ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠦᠨᠦᠳᠣᠷ᠎ᠤᠨ ᠰᠣᠨᠢᠨ ᠮᠡᠳᠡᠭᠡ
《ᠥᠪᠥᠷ ᠮᠣᠩᠭᠤᠯ᠎ᠤᠨ ᠦᠨᠦᠷ ᠠᠮᠲᠠ》ᠪᠡᠭᠡᠵᠢᠩ᠎ᠤᠨ ᠹᠧᠩ ᠬᠤᠸᠠᠩ ᠲᠥᠪ᠎ᠲᠤ ᠣᠷᠣᠪᠠ
ᠨᠡᠶ᠋ᠢᠲᠡᠯᠡᠭᠰᠡᠨ ᠴᠠᠭ᠄ 2025-11-21

  ᠠᠷᠠᠯᠵᠢᠶ᠎ᠠ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠢᠶᠠᠷ ᠲᠠᠮᠵᠢᠨ ᠦᠢᠯᠡᠳᠪᠦᠷᠢᠯᠡᠯ ᠪᠣᠷᠣᠯᠠᠭᠤᠯᠭ᠎ᠠ᠎ᠶ᠋ᠢ ᠨᠠᠷᠢᠯᠢᠭ ᠣᠨᠣᠴᠠᠲᠠᠶ᠎ᠪᠠᠷ ᠵᠣᠯᠭᠠᠭᠤᠯᠬᠤ᠎ᠶ᠋ᠢ ᠠᠬᠢᠭᠤᠯᠵᠤ᠂ ᠥᠪᠥᠷ ᠮᠣᠩᠭᠤᠯ᠎ᠤᠨ ᠴᠢᠨᠠᠷ ᠰᠠᠢᠲᠠᠶ ᠦᠢᠯᠡᠳᠬᠦᠨ᠎ᠤ ᠷᠢᠳᠢ ᠱᠢᠳᠢ᠎ᠶ᠋ᠢ ᠪᠥᠬᠦ᠌ ᠲᠠᠯ᠎ᠠ᠎ᠪᠠᠷ ᠳᠡᠯᠭᠡᠨ ᠦᠵᠡᠭᠦᠯᠵᠦ᠍᠂ 《ᠥᠪᠥᠷ ᠮᠣᠩᠭᠤᠯ᠎ᠤᠨ ᠦᠨᠦᠷ ᠠᠮᠲᠠ》 ᠣᠷᠣᠨ ᠪᠦᠰᠡ᠎ᠶ᠋ᠢᠨ ᠨᠠᠷᠠᠲᠤ ᠲᠡᠮᠳᠡᠭ᠎ᠢ ᠨᠠᠩ ᠥᠷᠭᠡᠨ ᠳᠡᠯᠭᠡᠷ᠂ ᠨᠠᠩ ᠠᠮᠢᠳᠤᠯᠢᠭ ᠳᠡᠯᠭᠡᠷᠡᠭᠦᠯᠬᠦ᠌᠎ᠶ᠋ᠢᠨ ᠲᠥᠯᠥᠭᠡ᠂ 11 ᠳ᠋ᠦ᠍ᠭᠡᠷ ᠰᠠᠷ᠎ᠠ᠎ᠶ᠋ᠢᠨ 20 ᠎ᠤ ᠡᠳᠦᠷ᠎ᠠᠴᠠ 21 ᠎ᠤ ᠡᠳᠦᠷ ᠪᠣᠯᠲᠠᠯ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠠᠴᠠ ᠭᠤᠤᠯᠯᠠᠨ ᠡᠷᠭᠢᠯᠡᠭ᠌ᠰᠡᠨ 《ᠥᠪᠥᠷ ᠮᠣᠩᠭᠤᠯ᠎ᠤᠨ ᠦᠨᠦᠷ ᠠᠮᠲᠠ》 ᠶᠠᠮᠤᠨ ᠵᠥᠪᠯᠡᠯ ᠤᠷᠤᠬᠤ᠂ ᠠᠵᠤ ᠠᠬᠤᠢᠯᠠᠯ᠎ᠳᠤ ᠣᠷᠣᠬᠤ ᠠᠵᠢᠯᠯᠠᠭ᠎ᠠ ᠨᠢ ᠹᠧᠩ ᠬᠤᠸᠠᠩ ᠣᠳᠣᠨ ᠲᠧᠯᠸᠢᠰ (ᠪᠡᠭᠡᠵᠢᠩ᠎ᠤᠨ ᠲᠥᠪ) ᠎ᠲᠤ ᠣᠷᠤᠪᠠ᠃

