ᠠ᠎ᠶ᠋ᠢᠨ 14 ᠤ ᠡᠳᠦᠷ᠂ ᠱᠠᠨᠳᠦ᠋ᠩ ᠮᠤᠵᠢ᠎ᠶ᠋ᠢᠨ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ( ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠠᠵᠢᠯ᠎ᠤᠨ ᠠᠯᠪᠠᠨ ᠭᠡᠷ ) ᠵᠢᠨᠠᠨ᠎ᠳᠤ 《ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠬᠤᠯᠪᠣᠭᠠᠯᠠᠨ ᠬᠥᠳᠡᠯᠦᠯᠴᠡᠵᠦ᠍ ᠱᠢᠨ᠎ᠡ᠎ᠶ᠋ᠢ ᠡᠭᠦᠳᠦᠨ ᠬᠥᠭ᠌ᠵᠢᠭᠦᠯᠬᠦ᠌᠎ᠶ᠋ᠢ ᠵᠣᠯᠭᠠᠭᠤᠯᠬᠤ ᠬᠤᠷᠠᠯ》 ᠢ ᠡᠷᠭᠢᠯᠡᠪᠡ᠃ ᠬᠠᠲᠤᠨ ᠭᠤᠤᠯ᠎ᠤᠨ ᠰᠠᠪᠠ ᠭᠠᠵᠠᠷ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠬᠤᠯᠪᠣᠭᠠᠲᠤ ᠮᠤᠵᠢ (ᠣᠷᠣᠨ)᠂ ᠱᠢᠨᠵᠢᠶᠠᠩ ᠵᠡᠷᠭᠡ ᠭᠤᠤᠯᠳᠠᠯᠭ᠎ᠠ᠎ᠲᠠᠢ ᠬᠤᠯᠪᠣᠭᠠᠯᠠᠨ ᠬᠥᠳᠡᠯᠦᠯᠴᠡᠬᠦ᠌ ᠮᠤᠵᠢ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠭᠤᠤᠯᠳᠠᠯᠭ᠎ᠠ᠎ᠲᠠᠢ ᠠᠵᠤ ᠠᠬᠤᠶ᠎ᠶ᠋ᠢᠨ ᠴᠢᠳᠠᠮᠵᠢᠲᠤ ᠣᠷᠣᠨ ᠵᠢᠴᠢ ᠠᠵᠤ ᠠᠬᠤᠢᠯᠠᠯ᠎ᠤᠨ ᠲᠥᠯᠥᠭᠡᠯᠡᠭ᠌ᠴᠢ᠂ ᠬᠠᠮᠢᠶ᠎ᠠ ᠪᠥᠬᠦᠶ ᠬᠦᠷᠢᠶᠡᠨ᠎ᠳᠠᠬᠢ ᠣᠶᠤᠨ᠎ᠤ ᠬᠥᠮᠥᠷᠭᠡ᠎ᠶ᠋ᠢᠨ ᠲᠤᠰᠭᠠᠶ ᠮᠡᠷᠭᠡᠵᠢᠯᠲᠡᠨ ᠡᠷᠳᠡᠮᠲᠡᠳ ᠴᠢᠤᠸᠠᠨ ᠴᠧᠩ᠎ᠳᠤ ᠴᠤᠭ᠍ᠯᠠᠷᠠᠨ ᠬᠠᠮᠲᠤ᠎ᠪᠠᠷ ᠠᠤᠭ᠎ᠠ ᠦᠢᠯᠡᠰ᠎ᠢ ᠬᠤᠪᠢᠶᠠᠯᠴᠠᠪᠠ᠃ ᠭᠤᠣᠯ ᠰᠡᠳᠦᠪ᠎ᠢ ᠵᠣᠯᠭᠠᠭᠤᠯᠬᠤ᠂ ᠠᠵᠤ ᠦᠢᠯᠡᠰ᠎ᠤᠨ ᠵᠥᠪᠳᠡᠯᠴᠡᠭᠡ ᠬᠢᠬᠦ᠂ ᠲᠤᠬᠠᠶ᠎ᠶ᠋ᠢᠨ ᠭᠠᠵᠠᠷ᠎ᠲᠤᠨᠢ ᠱᠢᠨᠵᠢᠯᠡᠨ ᠪᠠᠢᠴᠠᠭᠠᠬᠤ ᠭᠤᠷᠪᠠ᠎ᠶ᠋ᠢ ᠨᠢᠭᠡ ᠴᠣᠭ᠍ᠴᠠᠵᠢᠭᠤᠯᠤᠭ᠍ᠰᠠᠨ ᠵᠥᠪᠯᠡᠬᠦ᠌ ᠵᠦᠢᠯ᠎ᠤᠨ ᠪᠦᠲᠦᠴᠡ᠎ᠪᠠᠷ ᠳᠠᠮᠵᠢᠭᠤᠯᠤᠨ᠂ ᠴᠢᠯᠦᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠲᠣᠭᠤᠷᠢᠭ᠎ᠤᠨ ᠬᠠᠮᠵᠢᠯᠴᠠᠨ ᠬᠥᠳᠡᠯᠦᠯᠴᠡᠬᠦ᠂ ᠨᠡᠭᠡᠭᠡᠯᠲᠡ ᠬᠢᠵᠦ᠍ ᠠᠭᠤᠰᠤᠯᠴᠠᠬᠤ᠎ᠶ᠋ᠢ ᠠᠬᠢᠭᠤᠯᠬᠤ ᠥᠨᠳᠥᠷ ᠡᠨᠧᠷᠭᠢ᠎ᠶ᠋ᠢᠨ ᠳᠡᠰ᠎ᠤᠨ ᠲᠠᠪᠴᠠᠩ᠎ᠢ ᠬᠠᠮᠲᠤ᠎ᠪᠠᠷ ᠪᠠᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠬᠥᠬᠡᠬᠤᠲᠠ᠎ᠶ᠋ᠢᠨ ᠠᠵᠤ ᠠᠬᠤᠢ ᠮᠡᠷᠭᠡᠵᠢᠯ᠎ᠤᠨ ᠨᠡᠭᠡᠭᠡᠯᠲᠡ᠎ᠶ᠋ᠢᠨ ᠲᠣᠭᠤᠷᠢᠭ᠂ ᠬᠤᠷᠢᠨᠭᠡᠷ ᠱᠢᠨ᠎ᠡ ᠲᠣᠭᠤᠷᠢᠭ᠂ ᠬᠥᠬᠡᠬᠤᠲᠠ᠎ᠶ᠋ᠢᠨ ᠶᠡᠷᠦᠩᠬᠡᠢ ᠭᠠᠢᠯᠢ ᠪᠠᠲᠤᠯᠠᠬᠤ ᠲᠣᠭᠤᠷᠢᠭ᠂ ᠪᠠᠶᠠᠨᠨᠠᠭᠤᠷ᠎ᠤᠨ ᠭᠠᠳᠠᠭᠠᠳᠤ ᠠᠷᠠᠯᠵᠢᠶᠠᠨ᠎ᠤ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠱᠢᠭᠦᠯᠬᠦ᠌ ᠰᠠᠭᠤᠷᠢᠨ ᠭᠠᠵᠠᠷ ( ᠪᠠᠶᠠᠨᠨᠠᠭᠤᠷ ᠬᠤᠲᠠ᠎ᠶ᠋ᠢᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶ᠎ᠠ ) ᠵᠢᠴᠢ ᠮᠠᠨ᠎ᠤ ᠲᠣᠭᠤᠷᠢᠭ᠎ᠤᠨ 5 ᠠᠵᠤ ᠠᠬᠤᠢᠯᠠᠯ᠎ᠢ ᠵᠣᠬᠢᠶᠠᠨ ᠪᠠᠢᠭᠤᠯᠵᠤ ᠬᠤᠷᠠᠯ᠎ᠳᠤ ᠣᠷᠣᠯᠴᠠᠪᠠ᠃

ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠬᠤᠯᠪᠣᠭᠠᠯᠠᠨ ᠬᠥᠳᠡᠯᠦᠯᠴᠡᠵᠦ᠍ ᠱᠢᠨ᠎ᠡ᠎ᠶ᠋ᠢ ᠡᠭᠦᠳᠦᠨ ᠬᠥᠭ᠌ᠵᠢᠭᠦᠯᠬᠦ᠌᠎ᠶ᠋ᠢ ᠵᠣᠯᠭᠠᠭᠤᠯᠬᠤ ᠬᠤᠷᠠᠯ ᠬᠢᠵᠦ᠍᠂ ᠱᠠᠨᠳᠦ᠋ᠩ᠂ ᠰᠧᠴᠤᠸᠠᠨ ᠬᠤᠶᠠᠷ ᠮᠤᠵᠢ᠎ᠶ᠋ᠢᠨ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠬᠤᠯᠪᠣᠭᠠᠯᠠᠨ ᠬᠥᠳᠡᠯᠦᠯᠴᠡᠵᠦ᠍ ᠱᠢᠨ᠎ᠡ᠎ᠶ᠋ᠢ ᠡᠭᠦᠳᠦᠨ ᠬᠥᠭ᠌ᠵᠢᠭᠦᠯᠬᠦ᠌᠎ᠶ᠋ᠢ ᠠᠬᠢᠭᠤᠯᠤᠭ᠍ᠰᠠᠨ ᠲᠤᠷᠱᠢᠯᠭ᠎ᠠ᠎ᠪᠠᠨ ᠬᠤᠪᠢᠶᠠᠯᠴᠠᠵᠤ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠰᠤᠳᠤᠯᠭᠠᠨ᠎ᠤ ᠬᠦᠷᠢᠶᠡᠯᠡᠩ᠎ᠤᠨ ᠳᠡᠳ᠋ ᠳᠠᠷᠤᠭ᠎ᠠ ᠼᠦᠢ ᠸᠧᠶ ᠵᠢᠶᠧ 《ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠬᠤᠯᠪᠣᠭᠠᠯᠠᠨ ᠬᠥᠳᠡᠯᠦᠯᠴᠡᠵᠦ᠍ ᠱᠢᠨ᠎ᠡ᠎ᠶ᠋ᠢ ᠡᠭᠦᠳᠦᠨ ᠬᠥᠭ᠌ᠵᠢᠭᠦᠯᠬᠦ᠌᠎ᠳᠤ ᠡᠨᠧᠷᠭᠢ ᠣᠯᠭᠤᠬᠤ ᠪᠥᠬᠦ᠌ ᠠᠵᠤ ᠦᠢᠯᠡᠰ᠎ᠤᠨ ᠬᠡᠯᠬᠢᠶ᠎ᠡ᠎ᠶ᠋ᠢᠨ ᠬᠥᠭ᠌ᠵᠢᠯᠲᠡ》 ᠶ᠋ᠢᠨ ᠲᠣᠭᠤᠷᠢᠨ᠎ᠳᠤ ᠭᠤᠤᠯ ᠵᠤᠷᠢᠯᠳᠠᠳᠤ ᠶᠠᠷᠢᠶ᠎ᠠ ᠲᠠᠯᠪᠢᠪᠠ᠃ ᠱᠠᠨᠳᠦ᠋ᠩ᠎ᠤᠨ ᠪᠠᠷᠢᠯᠭ᠎ᠠ᠎ᠶ᠋ᠢᠨ ᠶᠡᠭᠡ ᠰᠤᠷᠭᠠᠭᠤᠯᠢ᠎ᠶ᠋ᠢᠨ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠬᠢᠭᠡᠳ ᠬᠤᠲᠠ ᠬᠥᠳᠡᠭᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠰᠤᠳᠤᠯᠭᠠᠨ᠎ᠤ ᠲᠥᠪ 《ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠬᠠᠲᠤᠨ ᠭᠤᠤᠯ᠎ᠤᠨ ᠰᠠᠪᠠ ᠭᠠᠵᠠᠷ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠮ᠎ᠤᠨ ᠰᠤᠳᠤᠯᠭᠠᠨ》 ᠤ ᠰᠡᠳᠦᠪ᠎ᠤᠨ ᠦᠷ᠎ᠡ ᠪᠦᠲᠦᠭᠡᠯ᠎ᠢ ᠬᠤᠪᠢᠶᠠᠯᠴᠠᠪᠠ᠃ ᠾᠧᠨᠠᠨ᠂ ᠰᠧᠴᠤᠸᠠᠨ᠂ ᠱᠠᠨ ᠰᠢ᠂ ᠥᠪᠥᠷ ᠮᠣᠩᠭᠤᠯ᠂ ᠭᠠᠨᠰᠦ᠂ ᠱᠢᠨᠵᠢᠶᠠᠩ ᠵᠡᠷᠭᠡ ᠭᠠᠵᠠᠷ᠎ᠠᠴᠠ ᠢᠷᠡᠭ᠌ᠰᠡᠨ 20 ᠭᠤᠣᠯᠳᠠᠯᠭ᠎ᠠ᠎ᠲᠠᠢ ᠲᠠᠪᠴᠠᠩ᠂ ᠠᠵᠤ ᠠᠬᠤᠢᠯᠠᠯ᠎ᠤᠨ ᠲᠥᠯᠥᠭᠡᠯᠡᠭ᠌ᠴᠢ᠂ ᠲᠦᠷᠢᠮ᠎ᠤᠨ ᠱᠢᠨ᠎ᠡ ᠡᠭᠦᠳᠦᠯᠲᠡ᠂ ᠠᠵᠤ ᠦᠢᠯᠡᠰ᠎ᠤᠨ ᠬᠥᠭ᠌ᠵᠢᠯᠲᠡ ᠪᠣᠯᠤᠨ ᠬᠠᠮᠲᠤᠷᠠᠯᠴᠠᠭᠠᠨ᠎ᠤ ᠠᠵᠠ ᠲᠣᠬᠢᠶᠠᠯ ᠵᠡᠷᠭᠡ ᠲᠠᠯ᠎ᠠ᠎ᠪᠠᠷ ᠲᠡᠰ ᠳᠠᠷᠠᠭᠠᠯᠠᠨ ᠲᠠᠨᠢᠯᠴᠠᠭᠤᠯᠵᠤ᠂ ᠡᠯ᠎ᠡ ᠭᠠᠵᠠᠷ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠳᠦᠭᠡᠨ ᠪᠠᠢᠭᠤᠯᠤᠯᠲᠠ᠂ ᠬᠤᠯᠪᠣᠭᠠᠯᠠᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠲᠠᠯ᠎ᠠ᠎ᠪᠠᠷ᠎ᠬᠢ ᠬᠢᠯᠠᠰ ᠴᠡᠭ᠎ᠤᠨ ᠦᠢᠯᠡᠳᠦᠯᠭᠡ ᠪᠣᠯᠤᠨ ᠬᠠᠮᠲᠤᠷᠠᠯᠴᠠᠭᠠᠨ᠎ᠤ ᠬᠡᠷᠡᠭ᠌ᠴᠡᠭᠡ᠎ᠶ᠋ᠢ ᠢᠯᠡᠷᠡᠭᠦᠯᠪᠡ᠃

