ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠦᠨᠦᠳᠣᠷ᠎ᠤᠨ ᠰᠣᠨᠢᠨ ᠮᠡᠳᠡᠭᠡ
ᠳᠤᠮᠳᠠᠳᠤ ᠮᠣᠩᠭᠤᠯ᠎ᠤᠨ ᠡᠷᠢᠶᠡᠨ ᠬᠤᠲᠠ — ᠵᠠᠮ᠎ᠤᠨ ᠡᠭᠦᠳᠡ᠎ᠶ᠋ᠢᠨ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠣᠷᠣᠨ᠎ᠤ ᠬᠠᠮᠲᠤᠷᠠᠨ ᠬᠡᠷᠡᠭ᠌ᠵᠢᠭᠦᠯᠬᠦ᠌ ᠵᠥᠪᠯᠡᠯ᠎ᠤᠨ ᠬᠤᠶᠠᠳᠤᠭᠠᠷ ᠤᠳᠠᠭᠠᠨ᠎ᠤ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2025-10-30

  2025 ᠣᠨ᠎ᠤ 10 ᠳ᠋ᠤᠭᠠᠷ ᠰᠠᠷ᠎ᠠ᠎ᠶ᠋ᠢᠨ 29 ᠎ᠤ ᠡᠳᠦᠷ᠂ ᠳᠤᠮᠳᠠᠳᠤ ᠮᠣᠩᠭᠤᠯ᠎ᠤᠨ ᠡᠷᠢᠶᠡᠨ ᠬᠤᠲᠠ — ᠵᠠᠮ᠎ᠤᠨ ᠡᠭᠦᠳᠡ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠣᠷᠣᠨ᠎ᠤ ᠬᠠᠮᠲᠤᠷᠠᠨ ᠬᠡᠷᠡᠭ᠌ᠵᠢᠭᠦᠯᠬᠦ᠌ ᠵᠥᠪᠯᠡᠯ᠎ᠤᠨ ᠬᠤᠶᠠᠳᠤᠭᠠᠷ ᠤᠳᠠᠭᠠᠨ᠎ᠤ ᠬᠤᠷᠠᠯ ᠮᠣᠩᠭᠤᠯ ᠤᠯᠤᠰ᠎ᠤᠨ ᠤᠯᠠᠭᠠᠨᠪᠠᠭᠠᠲᠤᠷ᠎ᠲᠤ ᠬᠤᠷᠠᠯᠳᠤᠪᠠ᠃ ᠬᠤᠶᠠᠷ ᠲᠠᠯ᠎ᠠ᠎ᠪᠠᠷ᠎ᠢᠶᠠᠨ ᠭᠦᠢᠴᠡᠳ ᠣᠢᠯᠠᠭᠠᠯᠴᠠᠨ ᠵᠥᠪᠳᠡᠯᠴᠡᠵᠦ᠍᠂ ᠵᠢᠱ᠌ᠢᠭ᠌ᠰᠡᠨ ᠦᠷ᠎ᠡ ᠪᠦᠲᠦᠮᠵᠢ᠎ᠳᠤ ᠬᠦᠷᠴᠡᠢ᠃

 

 

  ᠬᠤᠶᠠᠷ ᠲᠠᠯ᠎ᠠ᠎ᠪᠠᠷ᠎ᠢᠶᠠᠨ᠂ ᠳᠤᠮᠳᠠᠳᠤ ᠮᠣᠩᠭᠤᠯ᠎ᠤᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢᠨ ᠡᠷᠡᠭᠦᠯ᠎ᠢᠶᠠᠷ ᠬᠥᠭ᠌ᠵᠢᠭ᠌ᠰᠡᠨ ᠶᠡᠭᠡ ᠠᠬᠤᠢ ᠪᠠᠢᠳᠠᠯ ᠳᠣᠣᠷ᠎ᠠ᠂ ᠬᠠᠮᠲᠤ᠎ᠶ᠋ᠢᠨ ᠴᠢᠷᠮᠠᠢᠯᠭ᠎ᠠ᠎ᠪᠠᠷ ᠳᠠᠮᠵᠢᠨ᠂ ᠬᠠᠮᠲᠤᠷᠠᠯᠴᠠᠭᠠᠨ᠎ᠤ ᠣᠷᠣᠨ᠎ᠤ ᠡᠯ᠎ᠡ ᠵᠦᠢᠯ᠎ᠤᠨ ᠠᠵᠢᠯ ᠢᠯᠡᠳᠲᠡ ᠠᠬᠢᠴᠠ᠎ᠲᠠᠢ ᠪᠣᠯᠵᠠᠢ᠃ ᠬᠤᠶᠠᠷ ᠲᠠᠯ᠎ᠠ᠎ᠪᠠᠷ᠎ᠢᠶᠠᠨ ᠬᠠᠮᠲᠤᠷᠠᠨ ᠬᠡᠷᠡᠭ᠌ᠵᠢᠭᠦᠯᠬᠦ᠌ ᠵᠥᠪᠯᠡᠯ᠎ᠤᠨ᠎ᠬᠢᠨ ᠲᠤᠰ ᠲᠤᠰ᠎ᠤᠨ ᠡᠭᠦᠷᠭᠡ ᠴᠢᠳᠠᠪᠬᠢ᠎ᠶ᠋ᠢᠨ ᠦᠢᠯᠡᠳᠦᠯ᠎ᠢᠶᠠᠨ ᠦᠷᠭᠦᠯᠵᠢᠯᠡᠨ ᠪᠠᠳᠠᠷᠠᠭᠤᠯᠵᠤ᠂ ᠤᠯᠤᠯᠴᠠᠭ᠎ᠠ ᠬᠠᠮᠵᠢᠯᠴᠠᠭ᠎ᠠ᠎ᠪᠠᠨ ᠴᠢᠨᠠᠭ᠍ᠰᠢᠳᠠ ᠴᠢᠩᠭᠠᠳᠭᠠᠵᠤ᠂ ᠢᠲᠡᠭᠡᠯᠴᠡᠭᠡ ᠰᠣᠯᠢᠯᠴᠠᠭ᠎ᠠ᠎ᠪᠠᠨ ᠨᠡᠮᠡᠭ᠌ᠳᠡᠭᠦᠯᠵᠦ᠍᠂ ᠬᠥᠭ᠌ᠵᠢᠯᠲᠡ᠎ᠶ᠋ᠢᠨ ᠬᠠᠮᠲᠤ᠎ᠶ᠋ᠢᠨ ᠲᠠᠨᠢᠯᠲᠠ᠎ᠪᠠᠨ ᠨᠢᠭ᠍ᠲᠠᠷᠠᠭᠤᠯᠵᠤ᠂ ᠬᠠᠮᠲᠤᠷᠠᠯᠴᠠᠭᠠᠨ᠎ᠤ ᠣᠷᠣᠨ᠎ᠤ ᠪᠦᠳᠦᠭᠡᠨ ᠪᠠᠢᠭᠤᠯᠤᠯᠲᠠ᠎ᠶ᠋ᠢ ᠬᠠᠮᠲᠤ᠎ᠪᠠᠷ ᠠᠬᠢᠭᠤᠯᠤᠨ᠎ᠠ ᠭᠡᠵᠦ᠍ ᠲᠤᠰ ᠲᠤᠰ ᠢᠯᠡᠳᠭᠡᠪᠡ᠃

 

 

  ᠬᠤᠷᠠᠯ᠎ᠠᠴᠠ ᠬᠠᠮᠲᠤᠷᠠᠯᠴᠠᠭᠠᠨ᠎ᠤ ᠣᠷᠣᠨ᠎ᠤ ᠬᠤᠯᠪᠣᠭᠠᠯᠠᠨ ᠬᠡᠷᠡᠭ᠌ᠵᠢᠭᠦᠯᠬᠦ᠌ ᠵᠥᠪᠯᠡᠯ᠎ᠤᠨ ᠠᠩᠬᠠᠳᠤᠭᠠᠷ ᠤᠳᠠᠭ᠎ᠠ᠎ᠶ᠋ᠢᠨ ᠬᠤᠷᠠᠯ᠎ᠤᠨ ᠲᠣᠪᠴᠢ᠎ᠶ᠋ᠢ ᠨᠠᠢᠳᠠᠪᠤᠷᠢᠵᠢᠭᠤᠯᠬᠤ᠂ ᠬᠤᠶᠠᠷ ᠲᠠᠯ᠎ᠠ᠎ᠶ᠋ᠢᠨ ᠣᠷᠣᠨ ᠪᠦᠰᠡ᠎ᠶ᠋ᠢᠨ ᠠᠬᠢᠴᠠ ᠵᠢᠴᠢ ᠠᠵᠤ ᠦᠢᠯᠡᠰ᠎ᠤᠨ ᠬᠠᠮᠵᠢᠯᠴᠠᠨ ᠬᠥᠭ᠌ᠵᠢᠬᠦ᠌ ᠵᠡᠷᠭᠡ ᠵᠥᠪᠯᠡᠬᠦ᠌ ᠰᠡᠳᠦᠪ᠎ᠤᠨ ᠲᠣᠭᠤᠷᠢᠨ᠎ᠳᠤ ᠰᠠᠨᠠᠯ᠎ᠢᠶᠠᠨ ᠭᠦᠨᠵᠡᠭᠡᠶ ᠰᠣᠯᠢᠯᠴᠠᠭ᠍ᠰᠠᠨ ᠪᠥᠭᠡᠳ ᠬᠠᠮᠲᠤ᠎ᠶ᠋ᠢᠨ ᠲᠠᠨᠢᠯᠲᠠ᠎ᠲᠠᠢ ᠪᠣᠯᠪᠠ᠃ ᠬᠤᠶᠠᠷ ᠲᠠᠯ᠎ᠠ᠎ᠪᠠᠷ᠎ᠢᠶᠠᠨ ᠢᠯᠡᠷᠬᠡᠢᠯᠡᠬᠦ᠌᠎ᠳᠡᠭᠡᠨ᠂ ᠬᠤᠢᠱᠢᠳᠠ ᠬᠤᠶᠠᠷ ᠤᠯᠤᠰ᠎ᠤᠨ ᠵᠠᠰᠠᠭ᠎ᠤᠨ ᠣᠷᠳᠣᠨ᠎ᠤ ᠬᠤᠭᠤᠷᠣᠨᠳᠣᠬᠢ ᠬᠡᠯᠡᠯᠴᠡᠭᠡᠷ᠎ᠤᠨ ᠵᠢᠯᠣᠭᠤᠳᠣᠯᠭ᠎ᠠ ᠳᠣᠤᠷ᠎ᠠ᠂ 《ᠳᠤᠮᠳᠠᠳᠤ ᠮᠣᠩᠭᠤᠯ ᠡᠷᠢᠶᠡᠨ ᠬᠤᠲᠠ — ᠵᠠᠮ᠎ᠤᠨ ᠡᠭᠦᠳᠡ᠎ᠶ᠋ᠢᠨ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠣᠷᠣᠨ᠎ᠤ ᠬᠠᠮᠲᠤ᠎ᠪᠠᠷ ᠬᠥᠭ᠌ᠵᠢᠬᠦ᠌ ᠶᠡᠷᠦᠩᠬᠡᠶ ᠲᠥᠰᠦᠯ》 ᠎ᠤᠨ ᠬᠤᠯᠪᠣᠭ᠍ᠳᠠᠯ ᠪᠥᠬᠦᠶ ᠲᠣᠭ᠍ᠲᠠᠭᠠᠯ ᠶᠣᠰᠣᠭᠠᠷ᠂ ᠬᠠᠮᠲᠤᠷᠠᠯᠴᠠᠭᠠᠨ᠎ᠤ ᠣᠷᠣᠨ᠎ᠤ ᠡᠯ᠎ᠡ ᠵᠦᠢᠯ᠎ᠤᠨ ᠠᠵᠢᠯ᠎ᠢ ᠲᠦᠷᠭᠡᠳᠭᠡᠨ ᠠᠬᠢᠭᠤᠯᠤᠨ᠎ᠠ᠃ ᠬᠤᠷᠠᠯ ᠳᠡᠭᠡᠷ᠎ᠡ᠂ ᠬᠤᠶᠠᠷ ᠲᠠᠯ᠎ᠠ᠎ᠪᠠᠷ᠎ᠢᠶᠠᠨ ᠬᠤᠷᠠᠯ᠎ᠤᠨ ᠲᠣᠪᠴᠢ ᠲᠡᠮᠳᠡᠭ᠌ᠯᠡᠯ᠎ᠳᠤ ᠭᠠᠷ᠎ᠤᠨ ᠦᠰᠦᠭ ᠵᠢᠷᠤᠭ᠍ᠰᠠᠨ ᠪᠥᠭᠡᠳ 2026 ᠣᠨ᠎ᠳᠤ ᠳᠤᠮᠳᠠᠳᠤ ᠤᠯᠤᠰ᠎ᠲᠤ ᠬᠠᠮᠲᠤᠷᠠᠨ ᠬᠡᠷᠡᠭ᠌ᠵᠢᠭᠦᠯᠬᠦ᠌ ᠵᠥᠪᠯᠡᠯ᠎ᠤᠨ ᠭᠤᠷᠪᠠᠳᠤᠭᠠᠷ ᠤᠳᠠᠭ᠎ᠠ᠎ᠶ᠋ᠢᠨ ᠬᠤᠷᠠᠯ᠎ᠢ ᠬᠤᠷᠠᠯᠳᠤᠭᠤᠯᠬᠤ᠎ᠪᠠᠷ ᠵᠥᠪᠳᠡᠯᠴᠡᠨ ᠲᠣᠭ᠍ᠲᠠᠪᠠ᠃

ᠢᠷᠡᠯᠲᠡ᠄ ᠭᠠᠳᠠᠭᠠᠳᠤ ᠤᠯᠤᠰ᠎ᠤᠨ ᠪᠡᠯᠡ ᠣᠷᠣᠭᠤᠯᠤᠯᠲᠠ᠎ᠶ᠋ᠢᠨ ᠬᠠᠮᠢᠶᠠᠷᠤᠯᠲᠠ᠎ᠶ᠋ᠢᠨ ᠭᠠᠵᠠᠷ
          
ᠬᠠᠮᠢᠶ᠎ᠡ ᠪᠦᠬᠦᠢ ᠰᠣᠨᠢᠨ
 
            