  ᠵᠢᠪᠦᠮᠡᠯ ᠮᠠᠶᠢᠭ᠎ᠢᠶᠠᠷ 《ᠥᠪᠥᠷ ᠮᠣᠩᠭᠤᠯ᠎ᠤᠨ ᠦᠨᠦᠷ ᠠᠮᠲᠠ》 ᠎ᠶ᠋ᠢ ᠪᠡᠶᠡᠴᠢᠯᠡᠨ ᠣᠢ᠌ᠯᠠᠭ᠋ᠠᠨ᠎ᠠ

  ᠹᠧᠩ ᠬᠤᠸᠠᠩ ᠲᠥᠪ᠎ᠤᠨ ᠬᠤᠶᠠᠳᠤᠭᠠᠷ ᠳᠠᠪᠬᠤᠷᠭ᠎ᠠ᠎ᠶ᠋ᠢᠨ᠎ᠬᠢᠨ ᠲᠠᠯ᠎ᠠ ᠨᠤᠲᠤᠭ᠎ᠤᠨ ᠵᠠᠩ ᠠᠭᠠᠯᠢ᠎ᠪᠠᠷ ᠪᠢᠯᠬᠠᠭ᠍ᠰᠠᠨ 《ᠥᠪᠥᠷ ᠮᠣᠩᠭᠤᠯ᠎ᠤᠨ ᠦᠨᠦᠷ ᠠᠮᠲᠠ》 ᠎ᠶ᠋ᠢᠨ ᠤᠷᠲᠤ ᠬᠤᠩᠭᠢᠯ ᠪᠣᠯᠵᠤ᠂ ᠨᠢᠭᠡ ᠤᠳᠠᠭᠠᠨ᠎ᠤ ᠬᠠᠷᠠᠭᠠᠨ ᠰᠡᠷᠡᠯ᠂ ᠠᠮᠲᠠ᠎ᠶ᠋ᠢᠨ ᠮᠡᠳᠡᠷᠡᠮᠵᠢ᠂ ᠦᠨᠦᠷ᠎ᠤᠨ ᠰᠡᠷᠡᠯ ᠨᠢᠭᠡ ᠴᠣᠭ᠍ᠴᠠᠵᠢᠭ᠍ᠰᠠᠨ ᠵᠢᠪᠦᠮᠡᠯ ᠮᠠᠶᠢᠭ᠎ᠤᠨ ᠠᠶᠠᠯᠠᠯ ᠠᠳᠡ᠎ᠠᠴᠠ ᠡᠬᠢᠯᠡᠵᠦ᠍᠂ ᠠᠵᠢᠯᠯᠠᠭ᠎ᠠ᠎ᠶ᠋ᠢᠨ ᠠᠬᠤᠢ ᠲᠠᠯᠠᠪᠠᠢ᠎ᠳᠤ ᠬᠥᠮᠦᠰ ᠬᠤᠷᠠᠨ ᠴᠤᠭ᠍ᠯᠠᠷᠠᠵᠤ᠂ ᠬᠠᠯᠠᠭᠤᠨ ᠰᠡᠳᠭᠢᠯᠭᠡ᠎ᠪᠠᠷ ᠪᠢᠯᠬᠠᠵᠤ ᠪᠠᠢᠯ᠎ᠠ᠃ ᠣᠨᠴᠠᠯᠢᠭ᠍ᠲᠤ ᠪᠦᠲᠦᠭᠡᠭ᠌ᠳᠡᠬᠦᠨ᠎ᠤ ᠦᠵᠡᠭᠦᠯᠭᠡ᠎ᠶ᠋ᠢᠨ ᠲᠣᠭᠤᠷᠢᠭ᠎ᠨᠢ ᠨᠠᠷᠠᠲᠤ ᠲᠡᠮᠳᠡᠭ ᠢᠯᠢ᠂ ᠮᠧᠩ ᠨᠢᠤ᠂ ᠯᠠᠨ ᠭᠧ ᠭᠧ᠂ ᠰᠠᠨ ᠫᠠᠩ ᠳ᠋ᠠᠨ᠂ ᠣᠷᠣᠨ ᠪᠦᠰᠡ᠎ᠶ᠋ᠢᠨ ᠲᠥᠯᠥᠭᠡᠯᠡᠬᠦ᠌ ᠴᠢᠨᠠᠷᠲᠠᠶ ᠨᠠᠷᠠᠲᠤ ᠲᠡᠮᠳᠡᠭ ᠥᠪᠥᠷ ᠮᠣᠩᠭᠤᠯ᠎ᠤᠨ ᠣᠶ ᠱᠢᠭᠤᠶ᠎ᠶ᠋ᠢᠨ ᠠᠵᠤ ᠦᠢᠯᠡᠳᠪᠦᠷᠢ᠂ ᠮᠤᠨᠢ ᠠᠭᠤᠯᠠ᠎ᠶ᠋ᠢᠨ ᠶᠢᠦ ᠮᠠᠶ᠂ ᠳᠦᠨ ᠾᠧ᠂ ᠱᠠᠩᠳᠤ ᠦᠬᠡᠷ᠎ᠤᠨ ᠮᠢᠬ᠎ᠠ᠂ ᠨᠠᠷᠢᠮᠤ᠎ᠶᠢᠨ ᠦᠨᠦᠷ ᠬᠠᠩᠬᠤᠯᠤᠭ᠍ᠰᠠᠨ ᠵᠡᠷᠭᠡ 60 ᠭᠠᠷᠤᠶ ᠠᠵᠤ ᠠᠬᠤᠢᠯᠠᠯ᠎ᠤᠨ 800 ᠭᠠᠷᠤᠶ ᠣᠨᠴᠠᠯᠢᠭ᠍ᠲᠤ ᠪᠦᠲᠦᠭᠡᠭ᠌ᠳᠡᠬᠦᠨ᠎ᠢ ᠴᠤᠭ᠍ᠯᠠᠭᠤᠯᠪᠠ᠂ ᠡᠭᠦᠨ᠎ᠳᠤ ᠰᠦ᠎ᠶ᠋ᠢᠨ ᠠᠩᠬᠢᠯᠤᠮ᠎ᠠ ᠦᠨᠦᠷ ᠬᠠᠩᠬᠤᠯᠤᠭ᠍ᠰᠠᠨ ᠣᠷᠭᠠᠨᠢᠭ ᠴᠠᠭᠠᠨ ᠢᠳᠡᠭᠡ᠂ ᠬᠠᠲᠠᠭ᠋ᠠᠭᠰᠠᠨ ᠦᠬᠡᠷ᠎ᠤᠨ ᠪᠣᠷᠴᠠ᠂ ᠴᠡᠭᠡ ᠵᠢᠴᠢ ᠲᠥᠷᠥᠯ ᠵᠦᠢᠯ᠎ᠢᠶᠠᠷ ᠪᠠᠶᠠᠯᠢᠭ ᠰᠡᠯᠡᠭᠦᠴᠡᠯ᠎ᠤᠨ ᠢᠳᠡᠭᠡᠨ ᠵᠡᠷᠭᠡ ᠪᠠᠭ᠍ᠲᠠᠨ᠎ᠠ᠃ ᠠᠬᠤᠢ ᠲᠠᠯᠠᠪᠠᠢ᠎ᠳᠤ ᠠᠰᠠᠭᠤᠨ ᠯᠠᠪᠯᠠᠯᠠᠬᠤ᠂ ᠠᠮᠲᠠᠯᠠᠬᠤ᠂ ᠬᠤᠳᠠᠯᠳᠤᠨ ᠠᠪᠤᠭ᠍ᠴᠢ ᠲᠠᠰᠤᠷᠠᠯᠲᠠ ᠥᠬᠡᠶ ᠣᠯᠠᠱᠢᠷᠠᠵᠤ᠂ ᠣᠯᠠᠨ᠎ᠢᠶᠠᠷ᠎ᠢᠶᠠᠨ ᠠᠬᠤᠢ ᠲᠠᠯᠠᠪᠠᠢ᠎ᠳᠤ ᠠᠮᠲᠠᠯᠠᠭ᠍ᠰᠠᠨ᠎ᠤ ᠳᠠᠷᠠᠭ᠎ᠠ 《ᠴᠢᠨᠠᠷ ᠰᠠᠢᠲᠠᠶ᠂ ᠦᠨ᠎ᠡ ᠬᠠᠩᠰᠢ ᠨᠢ ᠪᠤᠲᠠᠲᠠᠢ 》 ᠭᠡᠵᠦ᠍᠂ ᠤᠷᠢᠳᠴᠢᠯᠠᠨ ᠪᠡᠯᠡᠳᠬᠡᠭᠰᠡᠨ ᠴᠥᠭᠡᠨ ᠪᠤᠰᠤ ᠪᠠᠷᠠᠭ᠎ᠠ᠎ᠶᠢ ᠬᠣᠭᠣᠰᠤᠷᠠᠲᠠᠯ᠎ᠠ ᠬᠤᠳᠠᠯᠳᠤᠨ ᠠᠪᠴᠠᠢ᠃ 

 

 

  ᠢᠳᠡᠭᠡᠨ ᠤᠮᠳᠠᠭᠠᠨ᠎ᠤ ᠰᠢᠨᠵᠢᠯᠡᠭᠡᠨ᠎ᠦ ᠣᠷᠣᠨ᠎ᠳᠤ᠂ ᠥᠪᠥᠷ ᠮᠣᠩᠭᠣᠯ᠎ᠤᠨ ᠣᠨᠴᠠᠯᠢᠭ᠋᠎ᠲᠠᠢ ᠠᠮᠲᠠᠲᠤ ᠢᠳᠡᠭᠡᠨ ᠲᠠᠯᠠᠪᠠᠢ᠎ᠳᠤ ᠭᠠᠷᠴᠤ᠂ ᠬᠣᠷᠴᠢᠨ᠎ᠤ ᠴᠢᠨᠠᠭᠰᠠᠨ ᠦᠬᠡᠷ᠎ᠦᠨ ᠮᠢᠬ᠎ᠠ᠂ ᠬᠤᠨᠢᠨ᠎ᠤ ᠨᠢᠷᠤᠭᠤ᠂ ᠲᠠᠬᠢᠶᠠᠨ ᠮᠢᠬ᠎ᠠ᠎ᠶᠢ ᠮᠦᠭᠦ ᠲᠠᠢ ᠴᠢᠨᠠᠭᠰᠠᠨ᠂ ᠬᠤᠨᠢᠨ᠎ᠤ ᠮᠢᠬ᠎ᠠ᠎ᠶᠢᠨ ᠱᠤᠤᠮᠠᠢ᠂ ᠡᠯᠡᠰᠦᠨ ᠰᠣᠩᠭᠢᠨ᠎ᠠ᠎ᠲᠠᠢ ᠬᠠᠭᠤᠷᠤᠭᠰᠠᠨ ᠲᠠᠬᠢᠶᠠᠨ ᠥᠨᠳᠡᠭᠡ᠂ ᠬᠣᠷᠢᠨᠭᠡᠷ᠎ᠤᠨ ᠴᠢᠨᠠᠭᠰᠠᠨ ᠬᠤᠨᠢᠨ᠎ᠤ ᠮᠢᠬ᠎ᠠ᠂ ᠶᠤᠤᠮᠠᠢ ᠭᠤᠯᠢᠷ ᠵᠡᠷᠭᠡ ᠤᠯᠠᠨ ᠲᠦᠷᠦᠯ᠎ᠦᠨ ᠨᠣᠭᠣᠭ᠎ᠠ ᠲᠠᠢ ᠪᠠᠢᠵᠤ᠂ ᠮᠠᠰᠢ ᠤᠯᠠᠨ ᠠᠵᠢᠯᠲᠠᠨ ᠠᠵᠢᠯᠴᠢᠨ᠎ᠤ ᠠᠩᠬᠠᠷᠤᠯ᠎ᠢ ᠲᠠᠲᠠᠵᠤ ᠪᠠᠢ᠌ᠯ᠎ᠠ᠃ ᠹᠧᠩ ᠬᠤᠸᠠᠩ ᠲᠥᠪ᠎ᠲᠦ ᠠᠵᠢᠯ᠎ᠢᠶᠠᠷ ᠶᠠᠪᠤᠭᠰᠠᠨ ᠪᠤᠯᠤᠩ᠎ᠤᠨ ᠬᠡᠳᠦᠨ ᠰᠤᠷᠪᠤᠯᠵᠢᠯᠠᠭ᠍ᠴᠢ ᠬᠣᠭᠣᠯᠠᠨ ᠰᠢᠷᠡᠭᠡᠨ᠎ᠦ ᠬᠠᠵᠠᠭᠤ᠎ᠳᠤ ᠲᠣᠭᠣᠷᠢᠨ ᠰᠠᠭᠤᠵᠤ ᠥᠪᠡᠷ ᠥᠪᠡᠷ᠎ᠦᠨ ᠢᠯᠡᠷᠡᠭᠦᠯᠦᠯᠲᠡ᠎ᠪᠡᠨ ᠬᠤᠪᠢᠶᠠᠯᠴᠠᠵᠤ ᠂  《ᠡᠨᠡ ᠬᠦ᠌ ᠬᠣᠷᠢᠨᠭᠡᠷ᠎ᠤᠨ ᠴᠢᠨᠠᠭ᠍ᠰᠠᠨ ᠬᠤᠨᠢᠨ ᠮᠢᠬ᠎ᠠ ᠨᠢ ᠲᠤᠩ ᠠᠮᠳᠠᠳᠠᠢ᠂ ᠰᠢᠩᠬᠡᠭ ᠦᠨᠦᠷ ᠤᠭᠲᠤ ᠦᠭᠡᠢ》᠂ 《ᠪᠢ ᠨᠢᠳᠤᠨᠤᠨ ᠦᠪᠤᠷ ᠮᠤᠩᠭᠤᠯ᠎ᠳᠤ ᠤᠴᠢᠬᠤ ᠦᠶ᠎ᠡ᠎ᠳᠤ ᠵᠢᠩᠬᠢᠨᠢ ᠠᠮᠲᠠ᠎ᠶ᠋ᠢ ᠠᠮᠳᠠᠯᠠᠵᠤ ᠦᠩᠬᠡᠷᠡᠭ᠌ᠰᠡᠨ ᠶᠤᠮ᠂ ᠥᠨᠥᠳᠥᠷ᠎ᠦᠨ ᠡᠨᠡ ᠦᠨᠦᠷ ᠶᠡᠬᠡ ᠰᠠᠢ᠌ᠬᠠᠨ ᠪᠠᠢ᠌ᠨ᠎ᠠ》᠂ 《 ᠨᠢᠭᠡ ᠠᠮᠠ ᠮᠢᠬ᠎ᠠ ᠡᠮᠬᠦᠵᠦ᠂ ᠳᠠᠬᠢᠨ ᠴᠢᠴᠠᠷᠭ᠋ᠠᠨ᠎ᠠ᠎ᠶᠢᠨ ᠰᠢᠭᠦᠰᠦ ᠤᠤᠭᠤᠬᠤ ᠨᠢ ᠶᠤᠰᠤᠲᠠᠢ ᠭᠤᠶᠤ ᠪᠠᠢ᠌ᠨ᠎ᠠ ! 》 ᠭᠡᠪᠡ᠃

 

 

  ᠲᠠᠪᠴᠠᠩ᠎ᠨᠢ ᠬᠦᠴᠦᠨ ᠨᠡᠮᠡᠷᠢᠯᠡᠵᠦ᠂ ᠥᠪᠥᠷ ᠮᠣᠩᠭᠤᠯ᠎ᠤᠨ ᠬᠥᠭ᠌ᠵᠢᠯᠲᠡ᠎ᠶ᠋ᠢᠨ ᠱᠢᠨ᠎ᠡ ᠠᠵᠠ ᠲᠣᠬᠢᠶᠠᠯ᠎ᠢ ᠥᠷᠭᠡᠳᠭᠡᠨ᠎ᠡ

  《ᠥᠪᠥᠷ ᠮᠣᠩᠭᠤᠯ᠎ᠤᠨ ᠦᠨᠦᠷ ᠠᠮᠲᠠ》 ᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠤ ᠨᠠᠷᠠᠲᠤ ᠲᠡᠮᠳᠡᠭ ᠪᠣᠯᠤᠭ᠍ᠰᠠᠨ᠎ᠤ ᠬᠤᠪᠢ᠎ᠳᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠳᠤ ᠲᠤᠱᠢᠶᠠᠭ᠍ᠰᠠᠨ 《ᠲᠠᠪᠤᠨ ᠶᠡᠭᠡ ᠡᠭᠦᠷᠭᠡ》 — ᠤᠯᠤᠰ᠎ᠤᠨ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢᠨ ᠦᠢᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠥᠲᠥᠭᠡᠨ ᠪᠠᠢᠭᠤᠯᠤᠭ᠍ᠰᠠᠨ ᠠᠬᠤᠶ ᠪᠠᠢᠳᠠᠯ ᠳᠣᠤᠷ᠎ᠠ ᠪᠠᠢᠭᠤᠯᠤᠭ᠍ᠰᠠᠨ ᠶᠤᠮ᠃ ᠲᠣᠰ ᠤᠳᠠᠭ᠎ᠠ ᠹᠧᠩ ᠬᠤᠸᠠᠩ ᠣᠳᠣᠨ ᠲᠧᠯᠸᠢᠰ (ᠪᠡᠭᠡᠵᠢᠩ᠎ᠤᠨ ᠲᠥᠪ) ᠎ᠲᠤ ᠣᠷᠣᠵᠤ᠂ ᠹᠧᠩ ᠬᠤᠸᠠᠩ ᠵᠠᠭᠤᠴᠢᠯᠠᠭᠤᠷ᠎ᠤᠨ ᠪᠥᠬᠦ᠌ ᠪᠥᠮᠪᠥᠷᠴᠡᠭ᠎ᠢ ᠬᠠᠮᠤᠷᠤᠭ᠍ᠰᠠᠨ ᠳᠠᠮᠵᠢᠭᠤᠯᠭ᠎ᠠ᠎ᠶ᠋ᠢᠨ ᠨᠥᠯᠥᠭᠡᠯᠡᠬᠦ᠌ ᠬᠦᠴᠦᠨ᠎ᠢ ᠠᠱᠢᠭ᠍ᠯᠠᠨ᠂ ᠢᠯᠠᠩᠭᠤᠶ᠎ᠠ ᠭᠤᠸᠠᠩᠳᠦ᠋ᠩ ᠱᠢᠶᠠᠩᠭᠠᠩ ᠣᠣᠮᠧᠨ᠎ᠤ ᠶᠡᠭᠡ ᠪᠤᠯᠤᠩ᠎ᠤᠨ ᠣᠷᠣᠨ᠎ᠳᠤ ᠭᠦᠨᠵᠡᠭᠡᠶ ᠨᠥᠯᠥᠭᠡᠯᠡᠬᠦ᠌ ᠬᠦᠴᠦᠨ᠎ᠢ ᠦᠷᠭᠦᠯᠵᠢᠯᠡᠨ ᠠᠬᠢᠭᠤᠯᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠬᠢᠭᠡᠳ ᠭᠤᠸᠠᠩᠳᠦ᠋ᠩ ᠱᠢᠶᠠᠩᠭᠠᠩ ᠣᠣᠮᠧᠨ᠎ᠤ ᠶᠡᠭᠡ ᠪᠤᠯᠤᠩ᠎ᠤᠨ ᠣᠷᠣᠨ᠎ᠤ ᠭᠦᠨᠵᠡᠭᠡᠶ ᠬᠠᠮᠲᠤᠷᠠᠯᠴᠠᠭ᠎ᠠ᠎ᠶ᠋ᠢ ᠦᠷᠭᠦᠯᠵᠢᠯᠡᠨ ᠠᠬᠢᠭᠤᠯᠵᠤ᠂ ᠥᠪᠥᠷ ᠮᠣᠩᠭᠤᠯ᠎ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ᠎ᠤᠨ ᠥᠷᠨᠢᠯᠲᠡ᠎ᠳᠤ ᠬᠦᠴᠦᠨ ᠨᠡᠮᠡᠷᠢᠯᠡᠵᠦ᠍᠂ 《ᠥᠪᠥᠷ ᠮᠣᠩᠭᠤᠯ᠎ᠤᠨ ᠦᠨᠦᠷ ᠠᠮᠲᠠ》 ᠎ᠶ᠋ᠢᠨ ᠣᠨᠴᠠᠯᠢᠭ᠍ᠲᠤ ᠨᠠᠷᠠᠲᠤ ᠲᠡᠮᠳᠡᠭ᠎ᠦᠨ ᠨᠠᠩ ᠥᠷᠭᠡᠨ ᠠᠭᠤᠳᠠᠮ ᠵᠠᠬ᠎ᠠ ᠳᠡᠯᠭᠡᠭᠦᠷ᠎ᠲᠤ ᠭᠠᠷᠬᠤ᠎ᠶ᠋ᠢ ᠠᠬᠢᠭᠤᠯᠬᠤ᠎ᠶ᠋ᠢᠨ ᠲᠥᠯᠥᠭᠡ ᠶᠤᠮ᠃

 

ᠢᠷᠡᠯᠲᠡ᠄ ᠶᠡᠷᠦᠩᠬᠡᠢ ᠪᠠᠲᠤᠯᠠᠭ᠎ᠠ᠎ᠶ᠋ᠢᠨ ᠲᠥᠪ
          
ᠬᠠᠮᠢᠶ᠎ᠡ ᠪᠦᠬᠦᠢ ᠰᠣᠨᠢᠨ
 
            