ᠦᠳᠡ᠎ᠶ᠋ᠢᠨ ᠬᠤᠢᠨᠠᠬᠢ ᠠᠵᠤ ᠠᠬᠤᠢᠯᠠᠯ᠎ᠤᠨ ᠵᠥᠪᠳᠡᠯᠴᠡᠬᠦ᠌ ᠭᠤᠭ᠍ᠴᠤᠭ᠎ᠠ᠎ᠳᠤ᠂ ᠠᠵᠢᠯᠯᠠᠭ᠎ᠠ᠎ᠨᠢ ᠠᠮᠢᠳᠤ ᠪᠣᠳᠠᠰ᠎ᠤᠨ ᠡᠮ ᠡᠮᠨᠡᠯᠭᠡ᠂ ᠪᠠᠷᠠᠭᠠᠨ᠎ᠤ ᠭᠦᠢᠯᠭᠡᠭᠡ᠂ ᠱᠢᠨ᠎ᠡ ᠡᠨᠧᠷᠭᠢ᠂ ᠲᠠᠷᠢᠶᠠᠯᠠᠩ ᠪᠣᠯᠤᠨ ᠪᠤᠳᠤᠬᠤ ᠬᠦᠴᠦᠨ ᠵᠡᠷᠭᠡ ᠭᠤᠣᠯᠳᠠᠯᠭ᠎ᠠ᠎ᠲᠠᠢ ᠠᠵᠤ ᠦᠢᠯᠡᠰ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠬᠤᠷᠠᠯ᠎ᠠᠴᠠ ᠡᠮᠦᠨ᠎ᠡ ᠴᠤᠭ᠍ᠯᠠᠭᠤᠯᠤᠭ᠍ᠰᠠᠨ ᠠᠵᠤ ᠠᠬᠤᠢᠯᠠᠯ᠎ᠤᠨ ᠬᠠᠮᠲᠤᠷᠠᠯᠴᠠᠭᠠᠨ᠎ᠤ ᠬᠡᠷᠡᠭ᠌ᠴᠡᠭᠡ᠎ᠶ᠋ᠢ ᠦᠨᠳᠦᠰᠦᠯᠡᠵᠦ᠍᠂ ᠤᠨᠢᠨ ᠳᠡᠭᠡᠷ᠎ᠡ᠎ᠨᠢ ᠣᠷᠣᠨ ᠪᠦᠰᠡ ᠠᠯᠤᠰᠯᠠᠨ ᠳᠤᠬᠢᠷᠠᠭᠤᠯᠵᠤ᠂ 50 ᠭᠠᠷᠤᠢ ᠠᠵᠤ ᠠᠬᠤᠢᠯᠠᠯ᠎ᠤᠨ ᠵᠠᠭᠤ ᠭᠠᠷᠤᠢ ᠤᠳᠠᠭ᠎ᠠ᠎ᠶ᠋ᠢᠨ 《ᠵᠦᠭ ᠴᠢᠭᠯᠡᠯ᠎ᠳᠤ ᠨᠢ ᠵᠤᠬᠢᠴᠠᠭᠤᠯᠬᠤ》 ᠵᠥᠪᠳᠡᠯᠴᠡᠭᠡ᠎ᠶ᠋ᠢ ᠵᠣᠬᠢᠶᠠᠨ ᠪᠠᠢᠭᠤᠯᠪᠠ᠃ ᠠᠬᠤᠢ ᠲᠠᠯᠠᠪᠠᠢ᠎ᠶ᠋ᠢᠨ ᠵᠥᠪᠳᠡᠯᠴᠡᠭᠡᠨ᠎ᠤ ᠠᠭᠤᠷ ᠠᠮᠢᠰᠭᠤᠯ ᠬᠥᠭ᠌ᠵᠢᠶᠡᠨᠲᠡᠢ ᠪᠠᠢᠵᠤ᠂ ᠠᠵᠤ ᠠᠬᠤᠢᠯᠠᠯ᠎ᠤᠨ ᠮᠤᠵᠢ ᠠᠯᠤᠰᠯᠠᠨ ᠵᠣᠯᠭᠠᠭᠤᠯᠬᠤ ᠬᠠᠮᠲᠤᠷᠠᠯᠴᠠᠭᠠᠨ᠎ᠤ ᠬᠥᠭᠦᠷᠭᠡ᠎ᠶ᠋ᠢ ᠪᠠᠢᠭᠤᠯᠪᠠ᠃

ᠤᠨᠢᠨ ᠳᠡᠭᠡᠷ᠎ᠡ ᠨᠢ ᠵᠣᠯᠭᠠᠭᠤᠯᠬᠤ ᠭᠣᠭᠴᠣᠭ᠎ᠠ᠎ᠲᠠᠢ ᠵᠡᠷᠭᠡ᠎ᠪᠡᠷ ᠥᠷᠨᠢᠭᠦᠯᠦᠭᠰᠡᠨ ᠲᠤᠬᠠᠢ᠎ᠶᠢᠨ ᠭᠠᠵᠠᠷ ᠲᠤᠨᠢ ᠰᠢᠨᠵᠢᠯᠡᠨ ᠪᠠᠢᠴᠠᠭᠠᠬᠤ ᠠᠵᠢᠯᠯᠠᠭ᠎ᠠ᠂ ᠳᠠᠷᠤᠢ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ᠎ᠢ ᠵᠣᠬᠢᠶᠠᠨ ᠪᠠᠢᠭᠤᠯᠤᠨ ᠱᠠᠨᠳᠦ᠋ᠩ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠵᠢᠨᠠᠨ᠎ᠤ ᠬᠡᠰᠡᠭ ᠲᠣᠭᠤᠷᠢᠭ᠎ᠲᠤ ᠣᠴᠢᠭᠤᠯᠵᠤ᠂ ᠲᠡᠭᠦᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠂ ᠠᠵᠤ ᠦᠢᠯᠡᠰ᠎ᠢ ᠪᠤᠢᠵᠢᠭᠤᠯᠬᠤ ᠪᠠ ᠬᠤᠳᠠᠯᠳᠤᠭ᠎ᠠ ᠡᠷᠬᠢᠯᠡᠬᠦ᠌ ᠣᠷᠴᠢᠨ ᠲᠣᠭᠤᠷᠢᠨ᠎ᠢ ᠱᠢᠯᠢᠳᠡᠭ᠌ᠵᠢᠭᠦᠯᠬᠦ᠌ ᠵᠡᠷᠭᠡ ᠲᠠᠯ᠎ᠠ᠎ᠶ᠋ᠢᠨ ᠦᠢᠯᠡᠳᠦᠯᠭᠡ᠎ᠶ᠋ᠢᠨ ᠦᠷ᠎ᠡ ᠪᠦᠲᠦᠭᠡᠯ᠎ᠢ ᠭᠦᠨᠵᠡᠭᠡᠢ ᠣᠢᠯᠠᠭᠠᠭᠤᠯᠵᠤ᠂ ᠮᠡᠳᠡᠷᠡᠵᠦ᠍ ᠪᠣᠯᠬᠤ᠂ ᠵᠣᠯᠭᠠᠭᠤᠯᠵᠤ ᠪᠣᠯᠬᠤ ᠲᠤᠬᠠᠢ᠎ᠶ᠋ᠢᠨ ᠭᠠᠵᠠᠷ᠎ᠲᠤᠨᠢ ᠪᠡᠶᠡᠴᠢᠯᠡᠨ ᠣᠢᠯᠠᠭᠠᠭᠤᠯᠵᠤ᠂ ᠣᠷᠣᠨ ᠪᠦᠰᠡ ᠠᠯᠤᠰᠯᠠᠭ᠍ᠰᠠᠨ ᠠᠵᠤ ᠦᠢᠯᠡᠰ᠎ᠤᠨ ᠬᠠᠮᠵᠢᠯᠴᠠᠭᠠᠨ᠎ᠤ ᠰᠠᠨᠠᠮᠵᠢ᠎ᠶ᠋ᠢᠨ ᠴᠤᠬᠤᠢᠬᠤ᠎ᠶ᠋ᠢ ᠪᠦᠲᠦᠮᠵᠢᠲᠡᠢ ᠠᠬᠢᠭᠤᠯᠪᠠ᠃
ᠲᠣᠰ ᠤᠳᠠᠭᠠᠨ᠎ᠤ ᠵᠣᠯᠭᠠᠭᠤᠯᠬᠤ ᠬᠤᠷᠠᠯ᠎ᠢ ᠠᠮᠵᠢᠯᠲᠠ᠎ᠲᠠᠢ ᠡᠷᠭᠢᠯᠡᠵᠦ᠍᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠬᠠᠮᠵᠢᠯᠴᠠᠨ ᠬᠥᠭ᠌ᠵᠢᠭᠦᠯᠬᠦ᠌ ᠲᠣᠭ᠍ᠲᠠᠴᠠ᠎ᠶ᠋ᠢ ᠪᠦᠲᠦᠮᠵᠢᠲᠡᠶ ᠴᠢᠩᠭᠠᠳᠭᠠᠪᠠ᠃ ᠠᠵᠢᠯᠯᠠᠭ᠎ᠠ᠎ᠨᠢ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ᠂ ᠦᠷ᠎ᠡ ᠪᠦᠲᠦᠭᠡᠯ ᠨᠡᠢᠲᠡᠯᠡᠬᠦ᠂ ᠣᠷᠣᠨ ᠪᠦᠰᠡ᠎ᠶ᠋ᠢᠨ ᠲᠠᠨᠢᠯᠴᠠᠭᠤᠯᠭ᠎ᠠ᠂ ᠨᠠᠷᠢᠯᠢᠭ ᠣᠨᠣᠴᠠᠲᠠᠶ᠎ᠪᠠᠷ ᠵᠣᠯᠭᠠᠭᠤᠯᠬᠤ ᠵᠡᠷᠭᠡ ᠣᠯᠠᠨ ᠲᠠᠯ᠎ᠠ᠎ᠶ᠋ᠢᠨ ᠰᠣᠯᠢᠯᠴᠠᠭ᠎ᠠ ᠦᠢᠯᠡᠳᠦᠯᠴᠡᠯ᠎ᠢᠶᠠᠷ ᠳᠠᠮᠵᠢᠭᠤᠯᠤᠨ᠂ ᠣᠷᠣᠨ ᠪᠦᠰᠡ ᠠᠯᠤᠰᠯᠠᠭ᠍ᠰᠠᠨ ᠬᠠᠮᠲᠤᠷᠠᠯᠴᠠᠭᠠᠨ᠎ᠤ ᠬᠠᠮᠲᠤ᠎ᠶ᠋ᠢᠨ ᠲᠠᠨᠢᠯᠲᠠ᠎ᠶ᠋ᠢ ᠭᠦᠨᠵᠡᠭᠡᠢᠷᠡᠭᠦᠯᠵᠦ᠍᠂ ᠲᠦᠷᠢᠮ᠎ᠤᠨ ᠱᠢᠨ᠎ᠡ᠎ᠶ᠋ᠢ ᠡᠭᠦᠳᠬᠦ᠂ ᠲᠥᠷᠥ᠎ᠶ᠋ᠢᠨ ᠪᠣᠳᠣᠯᠭ᠎ᠠ᠎ᠶ᠋ᠢᠨ ᠬᠠᠮᠵᠢᠯᠴᠠᠭ᠎ᠠ ᠵᠡᠷᠭᠡ ᠲᠠᠯ᠎ᠠ᠎ᠪᠠᠷ ᠬᠤᠯᠪᠣᠭᠠᠯᠠᠨ ᠬᠥᠭ᠌ᠵᠢᠬᠦ᠌ ᠱᠢᠨ᠎ᠡ ᠠᠷᠭ᠎ᠠ ᠵᠠᠮ᠎ᠢ ᠬᠠᠢᠨ ᠰᠦᠪᠡᠭ᠌ᠴᠢᠯᠡᠭ᠌ᠰᠡᠨ ᠪᠥᠭᠡᠳ ᠨᠠᠩ ᠥᠨᠳᠥᠷ ᠲᠦᠪᠱᠢᠨ ᠪᠥᠬᠦᠶ ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠶ᠎ᠶ᠋ᠢᠨ ᠪᠠᠢᠭᠤᠯᠤᠯ᠎ᠢ ᠪᠠᠢᠭᠤᠯᠬᠤ᠂ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠬᠤ᠎ᠳᠤ ᠱᠢᠨ᠎ᠡ ᠴᠢᠯᠥᠭᠡᠲᠦ ᠠᠷᠠᠯᠵᠢᠶᠠᠨ᠎ᠤ ᠱᠢᠨ᠎ᠡ ᠬᠥᠳᠡᠯᠭᠡᠬᠦ᠌ ᠬᠦᠴᠦᠨ᠎ᠢ ᠨᠡᠮᠡᠷᠢᠯᠡᠪᠡ᠃
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠲᠣᠰ ᠤᠳᠠᠭᠠᠨ᠎ᠤ ᠪᠦᠯᠬᠦᠮ᠎ᠤᠨ ᠬᠤᠷᠠᠯ᠎ᠳᠤ ᠣᠷᠣᠯᠴᠠᠬᠤ᠎ᠪᠠᠷ ᠳᠠᠮᠵᠢᠭᠤᠯᠤᠨ᠂ ᠬᠠᠲᠤᠨ ᠭᠤᠤᠯ ᠳᠠᠭᠠᠤ᠎ᠶ᠋ᠢᠨ ᠮᠤᠵᠢ ᠣᠷᠣᠨ᠎ᠤ ᠰᠠᠢᠨ ᠲᠤᠷᠱᠢᠯᠭ᠎ᠠ ᠰᠠᠢᠨ ᠠᠷᠭ᠎ᠠ ᠬᠢᠳᠡᠯ᠎ᠢ ᠭᠦᠨᠵᠡᠭᠡᠶ ᠰᠤᠷᠤᠯᠴᠠᠵᠤ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠡᠭᠦᠳᠦᠨ ᠪᠠᠢᠭᠤᠯᠬᠤ ᠪᠠ ᠨᠡᠭᠡᠭᠡᠯᠲᠡ ᠬᠢᠬᠦ᠌ ᠲᠠᠪᠴᠠᠩ᠎ᠤᠨ ᠪᠠᠢᠭᠤᠯᠤᠯᠲᠠ᠎ᠶ᠋ᠢ ᠠᠬᠢᠭᠤᠯᠬᠤ᠎ᠳᠤ ᠴᠢᠬᠤᠯᠠ ᠯᠠᠪᠯᠠᠯᠲᠠ ᠬᠠᠩᠭᠠᠪᠠ᠃ ᠬᠤᠷᠠᠯ ᠳᠡᠭᠡᠷ᠎ᠡ᠂ ᠬᠥᠬᠡᠬᠤᠲᠠ᠎ᠶ᠋ᠢᠨ ᠠᠵᠤ ᠠᠬᠤᠢ ᠮᠡᠷᠭᠡᠵᠢᠯ᠎ᠤᠨ ᠨᠡᠭᠡᠭᠡᠯᠲᠡ᠎ᠶ᠋ᠢᠨ ᠲᠣᠭᠤᠷᠢᠭ ᠲᠤᠰᠭᠠᠢ ᠰᠡᠳᠦᠪᠲᠦ ᠲᠠᠨᠢᠯᠴᠠᠭᠤᠯᠭ᠎ᠠ ᠬᠢᠵᠦ᠍᠂ ᠪᠡᠯᠡ ᠣᠷᠣᠭᠤᠯᠤᠯᠲᠠ᠎ᠶ᠋ᠢᠨ ᠱᠢᠨ᠎ᠡ ᠠᠵᠠ ᠲᠣᠬᠢᠶᠠᠯ᠎ᠢ ᠢᠯᠡᠷᠡᠭᠦᠯᠪᠡ᠃ ᠡᠭᠦᠨ᠎ᠤ ᠬᠠᠮᠲᠤ᠌᠂ ᠬᠤᠷᠠᠯ᠎ᠤᠨ ᠪᠠᠢᠭᠤᠯᠤᠭ᠍ᠰᠠᠨ ᠬᠠᠮᠲᠤᠷᠠᠯᠴᠠᠭᠠᠨ᠎ᠤ ᠲᠠᠪᠴᠠᠩ᠎ᠢ ᠠᠱᠢᠭ᠍ᠯᠠᠨ᠂ ᠮᠠᠨ᠎ᠤ ᠣᠷᠣᠨ᠎ᠤ ᠬᠤᠷᠠᠯ᠎ᠳᠤ ᠣᠷᠣᠯᠴᠠᠭ᠍ᠰᠠᠨ ᠨᠢᠭᠡᠴᠢ ᠬᠢᠭᠡᠳ ᠬᠠᠲᠤᠨ ᠭᠤᠤᠯ ᠳᠠᠭᠠᠤ᠎ᠶ᠋ᠢᠨ ᠮᠤᠵᠢ ᠣᠷᠣᠨ᠎ᠯᠤᠭ᠎ᠠ ᠱᠢᠨ᠎ᠡ ᠡᠨᠧᠷᠭᠢ᠂ ᠣᠲᠣ ᠦᠶ᠎ᠡ᠎ᠶ᠋ᠢᠨ ᠲᠠᠷᠢᠶᠠᠯᠠᠩ᠂ ᠪᠤᠳᠤᠬᠤ ᠬᠦᠴᠦᠨ᠎ᠤ ᠰᠠᠭᠤᠷᠢ ᠪᠡᠯᠡᠳᠭᠡᠮᠵᠢ ᠵᠡᠷᠭᠡ ᠬᠦᠷᠢᠶᠡᠨ᠎ᠳᠠᠬᠢ ᠬᠠᠮᠲᠤᠷᠠᠯᠴᠠᠭᠠᠨ᠎ᠤ ᠬᠠᠷᠢᠯᠴᠠᠭ᠎ᠠ ᠪᠠᠢᠭᠤᠯᠵᠤ᠂ ᠮᠠᠨ᠎ᠤ ᠣᠷᠣᠨ᠎ᠤ ᠪᠥᠬᠦ᠌ ᠤᠯᠤᠰ᠎ᠤᠨ ᠴᠢᠯᠥᠭᠡᠲᠦ ᠠᠷᠠᠯᠵᠢᠶᠠᠨ᠎ᠤ ᠬᠥᠭ᠌ᠵᠢᠯᠲᠡ᠎ᠶ᠋ᠢᠨ ᠰᠦᠯᠵᠢᠶ᠎ᠡ᠎ᠳᠤ ᠠᠭᠤᠰᠤᠯᠴᠠᠬᠤ᠎ᠶ᠋ᠢ ᠠᠬᠢᠭᠤᠯᠬᠤ᠂ ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠬᠦ᠌᠎ᠳᠤ ᠠᠱᠢᠭ᠍ᠲᠠᠶ ᠨᠥᠬᠦᠴᠡᠯ᠎ᠢ ᠡᠭᠦᠳᠴᠦ᠍ ᠥᠭ᠌ᠪᠡ᠃